ᠨᠢᠭᠡ᠂ ᠶᠡᠷᠦᠩᠬᠡᠢ ᠪᠠᠶᠢᠳᠠᠯ | 2020 ᠣᠨ ᠳᠤ᠂ ᠮᠠᠨ ᠤ ᠲᠢᠩᠬᠢᠮ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ︾ ᠪᠣᠯᠤᠨ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ | ᠱᠠᠭᠠᠷᠳᠠᠯᠭ᠎ᠠ ᠶᠢ ᠬᠢᠨᠠᠮᠠᠭᠠᠶ ᠲᠣᠭᠤᠰᠢᠯᠠᠭᠤᠯᠤᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠣᠭᠤᠰᠢᠯᠠᠭᠤᠯᠤᠨ | ᠨᠠᠶᠢᠳᠠᠪᠤᠷᠢᠯᠠᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠥᠪ ᠤᠨ ᠠᠵᠢᠯ ᠵᠢᠴᠢ ᠣᠯᠠᠨ ᠨᠡᠶᠢᠲᠡ ᠶᠢᠨ | ᠠᠩᠬᠠᠷᠤᠯ ᠤᠨ ᠲᠣᠭᠤᠷᠢᠨ ᠳᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ | ᠪᠣᠯᠭᠠᠬᠤ ᠪᠠ ᠭᠤᠶᠤᠴᠢᠯᠠᠯ ᠶᠣᠰᠣᠭᠠᠷ ᠢᠯᠡ ᠪᠣᠯᠭᠠᠬᠤ ᠶᠢ ᠰᠠᠶᠢᠲᠤᠷ ᠬᠢᠪᠡ᠃ | ︵ᠨᠢᠭᠡ︶ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠪᠡ᠃ | ᠨᠢᠭᠡ ᠳᠤ᠂ ᠢᠯᠡ ᠪᠣᠯᠭᠠᠬᠤ ᠠᠭᠤᠯᠭ᠎ᠠ ᠶᠢ ᠲᠣᠳᠤᠷᠬᠠᠶᠢᠯᠠᠪᠠ᠃ ︽ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ | ᠦᠨᠳᠦᠰᠦᠨ ᠭᠠᠷᠴᠠᠭ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠡᠳᠡᠭᠳᠡᠯ︾ ︵ᠥᠪᠥᠷ ᠵᠠᠮ ᠲᠠᠷᠬᠠᠭᠠᠭᠰᠠᠨ[ | 2020]606 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠬᠠᠷᠢᠭᠤᠴᠠᠯᠭᠠᠲᠤ ᠨᠢᠭᠡᠴᠢ ᠪᠠ | ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠠᠭᠤᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠨ᠎ᠠ︔ 2020 | ᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠣᠯᠳᠠᠯᠭ᠎ᠠ ᠶᠢ ᠳᠠᠷᠤᠮᠠᠯᠯᠠᠨ ᠲᠠᠷᠬᠠᠭᠠᠵᠤ᠂ | ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠡᠷᠡᠭᠵᠢᠭᠦᠯᠬᠦ᠂ ᠬᠠᠮᠢᠶᠠᠷᠬᠤ᠂ ᠦᠢᠯᠡᠴᠢᠯᠡᠬᠦ᠂ ᠦᠷ᠎ᠡ ᠳ᠋ᠦᠩ ︽ᠲᠠᠪᠤ ᠶᠢ | ᠢᠯᠡ ᠪᠣᠯᠭᠠᠬᠤ︾ ᠶᠢ ᠲᠠᠰᠤᠷᠠᠯᠲᠠ ᠥᠬᠡᠶ ᠲᠦᠯᠬᠢᠨ ᠠᠬᠢᠭᠤᠯᠪᠠ᠃ ᠬᠤᠶᠠᠷ ᠲᠤ᠂ ᠮᠡᠳᠡᠭᠡ ᠵᠠᠩᠭᠢ ᠨᠡᠶᠢᠲᠡᠯᠡᠬᠦ | ᠠᠵᠢᠯ ᠢ ᠰᠠᠶᠢᠲᠤᠷ ᠬᠢᠪᠡ᠃ ︽ᠲᠦᠷᠢᠮ︾ ᠤᠨ ᠠᠷᠪᠠ ᠶᠢᠰᠦᠳᠦᠭᠡᠷ ᠵᠦᠢᠯ᠂ ᠬᠤᠷᠢᠳᠤᠭᠠᠷ ᠵᠦᠢᠯ ᠤᠨ ᠲᠣᠭᠲᠠᠭᠠᠯ | ᠶᠣᠰᠣᠭᠠᠷ᠂ ᠪᠥᠬᠦ ᠵᠢᠯ ᠳᠤ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠨᠡᠶᠢᠲᠡᠯᠡᠭᠰᠡᠨ ᠮᠡᠳᠡᠭᠡ ᠵᠠᠩᠭᠢ ᠶᠢᠨ | ᠶᠡᠷᠦᠩᠬᠡᠶ ᠬᠡᠮᠵᠢᠶ᠎ᠡ ᠨᠢ 4.23 ᠲᠦᠮᠡᠨ ᠵᠤᠷᠪᠤᠰ ᠪᠠᠶᠢᠵᠤ᠂ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ | ᠭᠠᠷᠴᠠᠭ ᠢᠶᠠᠷ ᠳᠠᠮᠵᠢᠭᠤᠯᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ 2537 ᠵᠦᠢᠯ ᠢᠯᠡ ᠪᠣᠯᠭᠠᠪᠠ᠂ | ᠡᠭᠦᠨ ᠳᠤ ᠲᠦᠷᠢᠮ ᠲᠣᠭᠲᠠᠭᠠᠯ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠵᠢᠴᠢ ᠬᠠᠮᠢᠶ᠎ᠠ ᠪᠥᠬᠦᠶ | ᠲᠠᠶᠢᠯᠤᠮᠵᠢ ᠶᠢᠨ ᠪᠢᠴᠢᠭ ᠮᠠᠲ᠋ᠧᠷᠢᠶᠠᠯ ᠨᠢ 27 ᠵᠦᠢᠯ᠂ ᠲᠥᠯᠥᠪᠵᠢᠭᠦᠯᠭᠡ ᠵᠢᠴᠢ ᠪᠠᠷᠢᠮᠵᠢᠶ᠎ᠠ ᠶᠢᠨ ᠵᠢᠷᠤᠮᠵᠢᠯ ᠨᠢ 1 | ᠵᠦᠢᠯ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠵᠢᠴᠢ ᠵᠠᠳᠠᠯᠤᠯᠲᠠ ᠶᠢᠨ ᠠᠯᠪᠠᠨ ᠮᠡᠳᠡᠭᠡ ᠨᠢ 61 ᠵᠦᠢᠯ᠂ | ᠵᠠᠰᠠᠭ ᠵᠠᠬᠢᠷᠭᠠᠨ ᠤ ᠵᠥᠪᠰᠢᠶᠡᠷᠡᠯ ᠵᠡᠷᠭᠡ ᠬᠠᠮᠢᠶ᠎ᠠ ᠪᠥᠬᠦᠶ ᠮᠡᠳᠡᠭᠡ ᠵᠠᠩᠭᠢ ᠨᠢ 22648 ᠵᠦᠢᠯ᠂ ᠠᠮᠤᠷ ᠲᠦᠪᠰᠢᠨ | ᠵᠢᠴᠢ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠨᠢ 15 ᠵᠦᠢᠯ᠂ ᠡᠳ᠋ ᠤᠨ ᠵᠠᠰᠠᠭ ᠤᠨ | ᠲᠥᠰᠦᠪ ᠪᠠ ᠲᠥᠰᠦᠪ ᠤᠨ ᠭᠦᠢᠴᠡᠳᠭᠡᠯ ᠵᠢᠴᠢ ᠵᠠᠰᠠᠭ ᠤᠨ ᠣᠷᠳᠣᠨ ᠤ ᠬᠤᠳᠠᠯᠳᠤᠨ ᠠᠪᠬᠤ ᠮᠡᠳᠡᠭᠡ ᠵᠠᠩᠭᠢ ᠨᠢ | 978 ᠵᠦᠢᠯ ᠪᠣᠶ᠃ ᠭᠤᠷᠪᠠ ᠳᠤ᠂ ᠭᠤᠣᠯᠳᠠᠯᠭ᠎ᠠ ᠲᠠᠢ ᠬᠦᠷᠢᠶᠡᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ | ᠴᠢᠩᠭᠠᠳᠬᠠᠪᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠪᠠᠶᠢᠳᠠᠯ ᠢ ᠴᠢᠩᠭ᠎ᠠ ᠮᠥᠷᠳᠡᠨ ᠮᠠᠨ ᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠲᠤᠯᠠᠭ᠎ᠠ ᠶᠢᠨ ᠪᠠᠶᠢᠳᠠᠯ ᠢ | ᠴᠠᠭ ᠲᠤᠬᠠᠶ ᠳᠤ ᠨᠢ ᠢᠯᠡ ᠪᠣᠯᠭᠠᠵᠤ᠂ ︽ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ | ᠢᠯᠡᠳᠬᠡᠯ︾ ᠳᠤ ᠬᠤᠯᠪᠣᠭᠳᠠᠭᠰᠠᠨ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠤᠨ ᠲᠣᠭᠤᠷᠢᠨ ᠳᠤ᠂ ᠲᠢᠩᠬᠢᠮ ᠤᠨ | ᠪᠠᠭᠤᠯᠭᠠᠭᠰᠠᠨ ︽ᠠᠵᠢᠯ ᠤᠨ ᠭᠤᠣᠯᠳᠠᠯᠭ᠎ᠠ ᠵᠢᠴᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ︾ ᠤᠨ | ᠠᠭᠤᠯᠭ᠎ᠠ ᠲᠠᠢ ᠤᠶᠠᠯᠳᠤᠭᠤᠯᠤᠨ᠂ ᠭᠤᠣᠯᠳᠠᠯᠭ᠎ᠠ ᠲᠠᠢ ᠬᠦᠷᠢᠶᠡᠨ ᠤ ᠮᠡᠳᠡᠭᠡ ᠵᠠᠩᠭᠢ ᠶᠢ ᠢᠯᠡ ᠪᠣᠯᠭᠠᠬᠤ ᠲᠤᠰᠬᠠᠶ | ᠪᠤᠯᠤᠩ ᠳᠤ ᠲᠣᠬᠢᠷᠠᠭᠤᠯᠤᠯᠲᠠ ᠬᠢᠵᠦ᠂ ︽ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ︾᠂ ︽ᠬᠤᠶᠠᠷ ᠢ | ᠰᠤᠭᠤᠴᠢᠵᠤ ᠨᠢᠭᠡ ᠶᠢ ᠢᠯᠡ ᠪᠣᠯᠭᠠᠬᠤ︾᠂ ︽ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ︾ | ᠂ ︽ᠳᠠᠭᠠᠭᠠᠴᠢᠯᠠᠯᠲᠠ ᠵᠠᠷᠯᠠᠬᠤ ᠠᠯᠪᠠᠨ ᠵᠠᠷ︾᠂ ︽ᠳᠠᠭᠠᠭᠠᠴᠢᠯᠠᠯᠲᠠ ᠣᠯᠤᠭᠰᠠᠨ ᠨᠡᠶᠢᠲᠡᠯᠡᠯ︾ ᠵᠡᠷᠭᠡ | ᠪᠤᠯᠤᠩ ᠢᠶᠠᠷ ᠳᠠᠮᠵᠢᠭᠤᠯᠤᠨ᠂ ᠮᠡᠳᠡᠭᠳᠡᠯ ᠠᠯᠪᠠᠨ ᠵᠠᠷ᠂ ᠠᠵᠢᠯ ᠤᠨ ᠪᠠᠶᠢᠳᠠᠯ ᠵᠡᠷᠭᠡ ᠮᠡᠳᠡᠭᠡ ᠵᠠᠩᠭᠢ ᠶᠢ 17055 | ᠵᠣᠷᠪᠤᠰ ᠨᠡᠶᠢᠲᠡᠯᠡᠪᠡ᠃ ᠲᠥᠷᠥ ᠶᠢᠨ ᠪᠣᠳᠣᠯᠭ᠎ᠠ ᠶᠢ ᠲᠣᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠢ ᠪᠥᠬᠦ | ᠲᠠᠯ᠎ᠠ ᠪᠠᠷ ᠢᠯᠡ ᠪᠣᠯᠭᠠᠪᠠ᠃ ᠳᠥᠷᠪᠡ ᠳᠤ᠂ ᠬᠠᠷᠢᠯᠴᠠᠨ ᠰᠤᠯᠢᠯᠴᠠᠬᠤ ᠶᠢ ᠰᠠᠶᠢᠲᠤᠷ ᠬᠢᠪᠡ᠃ ᠣᠯᠠᠨ ᠲᠦᠮᠡᠨ ᠤ | ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠭᠰᠠᠨ᠂ ᠨᠡᠶᠢᠭᠡᠮ ᠠᠴᠠ ᠥᠷᠭᠡᠨ ᠢᠶᠠᠷ ᠮᠡᠳᠡᠬᠦ ᠴᠢᠬᠤᠯᠠᠲᠠᠶ ᠠᠵᠢᠯ | ᠲᠥᠷᠥᠯ ᠤᠨ ᠲᠥᠷᠥ ᠶᠢᠨ ᠪᠣᠳᠣᠯᠭ᠎ᠠ ᠶᠢ ᠤᠷᠢᠳᠴᠢᠯᠠᠨ ᠢᠯᠡ ᠪᠣᠯᠭᠠᠵᠤ᠂ ᠰᠦᠯᠵᠢᠶᠡᠨ ᠳᠡᠭᠡᠷ᠎ᠡ ᠰᠠᠨᠠᠯ ᠬᠤᠷᠢᠶᠠᠬᠤ | 3 ᠬᠤᠭᠤᠴᠠᠭ᠎ᠠ᠂ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ 2 ᠬᠤᠭᠤᠴᠠᠭ᠎ᠠ ᠥᠷᠨᠢᠭᠦᠯᠦᠨ᠂ ᠰᠠᠨᠠᠯ | ᠰᠠᠨᠠᠭᠤᠯᠭ᠎ᠠ ᠶᠢ 11 ᠵᠤᠷᠪᠤᠰ ᠭᠥᠯᠢᠶᠡᠨ ᠠᠪᠬᠤ ᠶᠢᠨ ᠬᠠᠮᠲᠤ᠂ ᠰᠠᠨᠠᠯ ᠬᠤᠷᠢᠶᠠᠭᠰᠠᠨ ᠵᠢᠴᠢ ᠬᠦᠯᠢᠶᠡᠨ ᠠᠪᠤᠭᠰᠠᠨ | ᠪᠠᠶᠢᠳᠠᠯ ᠢᠶᠠᠨ ᠴᠠᠭ ᠲᠤᠬᠠᠶ ᠳᠤ ᠨᠢ ᠨᠡᠶᠢᠲᠡᠯᠡᠪᠡ︔ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ | ᠲᠤᠬᠠᠶ ᠳᠤ ᠨᠢ ᠬᠠᠷᠢᠭᠤᠯᠲᠠ ᠥᠭᠴᠦ᠂ ᠲᠢᠩᠬᠢᠮ ᠤᠨ ᠳᠠᠷᠤᠭ᠎ᠠ ᠶᠢᠨ ᠵᠠᠬᠢᠳᠠᠯ ᠤᠨ ᠬᠠᠶᠢᠷᠴᠠᠭ 80᠂ ᠰᠦᠯᠵᠢᠶᠡᠨ | ᠳᠡᠭᠡᠷᠡᠬᠢ ᠯᠠᠪᠯᠠᠭ᠎ᠠ 101᠂ ᠵᠠᠬᠢᠳᠠᠯ ᠰᠤᠷᠪᠤᠯᠵᠢᠯᠠᠭ᠎ᠠ ᠵᠠᠭᠠᠯᠳᠤᠯᠭ᠎ᠠ 112 ᠳᠤ ᠴᠥᠮ ᠴᠠᠭ ᠲᠤᠬᠠᠶ ᠳᠤ ᠨᠢ | ᠬᠠᠷᠢᠭᠤᠯᠲᠠ ᠥᠭᠪᠡ᠃ | ︵ᠬᠤᠶᠠᠷ︶ ᠭᠤᠶᠤᠴᠢᠯᠠᠯ ᠢᠶᠠᠷ ᠢᠯᠡ ᠪᠣᠯᠭᠠᠬᠤ ᠶᠢ ᠬᠠᠤᠯᠢ ᠲᠣᠭᠲᠠᠭᠠᠯ ᠶᠣᠰᠣᠭᠠᠷ ᠭᠦᠢᠴᠡᠳᠭᠡᠪᠡ᠃ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠥᠪᠥᠷ | ᠵᠠᠰᠠᠭ ᠠᠯᠪᠠᠨ ᠥᠰᠥᠭ [2020]20 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠢ ᠤᠯᠠᠮᠵᠢᠯᠠᠨ ᠶᠠᠪᠤᠭᠤᠯᠬᠤ | ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ | ᠭᠤᠶᠤᠴᠢᠯᠠᠯ ᠤᠨ ᠬᠠᠷᠢᠭᠤ ᠥᠭᠬᠦ ᠲᠠᠰ ᠳᠠᠷᠠᠭᠠᠯᠠᠯ ᠵᠢᠴᠢ ᠬᠠᠷᠢᠭᠤ ᠥᠭᠬᠦ ᠬᠡᠪ ᠵᠠᠭᠪᠤᠷ ᠢ ᠳᠣᠭᠢᠷᠠᠭᠤᠯᠤᠨ | ᠲᠡᠭᠦᠯᠳᠡᠷᠵᠢᠭᠦᠯᠵᠦ᠂ ᠭᠤᠶᠤᠴᠢᠯᠠᠯ ᠢᠶᠠᠷ ᠢᠯᠡ ᠪᠣᠯᠭᠠᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠤᠨ᠂ | ᠨᠡᠶᠢᠲᠡ ᠣᠯᠠᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠢᠯᠡᠳᠬᠡᠬᠦ ᠡᠷᠬᠡ᠂ ᠬᠢᠨᠠᠯᠲᠠ ᠲᠠᠯᠪᠢᠬᠤ | ᠡᠷᠬᠡ ᠪᠠᠨ ᠬᠠᠤᠯᠢ ᠶᠣᠰᠣᠭᠠᠷ ᠬᠡᠷᠡᠭᠵᠢᠭᠦᠯᠬᠦ ᠶᠢ ᠦᠨᠡᠨ ᠬᠦ ᠪᠠᠲᠤᠯᠠᠪᠠ᠃ ᠪᠥᠬᠦ ᠵᠢᠯ ᠳᠤ 9 ᠬᠤᠪᠢ | ᠭᠤᠶᠤᠴᠢᠯᠠᠯ ᠢᠶᠠᠷ ᠢᠯᠡ ᠪᠣᠯᠭᠠᠬᠤ ᠶᠢ ᠭᠥᠯᠢᠶᠡᠨ ᠠᠪᠴᠤ ᠰᠢᠢᠳᠪᠦᠷᠢᠯᠡᠵᠤ᠂ ᠣᠳᠣᠬᠠᠨ ᠳᠤ ᠴᠥᠮ | ᠰᠢᠢᠳᠪᠦᠷᠢᠯᠡᠵᠤ ᠳᠠᠭᠤᠰᠬᠠᠪᠠ᠃ | ︵ᠭᠤᠷᠪᠠ︶ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠰᠠᠭᠤᠷᠢ ᠬᠠᠮᠢᠶᠠᠷᠤᠯᠲᠠ ᠶᠢ ᠴᠢᠩᠭᠠᠳᠬᠠᠪᠠ᠃ | ᠨᠢᠭᠡ ᠳᠤ᠂ ᠮᠡᠳᠡᠭᠡ ᠵᠠᠩᠭᠢ ᠶᠢ ᠵᠣᠬᠢᠶᠠᠬᠤ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ | ᠠᠯᠪᠠᠨ ᠰᠢᠰᠲ᠋ᠧᠮ ᠤᠨ ᠠᠯᠪᠠᠨ ᠪᠢᠴᠢᠭ ᠲᠤᠭᠤᠷᠪᠢᠬᠤ ᠲᠠᠪᠴᠠᠩ ᠢ ᠲᠡᠭᠦᠯᠳᠡᠷᠵᠢᠭᠦᠯᠵᠦ᠂ ᠠᠯᠪᠠᠨ ᠪᠢᠴᠢᠭ ᠢ | ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ᠂ ᠭᠤᠶᠤᠴᠢᠯᠠᠯ ᠢᠶᠠᠷ ᠢᠯᠡ ᠪᠣᠯᠭᠠᠬᠤ᠂ ᠢᠯᠡ ᠪᠣᠯᠭᠠᠬᠤ ᠥᠬᠡᠶ ᠵᠡᠷᠭᠡ | ᠰᠢᠨᠵᠢ ᠴᠢᠨᠠᠷ ᠢ ᠴᠢᠩᠭ᠎ᠠ ᠲᠣᠳᠣᠷᠬᠠᠶᠢᠯᠠᠵᠤ᠂ ᠠᠵᠢᠯ ᠤᠨ ᠨᠢᠭᠤᠴᠠ ᠶᠢᠨ ᠰᠢᠨᠵᠢ ᠴᠢᠨᠠᠷ ᠢ ᠣᠨᠣᠪᠴᠢᠲᠠᠶ ᠡᠵᠡᠮᠰᠢᠵᠦ | ᠂ ᠪᠢᠴᠢᠭ ᠮᠠᠲ᠋ᠧᠷᠢᠶᠠᠯ ᠲᠠᠢ ᠬᠠᠮᠲᠤ ᠳᠤ ᠨᠢ ᠮᠡᠳᠡᠭᠦᠯᠦᠨ ᠵᠦᠪᠰᠢᠶᠡᠷᠡᠭᠦᠯᠪᠡ᠃ ᠬᠤᠶᠠᠷ ᠲᠤ᠂ ᠲᠥᠷᠥ ᠶᠢᠨ | ᠪᠣᠳᠣᠯᠭ᠎ᠠ ᠶᠢᠨ ᠲᠠᠶᠢᠯᠤᠮᠵᠢ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠲᠥᠷᠥ ᠶᠢᠨ | ᠪᠣᠳᠣᠯᠭ᠎ᠠ ᠲᠣᠭᠲᠠᠭᠠᠬᠤ ᠠᠵᠢᠯ ᠯᠤᠭ᠎ᠠ ᠵᠡᠷᠭᠡᠪᠡᠷ ᠲᠣᠬᠢᠷᠠᠭᠤᠯᠵᠤ᠂ ᠵᠡᠷᠭᠡᠪᠡᠷ ᠬᠢᠨᠠᠨ ᠭᠠᠷ ᠤᠨ ᠥᠰᠥᠭ ᠵᠢᠷᠤᠵᠤ᠂ | ᠲᠥᠷᠥ ᠶᠢᠨ ᠪᠣᠳᠣᠯᠭ᠎ᠠ ᠶᠢ ᠲᠦᠢᠯ ᠤᠨ ᠣᠨᠣᠪᠴᠢᠲᠠᠶ ᠲᠠᠶᠢᠯᠪᠤᠷᠢᠯᠠᠬᠤ᠂ ᠠᠭᠤᠯᠤᠭᠳᠠᠬᠤᠨ ᠢ ᠢᠯᠡ ᠲᠣᠳᠣ᠂ | ᠳᠣᠬᠢᠶ᠎ᠠ ᠶᠢ ᠲᠣᠳᠣᠷᠬᠠᠶ ᠪᠠᠶᠢᠯᠭᠠᠬᠤ ᠶᠢ ᠦᠨᠡᠨ ᠬᠦ ᠪᠠᠲᠤᠯᠠᠪᠠ᠃ | ︵ᠳᠦᠷᠪᠠ︶ ᠢᠯᠡ ᠪᠣᠯᠭᠠᠬᠤ ᠲᠠᠪᠴᠠᠩ ᠤᠨ ᠪᠠᠶᠢᠭᠤᠯᠤᠯᠲᠠ ᠶᠢ ᠴᠢᠬᠤᠯᠠᠴᠢᠯᠠᠪᠠ᠃ ᠨᠢᠭᠡ ᠳᠤ᠂ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠠᠪᠴᠠᠩ ᠢ ᠲᠡᠭᠦᠯᠳᠡᠷᠵᠢᠭᠦᠯᠪᠡ᠃ ᠢᠯᠡ ᠪᠣᠯᠭᠠᠭᠰᠠᠨ | ᠮᠡᠳᠡᠭᠡ ᠵᠠᠩᠭᠢ ᠶᠢ ᠰᠢᠨᠵᠢᠯᠡᠬᠦ ᠤᠬᠠᠭᠠᠨᠴᠢ ᠪᠠᠷ ᠲᠥᠷᠥᠯ ᠬᠤᠪᠢᠶᠠᠵᠤ᠂ ᠮᠡᠳᠡᠭᠡ ᠵᠠᠩᠭᠢ ᠶᠢ ᠴᠠᠭ ᠲᠤᠬᠠᠶ ᠳᠤ ᠨᠢ | ᠰᠢᠨᠡᠳᠬᠡᠬᠦ ᠶᠢ ᠪᠡᠶᠡᠯᠡᠭᠦᠯᠦᠨ᠂ ᠮᠡᠳᠡᠭᠡ ᠵᠠᠩᠭᠢ ᠶᠢᠨ ᠵᠥᠪ ᠣᠨᠣᠪᠴᠢᠲᠠᠶ ᠡᠷᠬᠡ ᠰᠦᠷ ᠲᠠᠢ ᠪᠠᠶᠢᠬᠤ ᠶᠢ ᠦᠨᠡᠨ ᠬᠦ | ᠪᠠᠲᠤᠯᠠᠵᠤ᠂ ᠣᠯᠠᠨ ᠨᠡᠶᠢᠲᠡ ᠶᠢᠨ ᠬᠡᠷᠡᠭᠯᠡᠬᠦ ᠳᠤ ᠳᠥᠭᠦᠮ ᠪᠠᠶᠢᠯᠭᠠᠪᠠ᠃ ᠲᠡᠭᠦᠨ ᠢ ᠨᠡᠶᠢᠭᠡᠮ ᠨᠡᠶᠢᠲᠡ ᠶᠢᠨ ᠳᠥᠭᠦᠮ | ᠳᠥᠲᠡ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ | ᠭᠤᠣᠯᠳᠠᠯᠭ᠎ᠠ ᠲᠠᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠪᠦᠬᠦ ᠲᠠᠯ᠎ᠠ ᠪᠠᠷ ᠣᠯᠬᠤ ᠡᠷᠬᠡ ᠰᠦᠷᠲᠦ ᠠᠷᠭ᠎ᠠ | ᠵᠠᠮ ᠪᠣᠯᠭᠠᠪᠠ᠃ ᠬᠤᠶᠠᠷ ᠲᠤ᠂ ᠨᠢᠭᠡ ᠴᠣᠭᠴᠠᠵᠢᠭᠤᠯᠤᠭᠰᠠᠨ ᠬᠠᠷᠢᠯᠴᠠᠨ ᠰᠣᠯᠢᠯᠴᠠᠬᠤ ᠲᠠᠪᠴᠠᠩ ᠢ ᠲᠠᠰ | ᠳᠡᠪᠰᠢᠭᠦᠯᠦᠨ ᠥᠭᠡᠷᠡᠴᠢᠯᠡᠪᠡ᠃ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠨᠢᠭᠡᠳᠦᠯᠲᠡᠶ ᠪᠡᠶ᠎ᠡ ᠭᠠᠷᠤᠯ ᠤᠨ ᠭᠡᠷᠡᠴᠢᠯᠡᠭᠡ ᠶᠢᠨ ᠰᠢᠰᠲ᠋ᠧᠮᠵᠢ ᠲᠠᠢ | ᠵᠣᠯᠭᠠᠭᠤᠯᠵᠤ᠂ ᠫᠤᠷᠲ᠋ᠧᠯ ᠰᠦᠯᠵᠢᠶ᠎ᠡ ᠶᠢᠨ ᠲᠢᠩᠬᠢᠮ ᠤᠨ ᠳᠠᠷᠤᠭ᠎ᠠ ᠶᠢᠨ ᠵᠠᠬᠢᠳᠠᠯ ᠤᠨ ᠬᠠᠶᠢᠷᠴᠠᠭ᠂ ᠰᠦᠯᠵᠢᠶᠡᠨ | ᠳᠡᠭᠡᠷᠡᠬᠢ ᠯᠠᠪᠯᠠᠭ᠎ᠠ᠂ ᠵᠠᠬᠢᠳᠠᠯ ᠰᠤᠷᠪᠤᠯᠵᠢᠯᠠᠯ ᠵᠠᠭᠠᠯᠳᠤᠯᠭ᠎ᠠ ᠵᠡᠷᠭᠡ ᠬᠠᠷᠢᠯᠴᠠᠨ ᠬᠥᠳᠡᠯᠦᠯᠴᠡᠬᠦ ᠦᠢᠯᠡᠴᠢᠯᠡᠭᠡᠨ ᠤ | ᠨᠢᠭᠡᠳᠦᠯᠲᠡᠶ ᠳᠠᠩᠰᠠᠯᠠᠬᠤ᠂ ᠨᠢᠭᠡᠳᠦᠯᠲᠡᠶ ᠲᠡᠮᠳᠡᠭᠯᠡᠬᠦ᠂ ᠨᠢᠭᠡᠳᠦᠯᠲᠡᠶ ᠭᠥᠯᠢᠶᠡᠨ ᠠᠪᠴᠤ ᠰᠢᠢᠳᠪᠦᠷᠢᠯᠡᠬᠦ᠂ | ᠨᠢᠭᠡᠳᠦᠯᠲᠡᠶ ᠭᠦᠢᠴᠡᠳᠭᠡᠬᠦ᠂ ᠨᠢᠭᠡᠳᠦᠯᠲᠡᠶ ᠬᠠᠷᠢᠭᠤ ᠲᠤᠰᠬᠠᠬᠤ ᠶᠢ ᠪᠡᠶᠡᠯᠡᠭᠦᠯᠵᠦ᠂ ᠨᠢᠭᠡ ᠥᠷᠲᠡᠭᠡ ᠮᠠᠶ᠋ᠢᠭ ᠤᠨ | ᠬᠠᠷᠢᠯᠴᠠᠨ ᠬᠥᠳᠡᠯᠦᠯᠴᠡᠬᠦ ᠦᠢᠯᠡᠴᠢᠯᠡᠭᠡᠨ ᠤ ᠬᠠᠮᠵᠢᠯᠴᠠᠬᠤ ᠦᠢᠯᠡᠴᠢᠯᠡᠭᠡ ᠶᠢ ᠬᠠᠩᠭᠠᠪᠠ᠃ | ᠬᠤᠶᠠᠷ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠪᠠᠶᠢᠳᠠᠯ | | | | ᠭᠤᠷᠪᠠ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠬᠦᠯᠢᠶᠡᠨ | ᠠᠪᠤᠭᠰᠠᠨ ᠪᠠ ᠰᠢᠢᠳᠪᠦᠷᠢᠯᠡᠭᠰᠡᠨ ᠪᠠᠶᠢᠳᠠᠯ | | | | | | | | | | ᠳᠦᠷᠪᠡ᠂ ᠵᠠᠰᠠᠭ ᠤᠨ ᠣᠷᠳᠤᠨ ᠤ ᠮᠡᠳᠡᠭᠡ ᠵᠠᠩᠭᠢ ᠶᠢ ᠢᠯᠡ ᠪᠣᠯᠭᠠᠬᠤ ᠵᠠᠰᠠᠭ ᠵᠠᠬᠢᠷᠭᠠᠨ ᠤ ᠳᠠᠬᠢᠨ | ᠵᠦᠪᠯᠡᠭᠰᠡᠨ᠂ ᠵᠠᠰᠠᠭ ᠵᠠᠬᠢᠷᠭᠠᠨ ᠤ ᠵᠠᠷᠭᠤ ᠶᠢᠨ ᠪᠠᠶᠢᠳᠠᠯ | | | | ᠲᠠᠪᠤ᠂ ᠣᠷᠣᠰᠢᠵᠤ ᠪᠠᠶᠢᠭ᠎ᠠ ᠭᠤᠣᠯ ᠠᠰᠠᠭᠤᠳᠠᠯ ᠵᠢᠴᠢ ᠦᠭᠡᠷᠡᠴᠢᠯᠡᠨ ᠰᠠᠶᠢᠵᠢᠷᠠᠭᠤᠯᠤᠭᠰᠠᠨ ᠪᠠᠶᠢᠳᠠᠯ | ᠨᠢᠭᠡ ᠳᠤ᠂ ᠬᠡᠰᠡᠭ ᠬᠠᠤᠯᠢ ᠲᠣᠭᠲᠠᠭᠠᠯ ᠤᠨ ᠪᠢᠴᠢᠭ ᠮᠠᠲ᠋ᠧᠷᠢᠶᠠᠯ ᠨᠢ ᠪᠠᠭᠤᠯᠭᠠᠬᠤ ᠠᠷᠭ᠎ᠠ ᠵᠠᠮ | ᠬᠠᠩᠭᠠᠭᠰᠠᠨ ᠥᠬᠡᠶ ᠠᠰᠠᠭᠤᠳᠠᠯ ᠤᠨ ᠲᠤᠬᠠᠶ᠂ ᠣᠳᠣᠬᠠᠨ ᠳᠤ ᠮᠠᠨ ᠤ ᠲᠢᠩᠬᠢᠮ ᠤᠨ ᠫᠣᠷᠲ᠋ᠤᠯ ᠰᠦᠯᠵᠢᠶ᠎ᠡ ᠶᠢᠨ | ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠪᠤᠯᠤᠩ ᠤᠨ ᠰᠡᠭᠦᠯ ᠳᠤ ᠴᠥᠮ WORD ᠬᠡᠪᠯᠡᠯ ᠪᠤᠶᠤ | PDF ᠬᠡᠪᠯᠡᠯ ᠤᠨ ᠪᠠᠭᠤᠯᠭᠠᠬᠤ ᠴᠥᠷᠬᠡᠯᠡᠭᠡ ᠶᠢ ᠬᠠᠩᠭᠠᠵᠤ᠂ ᠣᠯᠠᠨ ᠲᠦᠮᠡᠨ ᠬᠤᠯᠪᠣᠭᠳᠠᠯ ᠪᠥᠬᠦᠶ ᠪᠢᠴᠢᠭ | ᠮᠠᠲ᠋ᠧᠷᠢᠶᠠᠯ ᠢ ᠪᠠᠭᠤᠯᠭᠠᠭᠰᠠᠨ ᠤ ᠳᠠᠷᠠᠭ᠎ᠠ ᠬᠡᠷᠡᠭᠯᠡᠬᠦ ᠶᠢᠨ ᠬᠠᠮᠲᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ | ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠬᠠᠷᠢᠯᠴᠠᠨ ᠬᠤᠯᠪᠣᠬᠤ ᠶᠢ ᠪᠡᠶᠡᠯᠡᠭᠦᠯᠵᠦ ᠪᠣᠯᠤᠨ᠎ᠠ᠃ ᠬᠤᠶᠠᠷ ᠲᠤ᠂ | ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠤᠨ ᠠᠵᠢᠯ ᠶᠠᠪᠤᠳᠠᠯ ᠭᠦᠢᠴᠡᠳᠭᠡᠬᠦ ᠳᠤ ᠦᠢᠯᠡᠴᠢᠯᠡᠬᠦ ᠵᠦᠭᠯᠡᠭᠦᠷ ᠨᠢ | ᠪᠥᠬᠦ ᠲᠠᠯ᠎ᠠ ᠶᠢᠨ ᠪᠢᠰᠢ ᠪᠠᠶᠢᠬᠤ ᠠᠰᠠᠭᠤᠳᠠᠯ ᠤᠨ ᠲᠤᠬᠠᠶ᠂ ᠠᠵᠢᠯ ᠶᠠᠪᠤᠳᠠᠯ ᠭᠦᠢᠴᠡᠳᠭᠡᠬᠦ ᠳᠤ ᠦᠢᠯᠡᠴᠢᠯᠡᠬᠦ | ᠵᠦᠢᠯᠡᠰ ᠢ ᠪᠥᠬᠦ ᠲᠠᠯ᠎ᠠ ᠪᠠᠷ ᠡᠮᠬᠢᠯᠡᠬᠦ᠂ ᠠᠵᠢᠯ ᠶᠠᠪᠤᠳᠠᠯ ᠭᠦᠢᠴᠡᠳᠭᠡᠬᠦ ᠵᠦᠭᠯᠡᠭᠦᠷ ᠤᠨ ᠠᠭᠤᠯᠭ᠎ᠠ ᠶᠢ | ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠭᠦᠢᠴᠡᠳᠭᠡᠬᠦ ᠨᠥᠬᠦᠴᠡᠯ᠂ ᠦᠨᠳᠦᠰᠦᠯᠡᠯ᠂ ᠳᠡᠰ ᠳᠠᠷᠠᠭᠠᠯᠠᠯ ᠵᠡᠷᠭᠡ | ᠬᠠᠮᠢᠶ᠎ᠠ ᠪᠥᠬᠦᠶ ᠱᠠᠭᠠᠷᠳᠠᠯᠭ᠎ᠠ ᠶᠢ ᠲᠣᠳᠣᠷᠬᠠᠶᠢᠯᠠᠬᠤ ᠶᠢᠨ ᠬᠠᠮᠲᠤ᠂ ᠪᠣᠳᠠᠲᠤ ᠪᠠᠶᠢᠳᠠᠯ ᠢ ᠦᠨᠳᠦᠰᠦᠯᠡᠨ ᠪᠠᠭᠤᠯᠭᠠᠬᠤ | ᠵᠠᠭᠪᠤᠷ ᠢ ᠬᠠᠩᠭᠠᠨ᠎ᠠ᠃ | ᠵᠢᠷᠭᠤᠭ᠎ᠠ᠂ ᠮᠡᠳᠡᠭᠦᠯᠬᠦ ᠴᠢᠬᠤᠯᠠᠲᠠᠢ ᠪᠤᠰᠤᠳ ᠵᠦᠢᠯᠡᠰ | ᠦᠭᠡᠢ᠃ | | | | | | | | | | | | | | | | | | | | | | | | | | | | | | | | | | | | | | | | | | | | | | | | | | | | | | | | | | | | | | | | | | | | | | | | | | | | | | | | | | | | | | | | | | | | | | | | | | | | | | |