ᠰᠢᠨ᠎ᠡ ᠪᠠᠷ ᠵᠠᠰᠠᠪᠤᠷᠢ ᠣᠷᠤᠭᠤᠯᠤᠭᠰᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠩᠰᠠ ᠡᠪᠬᠡᠮᠡᠯ ᠤᠨ ᠬᠠᠤᠯᠢ︾ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/1/29
     2020 ᠣᠨ ᠤ 6 ᠳ᠋ᠤᠭᠠᠷ ᠰᠠᠷ᠎ᠠ ᠶᠢᠨ 20 ᠤ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠ ᠶᠢᠰᠦᠳᠦᠭᠡᠷ ᠬᠤᠷᠠᠯᠳᠤᠭᠠᠨ ᠠᠴᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠩᠰᠠ ᠡᠪᠬᠡᠮᠡᠯ ᠤᠨ ᠬᠠᠤᠯᠢ︾ ᠶᠢ ᠬᠢᠨᠠᠨ ᠪᠠᠲᠤᠯᠠᠵᠤ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠴᠠ ᠳᠥᠴᠢᠨ ᠳᠣᠯᠣᠳᠤᠭᠠᠷ ᠲᠣᠭᠠᠲᠤ ᠲᠡᠷᠢᠭᠦᠯᠡᠭᠴᠢ ᠶᠢᠨ ᠵᠠᠷᠯᠢᠭ ᠲᠤ ᠭᠠᠷ ᠤᠨ ᠥᠰᠥᠭ ᠵᠢᠷᠤᠵᠤ ᠨᠡᠶᠢᠲᠡᠯᠡᠨ᠂ 2021 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠦᠨ᠎ᠡ᠃ ᠡᠨᠡ ᠨᠢ ᠳᠠᠩᠰᠠ ᠡᠪᠬᠡᠮᠡᠯ ᠤᠨ ᠬᠠᠤᠯᠢ ᠶᠢ 1988 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠭᠰᠡᠨ ᠠᠴᠠ ᠨᠠᠭᠠᠰᠢᠬᠢ ᠠᠩᠬ᠎ᠠ ᠤᠳᠠᠭ᠎ᠠ ᠵᠠᠰᠠᠪᠤᠷᠢ ᠣᠷᠣᠭᠤᠯᠤᠭᠰᠠᠨ ᠶᠠᠪᠤᠳᠠᠯ ᠮᠦᠨ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠳᠤᠮᠳᠠᠬᠢ ᠲᠠᠩᠰᠠ ᠡᠪᠬᠡᠮᠡᠯ ᠪᠣᠯᠤᠨ ᠲᠠᠩᠰᠠ ᠡᠪᠬᠡᠮᠡᠯ ᠤᠨ ᠠᠵᠢᠯ ᠤᠨ ᠰᠠᠭᠤᠷᠢᠯᠠᠬᠤ ᠴᠢᠨᠠᠷᠲᠠᠶ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠲᠠᠩᠰᠠ ᠡᠪᠬᠡᠮᠡᠯ ᠤᠨ ᠦᠢᠯᠡᠰ ᠤᠨ ᠴᠢᠨᠠᠷᠯᠢᠭ ᠬᠥᠭᠵᠢᠯᠲᠡ ᠳᠤ ᠪᠠᠲᠤ ᠴᠢᠩᠭ᠎ᠠ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠬᠤ ᠳᠤ ᠠᠰᠢᠭᠲᠠᠶ ᠶᠤᠮ᠃      ᠨᠢᠭᠡ᠂ ᠲᠠᠩᠰᠠ ᠡᠪᠬᠡᠮᠡᠯ ᠤᠨ ᠬᠠᠤᠯᠢ ᠳᠤ ᠵᠠᠰᠠᠪᠤᠷᠢ ᠣᠷᠣᠭᠤᠯᠤᠭᠰᠠᠨ ᠠᠬᠤᠶ ᠪᠠᠶᠢᠳᠠᠯ ᠬᠢᠭᠡᠳ ᠶᠠᠪᠤᠴᠠ      ᠳᠠᠩᠰᠠ ᠡᠪᠬᠡᠮᠡᠯ ᠪᠣᠯ ᠲᠡᠤᠬᠡ ᠶᠢᠨ ᠦᠨᠡᠨ ᠪᠣᠳᠠᠲᠠᠶ ᠲᠡᠮᠳᠡᠭᠯᠡᠯ ᠮᠥᠨ᠂ ᠳᠠᠩᠰᠠ ᠡᠪᠬᠡᠮᠡᠯ ᠤᠨ ᠠᠵᠢᠯ ᠢ ᠰᠠᠶᠢᠲᠤᠷ ᠬᠢᠬᠦ ᠪᠣᠯ ᠨᠠᠮ ᠪᠣᠯᠤᠨ ᠤᠯᠤᠰ ᠤᠨ ᠲᠡᠤᠬᠡ ᠶᠢᠨ ᠦᠨᠡᠨ ᠪᠣᠳᠠᠲᠠᠶ ᠳᠦᠷᠰᠦ ᠪᠠᠶᠢᠳᠠᠯ ᠢ ᠬᠠᠮᠠᠭᠠᠯᠠᠬᠤ᠂ ᠠᠷᠠᠳ ᠤᠯᠠᠨ ᠤ ᠦᠨᠳᠦᠰᠦᠨ ᠠᠰᠢᠭ ᠲᠤᠰᠠ ᠶᠢ ᠪᠠᠲᠤᠯᠠᠬᠤ ᠴᠢᠬᠤᠯᠠ ᠦᠢᠯᠡᠰ ᠮᠥᠨ᠃ ᠳᠠᠩᠰᠠ ᠡᠪᠬᠡᠮᠡᠯ ᠤᠨ ᠬᠠᠤᠯᠢ ᠶᠢ ᠬᠡᠷᠡᠭᠵᠢᠭᠦᠯᠦᠭᠰᠡᠨ 30 ᠭᠠᠷᠤᠶ ᠵᠢᠯ ᠤᠨ ᠲᠤᠷᠰᠢ᠂ ᠳᠠᠩᠰᠠ ᠡᠪᠬᠡᠮᠡᠯ ᠢ ᠴᠤᠭᠯᠠᠭᠤᠯᠬᠤ᠂ ᠬᠠᠮᠢᠶᠠᠷᠬᠤ ᠪᠠ ᠠᠰᠢᠭᠯᠠᠬᠤ ᠶᠢ ᠴᠢᠩᠭᠠᠳᠬᠠᠵᠤ᠂ ᠤᠯᠤᠰ ᠤᠨ ᠳᠠᠩᠰᠠ ᠡᠪᠬᠡᠮᠡᠯ ᠤᠨ ᠡᠬᠢ ᠪᠠᠶᠠᠯᠢᠭ ᠤᠨ ᠠᠮᠤᠷ ᠲᠦᠪᠰᠢᠨ ᠢ ᠬᠠᠮᠠᠭᠠᠯᠠᠵᠤ᠂ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠬᠦ ᠳᠤ ᠴᠢᠬᠤᠯᠠ ᠦᠢᠯᠡᠳᠦᠯ ᠪᠠᠳᠠᠷᠠᠭᠤᠯᠪᠠ᠃ ᠭᠡᠬᠦ ᠳᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠨᠢ ᠰᠢᠨ᠎ᠡ ᠴᠠᠭ ᠦᠶ᠎ᠡ ᠳᠤ ᠣᠷᠣᠬᠤ ᠪᠠ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠠᠷᠭ᠎ᠠ ᠪᠤᠳᠤᠯᠭ᠎ᠠ ᠶᠢ ᠠᠬᠢᠭᠤᠯᠬᠤ ᠶᠢ ᠳᠠᠭᠠᠯᠳᠤᠨ᠂ ᠨᠠᠮ ᠤᠨ ᠲᠥᠪ ᠬᠤᠷᠢᠶ᠎ᠠ ᠪᠠ ᠲᠦᠷᠦ  ᠶᠢᠨ ᠶᠠᠪᠤᠳᠠᠯ ᠤᠨ ᠬᠤᠷᠢᠶ᠎ᠠ ᠠᠴᠠ ᠳᠠᠩᠰᠠ ᠡᠪᠬᠡᠮᠡᠯ ᠤᠨ ᠠᠵᠢᠯ ᠳᠤ ᠰᠢᠨ᠎ᠡ ᠱᠠᠭᠠᠷᠳᠠᠯᠭ᠎ᠠ ᠳᠤᠷᠠᠳᠴᠤ᠂ ᠦᠢᠯᠡᠳᠦᠯᠭᠡ ᠳᠤᠮᠳᠠ ᠪᠠᠰᠠ ᠵᠠᠷᠢᠮ ᠲᠤᠪᠤᠶᠢᠮ᠎ᠠ ᠠᠰᠠᠭᠤᠳᠠᠯ ᠢ ᠲᠦᠷᠭᠡᠨ ᠰᠢᠢᠳᠪᠦᠷᠢᠯᠡᠬᠦ ᠴᠢᠬᠤᠯᠠᠲᠠᠶ ᠪᠠᠶᠢᠵᠤ᠂ ᠲᠠᠩᠰᠠ ᠡᠪᠬᠡᠮᠡᠯ ᠤᠨ ᠬᠠᠤᠯᠢ ᠨᠢ ᠤᠯᠤᠰ ᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠬᠤ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠡᠨᠲᠡ ᠵᠣᠬᠢᠴᠠᠬᠤ ᠦᠭᠡᠢ ᠪᠣᠯᠪᠠ᠃ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠨ ᠪᠦᠬᠦ ᠤᠯᠤᠰ ᠤᠨ ᠤᠯᠤᠰ ᠲᠥᠷᠦ  ᠶᠢᠨ ᠵᠥᠪᠯᠡᠯᠭᠡᠨ ᠤ ᠭᠡᠰᠢᠭᠦᠳ ᠠᠴᠠ ᠳᠠᠩᠰᠠ ᠡᠪᠬᠡᠮᠡᠯ ᠤᠨ ᠬᠠᠤᠯᠢ ᠳᠤ ᠵᠠᠰᠠᠪᠤᠷᠢ ᠣᠷᠣᠭᠤᠯᠬᠤ ᠲᠤᠬᠠᠶ ᠮᠠᠰᠢ ᠤᠯᠠᠨ ᠳᠤᠷᠠᠳᠤᠯᠭ᠎ᠠ᠂ ᠵᠥᠪᠯᠡᠯᠭᠡ ᠶᠢ ᠳᠤᠷᠠᠳᠴᠤ᠂ ᠳᠠᠩᠰᠠ ᠡᠪᠬᠡᠮᠡᠯ ᠤᠨ ᠬᠠᠤᠯᠢ ᠳᠤ ᠵᠠᠰᠠᠪᠤᠷᠢ ᠣᠷᠣᠭᠤᠯᠬᠤ ᠠᠵᠢᠯ ᠨᠢ ᠵᠠᠪᠠᠯ ᠬᠢᠬᠦ ᠬᠡᠷᠡᠭᠲᠡᠢ ᠪᠣᠯᠪᠠ᠃      2007 ᠣᠨ ᠳᠤ᠂ ᠤᠯᠤᠰ ᠤᠨ ᠳᠠᠩᠰᠠ ᠡᠪᠬᠡᠮᠡᠯ ᠤᠨ ᠲᠣᠪᠴᠢᠶ᠎ᠠ ᠶᠢᠨ ᠬᠢᠨ ᠳᠠᠩᠰᠠ ᠡᠪᠬᠡᠮᠡᠯ ᠤᠨ ᠬᠠᠤᠯᠢ ᠳᠤ ᠵᠠᠰᠠᠪᠤᠷᠢ ᠣᠷᠤᠭᠤᠯᠬᠤ ᠠᠵᠢᠯ ᠢ ᠡᠬᠢᠯᠡᠭᠦᠯᠵᠦ᠂ ᠶᠡᠭᠡ ᠬᠡᠮᠵᠢᠶᠡᠨ ᠤ ᠪᠠᠶᠢᠴᠠᠭᠠᠨ ᠰᠤᠳᠤᠯᠤᠯᠲᠠ ᠥᠷᠨᠢᠭᠦᠯᠪᠡ᠃ ᠲᠠᠩᠰᠠ ᠡᠪᠬᠡᠮᠡᠯ ᠤᠨ ᠬᠠᠤᠯᠢ ᠳᠤ ᠵᠠᠰᠠᠪᠤᠷᠢ ᠣᠷᠣᠭᠤᠯᠬᠤ ᠠᠵᠢᠯ ᠢ ᠤᠷᠢᠳ ᠬᠤᠵᠢᠳ 2018 ᠣᠨ ᠤ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠣᠨ ᠤ ᠬᠠᠤᠯᠢ ᠲᠣᠭᠲᠠᠭᠠᠬᠤ ᠲᠥᠯᠥᠪᠯᠡᠭᠡ ᠳᠤ ᠣᠷᠣᠭᠤᠯᠪᠠ᠃ 2019 ᠣᠨ ᠤ 10 ᠳ᠋ᠤᠭᠠᠷ ᠰᠠᠷ᠎ᠠ ᠶᠢᠨ 8 ᠤ ᠡᠳᠦᠷ᠂ ᠲᠥᠷᠥ ᠶᠢᠨ ᠶᠠᠪᠤᠳᠠᠯ  ᠤᠨ ᠬᠤᠷᠢᠶᠠᠨ ᠤ ᠵᠢᠷᠠᠨ ᠵᠢᠷᠭᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠠᠴᠠ ᠳᠠᠩᠰᠠ ᠡᠪᠬᠡᠮᠡᠯ ᠤᠨ ᠬᠠᠤᠯᠢ ᠳᠤ ᠵᠠᠰᠠᠪᠤᠷᠢ ᠣᠷᠣᠭᠤᠯᠬᠤ ᠲᠥᠰᠦᠯ ᠢ ᠶᠠᠷᠢᠯᠴᠠᠨ ᠪᠠᠲᠤᠯᠠᠵᠤ᠂ ᠶᠡᠷᠦᠩᠬᠡᠶ ᠰᠠᠶᠢᠳ ᠯᠢ ᠺᠧ ᠴᠢᠶᠠᠩ ᠠᠴᠠ ᠰᠠᠨᠠᠯ ᠵᠥᠪᠯᠡᠯᠭᠡ ᠳᠤ ᠭᠠᠷ ᠤᠨ ᠦᠰᠦᠭ ᠵᠢᠷᠤᠵᠤ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠬᠢᠨᠠᠨ ᠶᠠᠷᠢᠯᠴᠠᠭᠤᠯᠬᠤ ᠪᠠᠷ ᠳᠡᠪᠰᠢᠭᠦᠯᠪᠡ᠃ 2019 ᠣᠨ ᠤ 10 ᠳ᠋ᠤᠭᠠᠷ ᠰᠠᠷ᠎ᠠ ᠶᠢᠨ 25 ᠤ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠳᠥᠷᠪᠡᠳᠦᠭᠡᠷ ᠬᠤᠷᠠᠯᠳᠤᠭᠠᠨ ᠳᠤ ᠲᠠᠩᠰᠠ ᠡᠪᠬᠡᠮᠡᠯ ᠤᠨ ᠬᠠᠤᠯᠢ ᠳᠤ ᠵᠠᠰᠠᠪᠤᠷᠢ ᠣᠷᠣᠭᠤᠯᠬᠤ ᠲᠥᠰᠦᠯ ᠢ ᠠᠩᠬ᠎ᠠ ᠤᠳᠠᠭ᠎ᠠ ᠬᠢᠨᠠᠨ ᠵᠥᠪᠯᠡᠪᠡ᠃ 2020 ᠣᠨ ᠤ 6 ᠳ᠋ᠤᠭᠠᠷ ᠰᠠᠷ᠎ᠠ ᠶᠢᠨ 18 ᠤ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ  ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠ ᠶᠢᠰᠦᠳᠦᠭᠡᠷ ᠬᠤᠷᠠᠯᠳᠤᠭᠠᠨ ᠠᠴᠠ ᠬᠤᠶᠠᠳᠤᠭᠠᠷ ᠤᠳᠠᠭ᠎ᠠ ᠬᠢᠨᠠᠨ ᠵᠥᠪᠯᠡᠵᠦ᠂ 6 ᠳ᠋ᠤᠭᠠᠷ ᠰᠠᠷ᠎ᠠ ᠶᠢᠨ 20 ᠤ ᠡᠳᠦᠷ ᠲᠠᠰᠤᠯᠤᠨ ᠪᠠᠲᠤᠯᠠᠪᠠ᠃      ᠬᠤᠶᠠᠷ᠂ ᠵᠠᠰᠠᠪᠤᠷᠢ ᠣᠷᠣᠭᠤᠯᠤᠭᠰᠠᠨ ᠭᠤᠤᠯ ᠠᠭᠤᠯᠭ᠎ᠠ      ᠳᠠᠩᠰᠠ ᠡᠪᠬᠡᠮᠡᠯ ᠤᠨ ᠬᠠᠤᠯᠢ ᠳᠤ ᠵᠠᠰᠠᠪᠤᠷᠢ ᠣᠷᠣᠭᠤᠯᠬᠤ ᠨᠢ ᠢᠮᠠᠭᠲᠠ ᠤᠯᠤᠰ ᠲᠥᠷᠥ ᠶᠢᠨ ᠤᠳᠤᠷᠢᠳᠤᠮᠵᠢ᠂ ᠠᠰᠠᠭᠤᠳᠠᠯ ᠤᠨ ᠤᠳᠤᠷᠢᠳᠤᠮᠵᠢ ᠪᠠ ᠨᠡᠭᠡᠭᠡᠯᠲᠡ ᠶᠢᠨ ᠤᠳᠤᠷᠢᠳᠤᠮᠵᠢ ᠶᠢ ᠪᠠᠷᠢᠮᠲᠠᠯᠠᠵᠤ᠂ ᠬᠥᠭᠵᠢᠯᠲᠡ ᠬᠤᠪᠢᠷᠠᠯᠲᠠ ᠶᠢᠨ ᠰᠢᠨ᠎ᠡ ᠪᠠᠶᠢᠳᠠᠯ ᠰᠢᠨ᠎ᠡ ᠡᠭᠦᠷᠭᠡ ᠶᠢ ᠦᠨᠳᠦᠰᠦᠯᠡᠨ᠂ ᠳᠠᠩᠰᠠ ᠡᠪᠬᠡᠮᠡᠯ ᠤᠨ ᠠᠵᠢᠯ  ᠤᠨ ᠤᠯᠤᠰ ᠲᠥᠷᠥ ᠶᠢᠨ ᠪᠠᠶᠢᠷᠢ ᠲᠣᠭᠲᠠᠭᠠᠯᠲᠠ ᠶᠢ ᠳᠣᠪᠤᠶᠢᠯᠭᠠᠵᠤ᠂ ᠳᠠᠩᠰᠠ ᠡᠪᠬᠡᠮᠡᠯ ᠤᠨ ᠠᠵᠢᠯ ᠤᠨ ᠪᠠᠶᠢᠭᠤᠯᠤᠯ ᠲᠣᠭᠲᠠᠴᠠ ᠶᠢ ᠰᠢᠯᠤᠭᠤᠳᠬᠠᠵᠤ᠂ ᠳᠠᠩᠰᠠ ᠡᠪᠬᠡᠮᠡᠯ ᠤᠨ ᠰᠢᠨᠵᠢᠯᠡᠬᠦ ᠤᠬᠠᠭᠠᠨᠴᠢ ᠬᠠᠮᠢᠶᠠᠷᠤᠯᠲᠠ᠂ ᠠᠮᠤᠷ ᠲᠦᠪᠰᠢᠨ ᠤ ᠬᠠᠮᠢᠶᠠᠷᠤᠯᠲᠠ ᠪᠠ ᠨᠡᠭᠡᠭᠡᠯᠲᠡ ᠲᠠᠢ ᠪᠠᠷ ᠠᠰᠢᠭᠯᠠᠬᠤ ᠬᠤᠯᠪᠣᠭᠳᠠᠯ ᠪᠦᠬᠦᠢ ᠳᠦᠷᠢᠮ ᠢ ᠰᠢᠯᠢᠳᠡᠭᠵᠢᠭᠦᠯᠵᠦ᠂ ᠳᠠᠩᠰᠠ ᠡᠪᠬᠡᠮᠡᠯ ᠤᠨ ᠬᠢᠨᠠᠯᠲᠠ ᠪᠠᠶᠢᠴᠠᠭᠠᠯᠲᠠ ᠪᠠ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠲᠡᠭᠦᠯᠳᠡᠷᠵᠢᠭᠦᠯᠵᠦ᠂ ᠡᠨᠡ ᠪᠣᠯ ᠨᠢᠭᠡ ᠤᠳᠠᠭᠠᠨ ᠤ ᠪᠦᠬᠦ ᠲᠠᠯ᠎ᠠ ᠶᠢᠨ ᠰᠢᠯᠢᠳᠡᠭᠴᠢᠯᠡᠯᠲᠡ ᠪᠠ ᠳᠡᠰ ᠳᠠᠪᠰᠢᠯᠲᠠ ᠪᠣᠯᠤᠨ᠎ᠠ᠃ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠳᠠᠩᠰᠠ ᠡᠪᠬᠡᠮᠡᠯ ᠤᠨ ᠬᠠᠤᠯᠢ ᠨᠢ ᠤᠤᠯ ᠤᠨ 6 ᠪᠦᠯᠦᠭ 27 ᠵᠤᠷᠪᠤᠰ ᠪᠠᠶᠢᠭᠰᠠᠨ ᠠᠴᠠ ᠪᠠᠨ 8 ᠪᠦᠯᠦᠭ 53 ᠵᠤᠷᠪᠤᠰ ᠪᠣᠯᠤᠨ ᠥᠷᠭᠡᠵᠢᠵᠦ᠂ ︽ᠳᠠᠩᠰᠠ ᠡᠪᠬᠡᠮᠡᠯ ᠤᠨ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ︾ ᠪᠠ ︽ᠬᠢᠨᠠᠯᠲᠠ ᠲᠠᠯᠪᠢᠵᠤ ᠪᠠᠶᠢᠴᠠᠭᠠᠬᠤ︾ ᠬᠤᠶᠠᠷ ᠲᠤᠰᠬᠠᠶ ᠪᠦᠯᠦᠭ ᠨᠡᠮᠡᠵᠦ᠂ ᠳᠠᠩᠰᠠ ᠡᠪᠬᠡᠮᠡᠯ ᠤᠨ ᠠᠵᠢᠯ ᠤᠨ ᠬᠤᠪᠢᠰᠤᠯᠲᠠ ᠪᠠ ᠬᠡᠯᠪᠡᠷᠢ ᠪᠠᠨ ᠬᠤᠪᠢᠷᠠᠭᠤᠯᠬᠤ᠂ ᠰᠢᠨ᠎ᠡ ᠶᠢ ᠡᠭᠦᠳᠬᠦ ᠬᠢᠭᠡᠳ ᠬᠥᠭᠵᠢᠬᠦ ᠳᠤ ᠨᠡᠯᠢᠶᠡᠳ ᠭᠦᠢᠴᠡᠳ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠪᠠ᠃      ︵ᠨᠢᠭᠡ︶ ᠪᠠᠶᠢᠭᠤᠯᠤᠯ ᠲᠣᠭᠲᠠᠴᠠ ᠶᠢ ᠰᠢᠯᠤᠭᠤᠳᠬᠠᠬᠤ ᠨᠢ᠂ ᠪᠦᠬᠦ ᠤᠯᠤᠰ ᠤᠨ ᠳᠠᠩᠰᠠ ᠡᠪᠬᠡᠮᠡᠯ ᠤᠨ ᠠᠵᠢᠯ ᠢ ᠪᠦᠲᠦᠮᠵᠢᠲᠡᠶ ᠦᠷᠨᠢᠭᠦᠯᠵᠦ ᠰᠢᠨ᠎ᠡ ᠳᠠᠪᠠᠭᠤᠯᠢᠭ ᠢ ᠬᠤᠷᠠᠮᠳᠤᠭᠤᠯᠬᠤ ᠳᠤ ᠠᠰᠢᠭᠲᠠᠶ      ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠠᠩᠰᠠ ᠡᠪᠬᠡᠮᠡᠯ ᠤᠨ ᠠᠵᠢᠯ ᠳᠠᠬᠢ ᠤᠳᠤᠷᠢᠳᠤᠯᠭ᠎ᠠ ᠶᠢ  ᠪᠠᠷᠢᠮᠲᠠᠯᠠᠬᠤ ᠬᠡᠷᠡᠭᠲᠡᠶ︾ ᠭᠡᠵᠦ ᠲᠣᠳᠣᠷᠬᠠᠶ ᠳᠤᠷᠠᠳᠴᠤ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠳᠠᠩᠰᠠ ᠡᠪᠬᠡᠮᠡᠯ ᠤᠨ ᠠᠵᠢᠯ ᠢ ᠴᠢᠩᠭᠠᠳᠬᠠᠵᠤ᠂ ᠳᠠᠩᠰᠠ ᠡᠪᠬᠡᠮᠡᠯ ᠤᠨ ᠦᠢᠯᠡᠰ ᠢ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠤᠭᠤᠯᠵᠤ᠂ ᠳᠠᠩᠰᠠ ᠡᠪᠬᠡᠮᠡᠯ ᠤᠨ ᠦᠢᠯᠡᠰ ᠤᠨ ᠬᠥᠭᠵᠢᠯᠲᠡ ᠶᠢᠨ ᠵᠠᠷᠤᠳᠠᠯ ᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠬᠠᠤᠯᠢ ᠲᠣᠭᠲᠠᠭᠠᠬᠤ ᠮᠡᠷᠭᠡᠵᠢᠯ ᠤᠨ ᠳᠦᠷᠢᠮᠵᠢᠯ ᠤᠨ ᠱᠠᠭᠠᠷᠳᠠᠯᠭ᠎ᠠ ᠶᠣᠰᠣᠭᠠᠷ᠂ ᠤᠤᠯ ᠬᠠᠤᠯᠢ ᠳᠠᠬᠢ ︽ᠲᠠᠩᠰᠠ ᠡᠪᠬᠡᠮᠡᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ︾ ᠢ ︽ᠲᠠᠩᠰᠠ ᠡᠪᠬᠡᠮᠡᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ︾ ᠭᠡᠵᠦ ᠨᠢᠭᠡᠳᠦᠯᠲᠡᠶ ᠵᠠᠰᠠᠵᠤ᠂ ᠤᠯᠤᠰ ᠪᠠ ᠣᠷᠣᠨ ᠨᠤᠲᠤᠭ ᠤᠨ ᠡᠯ᠎ᠡ ᠱᠠᠲᠤᠨ ᠤ ᠲᠠᠩᠰᠠ ᠡᠪᠬᠡᠮᠡᠯ  ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠭᠰᠠᠨ ᠮᠥᠷᠲᠡᠭᠡᠨ᠂ ᠪᠠᠰᠠ ᠣᠷᠣᠨ ᠨᠤᠲᠤᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠪᠣᠳᠠᠲᠤ ᠪᠠᠶᠢᠳᠠᠯ ᠳᠤ ᠪᠦᠲᠦᠮᠵᠢᠲᠡᠶ ᠵᠣᠬᠢᠴᠠᠵᠤ᠂ ᠨᠠᠮ ᠤᠨ ᠳᠠᠩᠰᠠ ᠡᠪᠬᠡᠮᠡᠯ ᠢ ᠬᠠᠮᠢᠶᠠᠷᠬᠤ ᠠᠵᠢᠯ ᠤᠨ ᠪᠠᠶᠢᠭᠤᠯᠤᠯ ᠤᠨ ᠳᠠᠪᠠᠭᠤᠯᠢᠭ ᠢ ᠪᠠᠳᠠᠷᠠᠭᠤᠯᠬᠤ ᠳᠤ ᠠᠰᠢᠭᠲᠠᠶ ᠶᠤᠮ᠃ ᠨᠢᠭᠡᠳᠦᠯᠲᠡᠶ ᠤᠳᠤᠷᠢᠳᠬᠤ᠂ ᠱᠠᠲᠤ ᠬᠤᠪᠢᠶᠠᠨ ᠬᠠᠮᠢᠶᠠᠷᠬᠤ ᠵᠠᠷᠴᠢᠮ ᠢ ᠪᠠᠷᠢᠮᠲᠠᠯᠠᠬᠤ ᠤᠷᠢᠲᠠᠯ ᠳᠣᠣᠷ᠎ᠠ᠂ ᠲᠥᠪ ᠤᠨ ᠲᠥᠷᠥ ᠶᠢᠨ ᠪᠠᠶᠢᠭᠤᠯᠤᠯᠭ᠎ᠠ ᠶᠢ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠬᠡᠷᠡᠭᠴᠡᠭᠡ ᠶᠢ ᠦᠨᠳᠦᠰᠦᠯᠡᠨ᠂ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠲᠤᠰ ᠰᠢᠰᠲ᠋ᠧᠮ ᠤᠨ ᠢᠶᠠᠨ ᠳᠠᠩᠰᠠ ᠡᠪᠬᠡᠮᠡᠯ ᠤᠨ ᠲᠤᠬᠠᠶᠢᠯᠠᠭᠰᠠᠨ ᠠᠵᠢᠯ ᠢ ᠵᠢᠯᠣᠭᠤᠳᠬᠤ ᠶᠢ ᠱᠠᠭᠠᠷᠳᠠᠵᠤ᠂ ᠡᠯ᠎ᠡ ᠠᠵᠢᠯ ᠲᠥᠷᠥᠯ ᠤᠨ ᠳᠠᠩᠰᠠ ᠡᠪᠬᠡᠮᠡᠯ ᠤᠨ ᠠᠵᠢᠯ ᠤᠨ ᠣᠨᠴᠠᠭᠠᠢ ᠴᠢᠨᠠᠷ ᠢ ᠪᠦᠲᠦᠮᠵᠢᠲᠡᠶ ᠬᠠᠮᠲᠤ ᠳᠤ ᠨᠢ ᠬᠠᠷᠠᠭᠠᠯᠵᠠᠵᠤ᠂ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢᠯᠠᠯᠲᠠ᠂ ᠲᠤᠰᠬᠠᠶᠢᠵᠢᠭᠤᠯᠤᠯᠲᠠ ᠢ ᠬᠠᠷᠠᠭᠤᠯᠬᠤ ᠬᠡᠷᠡᠭᠲᠡᠶ᠃      ︵ᠬᠤᠶᠠᠷ︶ ᠲᠦᠷᠢᠮ ᠤᠨ ᠵᠢᠷᠤᠭ ᠲᠥᠯᠥᠪᠯᠡᠭᠡ ᠶᠢ ᠪᠦᠷᠢᠨᠰᠢᠭᠦᠯᠬᠦ ᠨᠢ᠂ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠠᠰᠢᠭᠲᠠᠶ      ᠳᠠᠩᠰᠠ ᠡᠪᠬᠡᠮᠡᠯ ᠤᠨ ᠬᠠᠤᠯᠢ ᠶᠢ ᠬᠡᠷᠡᠭᠯᠡᠬᠦ ᠬᠡᠪᠴᠢᠶ᠎ᠡ ᠪᠠ ᠳᠠᠩᠰᠠ ᠡᠪᠬᠡᠮᠡᠯ ᠳᠤ ᠣᠷᠣᠭᠤᠯᠬᠤ ᠬᠡᠪᠴᠢᠶᠡᠨ ᠳᠤ ᠣᠷᠣᠭᠤᠯᠬᠤ ᠶᠣᠰᠣᠲᠠᠶ ᠮᠠᠲ᠋ᠧᠷᠢᠶᠠᠯ ᠢ ᠲᠣᠳᠣᠷᠬᠠᠶᠢᠯᠠᠬᠤ ᠬᠡᠷᠡᠭᠲᠡᠶ᠃ ᠳᠠᠩᠰᠠ ᠡᠪᠬᠡᠮᠡᠯ ᠢ ᠪᠦᠷᠢᠯᠳᠦᠭᠦᠯᠬᠦ ᠨᠢᠭᠡᠴᠢ ᠶᠢ ᠳᠠᠩᠰᠠ ᠡᠪᠬᠡᠮᠡᠯ ᠤᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠵᠤ᠂ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠬᠦ ᠶᠢ ᠱᠠᠭᠠᠷᠳᠠᠵᠤ᠂ ᠱᠠᠭᠠᠷᠳᠠᠯᠭ᠎ᠠ ᠶᠣᠰᠣᠭᠠᠷ ᠴᠠᠭ ᠲᠤᠬᠠᠶ ᠳᠤ ᠨᠢ ᠳᠠᠩᠰᠠ ᠡᠪᠬᠡᠮᠡᠯ ᠳᠤ ᠣᠷᠣᠭᠤᠯᠬᠤ ᠶᠢᠨ ᠬᠠᠮᠲᠤ ᠳᠠᠩᠰᠠ ᠡᠪᠬᠡᠮᠡᠯ ᠤᠨ ᠣᠷᠳᠤᠨ ᠳᠤ ᠲᠣᠭᠲᠠᠮᠠᠯ ᠬᠤᠭᠤᠴᠠᠭ᠎ᠠ ᠲᠠᠢ ᠪᠠᠷ ᠳᠠᠩᠰᠠ ᠡᠪᠬᠡᠮᠡᠯ ᠢ ᠰᠢᠯᠵᠢᠭᠦᠯᠦᠨ ᠲᠤᠰᠢᠶᠠᠬᠤ ᠶᠢᠨ ᠬᠠᠮᠲᠤ᠂ ᠬᠤᠪᠢᠷᠠᠯᠲᠠ ᠭᠠᠷᠤᠭᠰᠠᠨ ᠪᠤᠶᠤ ᠬᠦᠴᠦᠨ ᠦᠭᠡᠢ ᠪᠣᠯᠭᠠᠬᠤ᠂ ᠨᠡᠶᠢᠯᠡᠭᠦᠯᠬᠦ ᠵᠡᠷᠭᠡ ᠪᠠᠶᠢᠳᠠᠯ ᠭᠠᠷᠤᠭᠰᠠᠨ ᠦᠶ᠎ᠡ ᠳᠤ ᠳᠠᠩᠰᠠ ᠡᠪᠬᠡᠮᠡᠯ ᠢ ᠰᠢᠯᠵᠢᠭᠦᠯᠦᠨ ᠲᠤᠰᠢᠶᠠᠬᠤ ᠲᠣᠭᠲᠠᠭᠠᠯ ᠢ ᠨᠡᠮᠡᠪᠡ᠃ ᠳᠠᠩᠰᠠ ᠡᠪᠬᠡᠮᠡᠯ ᠤᠨ ᠣᠷᠳᠤᠨ ᠢ ᠲᠣᠭᠲᠠᠭᠠᠯ ᠶᠣᠰᠣᠭᠠᠷ ᠳᠠᠩᠰᠠ ᠡᠪᠬᠡᠮᠡᠯ ᠢ ᠬᠦᠯᠢᠶᠡᠨ ᠠᠪᠬᠤ ᠶᠢ ᠱᠠᠭᠠᠷᠳᠠᠵᠤ᠂ ᠲᠡᠪᠴᠢᠵᠦ ᠪᠣᠯᠬᠤ ᠦᠭᠡᠢ᠂ ᠬᠠᠨᠳᠢᠪᠯᠠᠬᠤ ᠶᠢ ᠬᠦᠯᠢᠶᠡᠨ ᠠᠪᠬᠤ᠂ ᠬᠤᠳᠠᠯᠳᠤᠨ ᠠᠪᠬᠤ᠂ ᠣᠷᠣᠯᠠᠨ ᠬᠠᠳᠠᠭᠠᠯᠠᠬᠤ ᠵᠡᠷᠭᠡ ᠠᠷᠭ᠎ᠠ ᠮᠠᠶ᠋ᠢᠭ ᠢᠶᠠᠷ ᠳᠠᠩᠰᠠ ᠡᠪᠬᠡᠮᠡᠯ ᠢ ᠴᠤᠭᠯᠠᠭᠤᠯᠵᠤ ᠪᠣᠯᠤᠨ᠎ᠠ᠃ ᠤᠯᠤᠰ ᠤᠨ ᠥᠮᠴᠢᠯᠡᠯ ᠤᠨ ᠳᠠᠩᠰᠠ ᠡᠪᠬᠡᠮᠡᠯ ᠠᠴᠠ ᠭᠠᠳᠠᠨ᠎ᠠ᠂ ᠤᠯᠤᠰ ᠤᠨ ᠦᠮᠴᠢᠯᠡᠯᠲᠦ ᠪᠤᠰᠤ ᠠᠵᠤ ᠠᠬᠤᠶᠢᠯᠠᠯ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠨᠢᠭᠡᠴᠢ ᠪᠠ ᠬᠤᠪᠢ ᠬᠥᠮᠦᠨ ᠤ ᠳᠠᠩᠰᠠ ᠡᠪᠬᠡᠮᠡᠯ ᠪᠦᠷᠢᠯᠳᠦᠭᠦᠯᠬᠦ ᠳᠤ ᠪᠣᠳᠠᠲᠠᠶ ᠱᠠᠭᠠᠷᠳᠠᠯᠭ᠎ᠠ ᠳᠤᠷᠠᠳᠤᠭᠰᠠᠨ ᠪᠥᠭᠡᠳ ᠡᠳᠡᠭᠡᠷ ᠳᠠᠩᠰᠠ ᠡᠪᠬᠡᠮᠡᠯ ᠳᠤ ᠬᠦᠨᠳᠦ ᠨᠣᠴᠢᠲᠠᠶ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠬᠤ ᠦᠶ᠎ᠡ ᠳᠤ ᠮᠤᠵᠢ ᠶᠢᠨ ᠱᠠᠲᠤᠨ ᠠᠴᠠ ᠳᠡᠭᠡᠭᠰᠢᠬᠢ ᠳᠠᠩᠰᠠ ᠡᠪᠬᠡᠮᠡᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠪᠰᠤᠷᠤᠨ ᠰᠢᠢᠳᠪᠦᠷᠢᠯᠡᠵᠦ ᠥᠭᠬᠦ ᠪᠦᠲᠦᠮᠵᠢᠲᠡᠶ ᠠᠷᠭ᠎ᠠ ᠬᠡᠮᠵᠢᠶ᠎ᠡ ᠶᠢ ᠵᠢᠷᠤᠵᠤ ᠲᠥᠯᠥᠪᠯᠡᠭᠰᠡᠨ ᠪᠠᠶᠢᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠠᠴᠠ ᠰᠡᠩᠬᠡᠷᠡᠭᠦᠯᠦᠯ ᠣᠯᠵᠤ᠂ ᠭᠡᠨᠡᠳᠲᠡ ᠶᠢᠨ ᠬᠡᠷᠡᠭ ᠢ ᠠᠷᠭᠠᠴᠠᠭᠠᠬᠤ ᠠᠵᠢᠯᠯᠠᠭ᠎ᠠ ᠶᠢᠨ ᠬᠠᠮᠢᠶ᠎ᠠ ᠪᠥᠬᠦᠶ ᠲᠠᠩᠰᠠ ᠡᠪᠬᠡᠮᠡᠯ ᠢ ᠴᠤᠭᠯᠠᠭᠤᠯᠬᠤ᠂ ᠡᠮᠬᠢᠯᠡᠬᠦ᠂ ᠬᠠᠮᠠᠭᠠᠯᠠᠬᠤ᠂ ᠠᠰᠢᠭᠯᠠᠬᠤ ᠠᠵᠢᠯ ᠤᠨ ᠲᠣᠭᠲᠠᠴᠠ ᠶᠢ ᠨᠡᠮᠡᠭᠳᠡᠭᠦᠯᠪᠡ᠃ ᠣᠶᠢᠷ᠎ᠠ ᠶᠢᠨ ᠵᠢᠯ ᠤᠨ ᠲᠤᠷᠰᠢᠬᠢ ᠳᠠᠩᠰᠠ ᠡᠪᠬᠡᠮᠡᠯ ᠢ ᠬᠠᠳᠠᠭᠠᠯᠠᠭᠤᠯᠬᠤ᠂ ᠲᠣᠭᠠᠴᠢᠯᠠᠭᠰᠠᠨ ᠵᠡᠷᠭᠡ ᠳᠠᠩᠰᠠ ᠡᠪᠬᠡᠮᠡᠯ ᠤᠨ ᠦᠢᠯᠡᠴᠢᠯᠡᠭᠡ ᠥᠷᠨᠢᠨ ᠬᠥᠭᠵᠢᠭᠰᠡᠨ ᠰᠢᠨ᠎ᠡ ᠪᠠᠶᠢᠳᠠᠯ ᠳᠤ ᠴᠢᠭᠯᠡᠭᠦᠯᠦᠨ᠂ ᠨᠠᠶᠢᠳᠠᠯᠭ᠎ᠠ ᠶᠢᠨ ᠬᠡᠯᠡᠯᠴᠡᠭᠡᠷ ᠲᠣᠭᠲᠠᠬᠤ᠂ ᠦᠢᠯᠡᠴᠢᠯᠡᠭᠡᠨ ᠤ ᠠᠭᠤᠯᠭ᠎ᠠ ᠶᠢ ᠪᠣᠯᠵᠣᠨ ᠲᠣᠭᠲᠠᠬᠤ᠂ ᠠᠮᠤᠷ ᠲᠥᠪᠰᠢᠨ ᠤ ᠨᠢᠭᠤᠴᠠ ᠶᠢ ᠬᠠᠮᠠᠭᠠᠯᠠᠬᠤ ᠲᠣᠭᠲᠠᠭᠠᠯ ᠢ ᠵᠢᠷᠤᠮᠯᠠᠬᠤ ᠵᠡᠷᠭᠡ ᠲᠠᠯ᠎ᠠ ᠶᠢᠨ ᠳᠦᠷᠢᠮ ᠤᠨ ᠲᠣᠬᠢᠷᠠᠭᠤᠯᠤᠯᠲᠠ ᠶᠢ ᠨᠡᠮᠡᠵᠦ᠂ ᠡᠭᠦᠨ ᠤ ᠬᠠᠮᠲᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠲᠠᠯ᠎ᠠ ᠪᠠᠷ ᠬᠢ ᠲᠣᠭᠲᠠᠭᠠᠯ ᠢ ᠨᠡᠮᠡᠪᠡ᠃ ᠰᠢᠨ᠎ᠡ ᠠᠴᠢᠶᠠᠯᠠᠪᠤᠷᠢ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠵᠠᠭᠪᠤᠷ ᠲᠤ ᠵᠣᠬᠢᠴᠠᠵᠤ᠂ ᠲᠠᠩᠰᠠ ᠡᠪᠬᠡᠮᠡᠯ ᠤᠨ ᠬᠢᠯᠢ ᠠᠴᠠ ᠭᠠᠷᠬᠤ ᠬᠡᠯᠪᠡᠷᠢ ᠶᠢ ᠲᠡᠭᠡᠭᠡᠪᠦᠷᠢᠯᠡᠨ ᠬᠦᠷᠭᠡᠬᠦ᠂ ᠰᠢᠤᠳᠠᠨ ᠢᠶᠠᠷ ᠢᠯᠡᠭᠡᠬᠦ᠂ ᠳᠠᠭᠠᠭᠤᠯᠵᠤ ᠠᠪᠴᠤ ᠬᠢᠯᠢ ᠠᠴᠠ ᠭᠠᠷᠬᠤ ᠪᠠ ᠢᠨᠲ᠋ᠧᠷ ᠰᠦᠯᠵᠢᠶ᠎ᠡ ᠪᠠᠷ ᠳᠠᠮᠵᠢᠭᠤᠯᠤᠨ ᠬᠢᠯᠢ ᠠᠴᠠ ᠭᠠᠷᠭᠠᠬᠤ ᠪᠣᠯᠭᠠᠨ ᠥᠷᠭᠡᠳᠬᠡᠵᠦ᠂ ᠦᠨᠡᠬᠡᠷ ᠬᠢᠯᠢ ᠠᠴᠠ ᠭᠠᠷᠬᠤ ᠴᠢᠬᠤᠯᠠᠲᠠᠶ ᠪᠣᠯ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠢᠨᠠᠨ ᠵᠥᠪᠰᠢᠶᠡᠷᠡᠭᠦᠯᠬᠦ ᠭᠠᠷᠳᠠᠮ ᠭᠦᠢᠴᠡᠳᠬᠡᠬᠦ ᠬᠡᠷᠡᠭᠲᠡᠶ ᠭᠡᠵᠦ ᠱᠠᠭᠠᠷᠳᠠᠪᠠ᠃      ︵ᠭᠤᠷᠪᠠ︶ ᠨᠡᠭᠡᠭᠡᠯᠳᠡ ᠬᠢᠬᠦ ᠡᠷᠴᠢᠮ ᠢᠶᠠᠨ ᠴᠢᠩᠭᠠᠷᠠᠭᠤᠯᠬᠤ ᠨᠢ᠂ ᠲᠠᠩᠰᠠ ᠡᠪᠬᠡᠮᠡᠯ ᠤᠨ ᠦᠢᠯᠡᠴᠢᠯᠡᠭᠡᠨ  ᠤ ᠳᠥᠭᠦᠮ ᠳᠥᠲᠡ ᠴᠢᠨᠠᠷ ᠪᠠ ᠬᠠᠮᠤᠷᠬᠤ ᠬᠡᠪᠴᠢᠶ᠎ᠡ ᠶᠢ ᠳᠡᠭᠡᠭᠰᠢᠯᠡᠭᠦᠯᠬᠦ ᠳᠤ ᠠᠰᠢᠭᠲᠠᠶ      ᠨᠡᠶᠢᠭᠡᠮ ᠤᠨ ᠠᠯᠢᠪᠠ ᠪᠡᠶᠡᠴᠢ ᠴᠣᠭᠴᠠ ᠨᠢ ᠳᠠᠩᠰᠠ ᠡᠪᠬᠡᠮᠡᠯ ᠢ ᠬᠠᠤᠯᠢ ᠶᠣᠰᠣᠭᠠᠷ ᠠᠰᠢᠭᠯᠠᠬᠤ ᠡᠷᠬᠡ ᠲᠠᠢ ᠭᠡᠵᠦ ᠲᠣᠳᠣᠷᠬᠠᠶ ᠲᠣᠭᠲᠠᠭᠠᠪᠠ᠃ ᠳᠠᠩᠰᠠ ᠡᠪᠬᠡᠮᠡᠯ ᠤᠨ ᠨᠡᠭᠡᠭᠡᠯᠲᠡ ᠬᠢᠬᠦ ᠪᠠ ᠠᠰᠢᠭᠯᠠᠬᠤ ᠳᠤ ᠤᠯᠠᠮ ᠨᠢᠭᠡ ᠠᠯᠬᠤᠮ ᠳᠥᠭᠦᠮ ᠨᠥᠬᠦᠴᠡᠯ ᠬᠠᠩᠭᠠᠵᠤ᠂ ᠳᠠᠩᠰᠠ ᠡᠪᠬᠡᠮᠡᠯ ᠤᠨ ᠣᠷᠳᠤᠨ ᠤ ᠨᠡᠭᠡᠭᠡᠯᠲᠡ ᠬᠢᠬᠦ ᠳᠠᠩᠰᠠ ᠡᠪᠬᠡᠮᠡᠯ ᠤᠨ ᠭᠠᠷᠴᠠᠭ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠬᠦ᠂ ᠠᠰᠢᠭᠯᠠᠬᠤ ᠳᠦᠷᠢᠮ ᠢ ᠲᠡᠭᠦᠯᠳᠡᠷᠵᠢᠭᠦᠯᠬᠦ᠂ ᠦᠢᠯᠡᠴᠢᠯᠡᠭᠡᠨ ᠤ ᠬᠡᠯᠪᠡᠷᠢ ᠮᠠᠶ᠋ᠢᠭ ᠤᠨ ᠰᠢᠨ᠎ᠡ ᠶᠢ ᠡᠭᠦᠳᠬᠦ᠂ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠲᠣᠭᠲᠠᠭᠠᠬᠤ ᠪᠠ ᠬᠤᠯᠪᠣᠭᠳᠠᠯ ᠪᠦᠬᠦᠢ ᠠᠰᠠᠭᠤᠳᠠᠯ ᠤᠨ ᠰᠤᠳᠤᠯᠤᠯ ᠢ ᠥᠷᠨᠢᠭᠦᠯᠬᠦ ᠳᠤ ᠳᠡᠮᠵᠢᠯᠭᠡ ᠪᠠ ᠳᠥᠭᠦᠮ ᠦᠵᠡᠭᠦᠯᠬᠦ ᠵᠡᠷᠭᠡ ᠲᠠᠯ᠎ᠠ ᠶᠢᠨ ᠲᠣᠭᠲᠠᠭᠠᠯ ᠢ ᠨᠡᠮᠡᠭᠳᠡᠭᠦᠯᠪᠡ᠃ ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠳᠠᠩᠰᠠ ᠡᠪᠬᠡᠮᠡᠯ ᠤᠨ ᠣᠷᠳᠤᠨ ᠤ ᠳᠠᠩᠰᠠ ᠡᠪᠬᠡᠮᠡᠯ ᠢ ᠨᠡᠶᠢᠭᠡᠮ ᠳᠤ ᠨᠡᠭᠡᠭᠡᠬᠦ ᠬᠤᠭᠤᠴᠠᠭ᠎ᠠ ᠶᠢ 30 ᠵᠢᠯ ᠠᠴᠠ 25 ᠵᠢᠯ ᠪᠣᠯᠭᠠᠨ ᠪᠣᠭᠤᠨᠢᠰᠬᠠᠵᠤ᠂ ᠡᠭᠦᠨ ᠤ ᠬᠠᠮᠲᠤ ᠪᠤᠰᠤᠳ ᠲᠠᠩᠰᠠ ᠡᠪᠬᠡᠮᠡᠯ ᠤᠨ ᠣᠷᠳᠤᠨ ᠤ ᠲᠠᠩᠰᠠ ᠡᠪᠬᠡᠮᠡᠯ ᠢ ᠨᠡᠶᠢᠭᠡᠮ ᠳᠤ ᠴᠢᠯᠥᠭᠡᠲᠡᠶ ᠨᠡᠭᠡᠭᠡᠬᠦ ᠶᠢ ᠵᠣᠷᠢᠭᠵᠢᠭᠤᠯᠤᠨ ᠳᠡᠮᠵᠢᠨ᠎ᠡ᠃ ᠳᠠᠩᠰᠠ ᠡᠪᠬᠡᠮᠡᠯ ᠤᠨ ᠰᠠᠩ ᠢ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ ᠰᠣᠶᠣᠯ ᠤᠨ ᠤᠬᠠᠭᠤᠯᠭ᠎ᠠ ᠬᠥᠮᠦᠵᠢᠯ ᠤᠨ ᠴᠢᠳᠠᠮᠵᠢ ᠶᠢ ᠪᠠᠳᠠᠷᠠᠭᠤᠯᠬᠤ ᠶᠢ ᠱᠠᠭᠠᠡᠳᠠᠵᠤ᠂ ᠨᠡᠶᠢᠭᠡᠮ ᠵᠢᠷᠤᠮ ᠤᠨ ᠭᠤᠤᠯᠯᠠᠬᠤ ᠦᠷᠳᠡᠭ ᠤᠨ ᠦᠵᠡᠯᠲᠡ ᠶᠢ ᠪᠠᠳᠠᠷᠠᠭᠤᠯᠵᠤ᠂ ᠮᠦᠽᠧᠶ᠂ ᠨᠣᠮ ᠤᠨ ᠰᠠᠩ᠂ ᠳᠤᠷᠠᠰᠬᠠᠯ ᠤᠨ ᠣᠷᠳᠣᠨ ᠵᠡᠷᠭᠡ ᠨᠢᠭᠡᠴᠢ ᠲᠠᠢ ᠬᠠᠷᠢᠯᠴᠠᠨ ᠬᠠᠮᠵᠢᠯᠴᠠᠵᠤ᠂ ᠬᠠᠮᠲᠤᠷᠠᠨ ᠦᠵᠡᠰᠬᠦᠯᠡᠩ ᠡᠷᠬᠢᠯᠡᠵᠤ᠂ ᠬᠤᠯᠪᠣᠭᠳᠠᠯ ᠪᠦᠬᠦᠢ ᠲᠡᠤᠬᠡᠨ ᠮᠠᠲ᠋ᠧᠷᠢᠶᠠᠯ ᠢ ᠬᠠᠮᠲᠤ ᠪᠠᠷ ᠰᠤᠳᠤᠯᠬᠤ ᠪᠠ ᠨᠠᠶᠢᠷᠠᠭᠤᠯᠤᠨ ᠬᠡᠪᠯᠡᠭᠦᠯᠦᠨ᠎ᠡ᠃ ᠡᠭᠦᠨ ᠤ ᠬᠠᠮᠲᠤ᠂ ᠳᠠᠩᠰᠠ ᠡᠪᠬᠡᠮᠡᠯ ᠤᠨ ᠣᠷᠳᠤᠨ  ᠳᠤ ᠰᠢᠯᠵᠢᠭᠦᠯᠦᠨ ᠲᠤᠰᠢᠶᠠᠭᠰᠠᠨ ᠡᠮᠦᠨ᠎ᠡ ᠬᠤᠶᠢᠨᠠᠬᠢ ᠳᠠᠩᠰᠠ ᠡᠪᠬᠡᠮᠡᠯ ᠢ ᠨᠡᠭᠡᠭᠡᠯᠲᠡ ᠲᠠᠢ ᠪᠠᠷ ᠬᠢᠨᠠᠨ ᠬᠠᠷᠭᠤᠭᠤᠯᠬᠤ ᠭᠤᠣᠯ ᠴᠣᠭᠴᠠ ᠶᠢ ᠲᠣᠳᠤᠷᠬᠠᠶᠢᠯᠠᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠬᠠᠷᠢᠭᠤᠴᠠᠯᠭ᠎ᠠ ᠶᠢ ᠡᠭᠦᠷᠭᠡᠯᠡᠬᠦ ᠠᠷᠭ᠎ᠠ ᠮᠠᠶ᠋ᠢᠭ ᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠵᠤ᠂ ᠳᠠᠩᠰᠠ ᠡᠪᠬᠡᠮᠡᠯ ᠤᠨ ᠣᠷᠳᠤᠨ ᠤ ᠲᠣᠭᠲᠠᠭᠠᠯ ᠶᠣᠰᠣᠭᠠᠷ ᠨᠡᠭᠡᠭᠡᠭᠰᠡᠨ ᠦᠭᠡᠢ ᠪᠠ ᠠᠰᠢᠭᠯᠠᠬᠤ ᠦᠭᠡᠢ ᠶᠢᠨ ᠬᠠᠤᠯᠢ ᠴᠠᠭᠠᠵᠠ  ᠶᠢᠨ ᠬᠠᠷᠢᠭᠤᠴᠠᠯᠭ᠎ᠠ᠂ ᠠᠷᠠᠳ ᠢᠷᠭᠡᠳ ᠤᠨ ᠲᠡᠳᠬᠦᠮᠵᠢ ᠶᠢᠨ ᠠᠷᠭ᠎ᠠ ᠵᠠᠮ ᠪᠠ ᠳᠠᠩᠰᠠ ᠡᠪᠬᠡᠮᠡᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠵᠠᠭᠠᠯᠳᠤᠯᠭ᠎ᠠ ᠶᠢ ᠰᠢᠢᠳᠪᠦᠷᠢᠯᠡᠬᠦ ᠬᠠᠤᠯᠢ ᠴᠠᠭᠠᠵᠠ ᠶᠢᠨ ᠡᠭᠦᠷᠭᠡ ᠵᠡᠷᠭᠡ ᠲᠠᠯ᠎ᠠ  ᠶᠢᠨ ᠲᠣᠭᠲᠠᠭᠠᠯ ᠢ ᠨᠡᠮᠡᠵᠦ᠂ ᠳᠠᠩᠰᠠ ᠡᠪᠬᠡᠮᠡᠯ ᠢ ᠨᠡᠭᠡᠭᠡᠨ ᠠᠰᠢᠭᠯᠠᠬᠤ ᠶᠢ ᠠᠬᠢᠭᠤᠯᠬᠤ ᠪᠦᠷᠢᠨ ᠲᠦᠬᠦᠷ ᠳᠦᠷᠢᠮ ᠤᠨ ᠲᠣᠬᠢᠷᠠᠭᠤᠯᠤᠯᠲᠠ ᠶᠢ ᠪᠦᠷᠢᠯᠳᠦᠭᠦᠯᠪᠡ᠃      ︵ᠲᠦᠷᠪᠡ︶ ᠠᠮᠤᠷ ᠲᠦᠪᠰᠢᠨ ᠤ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠬᠤ ᠨᠢ᠂ ᠳᠠᠩᠰᠠ ᠡᠪᠬᠡᠮᠡᠯ  ᠤᠨ ᠡᠬᠢ  ᠪᠠᠶᠠᠯᠢᠭ ᠤᠨ ᠠᠮᠤᠷ ᠲᠦᠪᠰᠢᠨ ᠤ ᠰᠢᠨ᠎ᠡ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠳᠤ ᠠᠰᠢᠭᠲᠠᠶ      ᠳᠠᠩᠰᠠ ᠡᠪᠬᠡᠮᠡᠯ ᠤᠨ ᠣᠷᠳᠤᠨ ᠪᠠ ᠳᠠᠩᠰᠠ ᠡᠪᠬᠡᠮᠡᠯ ᠢ ᠪᠦᠷᠢᠯᠳᠦᠭᠦᠯᠬᠦ ᠨᠢᠭᠡᠴᠢ ᠶᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠳᠠᠩᠰᠠ ᠡᠪᠬᠡᠮᠡᠯ ᠢ ᠬᠠᠳᠠᠭᠠᠯᠠᠬᠤ ᠳᠤ ᠲᠣᠬᠢᠷᠠᠬᠤ ᠬᠥᠮᠥᠷᠭᠡ ᠪᠠ ᠲᠥᠬᠦᠭᠡᠷᠦᠮᠵᠢ᠂ ᠪᠡᠯᠡᠳᠬᠡᠮᠵᠢ ᠶᠢ ᠲᠣᠬᠢᠷᠠᠭᠤᠯᠬᠤ ᠶᠢ ᠱᠠᠭᠠᠷᠳᠠᠪᠠ︔ ᠲᠠᠩᠰᠠ ᠡᠪᠬᠡᠮᠡᠯ ᠤᠨ ᠠᠮᠤᠷ ᠲᠦᠪᠰᠢᠨ ᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠠᠩᠰᠠ ᠡᠪᠬᠡᠮᠡᠯ ᠤᠨ ᠠᠮᠤᠷ ᠲᠦᠪᠰᠢᠨ ᠤ ᠲᠦᠭᠰᠢᠭᠦᠷᠢ ᠶᠢᠨ ᠬᠠᠮᠢᠶᠠᠷᠤᠯᠲᠠ ᠶᠢ ᠴᠢᠩᠭᠠᠳᠬᠠᠨ᠂ ᠲᠠᠩᠰᠠ ᠡᠪᠬᠡᠮᠡᠯ ᠤᠨ ᠠᠮᠤᠷ ᠲᠥᠪᠰᠢᠨ ᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ︔ ᠲᠠᠩᠰᠠ ᠡᠪᠬᠡᠮᠡᠯ ᠤᠨ ᠠᠮᠤᠷ ᠲᠦᠪᠰᠢᠨ ᠤ ᠳᠠᠯᠳᠠ ᠬᠡᠮ ᠢ ᠣᠯᠵᠤ ᠮᠡᠳᠡᠪᠡᠯ᠂ ᠴᠠᠭ ᠲᠤᠬᠠᠶ ᠳᠤ ᠨᠢ ᠨᠥᠬᠦᠪᠥᠷᠢᠯᠡᠬᠦ ᠠᠷᠭ᠎ᠠ ᠬᠡᠮᠵᠢᠶ᠎ᠡ ᠠᠪᠴᠤ᠂ ᠲᠠᠩᠰᠠ ᠡᠪᠬᠡᠮᠡᠯ ᠤᠨ ᠠᠮᠤᠷ ᠲᠦᠪᠰᠢᠨ ᠤ ᠳᠠᠯᠳᠠ ᠬᠡᠮ ᠢ ᠠᠷᠢᠯᠭᠠᠬᠤ ᠬᠡᠷᠡᠭᠲᠡᠶ︔ ᠳᠠᠩᠰᠠ ᠡᠪᠬᠡᠮᠡᠯ ᠡᠪᠳᠡᠷᠡᠵᠦ ᠰᠦᠢᠳᠦᠭᠰᠡᠨ᠂ ᠮᠡᠳᠡᠭᠡ ᠵᠠᠩᠭᠢ ᠵᠠᠳᠠᠷᠠᠭᠰᠠᠨ ᠵᠡᠷᠭᠡ ᠪᠠᠶᠢᠳᠠᠯ ᠭᠠᠷᠪᠠᠯ᠂ ᠳᠠᠩᠰᠠ ᠡᠪᠬᠡᠮᠡᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠶ ᠳᠤ ᠨᠢ ᠮᠡᠳᠡᠭᠦᠯᠬᠦ ᠬᠡᠷᠡᠭᠲᠡᠶ᠃ ᠲᠡᠷᠡᠴᠢᠯᠡᠨ ᠡᠯᠧᠺᠲᠷᠣᠨ ᠳᠠᠩᠰᠠ ᠡᠪᠬᠡᠮᠡᠯ ᠤᠨ ᠠᠶᠤᠯᠭᠦᠢ ᠶᠢᠨ ᠬᠠᠮᠢᠶᠠᠷᠤᠯᠲᠠ ᠳᠤ ᠱᠠᠭᠠᠷᠳᠠᠯᠭ᠎ᠠ ᠳᠤᠷᠠᠳᠴᠤ᠂ ᠡᠯᠧᠺᠲᠷᠣᠨ ᠳᠠᠩᠰᠠ ᠡᠪᠬᠡᠮᠡᠯ ᠢ ᠠᠶᠤᠯᠭᠦᠶ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠳᠤ ᠨᠡᠶᠢᠴᠡᠭᠰᠡᠨ ᠲᠣᠤᠷ ᠰᠦᠯᠵᠢᠶ᠎ᠡ ᠪᠤᠶᠤ ᠬᠠᠳᠠᠭᠠᠯᠠᠬᠤ ᠵᠠᠭᠤᠴᠢ ᠪᠠᠷ ᠳᠠᠮᠵᠢᠭᠤᠯᠤᠨ ᠳᠠᠩᠰᠠ ᠡᠪᠬᠡᠮᠡᠯ ᠤᠨ ᠣᠷᠳᠣᠨ ᠳᠤ ᠰᠢᠯᠵᠢᠭᠦᠯᠦᠨ ᠲᠤᠰᠢᠶᠠᠬᠤ ᠬᠡᠷᠡᠭᠲᠡᠶ︔ ᠲᠠᠩᠰᠠ ᠡᠪᠬᠡᠮᠡᠯ ᠤᠨ ᠣᠷᠳᠤᠨ ᠠᠴᠠ ᠭᠥᠯᠢᠶᠡᠨ ᠠᠪᠤᠭᠰᠠᠨ ᠡᠯᠧᠺᠲᠷᠣᠨ ᠲᠠᠩᠰᠠ ᠡᠪᠬᠡᠮᠡᠯ ᠢ ᠪᠠᠶᠢᠴᠠᠭᠠᠨ ᠰᠢᠯᠭᠠᠵᠤ᠂ ᠡᠯᠧᠺᠲᠷᠣᠨ ᠲᠠᠩᠰᠠ ᠡᠪᠬᠡᠮᠡᠯ ᠤᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ᠂ ᠬᠡᠷᠡᠭᠯᠡᠵᠦ ᠪᠣᠯᠬᠤᠶᠢᠴᠠ ᠴᠢᠨᠠᠷ ᠪᠠ ᠠᠮᠤᠷ ᠲᠦᠪᠰᠢᠨ ᠴᠢᠨᠠᠷ ᠢ ᠦᠨᠡᠨ ᠬᠦ ᠪᠠᠲᠤᠯᠠᠬᠤ ᠬᠡᠷᠡᠭᠲᠡᠶ︔ ᠳᠠᠩᠰᠠ ᠡᠪᠬᠡᠮᠡᠯ ᠤᠨ ᠣᠷᠳᠤᠨ ᠨᠢ ᠴᠢᠬᠤᠯᠠ ᠡᠯᠧᠺᠲᠷᠣᠨ ᠳᠠᠩᠰᠠ ᠡᠪᠬᠡᠮᠡᠯ ᠢ ᠣᠨᠳᠣᠤ ᠭᠠᠵᠠᠷ ᠲᠤ ᠬᠤᠪᠢ ᠪᠡᠯᠡᠳᠬᠡᠨ ᠬᠠᠳᠠᠭᠠᠯᠠᠵᠤ ᠪᠣᠯᠤᠨ᠎ᠠ᠃      ︵ᠲᠠᠪᠤ︶ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠨᠢ᠂ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠣᠳᠣᠬᠢᠴᠢᠯᠠᠯᠲᠠ ᠶᠢᠨ ᠰᠢᠨ᠎ᠡ ᠠᠷᠭ᠎ᠠ ᠵᠠᠮ ᠢ ᠨᠡᠭᠡᠭᠡᠬᠦ ᠳᠤ ᠠᠰᠢᠭᠲᠠᠶ      ᠮᠡᠳᠡᠭᠡ ᠵᠠᠩᠬᠢᠴᠢᠯᠠᠯᠲᠠ ᠪᠠᠶᠢᠬᠤ ᠦᠭᠡᠢ ᠪᠣᠯ ᠣᠳᠣᠬᠢᠴᠢᠯᠠᠯᠲᠠ ᠪᠠᠶᠢᠵᠤ ᠴᠢᠳᠠᠬᠤ ᠦᠭᠡᠢ᠃ ᠲᠤᠰ ᠤᠳᠠᠭᠠᠨ ᠤ ᠵᠠᠰᠠᠪᠤᠷᠢ ᠣᠷᠤᠭᠤᠯᠤᠯᠲᠠ ᠨᠢ ᠳᠠᠩᠰᠠ ᠡᠪᠬᠡᠮᠡᠯ ᠤᠨ ᠮᠡᠳᠡᠭᠡ ᠵᠠᠩᠭᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ  ᠦᠢᠯᠡᠳᠦᠯᠭᠡ ᠶᠢᠨ ᠬᠡᠷᠡᠭᠴᠡᠭᠡ ᠪᠣᠯᠤᠨ ᠵᠠᠷᠢᠮ ᠰᠠᠶᠢᠨ ᠲᠤᠷᠰᠢᠯᠭ᠎ᠠ ᠠᠷᠭ᠎ᠠ ᠪᠠᠷᠢᠯ ᠢ ᠳ᠋ᠦᠩᠨᠡᠭᠰᠡᠨ ᠰᠠᠭᠤᠷᠢᠨ ᠳᠡᠭᠡᠷ᠎ᠡ᠂ ᠰᠢᠨ᠎ᠡ ᠪᠠᠷ ᠨᠢᠭᠡ ᠪᠦᠯᠦᠭ ᠨᠡᠮᠡᠵᠦ᠂ ᠡᠯᠧᠺᠲᠷᠣᠨ ᠲᠠᠩᠰᠠ ᠡᠪᠬᠡᠮᠡᠯ ᠤᠨ ᠬᠠᠤᠯᠢ ᠶᠣᠰᠣᠨ ᠤ ᠴᠢᠬᠤᠯᠠ ᠨᠥᠬᠦᠴᠡᠯ᠂ ᠪᠠᠶᠢᠷᠢ ᠰᠠᠭᠤᠷᠢ ᠪᠠ ᠦᠢᠯᠡᠳᠦᠯ᠂ ᠠᠮᠤᠷ ᠲᠦᠪᠰᠢᠨ ᠤ ᠬᠠᠮᠢᠶᠠᠷᠤᠯᠲᠠ  ᠶᠢᠨ ᠱᠠᠭᠠᠷᠳᠠᠯᠭ᠎ᠠ ᠪᠠ ᠮᠡᠳᠡᠭᠡ ᠵᠠᠩᠭᠢᠴᠢᠯᠠᠯᠲᠠ ᠶᠢᠨ ᠰᠢᠰᠲ᠋ᠧᠮ ᠤᠨ ᠪᠠᠶᠢᠭᠤᠯᠤᠯᠲᠠ ᠵᠡᠷᠭᠡ ᠲᠠᠯ᠎ᠠ ᠪᠠᠷ ᠲᠣᠳᠣᠷᠬᠠᠶ ᠲᠣᠭᠲᠠᠭᠠᠯ ᠭᠠᠷᠭᠠᠪᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠢ ᠲᠠᠩᠰᠠ ᠡᠪᠬᠡᠮᠡᠯ ᠤᠨ ᠮᠡᠳᠡᠭᠡ ᠵᠠᠩᠭᠢᠴᠢᠯᠠᠯᠲᠠ ᠶᠢ ᠮᠡᠳᠡᠭᠡ ᠵᠠᠩᠭᠢᠴᠢᠯᠠᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂ ᠡᠯᠧᠺᠲᠷᠣᠨ ᠲᠠᠩᠰᠠ ᠡᠪᠬᠡᠮᠡᠯ᠂ ᠤᠯᠠᠮᠵᠢᠯᠠᠯᠲᠤ ᠠᠴᠢᠶᠠᠯᠠᠪᠤᠷᠢ ᠶᠢᠨ ᠲᠠᠩᠰᠠ ᠡᠪᠬᠡᠮᠡᠯ ᠤᠨ ᠲᠣᠭᠠᠴᠢᠯᠠᠯᠲᠠ ᠶᠢᠨ ᠦᠷ᠎ᠡ ᠪᠦᠲᠦᠭᠡᠯ ᠵᠡᠷᠭᠡ ᠲᠠᠩᠰᠠ ᠡᠪᠬᠡᠮᠡᠯ ᠤᠨ ᠲᠣᠭᠠᠴᠢᠯᠠᠭᠰᠠᠨ ᠡᠬᠢ ᠪᠠᠶᠠᠯᠢᠭ ᠢ ᠠᠮᠤᠷ ᠲᠦᠪᠰᠢᠨ ᠢᠶᠠᠷ ᠬᠠᠳᠠᠭᠠᠯᠠᠬᠤ ᠪᠠ ᠪᠦᠲᠦᠮᠵᠢᠲᠡᠶ ᠠᠰᠢᠭᠯᠠᠬᠤ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ ᠡᠯᠧᠺᠲᠷᠣᠨ ᠳᠠᠩᠰᠠ ᠡᠪᠬᠡᠮᠡᠯ ᠤᠨ ᠢᠷᠡᠯᠲᠡ ᠨᠢ ᠨᠠᠶᠢᠳᠠᠪᠤᠷᠢᠲᠠᠢ᠂ ᠳᠡᠰ ᠳᠠᠷᠠᠭᠠᠯᠠᠯ ᠨᠢ ᠵᠢᠷᠤᠮᠵᠢᠭᠰᠠᠨ᠂ ᠡᠯᠮᠧᠨᠧᠲ ᠨᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ ᠭᠡᠵᠦ ᠲᠣᠭᠲᠠᠭᠠᠵᠤ᠂ ᠡᠯᠧᠺᠲᠷᠣᠨ ᠳᠠᠩᠰᠠ ᠡᠪᠬᠡᠮᠡᠯ ᠨᠢ ᠤᠯᠠᠮᠵᠢᠯᠠᠯᠲᠤ ᠠᠴᠢᠶᠠᠯᠠᠪᠤᠷᠢ ᠶᠢᠨ ᠳᠠᠩᠰᠠ ᠡᠪᠬᠡᠮᠡᠯ ᠲᠠᠢ ᠠᠳᠠᠯᠢ ᠬᠦᠴᠦᠨ ᠲᠠᠢ ᠪᠠᠶᠢᠵᠤ᠂ ᠡᠯᠧᠺᠲᠷᠣᠨ ᠬᠡᠯᠪᠡᠷᠢ ᠪᠠᠷ ᠭᠡᠷᠡᠴᠢ ᠪᠠᠷᠢᠮᠲᠠ ᠪᠣᠯᠭᠠᠨ ᠬᠡᠷᠡᠭᠯᠡᠵᠦ ᠪᠣᠯᠤᠨ᠎ᠠ᠃ ᠡᠯᠧᠺᠲᠷᠣᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠮᠡᠳᠡᠭᠡ ᠵᠠᠩᠭᠢ  ᠶᠢᠨ ᠰᠢᠰᠲ᠋ᠧᠮ᠂ ᠲᠣᠭᠠᠴᠢᠯᠠᠭᠰᠠᠨ ᠳᠠᠩᠰᠠ ᠡᠪᠬᠡᠮᠡᠯ ᠤᠨ ᠣᠷᠳᠤᠨ᠂ ᠳᠠᠩᠰᠠ ᠡᠪᠬᠡᠮᠡᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠳᠤ ᠱᠠᠭᠠᠷᠳᠠᠯᠭ᠎ᠠ ᠳᠤᠷᠠᠳᠪᠠ᠃      ︵ᠵᠢᠷᠭᠤᠭ᠎ᠠ︶ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠬᠤ ᠨᠢ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠨᠠᠷᠢᠯᠢᠬᠵᠢᠭᠤᠯᠤᠨ ᠨᠠᠶᠢᠳᠠᠪᠤᠷᠢᠵᠢᠭᠤᠯᠬᠤ ᠳᠤ ᠰᠢᠨ᠎ᠡ ᠠᠷᠭ᠎ᠠ ᠬᠡᠮᠵᠢᠶ᠎ᠡ ᠶᠢ ᠲᠣᠳᠣᠷᠬᠠᠶᠢᠯᠠᠬᠤ ᠳᠤ ᠠᠰᠢᠭᠲᠠᠢ      ᠬᠢᠨᠠᠯᠲᠠ ᠲᠠᠯᠪᠢᠵᠤ ᠪᠠᠶᠢᠴᠠᠭᠠᠬᠤ ᠪᠠ ᠬᠠᠤᠯᠢ ᠠᠴᠠ ᠵᠥᠷᠢᠴᠡᠭᠰᠡᠨ ᠬᠡᠷᠡᠭ ᠢ ᠰᠢᠢᠳᠪᠦᠷᠢᠯᠡᠬᠦ ᠪᠣᠯ ᠳᠠᠩᠰᠠ ᠡᠪᠬᠡᠮᠡᠯ ᠤᠨ ᠠᠵᠢᠯ ᠤᠨ ᠦᠢᠯᠡᠳᠦᠯᠭᠡ ᠶᠢᠨ ᠨᠢᠭᠡᠨ ᠳᠤᠲᠠᠭᠤᠳᠠᠯ ᠪᠣᠯᠤᠨ᠎ᠠ᠃ ᠡᠨᠡ ᠬᠦ ᠠᠰᠠᠭᠤᠳᠠᠯ ᠢ ᠰᠢᠢᠳᠪᠦᠷᠢᠯᠡᠵᠦ᠂ ᠵᠠᠰᠠᠭ ᠵᠠᠬᠢᠷᠭᠠᠨ ᠤ ᠡᠷᠬᠡ ᠶᠢᠨ ᠬᠡᠷᠡᠭᠵᠢᠭᠦᠯᠦᠯᠲᠡ ᠶᠢ ᠵᠢᠷᠤᠮᠵᠢᠭᠤᠯᠬᠤ ᠶᠢᠨ ᠲᠥᠯᠥᠭᠡ᠂ ᠰᠢᠨ᠎ᠡ  ᠪᠠᠷ ᠵᠠᠰᠠᠪᠤᠷᠢ ᠣᠷᠣᠭᠤᠯᠤᠭᠰᠠᠨ ᠲᠠᠩᠰᠠ ᠡᠪᠬᠡᠮᠡᠯ ᠤᠨ ᠬᠠᠤᠯᠢ ᠳᠤ ᠬᠢᠨᠠᠯᠲᠠ ᠲᠠᠯᠪᠢᠵᠤ ᠪᠠᠶᠢᠴᠠᠭᠠᠬᠤ 6 ᠲᠥᠷᠥᠯ ᠤᠨ ᠵᠦᠢᠯᠡᠰ ᠢ ᠵᠢᠭᠰᠠᠭᠠᠨ ᠭᠠᠷᠭᠠᠵᠤ᠂ ᠲᠠᠩᠰᠠ ᠡᠪᠬᠡᠮᠡᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠲᠠᠩᠰᠠ ᠡᠪᠬᠡᠮᠡᠯ ᠤᠨ ᠠᠵᠢᠯᠲᠠᠨ ᠤ ᠬᠢᠨᠠᠯᠲᠠ ᠲᠠᠯᠪᠢᠵᠤ ᠪᠠᠶᠢᠴᠠᠭᠠᠬᠤ ᠠᠷᠭ᠎ᠠ ᠬᠡᠮᠵᠢᠶ᠎ᠡ ᠠᠷᠭ᠎ᠠ ᠪᠠᠷᠢᠯ ᠵᠢᠴᠢ ᠵᠢᠷᠤᠮᠯᠠᠬᠤ ᠬᠡᠷᠡᠭᠲᠡᠶ ᠲᠦᠷᠢᠮ ᠳᠤ ᠲᠣᠳᠣᠷᠬᠠᠶ ᠲᠣᠭᠲᠠᠭᠠᠯ ᠭᠠᠷᠭᠠᠪᠠ᠃ ᠠᠯᠢᠪᠠ ᠨᠢᠭᠡᠴᠢ ᠪᠣᠯᠤᠨ ᠬᠤᠪᠢ ᠬᠥᠮᠦᠨ ᠳᠤ ᠳᠠᠩᠰᠠ ᠡᠪᠬᠡᠮᠡᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠪᠠᠶᠢᠭᠤᠯᠭ᠎ᠠ  ᠳᠤ ᠳᠠᠩᠰᠠ ᠡᠪᠬᠡᠮᠡᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠡᠷᠬᠡ ᠣᠯᠭᠤᠵᠤ᠂ ᠢᠯᠡᠴᠢᠯᠡᠨ ᠮᠡᠳᠡᠭᠦᠯᠬᠦ ᠶᠢ ᠬᠦᠯᠢᠶᠡᠨ ᠠᠪᠤᠭᠰᠠᠨ ᠳᠠᠩᠰᠠ ᠡᠪᠬᠡᠮᠡᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠬᠤᠯᠪᠣᠭᠳᠠᠯ ᠪᠦᠬᠦᠢ ᠪᠠᠶᠢᠭᠤᠯᠭ᠎ᠠ ᠠᠴᠠ ᠴᠠᠭ ᠲᠤᠬᠠᠶ ᠳᠤ ᠨᠢ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠶ ᠭᠡᠵᠦ ᠱᠠᠭᠠᠷᠳᠠᠪᠠ᠃ ᠡᠭᠦᠨ ᠠᠴᠠ ᠭᠠᠳᠠᠨ᠎ᠠ᠂ ︽ᠬᠠᠤᠯᠢ ᠴᠠᠭᠠᠵᠠ ᠶᠢᠨ ᠬᠠᠷᠢᠭᠤᠴᠠᠯᠭ᠎ᠠ︾ ᠭᠡᠬᠦ‍ ᠨᠢᠭᠡ ᠪᠦᠯᠦᠭ ᠢ ᠥᠷᠭᠡᠳᠬᠡᠵᠦ᠂ ᠳᠠᠩᠰᠠ ᠡᠪᠬᠡᠮᠡᠯ ᠤᠨ ᠠᠵᠢᠯ ᠤᠨ ᠦᠢᠯᠡᠳᠦᠯᠭᠡ ᠶᠢ ᠦᠨᠳᠦᠰᠦᠯᠡᠨ᠂ ᠰᠢᠢᠳᠬᠡᠯ ᠥᠭᠬᠦ ᠪᠠ ᠲᠣᠷᠭᠠᠬᠤ ᠤᠴᠢᠷ ᠶᠠᠪᠤᠳᠠᠯ ᠳᠤ ᠬᠡᠰᠡᠭ ᠲᠠᠯ᠎ᠠ ᠶᠢᠨ ᠲᠣᠬᠢᠷᠠᠭᠤᠯᠤᠯᠲᠠ ᠬᠢᠵᠦ᠂ ᠵᠠᠰᠠᠭ ᠵᠠᠬᠢᠷᠭᠠᠨ ᠤ ᠰᠢᠢᠳᠬᠡᠯ ᠤᠨ ᠲᠤᠭ᠎ᠠ ᠬᠡᠮᠵᠢᠶ᠎ᠡ ᠶᠢ ᠲᠣᠳᠣᠷᠬᠠᠶ ᠪᠣᠯᠭᠠᠵᠤ᠂ ᠡᠳ᠋ ᠬᠦᠷᠦᠩᠭᠡ ᠶᠢᠨ ᠬᠤᠬᠢᠷᠠᠯ ᠪᠤᠶᠤ ᠪᠤᠰᠤᠳ ᠬᠤᠬᠢᠷᠠᠯ ᠤᠴᠠᠷᠠᠭᠤᠯᠤᠭᠰᠠᠨ ᠪᠠᠶᠢᠪᠠᠯ ᠬᠠᠤᠯᠢ ᠶᠣᠰᠣᠭᠠᠷ ᠢᠷᠭᠡᠨ ᠤ ᠬᠡᠷᠡᠭ ᠤᠨ ᠬᠠᠷᠢᠭᠤᠴᠠᠯᠭ᠎ᠠ ᠡᠭᠦᠷᠭᠡᠯᠡᠬᠦ ᠲᠤᠬᠠᠶ ᠲᠣᠭᠲᠠᠭᠠᠯ ᠢ ᠨᠡᠮᠡᠪᠡ᠃      ︵ᠲᠤᠯᠤᠭ᠎ᠠ︶ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠪᠠᠲᠤᠯᠠᠭ᠎ᠠ ᠶᠢ ᠴᠢᠩᠭᠠᠳᠬᠠᠬᠤ ᠨᠢ᠂ ᠲᠠᠩᠰᠠ ᠡᠪᠬᠡᠮᠡᠯ ᠤᠨ ᠦᠢᠯᠡᠰ ᠤᠨ ᠦᠷᠭᠦᠯᠵᠢᠯᠡᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠳᠤ ᠰᠢᠨ᠎ᠡ ᠬᠥᠳᠡᠯᠭᠡᠭᠴᠢ ᠡᠨᠧᠷᠭᠢ ᠨᠡᠮᠡᠷᠢᠯᠡᠬᠦ ᠳᠤ ᠠᠰᠢᠭᠲᠠᠶ      ᠳᠠᠩᠰᠠ ᠡᠪᠬᠡᠮᠡᠯ ᠤᠨ ᠠᠵᠢᠯ ᠪᠣᠯ ᠨᠢᠭᠡ ᠵᠦᠢᠯ ᠤᠨ ᠲᠤᠰᠬᠠᠶ ᠮᠡᠷᠭᠡᠵᠢᠯ ᠤᠨ ᠴᠢᠨᠠᠷ ᠢᠶᠠᠷ ᠮᠠᠰᠢ ᠴᠢᠩᠭ᠎ᠠ ᠠᠵᠢᠯ ᠪᠣᠯᠤᠨ᠎ᠠ᠂ ᠳᠠᠩᠰᠠ ᠡᠪᠬᠡᠮᠡᠯ ᠢ ᠡᠮᠬᠢᠯᠡᠬᠦ᠂ ᠬᠠᠮᠠᠭᠠᠯᠠᠬᠤ᠂ ᠬᠢᠨᠠᠨ ᠲᠣᠭᠲᠠᠭᠠᠬᠤ᠂ ᠨᠠᠶᠢᠷᠠᠭᠤᠯᠤᠨ ᠰᠤᠳᠤᠯᠬᠤ ᠵᠡᠷᠭᠡ ᠠᠵᠢᠯ ᠳᠤ ᠴᠥᠮ ᠲᠡᠷᠢᠭᠦᠨ ᠤ ᠰᠢᠨᠵᠢᠯᠡᠬᠦ ᠤᠬᠠᠭᠠᠨ ᠮᠡᠷᠭᠡᠵᠢᠯ ᠪᠠ ᠥᠨᠳᠥᠷ ᠬᠡᠪ ᠴᠢᠨᠠᠷ ᠪᠦᠬᠦᠢ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠪᠠᠷ ᠲᠦᠰᠢᠭ ᠲᠤᠯᠭᠠᠭᠤᠷᠢ ᠪᠣᠯᠭᠠᠬᠤ ᠬᠡᠷᠡᠭᠲᠡᠶ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠳᠠᠩᠰᠠ ᠡᠪᠬᠡᠮᠡᠯ ᠤᠨ ᠬᠠᠤᠯᠢ ᠳᠤ ᠤᠯᠤᠰ ᠠᠴᠠ ᠳᠠᠩᠰᠠ ᠡᠪᠬᠡᠮᠡᠯ ᠤᠨ ᠠᠵᠢᠯ ᠤᠨ ᠴᠢᠳᠠᠪᠤᠷᠢᠲᠠᠨ ᠬᠥᠮᠦᠵᠢᠭᠦᠯᠬᠦ ᠪᠠ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠳᠠᠩᠰᠠ ᠡᠪᠬᠡᠮᠡᠯ ᠤᠨ ᠠᠵᠢᠯᠲᠠᠨ  ᠤ ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠳᠡᠭᠡᠭᠰᠢᠯᠡᠭᠦᠯᠵᠦ᠂ ᠳᠠᠩᠰᠠ ᠡᠪᠬᠡᠮᠡᠯ ᠤᠨ ᠲᠤᠰᠬᠠᠶ ᠮᠡᠷᠭᠡᠵᠢᠯ ᠤᠨ ᠠᠵᠢᠯᠲᠠᠨ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠤᠰᠬᠠᠶ ᠮᠡᠷᠭᠡᠵᠢᠯ ᠤᠨ ᠴᠣᠯᠠ ᠶᠢ ᠦᠨᠡᠯᠡᠨ ᠲᠣᠭᠲᠠᠭᠠᠵᠤ ᠪᠣᠯᠬᠤ ᠶᠢ ᠲᠣᠳᠤᠷᠬᠠᠶᠢᠯᠠᠪᠠ᠃ ᠨᠡᠶᠢᠭᠡᠮ ᠤᠨ ᠬᠦᠴᠦᠨ ᠤ ᠳᠠᠩᠰᠠ ᠡᠪᠬᠡᠮᠡᠯ ᠤᠨ ᠦᠢᠯᠡᠰ ᠤᠨ ᠬᠥᠭᠵᠢᠯᠲᠡ ᠳᠤ ᠣᠷᠣᠯᠴᠠᠬᠤ ᠪᠠ ᠳᠡᠮᠵᠢᠬᠦ ᠶᠢ ᠵᠣᠷᠢᠭᠵᠢᠭᠤᠯᠵᠤ᠂ ᠳᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠢ ᠨᠢᠭᠡᠴᠢ ᠪᠣᠯᠤᠨ ᠬᠤᠪᠢ ᠬᠥᠮᠦᠨ ᠢ ᠮᠠᠭᠲᠠᠨ ᠰᠠᠶᠢᠰᠢᠶᠠᠵᠤ ᠱᠠᠩᠨᠠᠨ ᠬᠥᠬᠢᠭᠦᠯᠦᠨ᠎ᠡ︔ ᠲᠠᠩᠰᠠ ᠡᠪᠬᠡᠮᠡᠯ ᠤᠨ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠤᠨ ᠳᠡᠮᠵᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠠᠬᠢᠭᠤᠯᠤᠨ᠎ᠠ︔ ᠳᠠᠩᠰᠠ ᠡᠪᠬᠡᠮᠡᠯ ᠤᠨ ᠬᠦᠷᠢᠶᠡᠨ ᠳᠤ ᠤᠯᠠᠨ ᠤᠯᠤᠰ ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠥᠷᠨᠢᠭᠦᠯᠬᠦ ᠵᠡᠷᠭᠡ ᠶᠢ ᠲᠣᠭᠲᠠᠭᠠᠪᠠ᠃ ᠡᠲᠡᠭᠡᠷ ᠰᠢᠨ᠎ᠡ ᠱᠠᠭᠠᠷᠳᠠᠯᠭ᠎ᠠ ᠨᠢ ᠲᠠᠩᠰᠠ ᠡᠪᠬᠡᠮᠡᠯ ᠤᠨ ᠦᠢᠯᠡᠰ ᠤᠨ ᠰᠢᠨ᠎ᠡ ᠶᠢ ᠡᠭᠦᠳᠦᠨ ᠬᠥᠭᠵᠢᠬᠦ ᠳᠤ ᠰᠢᠨ᠎ᠡ ᠠᠮᠢᠯᠠᠯ ᠪᠠ ᠠᠮᠢᠵᠢᠷᠠᠯ ᠤᠨ ᠬᠦᠴᠦᠨ ᠢ ᠨᠡᠮᠡᠷᠢᠯᠡᠬᠦ ᠪᠣᠯᠤᠨ᠎ᠠ᠃      ᠭᠤᠷᠪᠠ᠂ ᠲᠤᠭᠤᠰᠢᠯᠠᠭᠤᠯᠤᠨ ᠬᠡᠷᠡᠭᠵᠢᠭᠦᠯᠬᠦ ᠠᠵᠢᠯ ᠢ ᠦᠨᠡᠨ ᠬᠦ ᠰᠠᠶᠢᠲᠤᠷ ᠠᠳᠬᠤᠬᠤ ᠬᠡᠷᠡᠭᠲᠡᠢ      ᠬᠠᠤᠯᠢ ᠴᠠᠭᠠᠵᠠ ᠶᠢᠨ ᠠᠮᠢ ᠨᠠᠰᠤ ᠨᠢ ᠬᠡᠷᠡᠭᠵᠢᠭᠦᠯᠬᠦ ᠳᠤ ᠪᠣᠢ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠲᠠᠩᠰᠠ ᠡᠪᠬᠡᠮᠡᠯ ᠤᠨ ᠬᠠᠤᠯᠢ ᠨᠢ ᠪᠢᠳᠡᠨ ᠤ ᠰᠢᠨ᠎ᠡ ᠴᠠᠭ ᠦᠶ᠎ᠡ ᠶᠢᠨ ᠲᠠᠩᠰᠠ ᠡᠪᠬᠡᠮᠡᠯ ᠤᠨ ᠠᠵᠢᠯ ᠢ ᠴᠢᠩᠭᠠᠳᠬᠠᠬᠤ ᠳᠤ ᠬᠦᠴᠦᠲᠡᠶ ᠬᠠᠤᠯᠢ ᠪᠠᠷ ᠵᠠᠰᠠᠬᠤ ᠪᠠᠲᠤᠯᠠᠭ᠎ᠠ ᠪᠠ ᠠᠵᠢᠯᠯᠠᠭᠠᠨ ᠤ ᠵᠦᠭᠯᠡᠭᠦᠷ ᠬᠠᠩᠭᠠᠵᠤ᠂ ᠪᠢᠳᠡ ᠲᠤᠭᠤᠰᠢᠯᠠᠭᠤᠯᠤᠨ ᠬᠡᠷᠡᠭᠵᠢᠭᠦᠯᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠯ᠎ᠡ ᠵᠦᠢᠯ ᠤᠨ ᠳᠦᠷᠢᠮ ᠲᠣᠭᠲᠠᠭᠠᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠨᠢᠭᠡ ᠳᠤ᠂ ᠤᠬᠠᠭᠤᠯᠬᠤ ᠪᠠ ᠲᠠᠶᠢᠯᠪᠤᠷᠢᠯᠠᠬᠤ ᠠᠵᠢᠯ ᠢ ᠰᠠᠶᠢᠲᠤᠷ ᠬᠢᠨ᠎ᠡ᠃ ᠳᠠᠩᠰᠠ ᠡᠪᠬᠡᠮᠡᠯ ᠤᠨ ᠬᠠᠤᠯᠢ ᠶᠢᠨ ᠤᠳᠬ᠎ᠠ ᠶᠢᠨ ᠲᠠᠶᠢᠯᠪᠤᠷᠢ ᠶᠢ ᠨᠠᠶᠢᠷᠠᠭᠤᠯᠤᠨ ᠪᠢᠴᠢᠵᠦ᠂ ᠡᠯ᠎ᠡ ᠲᠥᠷᠥᠯ ᠤᠨ ᠵᠠᠭᠤᠴᠢᠯᠠᠭᠤᠷ ᠤᠨ ᠲᠠᠪᠴᠠᠩ ᠢ ᠠᠰᠢᠭᠯᠠᠨ᠂ ᠤᠬᠠᠭᠤᠯᠤᠨ ᠲᠠᠶᠢᠯᠪᠤᠷᠢᠯᠠᠬᠤ᠂ ᠰᠤᠳᠤᠯᠤᠨ ᠶᠠᠷᠢᠯᠴᠠᠬᠤ᠂ ᠪᠣᠯᠪᠠᠰᠤᠷᠠᠭᠤᠯᠬᠤ ᠵᠡᠷᠭᠡ ᠣᠯᠠᠨ ᠬᠡᠯᠪᠡᠷᠢ ᠪᠠᠷ ᠳᠠᠮᠵᠢᠭᠤᠯᠤᠨ᠂ ᠳᠠᠩᠰᠠ ᠡᠪᠬᠡᠮᠡᠯ ᠤᠨ ᠰᠢᠰᠲ᠋ᠧᠮ ᠪᠠ ᠪᠦᠬᠦ ᠨᠡᠶᠢᠭᠡᠮ ᠳᠤ ᠬᠠᠨᠳᠤᠭᠤᠯᠵᠤ ᠴᠢᠭᠯᠡᠭᠦᠯᠬᠦ ᠴᠢᠨᠠᠷᠲᠠᠶ ᠤᠬᠠᠭᠤᠯᠤᠨ ᠲᠤᠭᠤᠰᠢᠯᠠᠭᠤᠯᠬᠤ ᠠᠵᠢᠯᠯᠠᠭ᠎ᠠ ᠥᠷᠨᠢᠭᠦᠯᠵᠦ᠂ ᠪᠦᠬᠦ ᠨᠡᠶᠢᠭᠡᠮ ᠤᠨ ᠳᠠᠩᠰᠠ ᠡᠪᠬᠡᠮᠡᠯ ᠤᠨ ᠦᠵᠡᠯ ᠤᠬᠠᠮᠰᠠᠷ ᠢ ᠳᠡᠭᠡᠭᠰᠢᠯᠡᠭᠦᠯᠵᠦ᠂ ᠬᠠᠤᠯᠢ ᠶᠢ ᠰᠤᠷᠤᠯᠴᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ᠃ ᠬᠤᠶᠠᠷ ᠲᠤ᠂ ᠢᠵᠢ ᠪᠦᠷᠢᠳᠦᠭᠦᠯᠬᠦ ᠬᠠᠤᠯᠢ ᠲᠣᠭᠲᠠᠭᠠᠯ ᠳᠦᠷᠢᠮ ᠢ ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠦᠭᠡᠢ ᠪᠣᠯᠭᠠᠬᠤ ᠠᠵᠢᠯ ᠢ ᠡᠬᠢᠯᠡᠭᠦᠯᠦᠨ᠎ᠡ᠃ ᠤᠯᠤᠰ  ᠤᠨ ᠲᠠᠩᠰᠠ ᠡᠪᠬᠡᠮᠡᠯ ᠤᠨ ᠲᠣᠪᠴᠢᠶ᠎ᠠ ᠠᠴᠠ ᠲᠠᠩᠰᠠ ᠡᠪᠬᠡᠮᠡᠯ ᠤᠨ ᠬᠠᠤᠯᠢ ᠶᠢ ᠬᠡᠷᠡᠭᠵᠢᠭᠦᠯᠬᠦ ᠠᠷᠭ᠎ᠠ ᠵᠡᠷᠭᠡ ᠬᠠᠮᠢᠶ᠎ᠠ ᠪᠥᠬᠦᠶ ᠢᠵᠢ ᠪᠥᠷᠢᠳᠦᠭᠦᠯᠬᠦ ᠲᠣᠭᠲᠠᠭᠠᠯ ᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠠᠵᠢᠯ ᠢ ᠲᠦᠷᠭᠡᠬᠡᠨ ᠡᠬᠢᠯᠡᠭᠦᠯᠦᠨ᠎ᠡ᠃ ᠣᠷᠣᠨ ᠨᠤᠲᠤᠭ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠴᠦ ᠥᠪᠡᠷ ᠥᠪᠡᠷ ᠤᠨ ᠳᠠᠩᠰᠠ ᠡᠪᠬᠡᠮᠡᠯ ᠤᠨ ᠲᠥᠷᠢᠮ ᠲᠣᠭᠲᠠᠭᠠᠯ ᠢᠶᠠᠨ ᠡᠮᠬᠢᠯᠡᠬᠦ ᠪᠠ ᠪᠠᠶᠢᠭᠤᠯᠵᠤ ᠬᠦᠴᠦᠨ ᠦᠭᠡᠶ ᠪᠣᠯᠭᠠᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ᠳᠠᠩᠰᠠ ᠡᠪᠬᠡᠮᠡᠯ ᠤᠨ ᠬᠠᠤᠯᠢ ᠯᠤᠭ᠎ᠠ ᠪᠦᠲᠦᠮᠵᠢᠲᠡᠶ ᠵᠣᠯᠭᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠭᠤᠷᠪᠠ ᠳᠤ᠂ ᠬᠠᠤᠯᠢ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠰᠠᠶᠢᠲᠤᠷ ᠬᠢᠨ᠎ᠡ᠃ ᠡᠯ᠎ᠡ ᠱᠠᠲᠤᠨ ᠤ ᠳᠠᠩᠰᠠ ᠡᠪᠬᠡᠮᠡᠯ ᠤᠨ ᠰᠠᠯᠠᠭ᠎ᠠ ᠮᠥᠴᠢᠷ ᠤᠳ ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠰᠠᠶᠢᠲᠤᠷ ᠭᠦᠢᠴᠡᠳᠬᠡᠵᠦ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠵᠢᠷᠤᠮᠵᠢᠭᠰᠠᠨ ᠥᠨᠳᠥᠷ ᠪᠦᠲᠦᠮᠵᠢᠲᠡᠶ ᠬᠠᠤᠯᠢ ᠬᠡᠷᠡᠭᠵᠢᠭᠦᠯᠬᠦ ᠲᠣᠭᠲᠠᠴᠠ ᠶᠢ ᠪᠠᠶᠢᠭᠤᠯᠵᠤ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠡᠷᠡᠰ ᠪᠠᠶᠢᠴᠠᠭᠠᠨ ᠰᠢᠢᠳᠪᠦᠷᠢᠯᠡᠵᠦ᠂ ᠳᠠᠩᠰᠠ ᠡᠪᠬᠡᠮᠡᠯ ᠤᠨ ᠬᠠᠤᠯᠢ ᠴᠠᠭᠠᠵᠠ ᠶᠢᠨ ᠳᠦᠷᠢᠮ ᠢ ᠳᠠᠩᠰᠠ ᠡᠪᠬᠡᠮᠡᠯ ᠤᠨ ᠵᠠᠰᠠᠯᠲᠠ ᠶᠢᠨ ᠬᠦᠴᠦᠨ ᠴᠢᠳᠠᠪᠤᠷᠢ ᠪᠤᠯᠠᠭᠠᠨ ᠬᠤᠪᠢᠷᠠᠭᠤᠯᠬᠤ ᠬᠡᠷᠡᠭᠲᠡᠶ᠃         ᠬᠠᠮᠢᠶ᠎ᠠ ᠪᠦᠬᠦᠢ ᠲᠥᠷᠦ ᠶᠢᠨ ᠪᠣᠳᠤᠯᠭ᠎ᠠ᠄ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠩᠰᠠ ᠡᠪᠬᠡᠮᠡᠯ ᠤᠨ ᠬᠠᠤᠯᠢ
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号