303 ᠤᠯᠤᠰ ᠤᠨ ᠵᠠᠮ᠂ 110 ᠺᠢᠯᠣᠮᠧᠲᠷ ᠲᠤ ᠭᠤᠷᠪᠠᠨ ᠰᠦᠶᠳᠬᠡᠯ ᠬᠤᠷᠢᠶᠠᠬᠤ ᠥᠷᠲᠡᠭᠡ ᠪᠠᠶᠢᠬᠤ ᠎ ᠨᠢ ᠵᠣᠬᠢᠰᠲᠠᠶ ᠦᠦ︖
ᠨᠡᠶᠢᠲᠡᠯᠡᠭᠰᠡᠨ ᠴᠠᠭ᠄
2021/10/12
     ᠯᠠᠪᠯᠠᠬᠤ ᠠᠭᠤᠯᠭ᠎ᠠ᠄ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤ ᠠᠴᠠ ᠲᠦᠩᠯᠢᠶᠣᠤ ᠬᠤᠲᠠ ᠎ ᠶᠢᠨ ᠺᠠᠶᠢᠯᠦ ᠰᠢᠶᠠᠨ ᠬᠥᠷᠬᠦ ᠵᠠᠮ ᠤᠨ ᠬᠡᠰᠡᠭ ᠤᠨ ᠪᠥᠬᠦ ᠵᠠᠮ ᠨᠢ 110 ᠺᠢᠯᠣᠮᠧᠲᠷ ᠣᠷᠴᠢᠮ ᠪᠠᠶᠢᠵᠤ᠂ ᠵᠠᠮ ᠳᠡᠭᠡᠷ᠎ᠡ ᠨᠡᠶᠢᠲᠡ ᠭᠤᠷᠪᠠᠨ ᠰᠦᠶᠳᠬᠡᠯ ᠬᠤᠷᠢᠶᠠᠬᠤ ᠥᠷᠲᠡᠭᠡ ᠲᠠᠢ᠂ ᠨᠢᠭᠡ ᠬᠤᠪᠢ ᠶᠢᠨ ᠵᠢᠵᠢᠭ ᠮᠠᠰᠢᠨ ᠲᠡᠷᠭᠡ ᠶᠠᠪᠤᠬᠤ ᠪᠦᠷᠢ 45 ᠲᠥᠭᠦᠷᠢᠭ ︵ᠰᠦᠶᠳᠬᠡᠯ ᠬᠤᠷᠢᠶᠠᠬᠤ ᠥᠷᠲᠡᠭᠡ ᠪᠦᠷᠢ 15 ᠲᠥᠭᠦᠷᠢᠭ︶ ᠲᠤᠰᠢᠶᠠᠨ᠎ᠠ᠂ ᠶᠠᠭᠠᠬᠢᠭᠠᠳ ᠳᠡᠭᠡᠳᠦ ᠬᠤᠷᠳᠤ ᠶᠢᠨ ᠵᠠᠰᠠᠮᠠᠯ ᠵᠠᠮ ᠤᠨ ᠰᠦᠶᠳᠬᠡᠯ ᠠᠴᠠ ᠪᠠᠰᠠ ᠦᠨᠡᠲᠡᠶ ᠪᠣᠶ︖      ᠬᠠᠷᠢᠭᠤᠯᠲᠠ᠄ ᠪᠠᠶᠢᠴᠠᠭᠠᠨ ᠮᠠᠭᠠᠳᠯᠠᠬᠤ ᠪᠠᠷ ᠳᠡᠮᠵᠢᠨ᠂ ᠤᠯᠠᠭᠠᠨᠬᠠᠳᠠ ᠶᠢᠨ ᠬᠢᠯᠢ ᠳᠣᠲᠣᠷᠠᠬᠢ G303 ᠠᠷᠤ ᠬᠤᠷᠴᠢᠨ ᠬᠤᠰᠢᠭᠤᠨ ᠤ ᠬᠡᠰᠡᠭ ᠲᠤ ᠨᠡᠶᠢᠲᠡ ᠬᠤᠶᠠᠷ ᠨᠢᠭᠡᠳᠦᠭᠡᠷ ᠳᠡᠰ ᠤᠨ ᠵᠠᠮ ᠤᠨ ᠰᠦᠶᠳᠬᠡᠯ ᠬᠤᠷᠢᠶᠠᠬᠤ ᠥᠷᠲᠡᠭᠡ ᠪᠠᠶᠢᠭᠤᠯᠵᠤ᠂ ᠴᠥᠮ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠶᠢᠨ ᠰᠢᠯᠭᠠᠯᠲᠠ ᠪᠠᠷ ᠵᠥᠪᠰᠢᠶᠡᠷᠡᠭᠦᠯᠵᠦ ᠪᠠᠶᠢᠭᠤᠯᠤᠭᠰᠠᠨ ᠶᠤᠮ᠂ ᠬᠤᠶᠠᠷ ᠥᠷᠲᠡᠭᠡ ᠨᠢ 72 ᠺᠢᠯᠣᠮᠧᠲᠷ ᠵᠠᠶᠢᠲᠠᠶ ᠪᠠᠶᠢᠵᠤ᠂ ᠰᠦᠶᠳᠬᠡᠯ ᠬᠤᠷᠢᠶᠠᠬᠤ ᠵᠠᠰᠠᠮᠠᠯ ᠵᠠᠮ ᠤᠨ ᠬᠠᠮᠢᠶᠠᠷᠤᠯᠲᠠ ᠶᠢᠨ ᠲᠦᠷᠢᠮ ᠤᠨ ᠱᠠᠭᠠᠷᠳᠠᠯᠭ᠎ᠠ ᠳᠤ ᠨᠡᠶᠢᠴᠡᠵᠦ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠨᠡᠪᠲᠡᠷᠡᠬᠦ ᠰᠦᠶᠳᠬᠡᠯ ᠤᠨ ᠰᠦᠶᠳᠬᠡᠯ ᠬᠤᠷᠢᠶᠠᠬᠤ ᠪᠠᠷᠢᠮᠵᠢᠶ᠎ᠠ ︵ᠥᠪᠥᠷ ᠬᠥᠭᠵᠢᠭᠦᠯᠦᠯᠲᠡ ᠥᠭᠡᠷᠡᠴᠢᠯᠡᠯᠲᠡ ᠰᠦᠶᠳᠬᠡᠯ ᠥᠰᠥᠭ 【2017】816 ᠳ᠋ᠤᠭᠠᠷ ᠲᠣᠭᠠᠲᠤ︶᠎ ᠶᠢᠨ ᠲᠣᠭᠲᠠᠭᠠᠯ ᠶᠣᠰᠣᠭᠠᠷ᠂ ᠵᠢᠵᠢᠭ ᠬᠡᠯᠪᠡᠷᠢ ᠶᠢᠨ ᠠᠶᠠᠨᠴᠢᠳ ᠤᠨ ᠮᠠᠰᠢᠨ ᠲᠡᠷᠭᠡ ᠨᠢ ᠨᠢᠭᠡᠳᠦᠭᠡᠷ ᠳᠡᠰ ᠤᠨ ᠵᠠᠮ ᠤᠨ ᠰᠦᠶᠳᠬᠡᠯ ᠬᠤᠷᠢᠶᠠᠬᠤ ᠥᠷᠲᠡᠭᠡ ᠪᠠᠷ ᠥᠩᠭᠡᠷᠡᠬᠦ ᠳᠤ᠂ 15 ᠲᠥᠭᠦᠷᠢᠭ ᠤᠨ ᠨᠡᠪᠲᠡᠷᠡᠬᠦ ᠰᠦᠶᠳᠬᠡᠯ ᠬᠤᠷᠢᠶᠠᠵᠤ᠂ ᠰᠦᠶᠳᠬᠡᠯ ᠬᠤᠷᠢᠶᠠᠬᠤ ᠥᠷᠲᠡᠭᠡ ᠶᠢᠨ ᠰᠦᠶᠳᠬᠡᠯ ᠬᠤᠷᠢᠶᠠᠬᠤ ᠨᠢ ᠲᠣᠭᠲᠠᠭᠠᠯ ᠳᠤ ᠨᠡᠶᠢᠴᠡᠨ᠎ᠡ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号