ᠯᠠᠪᠯᠠᠬᠤ ᠠᠭᠤᠯᠭ᠎ᠠ᠄ ᠮᠠᠰᠢᠨ ᠲᠡᠷᠭᠡᠨ ᠤ ᠥᠷᠲᠡᠭᠡ ᠶᠢᠨ ᠲᠡᠭᠡᠭᠡᠪᠦᠷᠢᠯᠡᠨ ᠡᠵᠡᠩᠨᠡᠬᠦ ᠠᠶᠠᠨᠴᠢᠳ ᠤᠨ | ᠲᠡᠷᠭᠡ ᠶᠢᠨ ᠠᠮᠤᠷ ᠲᠦᠪᠰᠢᠨ ᠤ ᠵᠣᠷᠰᠢᠯ ᠪᠠᠶᠢᠴᠠᠭᠠᠯᠲᠠ ᠨᠢ ᠡᠬᠢᠯᠡᠬᠦ ᠠᠴᠠ ᠳᠠᠭᠤᠰᠬᠤ ᠪᠣᠯᠲᠠᠯ᠎ᠠ ᠬᠡᠳᠦᠶ ᠴᠠᠭ | ᠬᠡᠷᠡᠭᠰᠡᠬᠦ ᠲᠣᠭᠲᠠᠭᠠᠯ ᠪᠠᠶᠢᠨ᠎ᠠ ᠦᠦ︖ ᠠᠯᠢ ᠮᠠᠲ᠋ᠧᠷᠢᠶᠠᠯ ᠳᠤ ᠲᠡᠭᠡᠭᠡᠪᠦᠷᠢᠯᠡᠨ ᠡᠵᠡᠩᠨᠡᠬᠦ ᠠᠶᠠᠨᠴᠢᠳ ᠤᠨ | ᠲᠡᠷᠭᠡ ᠶᠢᠨ ᠠᠮᠤᠷ ᠲᠦᠪᠰᠢᠨ ᠤ ᠵᠣᠷᠰᠢᠯ ᠪᠠᠢᠴᠠᠭᠠᠯᠲᠠ ᠶᠢᠨ ᠪᠠᠶᠢᠴᠠᠭᠠᠬᠤ ᠴᠠᠭ ᠢ ᠲᠣᠭᠲᠠᠭᠠᠭᠰᠠᠨ ᠪᠣᠢ︖ | | ᠬᠠᠷᠢᠭᠤᠯᠲᠠ᠄ ᠲᠠ ᠰᠠᠶᠢᠨ ᠦᠦ᠂ ︽ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ | ᠲᠡᠭᠡᠭᠡᠪᠦᠷᠢᠯᠡᠨ ᠡᠵᠡᠩᠨᠡᠬᠦ ᠠᠶᠠᠨᠴᠢᠳ ᠤᠨ ᠲᠡᠷᠭᠡ ᠶᠢᠨ ᠠᠮᠤᠷ ᠲᠦᠪᠰᠢᠨ ᠤ ᠵᠣᠷᠰᠢᠯ ᠪᠠᠶᠢᠴᠠᠭᠠᠯᠲᠠ ᠶᠢᠨ ᠠᠵᠢᠯ | ᠤᠨ ᠵᠢᠷᠤᠮᠵᠢᠯ ᠤᠨ ᠮᠡᠳᠡᠭᠳᠡᠯ︾ ︵ᠵᠠᠮ ᠲᠡᠭᠡᠭᠡᠪᠦᠷᠢ ᠲᠠᠷᠬᠠᠭᠠᠭᠰᠠᠨ〔2012〕762 ᠳ᠋ᠤᠭᠠᠷ ᠲᠣᠭᠠᠲᠤ︶ ᠤᠨ | ᠱᠠᠭᠠᠷᠳᠠᠯᠭ᠎ᠠ ᠶᠣᠰᠣᠭᠠᠷ᠂ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠤᠨ ᠳᠠᠩ ᠴᠢᠭᠯᠡᠯ ᠤᠨ | ᠲᠡᠭᠡᠭᠡᠪᠦᠷᠢᠯᠡᠨ ᠡᠵᠡᠩᠨᠡᠬᠦ ᠵᠠᠮ ᠤᠨ ᠤᠷᠲᠤ ᠨᠢ 800 ᠺᠢᠯᠦᠮᠧᠲᠷ ᠠᠴᠠ ᠪᠠᠭ᠎ᠠ ᠠᠶᠠᠨᠴᠢᠳ ᠤᠨ ᠲᠡᠭᠡᠭᠡᠪᠦᠷᠢ ᠶᠢᠨ | ᠡᠭᠡᠯᠵᠢ ᠶᠢᠨ ᠲᠡᠷᠭᠡ ᠪᠣᠯᠤᠨ ᠨᠠᠭᠠᠰᠢ ᠴᠠᠭᠠᠰᠢ ᠲᠡᠭᠡᠭᠡᠪᠦᠷᠢᠯᠡᠨ ᠡᠵᠡᠩᠨᠡᠬᠦ ᠴᠠᠭ ᠨᠢ 24 ᠴᠠᠭ ᠠᠴᠠ ᠬᠡᠲᠦᠷᠡᠬᠦ | ᠦᠭᠡᠶ ᠲᠡᠭᠡᠭᠡᠪᠦᠷᠢᠯᠡᠨ ᠡᠵᠡᠩᠨᠡᠬᠦ ᠡᠭᠡᠯᠵᠢ ᠶᠢᠨ ᠲᠡᠷᠭᠡᠨ ᠳᠤ᠂ ᠡᠳᠦᠷ ᠪᠦᠷᠢ ᠨᠢᠭᠡ ᠤᠳᠠᠭ᠎ᠠ ᠪᠠᠶᠢᠴᠠᠭᠠᠯᠲᠠ ᠬᠢᠬᠦ ᠶᠢ | ᠬᠡᠷᠡᠭᠵᠢᠭᠦᠯᠦᠨ᠎ᠡ︔ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠤᠨ ᠳᠠᠩ ᠴᠢᠭᠯᠡᠯ ᠤᠨ | ᠲᠡᠭᠡᠭᠡᠪᠦᠷᠢᠯᠡᠨ ᠡᠵᠡᠩᠨᠡᠬᠦ ᠵᠠᠮ ᠤᠨ ᠤᠷᠲᠤ ᠨᠢ 800 ᠺᠢᠯᠦᠮᠧᠲᠷ ︵ᠪᠠᠭᠲᠠᠨ᠎ᠠ︶ ᠠᠴᠠ ᠳᠡᠭᠡᠭᠰᠢᠬᠢ ᠠᠶᠠᠨᠴᠢᠳ | ᠤᠨ ᠲᠡᠭᠡᠭᠡᠪᠦᠷᠢ ᠶᠢᠨ ᠡᠭᠡᠯᠵᠢ ᠶᠢᠨ ᠲᠡᠷᠭᠡ ᠪᠣᠯᠤᠨ ᠨᠠᠭᠠᠰᠢ ᠴᠠᠭᠠᠰᠢ ᠲᠡᠭᠡᠭᠡᠪᠦᠷᠢᠯᠡᠨ ᠡᠵᠡᠩᠨᠡᠬᠦ ᠴᠠᠭ ᠨᠢ 24 ︵ | ᠪᠠᠭᠲᠠᠨ᠎ᠠ︶ ᠴᠠᠭ ᠠᠴᠠ ᠳᠡᠭᠡᠭᠰᠢᠬᠢ ᠲᠡᠭᠡᠭᠡᠪᠦᠷᠢᠯᠡᠨ ᠡᠵᠡᠩᠨᠡᠬᠦ ᠡᠭᠡᠯᠵᠢ ᠶᠢᠨ ᠲᠡᠷᠭᠡᠨ ᠳᠤ᠂ ᠳᠠᠩ ᠴᠢᠭᠯᠡᠯ | ᠪᠦᠷᠢ ᠳᠤ ᠨᠢᠭᠡ ᠤᠳᠠᠭ᠎ᠠ ᠪᠠᠶᠢᠴᠠᠭᠠᠯᠲᠠ ᠬᠢᠬᠦ ᠶᠢ ᠬᠡᠷᠡᠭᠵᠢᠭᠦᠯᠦᠨ᠎ᠡ᠃ |