| ᠰᠤᠷᠪᠤᠯᠵᠢᠯᠠᠭ᠎ᠠ ᠬᠦᠯᠢᠶᠡᠭᠴᠢ᠄ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ | ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠢᠩᠬᠢᠮ ᠤᠨ ᠳᠠᠷᠤᠭ᠎ᠠ ᠶᠦᠨ ᠸᠧᠨ ᠵᠢᠩ | ᠰᠤᠷᠪᠤᠯᠵᠢᠯᠠᠭᠰᠠᠨ ᠴᠠᠭ᠄ 2020-08-14 | ᠭᠤᠤᠯ ᠠᠭᠤᠯᠭ᠎ᠠ ᠨᠢ᠄ | 2016 ᠣᠨ ᠠᠴᠠ ᠡᠬᠢᠯᠡᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠪᠣᠯᠤᠨ ᠶᠠᠮᠤᠨ ᠤ ᠵᠠᠰᠠᠮᠠᠯ | ᠵᠠᠮ ᠤᠨ ᠲᠣᠪᠴᠢᠶ᠎ᠠ ᠶᠢᠨ ᠬᠦᠴᠦᠲᠡᠶ ᠳᠡᠮᠵᠢᠯᠭᠡ ᠳᠣᠤᠷ᠎ᠠ᠂ ᠥᠪᠥᠷ ᠮᠣᠩᠭᠤᠯ ᠨᠢ ᠡᠩ ᠤᠨ ᠤᠯᠤᠰ ᠮᠤᠵᠢ ᠶᠢᠨ | ᠭᠤᠤᠯ ᠱᠤᠭᠤᠮ ᠤᠨ ᠵᠠᠰᠠᠮᠠᠯ ᠵᠠᠮ ᠳᠡᠭᠡᠷ᠎ᠡ ᠦᠢᠯᠡᠴᠢᠯᠡᠭᠡᠨ ᠤ ᠲᠥᠬᠦᠭᠡᠷᠦᠮᠵᠢ ᠪᠠᠶᠢᠭᠤᠯᠵᠤ᠂ ᠭᠤᠤᠯ ᠱᠤᠭᠤᠮ ᠤᠨ | ᠵᠠᠰᠠᠮᠠᠯ ᠵᠠᠮ ᠤᠨ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠲᠣᠰ | ᠬᠤᠭᠤᠴᠠᠭᠠᠨ ᠤ ᠰᠤᠷᠪᠤᠯᠵᠢᠯᠠᠭ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠢᠩᠬᠢᠮ ᠤᠨ | ᠳᠠᠷᠤᠭ᠎ᠠ ᠶᠢ ᠤᠷᠢᠨ᠎ᠠ ᠁ | | ᠦᠰᠦᠭ ᠪᠢᠴᠢᠭ ᠤᠨ ᠪᠣᠳᠠᠲᠤ ᠲᠡᠮᠳᠡᠭᠯᠡᠯ | | ᠬᠥᠲᠥᠯᠥᠭᠴᠢ᠄ | ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ᠂ ᠲᠣᠰ ᠬᠤᠭᠤᠴᠠᠭᠠᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠶᠠᠮᠤᠨ ᠤ ᠵᠠᠰᠠᠭ ᠤᠨ ᠣᠷᠳᠣᠨ ᠤ ᠰᠦᠯᠵᠢᠶᠡᠨ ᠤ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢ | ᠭᠥᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠡ ᠠᠵᠠ ᠵᠠᠪᠰᠢᠶᠠᠨ ᠢᠶᠠᠷ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠳᠡᠳ᠋ ᠳᠠᠷᠤᠭ᠎ᠠ | ᠶᠦᠨ ᠸᠧᠨ ᠵᠢᠩ ᠢ ᠳᠠᠬᠢᠨᠲᠠ ᠤᠷᠢᠵᠤ᠂ ᠡᠨᠡ ᠤᠳᠠᠭ᠎ᠠ ᠨᠢ ︽ᠡᠩ ᠤᠨ ᠤᠯᠤᠰ ᠮᠤᠵᠢ ᠶᠢᠨ ᠭᠤᠤᠯ ᠱᠤᠭᠤᠮ ᠤᠨ | ᠵᠠᠰᠠᠮᠠᠯ ᠵᠠᠮ ᠤᠨ ᠦᠢᠯᠡᠴᠢᠯᠡᠭᠡᠨ ᠤ ᠲᠥᠬᠦᠭᠡᠷᠦᠮᠵᠢ ᠶᠢ ᠪᠠᠶᠢᠭᠤᠯᠬᠤ᠂ ᠬᠡᠷᠡᠭᠯᠡᠬᠦ᠂ ᠰᠠᠶᠢᠵᠢᠷᠠᠭᠤᠯᠬᠤ ᠶᠢ ᠠᠬᠢᠭᠤᠯᠬᠤ | ︾ ᠭᠤᠤᠯ ᠰᠡᠳᠦᠪ ᠤᠨ ᠲᠤᠬᠠᠶ ᠣᠯᠠᠨ ᠲᠠᠢ ᠰᠠᠨᠠᠯ ᠢᠶᠠᠨ ᠰᠣᠯᠢᠯᠴᠠᠨ᠎ᠠ᠃ ᠶᠦᠨ ᠲᠢᠩᠬᠢᠮ ᠤᠨ ᠳᠠᠷᠤᠭ᠎ᠠ ᠡ᠂ | ᠲᠠᠨ ᠢ ᠪᠠᠶᠠᠷᠯᠠᠨ ᠤᠭᠲᠤᠵᠤ ᠪᠠᠶᠢᠨ᠎ᠠ᠃ | ﹇2020-08-18 15᠄ 59᠄ 53﹈ | ᠬᠦᠯᠢᠶᠡᠭᠴᠢ᠄ ᠶᠦᠨ ᠸᠧᠨ ᠵᠢᠩ | ᠬᠥᠲᠥᠯᠥᠭᠴᠢ ᠰᠠᠶᠢᠨ ᠤᠤ᠂ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠶᠠᠮᠤᠨ ᠤ ᠵᠠᠰᠠᠭ ᠤᠨ ᠣᠷᠳᠣᠨ ᠤ ᠰᠦᠯᠵᠢᠶᠡᠨ ᠳᠤ ᠳᠠᠬᠢᠨᠲᠠ ᠢᠷᠡᠭᠰᠡᠨ ᠳᠤ ᠪᠠᠨ ᠮᠠᠰᠢ ᠪᠠᠶᠠᠷᠲᠠᠶ | ᠪᠠᠶᠢᠨ᠎ᠠ᠃ ᠳᠣᠤᠷ᠎ᠠ᠂ ᠪᠢ ᠣᠶᠢᠷ᠎ᠠ ᠶᠢᠨ ᠵᠢᠯ ᠤᠨ ᠲᠤᠷᠰᠢᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠡᠩ ᠤᠨ ᠤᠯᠤᠰ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠤᠨ ᠦᠢᠯᠡᠴᠢᠯᠡᠭᠡᠨ ᠤ | ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠠᠵᠢᠯ ᠤᠨ ᠲᠣᠬᠠᠢ ᠬᠥᠲᠥᠯᠥᠭᠴᠢ ᠵᠢᠴᠢ | ᠰᠦᠯᠵᠢᠶᠡᠨ ᠤ ᠠᠨᠳᠠ ᠨᠠᠷ ᠤᠨ ᠠᠩᠬᠠᠷᠴᠤ ᠪᠠᠶᠢᠭ᠎ᠠ ᠠᠰᠠᠭᠤᠳᠠᠯ ᠢ ᠬᠠᠷᠢᠭᠤᠯᠤᠶ᠎ᠠ᠃ ﹇2020- 08-14 14 | ᠄ 31᠄ 53﹈ ﹇2020-08-14 14᠄ 31᠄ 53﹈ | ᠬᠥᠲᠥᠯᠥᠭᠴᠢ᠄ | ᠶᠦᠨ ᠲᠢᠩᠬᠢᠮ ᠤᠨ ᠳᠠᠷᠤᠭ᠎ᠠ ᠡ᠂ ᠣᠲᠣ ᠨᠡᠶᠢᠭᠡᠮ ᠨᠡᠶᠢᠲᠡ ᠪᠠᠷ ᠢᠶᠠᠨ ᠵᠠᠰᠠᠮᠠᠯ ᠵᠠᠮ ᠤᠨ ᠦᠢᠯᠡᠴᠢᠯᠡᠭᠡᠨ ᠤ | ᠲᠥᠬᠦᠭᠡᠷᠦᠮᠵᠢ ᠶᠢᠨ ᠠᠰᠠᠭᠤᠳᠠᠯ ᠢ ᠨᠡᠶᠢᠳᠡᠮ ᠠᠩᠬᠠᠷᠴᠤ ᠪᠠᠶᠢᠨ᠎ᠠ᠂ ᠭᠡᠪᠡᠴᠦ ᠬᠡᠰᠡᠭ ᠣᠯᠠᠨ ᠲᠦᠮᠡᠨ ᠨᠢ ᠡᠩ ᠤᠨ | ᠤᠯᠤᠰ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠤᠨ ᠦᠢᠯᠡᠴᠢᠯᠡᠭᠡᠨ ᠤ ᠲᠥᠬᠦᠭᠡᠷᠦᠮᠵᠢ ᠶᠢ ᠲᠡᠶᠢᠮᠦ ᠰᠠᠶᠢᠨ | ᠣᠶᠢᠯᠠᠭᠠᠬᠤ ᠥᠬᠡᠶ ᠪᠠᠶᠢᠨ᠎ᠠ᠃ ᠲᠡᠭᠡᠪᠡᠯ᠂ ᠲᠠ ᠡᠨᠡ ᠬᠦ ᠤᠬᠠᠭᠳᠠᠬᠤᠨ ᠢ ᠪᠢᠳᠡᠨ ᠳᠤ ᠤᠷᠢᠳᠠᠪᠠᠷ | ᠲᠠᠶᠢᠯᠪᠤᠷᠢᠯᠠᠬᠤ ᠶᠢᠨ ᠬᠠᠮᠲᠤ᠂ ᠡᠩ ᠤᠨ ᠤᠯᠤᠰ ᠮᠤᠵᠢ ᠶᠢᠨ ᠭᠤᠣᠯ ᠱᠤᠭᠤᠮ ᠤᠨ ᠵᠠᠰᠠᠮᠠᠯ ᠵᠠᠮ ᠳᠡᠭᠡᠷ᠎ᠡ | ᠦᠢᠯᠡᠴᠢᠯᠡᠭᠡᠨ ᠤ ᠲᠥᠬᠦᠭᠡᠷᠦᠮᠵᠢ ᠪᠠᠶᠢᠭᠤᠯᠬᠤ ᠶᠢᠨ ᠴᠢᠬᠤᠯᠠ ᠴᠢᠨᠠᠷ ᠢ ᠲᠠᠨᠢᠯᠴᠠᠭᠤᠯᠤᠭᠠᠳ ᠦᠭᠭᠦᠭᠡᠷᠡᠢ᠃ ﹇ | 2020-08-14 14᠄ 32᠄ 53﹈ | ᠬᠦᠯᠢᠶᠡᠭᠴᠢ᠄ ᠶᠦᠨ ᠸᠧᠨ ᠵᠢᠩ | ᠵᠠ᠃ ︽ᠡᠩ ᠤᠨ ᠤᠯᠤᠰ ᠮᠤᠵᠢ ᠶᠢᠨ ᠵᠠᠮ ᠤᠨ ᠭᠤᠣᠯ ᠱᠤᠭᠤᠮ ᠤᠨ ᠵᠠᠰᠠᠮᠠᠯ ᠵᠠᠮ ᠤᠨ ᠦᠢᠯᠡᠴᠢᠯᠡᠭᠡᠨ ᠤ | ᠲᠥᠬᠦᠭᠡᠷᠦᠮᠵᠢ︾ ᠭᠡᠳᠡᠭ ᠨᠢ᠂ ᠤᠯᠠᠨ ᠲᠦᠮᠡᠨ ᠤ ᠶᠠᠪᠤᠵᠤ ᠰᠠᠭᠤᠬᠤ ᠬᠡᠷᠡᠭᠴᠡᠭᠡ ᠶᠢ ᠬᠠᠩᠭᠠᠵᠤ᠂ ᠴᠢᠬᠤᠯᠠ | ᠪᠦᠬᠦᠢ ᠵᠠᠮ ᠬᠠᠷᠢᠯᠴᠠᠭᠠᠨ ᠤ ᠦᠢᠯᠡᠴᠢᠯᠡᠭᠡ ᠶᠢ ᠤᠯᠠᠮ ᠨᠢᠭᠡ ᠠᠯᠬᠤᠮ ᠬᠠᠩᠭᠠᠬᠤ ᠶᠢᠨ ᠲᠥᠯᠥᠭᠡ᠂ ᠳᠡᠭᠡᠳᠦ | ᠬᠤᠷᠳᠤ ᠶᠢᠨ ᠵᠠᠰᠠᠮᠠᠯ ᠵᠠᠮ ᠠᠴᠠ ᠭᠠᠳᠠᠨᠠᠬᠢ ᠡᠩ ᠤᠨ ᠤᠯᠤᠰ ᠤᠨ ᠵᠠᠮ ᠪᠠ ᠮᠤᠵᠢ ᠶᠢᠨ ᠵᠠᠮ ᠤᠨ ᠭᠤᠣᠯ | ᠱᠤᠭᠤᠮ ᠤᠨ ᠵᠠᠰᠠᠮᠠᠯ ᠵᠠᠮ ᠤᠨ ᠬᠤᠶᠠᠷ ᠬᠠᠵᠠᠭᠤ ᠪᠠᠷ ᠪᠠᠶᠢᠭᠤᠯᠤᠭᠰᠠᠨ ᠨᠡᠶᠢᠲᠡ ᠶᠢᠨ ᠠᠰᠠᠷᠠᠮᠵᠢ ᠶᠢᠨ | ᠦᠢᠯᠡᠴᠢᠯᠡᠭᠡᠨ ᠤ ᠲᠥᠬᠦᠭᠡᠷᠦᠮᠵᠢ ᠶᠢ ᠶᠡᠷᠦᠩᠬᠡᠶ ᠳᠤ ᠨᠢ ︽ᠡᠩ ᠤᠨ ᠤᠯᠤᠰ ᠮᠤᠵᠢ ᠶᠢᠨ ᠵᠠᠮ ᠤᠨ ᠭᠤᠣᠯ | ᠱᠤᠭᠤᠮ ᠤᠨ ᠵᠠᠰᠠᠮᠠᠯ ᠵᠠᠮ ᠤᠨ ᠦᠢᠯᠡᠴᠢᠯᠡᠭᠡᠨ ᠤ ᠲᠥᠬᠦᠭᠡᠷᠦᠮᠵᠢ︾ ᠭᠡᠵᠦ ᠨᠡᠷᠡᠶᠢᠳᠬᠦ ᠶᠢ ᠵᠢᠭᠠᠵᠤ ᠪᠠᠶᠢᠨ᠎ᠠ᠃ | ᠲᠡᠭᠡᠪᠡᠯ ᠶᠠᠭᠤᠨ ᠳᠤ ᠡᠩ ᠤᠨ ᠤᠯᠤᠰ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠤᠨ ᠦᠢᠯᠡᠴᠢᠯᠡᠭᠡᠨ ᠤ | ᠲᠥᠬᠦᠭᠡᠷᠦᠮᠵᠢ ᠶᠢ ᠪᠠᠶᠢᠭᠤᠯᠬᠤ ᠪᠣᠶ︖ ᠣᠯᠠᠨ ᠤ ᠮᠡᠳᠡᠭᠡᠵᠢ ᠪᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠪᠣᠯ ᠡᠬᠡ ᠤᠯᠤᠰ ᠤᠨ ᠤᠮᠠᠷᠠᠲᠤ ᠬᠢᠯᠢ ᠬᠢᠵᠠᠭᠠᠷ ᠲᠤ ᠪᠠᠶᠢᠳᠠᠭ᠂ ᠵᠡᠭᠦᠨᠰᠢ ᠪᠠᠷᠠᠭᠤᠨᠰᠢ ᠰᠢᠯᠤᠭᠤᠨ | ᠱᠤᠭᠤᠮ ᠤᠨ ᠵᠠᠶ ᠨᠢ 2400 ᠺᠢᠯᠣᠮᠧᠲᠷ᠂ ᠡᠮᠦᠨᠡᠰᠢ ᠤᠮᠠᠷᠠᠰᠢ ᠶᠢᠨ ᠠᠯᠭᠠᠰᠠᠯ ᠨᠢ 1700 ᠺᠢᠯᠣᠮᠧᠲᠷ ᠪᠠᠶᠢᠵᠤ᠂ | ᠵᠡᠭᠦᠨ ᠬᠤᠶᠢᠲᠤ ᠣᠷᠣᠨ᠂ ᠤᠮᠠᠷᠠᠲᠤ ᠣᠷᠣᠨ᠂ ᠪᠠᠷᠠᠭᠤᠨ ᠬᠤᠶᠢᠲᠤ ᠣᠷᠣᠨ ᠢ ᠰᠤᠨᠳᠠᠯᠠᠵᠤ᠂ ᠶᠡᠷᠦᠩᠬᠡᠶ | ᠲᠠᠯᠠᠪᠠᠶ ᠨᠢ 118.3 ᠲᠦᠮᠡᠨ ᠲᠡᠭᠰᠢ ᠳᠥᠷᠪᠡᠯᠵᠢᠨ ᠺᠢᠯᠣᠮᠧᠲᠷ ᠲᠤ ᠬᠦᠷᠴᠦ᠂ ᠭᠠᠵᠠᠷ ᠠᠭᠤᠳᠠᠮ ᠬᠥᠮᠦᠨ | ᠴᠥᠭᠡᠨ᠂ ᠡᠯ᠎ᠡ ᠭᠠᠵᠠᠷ ᠣᠷᠣᠨ ᠤ ᠣᠷᠴᠢᠨ ᠲᠣᠭᠤᠷᠢᠨ ᠤ ᠵᠥᠷᠢᠶ᠎ᠡ ᠨᠢ ᠴᠦ ᠬᠠᠷᠢᠴᠠᠩᠭᠤᠶ ᠨᠡᠯᠢᠶᠡᠳ ᠶᠡᠭᠡ | ᠪᠠᠶᠢᠵᠤ᠂ ᠥᠷᠭᠡᠨ ᠠᠭᠤᠳᠠᠮ ᠰᠦᠷᠯᠢᠭ ᠰᠠᠶᠢᠬᠠᠨ ᠡᠯᠡᠰᠦᠨ ᠴᠥᠯ ᠪᠠᠶᠢᠬᠤ ᠮᠥᠷᠲᠡᠭᠡᠨ ᠪᠠᠰᠠ ᠲᠠᠴᠢᠷ ᠨᠢᠮᠭᠡᠨ | ᠵᠤᠵᠠᠭᠠᠨ ᠭᠤᠪᠢ ᠨᠤᠲᠤᠭ ᠪᠠᠶᠢᠬᠤ ᠪᠥᠭᠡᠳ ᠬᠥᠪᠡᠭᠡ ᠬᠢᠵᠠᠭᠠᠷ ᠨᠢ ᠬᠠᠷᠠᠭᠳᠠᠬᠤ ᠦᠭᠡᠶ ᠲᠠᠯ᠎ᠠ ᠨᠤᠲᠤᠭ ᠲᠠᠢ | ᠪᠠᠶᠢᠵᠤ᠂ ᠵᠠᠰᠠᠮᠠᠯ ᠵᠠᠮ ᠤᠨ ᠲᠣᠣᠷ ᠤᠨ ᠨᠢᠭᠲᠠᠴᠠ ᠨᠢ ᠴᠦ ᠬᠠᠷᠢᠴᠠᠩᠭᠤᠶ ᠪᠠᠷ ᠨᠡᠯᠢᠶᠡᠳ ᠳᠣᠣᠷ᠎ᠠ ᠪᠠᠶᠢᠵᠤ᠂ | ᠵᠠᠰᠠᠮᠠᠯ ᠵᠠᠮ ᠳᠠᠭᠠᠤ ᠬᠤᠲᠠ ᠪᠠᠯᠭᠠᠰᠤ ᠨᠡᠯᠢᠶᠡᠳ ᠬᠤᠯᠠ ᠲᠥᠪᠯᠡᠷᠡᠵᠦ ᠪᠠᠶᠢᠨ᠎ᠠ᠃ ᠠᠵᠤ ᠠᠬᠤᠶ ᠨᠡᠶᠢᠭᠡᠮ ᠤᠨ | ᠲᠠᠰᠤᠷᠠᠯᠲᠠ ᠥᠬᠡᠶ ᠬᠥᠭᠵᠢᠬᠦ ᠶᠢ ᠳᠠᠭᠠᠯᠳᠤᠨ᠂ ᠠᠷᠠᠳ ᠣᠯᠠᠨ ᠤ ᠶᠠᠪᠤᠵᠤ ᠰᠠᠭᠤᠬᠤ ᠨᠢ ᠴᠦ ᠤᠯᠠᠮ ᠣᠯᠠᠰᠢᠷᠠᠵᠤ᠂ | ᠳᠡᠭᠡᠳᠦ ᠬᠤᠷᠳᠤ ᠶᠢᠨ ᠵᠠᠰᠠᠮᠠᠯ ᠵᠠᠮ ᠤᠨ ᠪᠣᠯᠪᠠᠰᠤᠷᠠᠩᠭᠤᠶ ᠪᠣᠯᠤᠭᠰᠠᠨ ᠦᠢᠯᠡᠴᠢᠯᠡᠭᠡᠨ ᠤ ᠲᠣᠭᠤᠷᠢᠭ᠂ ᠲᠡᠷᠭᠡ | ᠵᠣᠭᠰᠣᠬᠤ ᠲᠣᠭᠤᠷᠢᠭ ᠵᠡᠷᠭᠡ ᠦᠢᠯᠡᠴᠢᠯᠡᠭᠡᠨ ᠤ ᠲᠥᠬᠦᠭᠡᠷᠦᠮᠵᠢ ᠶᠢᠨ ᠰᠢᠰᠲ᠋ᠧᠮ ᠲᠠᠢ ᠬᠠᠷᠢᠴᠠᠭᠤᠯᠪᠠᠯ᠂ ᠡᠩ ᠤᠨ | ᠤᠯᠤᠰ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠳᠡᠭᠡᠷᠡᠬᠢ ᠦᠢᠯᠡᠴᠢᠯᠡᠭᠡᠨ ᠤ ᠲᠥᠬᠦᠭᠡᠷᠦᠮᠵᠢ | ᠬᠠᠷᠢᠴᠠᠩᠭᠤᠶ ᠪᠠᠷ ᠨᠡᠯᠢᠶᠡᠳ ᠴᠥᠭᠡᠨ ᠪᠠᠶᠢᠵᠤ᠂ ᠲᠦᠷᠭᠡᠨ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ᠃ ᠤᠯᠠᠨ | ᠨᠡᠶᠢᠲᠡ ᠶᠢᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠵᠠᠰᠠᠮᠠᠯ ᠵᠠᠮ ᠤᠨ ᠠᠶᠠᠨ ᠵᠠᠮ ᠤᠨ ᠦᠢᠯᠡᠴᠢᠯᠡᠭᠡᠨ ᠤ | ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠶᠢᠨ ᠲᠥᠯᠥᠭᠡ᠂ 2016 ᠣᠨ ᠠᠴᠠ ᠡᠬᠢᠯᠡᠨ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠶᠠᠮᠤᠨ ᠪᠣᠯᠤᠨ ᠶᠠᠮᠤᠨ ᠤ ᠵᠠᠰᠠᠮᠠᠯ ᠵᠠᠮ ᠤᠨ ᠲᠣᠪᠴᠢᠶ᠎ᠠ ᠶᠢᠨ ᠬᠦᠴᠦᠲᠡᠢ ᠳᠡᠮᠵᠢᠯᠭᠡ ᠳᠣᠣᠷ᠎ᠠ᠂ | ᠥᠪᠥᠷ ᠮᠣᠩᠭᠤᠯ ᠨᠢ ᠡᠩ ᠤᠨ ᠤᠯᠤᠰ ᠮᠤᠵᠢ ᠶᠢᠨ ᠭᠤᠣᠯ ᠱᠤᠭᠤᠮ ᠤᠨ ᠵᠠᠰᠠᠮᠠᠯ ᠵᠠᠮ ᠳᠡᠭᠡᠷ᠎ᠡ ᠦᠢᠯᠡᠴᠢᠯᠡᠭᠡᠨ ᠤ | ᠲᠥᠬᠦᠭᠡᠷᠦᠮᠵᠢ ᠪᠠᠶᠢᠭᠤᠯᠬᠤ ᠪᠠᠷ ᠭᠠᠷᠳᠠᠵᠠᠢ᠃ ﹇2020-08-14 14᠄ 33᠄ 53﹈ | ᠬᠥᠲᠥᠯᠥᠭᠴᠢ᠄ | ᠮᠠᠨ ᠤ ᠣᠷᠣᠨ ᠤ ᠡᠩ ᠤᠨ ᠤᠯᠤᠰ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠤᠨ ᠦᠢᠯᠡᠴᠢᠯᠡᠭᠡᠨ ᠤ | ᠲᠥᠬᠦᠭᠡᠷᠦᠮᠵᠢ ᠳᠤ ᠭᠤᠤᠯᠳᠠᠭᠤ ᠬᠡᠳᠦᠨ ᠵᠦᠢᠯ ᠤᠨ ᠬᠡᠯᠪᠡᠷᠢ ᠪᠠᠶᠢᠳᠠᠭ ᠪᠣᠢ᠂ ᠲᠣᠰ ᠲᠣᠰ ᠮᠠᠨ ᠤ ᠣᠯᠠᠨ | ᠨᠡᠶᠢᠲᠡ ᠳᠤ ᠶᠠᠮᠠᠷ ᠦᠢᠯᠡᠴᠢᠯᠡᠭᠡ ᠬᠠᠩᠭᠠᠬᠤ ᠪᠣᠶ︖ ﹇2020 - 08 - 14 14᠄ 35᠄ 53﹈ | ᠬᠦᠯᠢᠶᠡᠭᠴᠢ᠄ ᠶᠦᠨ ᠸᠧᠨ ᠵᠢᠩ | ᠮᠠᠨ ᠤ ᠣᠷᠣᠨ ᠤ ᠡᠩ ᠤᠨ ᠤᠯᠤᠰ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠤᠨ ᠦᠢᠯᠡᠴᠢᠯᠡᠭᠡᠨ ᠤ | ᠲᠥᠬᠦᠭᠡᠷᠦᠮᠵᠢ ᠶᠢ ᠦᠢᠯᠡᠴᠢᠯᠡᠭᠡᠨ ᠤ ᠴᠢᠳᠠᠮᠵᠢ ᠪᠠᠷ ᠨᠢ ᠭᠤᠷᠪᠠᠨ ᠵᠦᠢᠯ ᠤᠨ ᠬᠡᠯᠪᠡᠷᠢ ᠪᠠᠷ ᠬᠤᠪᠢᠶᠠᠵᠤ ᠪᠣᠯᠤᠨ᠎ᠠ᠄ | ᠨᠢᠭᠡᠳᠦᠭᠡᠷ ᠵᠦᠢᠯ ᠨᠢ ᠦᠢᠯᠡᠴᠢᠯᠡᠭᠡᠨ ᠤ ᠲᠣᠭᠤᠷᠢᠭ ᠪᠣᠯᠤᠨ᠎ᠠ᠃ ᠦᠢᠯᠡᠴᠢᠯᠡᠭᠡᠨ ᠤ ᠲᠥᠬᠦᠭᠡᠷᠦᠮᠵᠢ ᠶᠢᠨ ᠲᠣᠣᠷ | ᠰᠦᠯᠵᠢᠶ᠎ᠡ ᠳᠤ ᠭᠤᠣᠯᠯᠠᠭᠴᠢ ᠦᠢᠯᠡᠳᠦᠯ ᠦᠵᠡᠭᠦᠯᠦᠨ᠎ᠡ᠂ ᠭᠤᠣᠯᠳᠠᠭᠤ ᠨᠠᠭᠠᠰᠢ ᠴᠠᠭᠠᠰᠢ ᠶᠠᠪᠤᠬᠤ ᠤᠯᠠᠨ | ᠲᠦᠮᠡᠨ ᠳᠤ ᠠᠮᠠᠷᠠᠬᠤ᠂ ᠲᠡᠷᠭᠡ ᠵᠣᠭᠰᠣᠭᠠᠬᠤ᠂ ᠵᠣᠷᠯᠣᠩ᠂ ᠬᠠᠯᠠᠭᠤᠨ ᠤᠰᠤ᠂ ᠮᠡᠳᠡᠭᠡ ᠵᠠᠩᠭᠢ᠂ ᠬᠡᠳᠦ ᠳᠡᠯᠭᠡᠭᠦᠷ | ᠵᠡᠷᠭᠡ ᠦᠨᠳᠦᠰᠦᠨ ᠦᠢᠯᠡᠴᠢᠯᠡᠭᠡᠨ ᠤ ᠴᠢᠳᠠᠮᠵᠢ ᠶᠢ ᠬᠠᠩᠭᠠᠵᠤ᠂ ᠡᠭᠦᠨ ᠤ ᠬᠠᠮᠲᠤ ᠬᠡᠰᠡᠭ ᠦᠢᠯᠡᠴᠢᠯᠡᠭᠡᠨ ᠤ | ᠲᠣᠭᠤᠷᠢᠭ ᠲᠤ ᠪᠠᠰᠠ ᠦᠵᠡᠮᠵᠢ ᠰᠣᠨᠢᠷᠬᠠᠬᠤ᠂ ᠬᠤᠭᠤᠯᠠ ᠤᠮᠳᠠ᠂ ᠵᠢᠭᠤᠯᠴᠢᠯᠠᠯ᠂ ᠭᠡᠷᠲᠥ ᠲᠡᠷᠭᠡ ᠶᠢᠨ ᠪᠠᠭᠤᠴᠠ | ᠂ ᠴᠠᠬᠢᠯᠭᠠᠨ ᠴᠡᠨᠡᠭᠯᠡᠬᠦ ᠵᠡᠷᠭᠡ ᠤᠯᠠᠨ ᠡᠰᠢᠴᠢᠯᠡᠭᠰᠡᠨ ᠦᠢᠯᠡᠴᠢᠯᠡᠭᠡ ᠶᠢ ᠥᠷᠭᠡᠳᠬᠡᠪᠡ︔ ᠬᠤᠶᠠᠳᠤᠭᠠᠷ ᠵᠦᠢᠯ ᠨᠢ | ᠲᠡᠷᠭᠡ ᠵᠣᠭᠰᠣᠬᠤ ᠲᠣᠭᠤᠷᠢᠭ ᠪᠣᠯᠤᠨ᠎ᠠ᠃ ᠭᠤᠤᠯᠳᠠᠭᠤ ᠵᠢᠯᠣᠭᠤᠴᠢ ᠶᠢᠨ ᠶᠠᠳᠠᠷᠠᠭ᠎ᠠ ᠶᠢ ᠬᠥᠩᠭᠡᠷᠡᠭᠦᠯᠵᠦ᠂ | ᠵᠢᠯᠤᠭᠤᠴᠢ ᠪᠠ ᠠᠶᠠᠨᠴᠢᠳ ᠤᠨ ᠲᠡᠷᠭᠡ ᠵᠣᠭᠰᠣᠭᠠᠬᠤ᠂ ᠵᠣᠷᠯᠣᠩ ᠳᠤ ᠣᠷᠤᠬᠤ ᠤᠨ ᠬᠡᠷᠡᠭᠴᠡᠭᠡ ᠶᠢ ᠬᠠᠩᠭᠠᠬᠤ ᠶᠢᠨ | ᠲᠥᠯᠥᠭᠡ ᠶᠤᠮ︔ ᠭᠤᠷᠪᠠᠳᠤᠭᠠᠷ ᠵᠦᠢᠯ ᠨᠢ ᠦᠢᠯᠡᠴᠢᠯᠡᠭᠡᠨ ᠤ ᠲᠥᠬᠦᠭᠡᠷᠦᠮᠵᠢ ᠶᠢ ᠥᠭᠡᠷᠡᠴᠢᠯᠡᠬᠦ ᠪᠣᠯᠤᠨ᠎ᠠ᠃ | ᠭᠤᠤᠯᠳᠠᠭᠤ ᠣᠲᠣ ᠶᠢᠨ ᠪᠠᠶᠢᠭ᠎ᠠ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠠᠵᠢᠯ ᠤᠨ ᠲᠣᠭᠤᠷᠢᠭ᠂ ᠵᠠᠮ ᠤᠨ | ᠠᠩᠭᠢ ᠵᠡᠷᠭᠡ ᠰᠠᠭᠤᠷᠢ ᠦᠢᠯᠡᠴᠢᠯᠡᠭᠡᠨ ᠤ ᠲᠥᠬᠦᠭᠡᠷᠦᠮᠵᠢ ᠶᠢ ᠠᠰᠢᠭᠯᠠᠨ᠂ ᠬᠠᠭᠤᠴᠢᠨ ᠲᠥᠬᠦᠭᠡᠷᠦᠮᠵᠢ ᠶᠢ ᠤᠯᠠᠮ | ᠨᠢᠭᠡ ᠠᠯᠬᠤᠮ ᠥᠭᠡᠷᠡᠴᠢᠯᠡᠨ ᠰᠣᠯᠢᠵᠤ᠂ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠬᠦ ᠪᠠᠷ ᠳᠠᠮᠵᠢᠭᠤᠯᠤᠨ᠂ | ᠣᠯᠠᠨ ᠨᠡᠶᠢᠲᠡ ᠶᠢᠨ ᠶᠠᠪᠤᠵᠤ ᠰᠠᠭᠤᠬᠤ ᠳᠤ ᠵᠣᠷᠯᠣᠩ ᠳᠤ ᠣᠷᠤᠬᠤ᠂ ᠮᠡᠳᠡᠭᠡ ᠵᠠᠩᠭᠢ᠂ ᠬᠠᠯᠠᠭᠤᠨ ᠤᠰᠤ᠂ ᠪᠠᠴᠢᠮ | ᠪᠠᠶᠢᠳᠠᠯ ᠢ ᠠᠷᠭᠠᠴᠠᠭᠠᠬᠤ ᠡᠮ ᠤᠨ ᠵᠦᠢᠯ᠂ ᠲᠡᠷᠭᠡ ᠬᠥᠰᠬᠡ ᠰᠡᠯᠪᠢᠨ ᠵᠠᠰᠠᠬᠤ ᠪᠠᠭᠠᠵᠢ ᠬᠡᠷᠡᠭᠰᠡᠯ᠂ ᠴᠠᠬᠢᠯᠭᠠᠨ | ᠴᠡᠨᠡᠭᠯᠡᠬᠦ ᠵᠡᠷᠭᠡ ᠨᠠᠷᠢᠯᠢᠭ ᠦᠢᠯᠡᠴᠢᠯᠡᠭᠡ ᠶᠢ ᠬᠠᠩᠭᠠᠨ᠎ᠠ᠃ ﹇2020 - 08 - 14 14᠄ 36᠄ 53﹈ | ᠬᠥᠲᠥᠯᠥᠭᠴᠢ᠄ | ᠶᠦᠨ ᠲᠢᠩᠬᠢᠮ ᠤᠨ ᠳᠠᠷᠤᠭ᠎ᠠ ᠡ᠂ ᠦᠢᠯᠡᠴᠢᠯᠡᠭᠡᠨ ᠤ ᠲᠥᠬᠦᠭᠡᠷᠦᠮᠵᠢ ᠶᠢᠨ ᠬᠠᠩᠭᠠᠭᠰᠠᠨ | ᠨᠠᠷᠢᠯᠢᠭᠵᠢᠭᠤᠯᠤᠭᠰᠠᠨ ᠦᠢᠯᠡᠴᠢᠯᠡᠭᠡ ᠨᠢ ᠮᠠᠨ ᠤ ᠣᠯᠠᠨ ᠨᠡᠶᠢᠲᠡ ᠶᠢᠨ ᠶᠠᠪᠤᠵᠤ ᠰᠠᠭᠤᠬᠤ ᠬᠡᠷᠡᠭᠴᠡᠭᠡ ᠶᠢ ᠮᠠᠰᠢ | ᠶᠡᠭᠡ ᠬᠡᠮᠵᠢᠶ᠎ᠡ ᠪᠠᠷ ᠬᠠᠩᠭᠠᠵᠤ ᠪᠠᠶᠢᠨ᠎ᠠ᠂ ᠮᠢᠨᠦ ᠪᠤᠳᠤᠬᠤ ᠪᠠᠷ ᠮᠠᠨ ᠤ ᠣᠷᠣᠨ ᠤ ︽ᠠᠷᠪᠠᠨ ᠭᠤᠷᠪᠠᠳᠤᠭᠠᠷ ᠲᠠᠪᠤᠨ | ᠵᠢᠯ︾ ᠤᠨ ᠬᠤᠭᠤᠴᠠᠭᠠᠨ ᠳᠤ ᠡᠩ ᠤᠨ ᠤᠯᠤᠰ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠤᠨ | ᠦᠢᠯᠡᠴᠢᠯᠡᠭᠡᠨ ᠤ ᠲᠥᠬᠦᠭᠡᠷᠦᠮᠵᠢ ᠶᠢ ᠶᠡᠭᠡ ᠪᠠᠷ ᠪᠥᠲᠥᠭᠡᠨ ᠪᠠᠶᠢᠭᠤᠯᠬᠤ ᠪᠠᠷ ᠳᠠᠮᠵᠢᠭᠤᠯᠤᠨ ᠪᠠᠰᠠ ᠭᠤᠤᠯ | ᠱᠤᠭᠤᠮ ᠤᠨ ᠵᠠᠰᠠᠮᠠᠯ ᠵᠠᠮ ᠤᠨ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ | ᠪᠠᠶᠢᠨ᠎ᠠ᠃ ﹇2020-08-14 14᠄ 40᠄ 53﹈ ﹇2020-08-14 14᠄ 40᠄ 53﹈ | ᠬᠦᠯᠢᠶᠡᠭᠴᠢ᠄ ᠶᠦᠨ ᠸᠧᠨ ᠵᠢᠩ | ᠲᠡᠶᠢᠮᠦ ᠡ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠶᠠᠮᠤᠨ ᠨᠢ ︽ᠪᠥᠬᠦ ᠤᠯᠤᠰ ᠤᠨ ᠡᠩ ᠤᠨ ᠤᠯᠤᠰ ᠮᠤᠵᠢ ᠶᠢᠨ ᠭᠤᠤᠯ ᠱᠤᠭᠤᠮ ᠤᠨ | ᠦᠢᠯᠡᠴᠢᠯᠡᠭᠡᠨ ᠤ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠤᠰᠬᠠᠶ ᠲᠥᠯᠥᠪᠵᠢᠭᠦᠯᠭᠡ︾ ᠶᠢ | ᠨᠡᠶᠢᠲᠡᠯᠡᠵᠦ᠂ ᠲᠥᠯᠥᠪᠵᠢᠭᠦᠯᠭᠡ ᠳᠤ ᠪᠥᠬᠦ ᠤᠯᠤᠰ ᠤᠨ ᠬᠡᠪᠴᠢᠶᠡᠨ ᠳᠤ ᠡᠩ ᠤᠨ ᠤᠯᠤᠰ ᠮᠤᠵᠢ ᠶᠢᠨ ᠭᠤᠤᠯ | ᠱᠤᠭᠤᠮ ᠤᠨ ᠵᠠᠰᠠᠮᠠᠯ ᠵᠠᠮ ᠤᠨ ᠦᠢᠯᠡᠴᠢᠯᠡᠭᠡᠨ ᠤ ᠲᠥᠬᠦᠭᠡᠷᠦᠮᠵᠢ ᠶᠢ ᠶᠡᠭᠡ ᠪᠠᠷ ᠪᠥᠲᠥᠭᠡᠨ ᠪᠠᠶᠢᠭᠤᠯᠬᠤ ᠬᠡᠷᠡᠭᠲᠡᠶ | ᠭᠡᠵᠦ ᠳᠤᠷᠠᠳᠤᠨ ᠭᠠᠷᠭᠠᠪᠠ᠃ ᠥᠪᠥᠷ ᠮᠣᠩᠭᠤᠯ ᠨᠢ ᠤᠯᠤᠰ ᠤᠨ ᠤᠷᠢᠶᠠᠯᠠᠭ᠎ᠠ ᠶᠢ ᠢᠳᠡᠪᠬᠢᠲᠡᠶ ᠳᠠᠭᠠᠵᠤ᠂ ᠠᠷᠠᠳ | ᠣᠯᠠᠨ ᠤ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠵᠠᠮ | ᠬᠠᠷᠢᠯᠴᠠᠭ᠎ᠠ ᠶᠢ ᠪᠦᠲᠦᠭᠡᠨ ᠪᠠᠶᠢᠭᠤᠯᠬᠤ ᠬᠥᠭᠵᠢᠯᠲᠡ ᠶᠢᠨ ᠬᠠᠷᠠᠯᠲᠠ ᠶᠢ ᠪᠠᠲᠤ ᠡᠵᠡᠮᠰᠢᠵᠦ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠶᠠᠮᠤᠨ ᠤ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ | ᠲᠠᠪᠤᠨ ᠶᠡᠭᠡ ᠬᠥᠭᠵᠢᠯᠲᠡ ᠶᠢᠨ ᠣᠨᠣᠯᠵᠢᠬᠤᠨ︾ ᠪᠠ ︽ᠳᠥᠷᠪᠡᠨ ᠵᠠᠮ ᠬᠠᠷᠢᠯᠴᠠᠭ᠎ᠠ︾ ᠶᠢ ᠪᠥᠬᠦ ᠲᠠᠯ᠎ᠠ ᠪᠠᠷ | ᠪᠠᠶᠢᠷᠢᠰᠢᠭᠤᠯᠬᠤ ᠶᠢᠨ ᠲᠣᠭᠤᠷᠢᠨ ᠳᠤ᠂ ᠡᠩ ᠤᠨ ᠤᠯᠤᠰ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠤᠨ | ᠦᠢᠯᠡᠴᠢᠯᠡᠭᠡᠨ ᠤ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠠ ᠡᠵᠡᠩᠨᠡᠯᠲᠡ ᠶᠢ ᠵᠠᠰᠠᠮᠠᠯ ᠵᠠᠮ ᠤᠨ | ᠦᠢᠯᠡᠰ ᠤᠨ ᠰᠢᠨ᠎ᠡ ᠬᠡᠰᠡᠭ ᠪᠣᠯᠭᠠᠵᠤ᠂ ᠣᠯᠠᠨ ᠵᠦᠢᠯ ᠤᠨ ᠠᠷᠭ᠎ᠠ ᠮᠠᠶ᠋ᠢᠭ ᠢ ᠠᠪᠴᠤ ᠪᠠᠶᠢᠭᠠᠳ᠂ ᠪᠥᠲᠥᠭᠡᠨ | ᠪᠠᠶᠢᠭᠤᠯᠤᠯᠲᠠ᠂ ᠥᠭᠡᠷᠡᠴᠢᠯᠡᠯᠲᠡ ᠪᠠ ᠡᠵᠡᠩᠨᠡᠯᠲᠡ ᠶᠢᠨ ᠵᠠᠷᠤᠳᠠᠯ ᠢ ᠢᠳᠡᠪᠬᠢᠲᠡᠶ ᠪᠡᠯᠡᠳᠬᠡᠵᠦ᠂ ᠨᠢᠭᠡ ᠪᠦᠯᠦᠭ | ᠬᠠᠲᠠᠭᠤ ᠬᠡᠷᠡᠭᠰᠡᠯ ᠤᠨ ᠰᠠᠭᠤᠷᠢ ᠪᠠᠷ ᠰᠠᠶᠢᠨ᠂ ᠦᠢᠯᠡᠴᠢᠯᠡᠭᠡᠨ ᠤ ᠴᠢᠳᠠᠪᠤᠷᠢ ᠪᠠᠷ ᠴᠢᠩᠭ᠎ᠠ ᠦᠢᠯᠡᠴᠢᠯᠡᠭᠡᠨ ᠤ | ᠲᠥᠬᠦᠭᠡᠷᠦᠮᠵᠢ ᠶᠢ ᠪᠠᠶᠢᠭᠤᠯᠤᠨ ᠪᠦᠲᠦᠭᠡᠵᠦ᠂ ᠵᠠᠰᠠᠮᠠᠯ ᠵᠠᠮ ᠤᠨ ᠦᠢᠯᠡᠴᠢᠯᠡᠭᠡᠨ ᠤ ᠴᠢᠳᠠᠪᠤᠷᠢ ᠶᠢ ᠲᠦᠢᠯ ᠤᠨ | ᠶᠡᠭᠡ ᠪᠠᠷ ᠳᠡᠭᠡᠭᠰᠢᠯᠡᠭᠦᠯᠪᠡ᠃ 2016 ᠣᠨ ᠠᠴᠠ ᠨᠠᠭᠠᠰᠢ᠂ ᠪᠥᠬᠦ ᠣᠷᠣᠨ ᠳᠤ ᠨᠡᠶᠢᠲᠡ 292 ᠦᠢᠯᠡᠴᠢᠯᠡᠭᠡᠨ ᠤ | ᠲᠥᠬᠦᠭᠡᠷᠦᠮᠵᠢ ᠶᠢ ᠪᠠᠶᠢᠭᠤᠯᠵᠤ ᠳᠠᠭᠤᠰᠬᠠᠪᠠ᠂ ᠡᠭᠦᠨ ᠳᠤ 57 ᠦᠢᠯᠡᠴᠢᠯᠡᠭᠡᠨ ᠤ ᠲᠣᠭᠤᠷᠢᠭ ᠢ ᠰᠢᠨ᠎ᠡ ᠪᠠᠷ | ᠪᠠᠶᠢᠭᠤᠯᠵᠤ᠂ 55 ᠲᠡᠷᠭᠡ ᠵᠣᠭᠰᠤᠬᠤ ᠲᠣᠭᠤᠷᠢᠭ ᠢ ᠰᠢᠨ᠎ᠡ ᠪᠠᠷ ᠪᠠᠶᠢᠭᠤᠯᠵᠤ᠂ 180 ᠦᠢᠯᠡᠴᠢᠯᠡᠭᠡᠨ ᠤ | ᠲᠥᠬᠦᠭᠡᠷᠦᠮᠵᠢ ᠶᠢ ᠥᠭᠡᠷᠡᠴᠢᠯᠡᠪᠡ᠃ ᠡᠨᠡ ᠵᠢᠯ᠂ ᠮᠠᠨ ᠤ ᠣᠷᠣᠨ ᠨᠢ 59 ᠦᠢᠯᠡᠴᠢᠯᠡᠭᠡᠨ ᠤ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠵᠦ᠂ ᠡᠭᠦᠨ ᠳᠤ | 4 ᠦᠢᠯᠡᠴᠢᠯᠡᠭᠡᠨ ᠤ ᠲᠣᠭᠤᠷᠢᠭ ᠢ ᠰᠢᠨ᠎ᠡ ᠪᠠᠷ ᠪᠠᠶᠢᠭᠤᠯᠵᠤ᠂ 19 ᠲᠡᠷᠭᠡ ᠵᠣᠭᠰᠤᠬᠤ ᠲᠣᠭᠤᠷᠢᠭ ᠢ ᠰᠢᠨ᠎ᠡ ᠪᠠᠷ | ᠪᠠᠶᠢᠭᠤᠯᠵᠤ᠂ 36 ᠦᠢᠯᠡᠴᠢᠯᠡᠭᠡᠨ ᠤ ᠲᠥᠬᠦᠭᠡᠷᠦᠮᠵᠢ ᠶᠢ ᠥᠭᠡᠷᠡᠴᠢᠯᠡᠪᠡ᠃ ﹇2020-08-14 14᠄ 41᠄ | 53﹈ | ᠬᠥᠲᠥᠯᠥᠭᠴᠢ᠄ | ᠶᠦᠨ ᠲᠢᠩᠭᠢᠮ ᠤᠨ ᠳᠠᠷᠤᠭ᠎ᠠ ᠡ᠂ ᠰᠠᠶ᠋ᠢ ᠲᠠ ᠪᠠᠰᠠ ᠲᠤᠷᠠᠳᠤᠭᠰᠠᠨ ᠢᠶᠠᠷ᠂ ︽ᠠᠷᠪᠠᠨ ᠭᠤᠷᠪᠠᠳᠤᠭᠠᠷ | ᠲᠠᠪᠤᠨ ᠵᠢᠯ︾ ᠤᠨ ᠬᠤᠭᠤᠴᠠᠭᠠᠨ ᠳᠤ ᠪᠥᠬᠦ ᠣᠷᠣᠨ ᠳᠤ ᠡᠩ ᠤᠨ ᠤᠯᠤᠰ ᠮᠤᠵᠢ ᠶᠢᠨ ᠭᠤᠤᠯ ᠱᠤᠭᠤᠮ ᠤᠨ | ᠵᠠᠰᠠᠮᠠᠯ ᠵᠠᠮ ᠤᠨ ᠦᠢᠯᠡᠴᠢᠯᠡᠭᠡᠨ ᠤ ᠲᠥᠬᠦᠭᠡᠷᠦᠮᠵᠢ ᠶᠢ ᠨᠡᠶᠢᠲᠡ 351 ᠪᠦᠲᠦᠭᠡᠨ ᠪᠠᠶᠢᠭᠤᠯᠤᠨ᠎ᠠ᠂ ᠬᠡᠷᠡᠭᠵᠢᠭᠦᠯᠬᠦ | ᠶᠠᠪᠤᠴᠠ ᠳᠤ᠂ ᠪᠢᠳᠡ ᠭᠤᠤᠯᠳᠠᠭᠤ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ︖ ﹇2020-08-14 14 | ᠄ 43᠄ 53﹈ | ᠬᠦᠯᠢᠶᠡᠭᠴᠢ᠄ ᠶᠦᠨ ᠸᠧᠨ ᠵᠢᠩ | ᠲᠡᠶᠢᠮᠦ ᠡ᠃ ᠵᠢᠱᠢᠯᠲᠡ ᠪᠠᠷ ᠡᠨᠡ ᠵᠢᠯ ᠤᠨ ᠡᠴᠦᠰ ᠪᠣᠯᠬᠤ ᠳᠤ᠂ 59 ᠦᠢᠯᠡᠴᠢᠯᠡᠭᠡᠨ ᠤ | ᠲᠦᠭᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠳᠠᠭᠤᠰᠤᠭᠰᠠᠨ ᠤ ᠳᠠᠷᠠᠭ᠎ᠠ᠂ ᠮᠠᠨ ᠤ ᠣᠷᠣᠨ ᠤ ᠡᠩ ᠤᠨ ᠤᠯᠤᠰ | ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠤᠨ ᠦᠢᠯᠡᠴᠢᠯᠡᠭᠡᠨ ᠤ ᠲᠥᠬᠦᠭᠡᠷᠦᠮᠵᠢ ᠨᠢ 351 ᠬᠦᠷᠴᠦ᠂ | ᠡᠩ ᠤᠨ ᠤᠯᠤᠰ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠤᠨ ᠶᠠᠪᠤᠵᠤ ᠰᠠᠭᠤᠬᠤ ᠦᠢᠯᠡᠴᠢᠯᠡᠭᠡᠨ ᠤ | ᠲᠦᠪᠰᠢᠨ ᠢ ᠲᠦᠢᠯ ᠤᠨ ᠶᠡᠭᠡ ᠪᠠᠷ ᠳᠡᠭᠡᠭᠰᠢᠯᠡᠭᠦᠯᠦᠨ᠎ᠡ᠃ ᠮᠠᠨ ᠤ ᠣᠷᠣᠨ ᠤ ᠭᠠᠵᠠᠷ ᠨᠤᠲᠤᠭ ᠥᠷᠭᠡᠨ ᠠᠭᠤᠳᠠᠮ | ᠂ ᠣᠷᠣᠨ ᠪᠦᠰᠡ ᠶᠢᠨ ᠰᠣᠶᠣᠯ ᠡᠯᠪᠡᠭ ᠪᠠᠶᠠᠯᠢᠭ ᠪᠣᠯᠬᠤᠷ᠂ ᠣᠯᠠᠨ ᠲᠦᠮᠡᠨ ᠤ ᠰᠠᠨᠠᠭᠠᠨ ᠳᠤ ᠨᠡᠶᠢᠴᠡᠭᠰᠡᠨ ᠵᠠᠰᠠᠮᠠᠯ | ᠵᠠᠮ ᠤᠨ ᠦᠢᠯᠡᠴᠢᠯᠡᠭᠡᠨ ᠤ ᠲᠥᠬᠦᠭᠡᠷᠦᠮᠵᠢ ᠶᠢ ᠰᠠᠶᠢᠲᠤᠷ ᠪᠠᠶᠢᠭᠤᠯᠬᠤ ᠳᠤ᠂ ᠭᠠᠵᠠᠷ ᠣᠷᠣᠨ ᠤ ᠣᠨᠴᠠᠯᠢᠭ ᠵᠢᠴᠢ | ᠣᠯᠠᠨ ᠲᠦᠮᠡᠨ ᠤ ᠪᠣᠳᠠᠲᠠᠶ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠪᠣᠳᠣᠯᠬᠢᠯᠠᠬᠤ ᠬᠡᠷᠡᠭᠲᠡᠶ᠄ ᠡᠩ ᠲᠡᠷᠢᠭᠦᠨ ᠳᠤ | ᠭᠠᠵᠠᠷ ᠰᠢᠷᠣᠶ ᠬᠡᠷᠡᠭᠯᠡᠬᠦ ᠠᠰᠠᠭᠤᠳᠠᠯ ᠢ ᠠᠮᠢᠳᠤᠯᠢᠭ ᠢᠶᠠᠷ ᠰᠢᠢᠳᠪᠦᠷᠢᠯᠡᠬᠦ ᠬᠡᠷᠡᠭᠲᠡᠶ᠃ ᠠᠵᠢᠯ ᠲᠥᠷᠥᠯ ᠤᠨ | ᠬᠥᠭᠵᠢᠯᠲᠡ ᠶᠢᠨ ᠰᠢᠨ᠎ᠡ ᠱᠠᠲᠤ ᠦᠶ᠎ᠡ ᠶᠢᠨ ᠰᠢᠨ᠎ᠡ ᠡᠭᠦᠷᠭᠡ ᠪᠣᠯᠤᠭᠰᠠᠨ ᠤ ᠬᠤᠪᠢ ᠳᠤ᠂ ᠦᠢᠯᠡᠴᠢᠯᠡᠭᠡᠨ ᠤ | ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠡᠮᠦᠨᠡᠬᠢ ᠬᠤᠭᠤᠴᠠᠭᠠᠨ ᠤ ᠠᠵᠢᠯ ᠤᠨ ᠰᠠᠭᠤᠷᠢ ᠨᠡᠯᠢᠶᠡᠳ | ᠪᠠᠭᠤᠷᠠᠶ ᠪᠠᠶᠢᠵᠤ᠂ ᠵᠢᠷᠤᠭ ᠲᠥᠯᠥᠪᠯᠡᠭᠡ᠂ ᠪᠥᠲᠥᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠲᠤᠷᠰᠢᠯᠭ᠎ᠠ ᠴᠥᠮ | ᠨᠡᠯᠢᠶᠡᠳ ᠳᠤᠲᠠᠮᠠᠭ᠂ ᠬᠡᠷᠡᠭᠵᠢᠭᠦᠯᠬᠦ ᠶᠠᠪᠤᠴᠠ ᠳᠤ ᠭᠠᠵᠠᠷ ᠰᠢᠷᠣᠶ ᠲᠠᠲᠠᠪᠤᠷᠢᠯᠠᠬᠤ᠂ ᠪᠠᠯᠠ ᠮᠥᠩᠭᠦ᠂ ᠡᠵᠡᠩᠨᠡᠯᠲᠡ | ᠵᠡᠷᠭᠡ ᠬᠦᠴᠦᠨ ᠵᠦᠢᠯ ᠠᠴᠠ ᠪᠣᠯᠵᠣ᠂ ᠨᠡᠯᠢᠶᠡᠳ ᠶᠡᠭᠡ ᠬᠦᠴᠢᠷᠳᠡᠯ ᠳᠤ ᠲᠤᠯᠭᠠᠷᠠᠵᠤ ᠪᠠᠶᠢᠨ᠎ᠠ᠃ ᠡᠶᠢᠮᠦ ᠠᠴᠠ᠂ | ᠮᠠᠨ ᠤ ᠣᠷᠣᠨ ᠦᠢᠯᠡᠴᠢᠯᠡᠭᠡᠨ ᠤ ᠲᠥᠬᠦᠭᠡᠷᠦᠮᠵᠢ ᠶᠢᠨ ︽ᠪᠠᠶᠢᠭᠤᠯᠬᠤ ᠪᠣᠯᠭᠠᠨ ᠢ ᠵᠠᠪᠠᠯ ᠲᠠᠲᠠᠪᠤᠷᠢᠯᠠᠬᠤ︾ | ᠤᠤᠯ ᠤᠨ ᠰᠡᠳᠬᠢᠬᠦᠶ ᠶᠢ ᠡᠪᠳᠡᠵᠦ᠂ ᠣᠲᠣ ᠶᠢᠨ ᠪᠠᠶᠢᠭ᠎ᠠ ᠵᠠᠰᠠᠮᠠᠯ ᠵᠠᠮ ᠤᠨ ᠡᠬᠢ ᠪᠠᠶᠠᠯᠢᠭ ᠢ ᠭᠦᠢᠴᠡᠳ ᠡᠮᠬᠢᠯᠡᠨ | ᠨᠡᠶᠢᠯᠡᠭᠦᠯᠵᠦ᠂ ᠭᠠᠵᠠᠷ ᠰᠢᠷᠣᠶ ᠲᠠᠲᠠᠪᠤᠷᠢᠯᠠᠬᠤ ᠠᠰᠠᠭᠤᠳᠠᠯ ᠢ ᠠᠮᠢᠳᠤᠯᠢᠭ ᠢᠶᠠᠷ ᠰᠢᠢᠳᠪᠦᠷᠢᠯᠡᠨ᠎ᠡ᠃ ᠥᠷᠭᠡᠨ ᠢᠶᠠᠷ | ᠪᠠᠶᠢᠴᠠᠭᠠᠯᠲᠠ ᠬᠢᠵᠦ᠂ ᠭᠦᠢᠴᠡᠳ ᠨᠤᠲᠠᠯᠠᠯᠲᠠ ᠬᠢᠬᠦ ᠪᠠᠷ ᠳᠡᠮᠵᠢᠨ᠂ ᠮᠠᠨ ᠤ ᠣᠷᠣᠨ ᠤ ᠵᠠᠰᠠᠮᠠᠯ ᠵᠠᠮ ᠳᠠᠭᠠᠤ ᠶᠢᠨ | ᠪᠠᠶᠢᠭᠠᠯᠢ ᠶᠢᠨ ᠨᠥᠬᠦᠴᠡᠯ᠂ ᠮᠡᠷᠭᠡᠵᠢᠯ ᠤᠨ ᠨᠥᠬᠦᠴᠡᠯ᠂ ᠵᠠᠮ ᠬᠠᠷᠢᠯᠴᠠᠭᠠᠨ ᠤ ᠴᠤᠪᠤᠷᠠᠯ ᠤᠨ ᠬᠡᠮᠵᠢᠶ᠎ᠡ᠂ ᠬᠤᠲᠠ | ᠪᠠᠯᠭᠠᠰᠤ ᠶᠢᠨ ᠲᠠᠷᠬᠠᠯᠲᠠ ᠪᠣᠯᠤᠨ ᠤᠯᠠᠨ ᠲᠦᠮᠡᠨ ᠤ ᠶᠠᠪᠤᠵᠤ ᠰᠠᠭᠤᠬᠤ ᠣᠨᠴᠠᠯᠢᠭ ᠵᠡᠷᠭᠡ ᠬᠦᠴᠦᠨ ᠵᠦᠢᠯ ᠢ | ᠶᠡᠷᠦᠩᠬᠡᠶᠢᠯᠡᠨ ᠪᠣᠳᠣᠯᠬᠢᠯᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠢ ᠪᠠᠲᠤᠯᠠᠬᠤ᠂ ᠴᠢᠳᠠᠮᠵᠢ ᠪᠦᠷᠢᠨ | ᠭᠦᠢᠴᠡᠳ ᠬᠠᠩᠭᠠᠬᠤ ᠨᠡᠶᠢᠳᠡ ᠶᠢᠨ ᠠᠰᠠᠷᠠᠮᠵᠢ ᠶᠢᠨ ᠦᠢᠯᠡᠴᠢᠯᠡᠭᠡᠨ ᠤ ᠰᠠᠭᠤᠷᠢᠨ ᠳᠡᠭᠡᠷ᠎ᠡ᠂ ᠪᠦᠬᠦ ᠣᠷᠣᠨ ᠤ | ᠶᠡᠬᠡᠩᠬᠢ ᠬᠡᠰᠡᠭ ᠡᠩ ᠤᠨ ᠤᠯᠤᠰ ᠮᠤᠵᠢ ᠶᠢᠨ ᠭᠤᠣᠯ ᠱᠤᠭᠤᠮ ᠤᠨ ᠵᠠᠰᠠᠮᠠᠯ ᠵᠠᠮ ᠤᠨ ᠦᠢᠯᠡᠴᠢᠯᠡᠭᠡᠨ ᠤ | ᠲᠦᠭᠦᠭᠡᠷᠦᠮᠵᠢ ᠶᠢ ᠪᠣᠯ ᠠᠷᠠᠴᠢᠯᠠᠨ ᠬᠠᠮᠠᠭᠠᠯᠠᠬᠤ ᠠᠵᠢᠯ ᠤᠨ ᠲᠣᠭᠤᠷᠢᠭ᠂ ᠵᠠᠮ ᠤᠨ ᠠᠩᠭᠢ ᠵᠡᠷᠭᠡ ᠰᠤᠯᠠ ᠬᠡᠷᠡᠭᠯᠡᠬᠦ | ᠭᠠᠵᠠᠷ ᠳᠡᠭᠡᠷ᠎ᠡ ᠪᠦᠳᠦᠭᠡᠨ ᠪᠠᠶᠢᠭᠤᠯᠤᠭᠰᠠᠨ ᠶᠤᠮ᠃ ᠢᠩᠭᠢᠪᠡᠯ ᠣᠯᠠᠨ ᠨᠡᠶᠢᠲᠡ ᠶᠢᠨ ᠶᠠᠪᠤᠵᠤ ᠰᠠᠭᠤᠬᠤ | ᠬᠡᠷᠡᠭᠴᠡᠭᠡ ᠶᠢ ᠬᠠᠩᠭᠠᠵᠤ ᠴᠢᠳᠠᠬᠤ ᠮᠥᠷᠲᠡᠭᠡᠨ ᠪᠠᠰᠠ ᠨᠢᠭᠡᠳᠦᠭᠡᠷ ᠹᠷᠣᠨᠲ ᠤᠨ ᠵᠠᠮ ᠠᠷᠠᠴᠢᠯᠠᠬᠤ ᠠᠵᠢᠯᠴᠢᠨ ᠤ | ᠠᠵᠢᠯ ᠤᠨ ᠣᠷᠴᠢᠨ ᠨᠥᠬᠦᠴᠡᠯ ᠢ ᠰᠠᠶᠢᠵᠢᠷᠠᠭᠤᠯᠵᠤ ᠴᠢᠳᠠᠬᠤ ᠪᠥᠭᠡᠳ ᠪᠠᠷᠢᠯᠭ᠎ᠠ ᠶᠢᠨ ᠭᠠᠵᠠᠷ ᠢ ᠰᠣᠩᠭᠤᠬᠤ ᠳᠤ | ᠴᠤ ᠰᠢᠨ᠎ᠡ ᠪᠠᠷ ᠭᠠᠵᠠᠷ ᠲᠠᠲᠠᠪᠤᠷᠢᠯᠠᠨ ᠬᠡᠷᠡᠭᠯᠡᠬᠦ ᠴᠢᠬᠤᠯᠠ ᠥᠬᠡᠶ ᠪᠠᠶᠢᠬᠤ ᠶᠢ ᠦᠨᠳᠦᠰᠦᠨ ᠳᠤ ᠪᠠᠨ ᠪᠡᠶᠡᠯᠡᠭᠦᠯᠵᠦ᠂ | ᠦᠢᠯᠡᠴᠢᠯᠡᠭᠡᠨ ᠤ ᠲᠥᠬᠦᠭᠡᠷᠦᠮᠵᠢ ᠶᠢ ᠠᠷᠠᠳ ᠲᠦᠮᠡᠨ ᠳᠤ ᠦᠢᠯᠡᠴᠢᠯᠡᠬᠦ ᠳᠤ ᠲᠦᠷᠭᠡᠨ ᠢᠶᠠᠷ ᠣᠷᠣᠯᠴᠠᠭᠤᠯᠵᠤ | ᠴᠢᠳᠠᠬᠤ ᠪᠣᠯᠤᠨ᠎ᠠ᠃ ᠵᠠᠰᠠᠮᠠᠯ ᠵᠠᠮ ᠳᠠᠭᠠᠤ ᠶᠢᠨ ᠦᠢᠯᠡᠴᠢᠯᠡᠭᠡ ᠬᠠᠩᠭᠠᠬᠤ ᠲᠠᠯ᠎ᠠ ᠪᠠᠷ᠂ ᠪᠠᠰᠠ ᠶᠡᠷᠦᠩᠬᠡᠶ | ᠬᠡᠷᠡᠭᠴᠡᠭᠡ ᠶᠢ ᠭᠦᠢᠴᠡᠳ ᠪᠣᠳᠣᠯᠬᠢᠯᠠᠵᠤ᠂ ᠦᠢᠯᠡᠴᠢᠯᠡᠭᠡᠨ ᠤ ᠲᠦᠭᠦᠭᠡᠷᠦᠮᠵᠢ ᠶᠢᠨ ᠲᠥᠷᠥᠯ ᠬᠡᠯᠪᠡᠷᠢ᠂ ᠴᠢᠳᠠᠮᠵᠢ᠂ | ᠣᠷᠣᠨ ᠵᠠᠶ ᠶᠢᠨ ᠪᠠᠶᠢᠷᠢᠰᠢᠭᠤᠯᠤᠯ ᠪᠠ ᠶᠡᠷᠦᠩᠬᠡᠶ ᠬᠡᠮᠵᠢᠶ᠎ᠡ ᠶᠢᠨ ᠬᠡᠪᠴᠢᠶ᠎ᠡ ᠶᠢ ᠵᠦᠶ ᠵᠣᠬᠢᠰᠲᠠᠶ ᠡᠵᠡᠮᠳᠡᠵᠦ᠂ | ᠦᠢᠯᠡᠴᠢᠯᠡᠭᠡᠨ ᠤ ᠲᠣᠭᠤᠷᠢᠭ᠂ ᠲᠡᠷᠭᠡ ᠵᠣᠭᠰᠣᠬᠤ ᠲᠣᠭᠤᠷᠢᠭ᠂ ᠦᠢᠯᠡᠴᠢᠯᠡᠭᠡᠨ ᠤ ᠲᠦᠭᠦᠭᠡᠷᠦᠮᠵᠢ ᠶᠢᠨ | ᠥᠭᠡᠷᠡᠴᠢᠯᠡᠯᠲᠡ ᠶᠢᠨ ᠲᠥᠷᠥᠯ ᠵᠦᠢᠯ ᠳᠤ ᠦᠢᠯᠡᠴᠢᠯᠡᠭᠡᠨ ᠤ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠨᠢᠭᠡᠳ | ᠨᠢᠭᠡ ᠪᠠᠷ ᠲᠣᠭᠲᠠᠭᠠᠵᠤ᠂ ᠬᠠᠩᠭᠠᠯᠭ᠎ᠠ ᠬᠡᠷᠡᠭᠴᠡᠭᠡ ᠶᠢ ᠠᠯᠢ ᠴᠢᠳᠠᠬᠤ ᠪᠠᠷ ᠳᠣᠭᠢᠷᠠᠭᠤᠯᠤᠨ᠂ ︽ᠶᠡᠭᠡ ᠳᠤ ᠰᠢᠨᠤᠵᠤ | ᠬᠠᠷᠢ ᠶᠢᠨ ᠬᠢ ᠶᠢ ᠬᠥᠭᠡᠭᠡᠴᠡᠯᠳᠦᠬᠦ︾ ᠥᠬᠡᠶ ᠪᠠᠶᠢᠵᠤ᠂ ᠡᠬᠢ ᠪᠠᠶᠠᠯᠢᠭ ᠢ ᠪᠦᠷᠢᠯᠭᠡᠬᠦ ᠠᠴᠠ ᠵᠠᠶᠢᠯᠠᠰᠬᠢᠨ᠎ᠡ᠃ | ᠳᠠᠷᠠᠭᠠᠯᠠᠪᠠᠯ ᠦᠢᠯᠡᠴᠢᠯᠡᠭᠡᠨ ᠤ ᠲᠥᠬᠦᠭᠡᠷᠦᠮᠵᠢ ᠶᠢᠨ ᠭᠠᠵᠠᠷ ᠰᠣᠩᠭᠤᠬᠤ ᠳᠤ ᠥᠪᠥᠷ ᠮᠣᠩᠭᠤᠯ ᠤᠨ ᠡᠯᠪᠡᠭ | ᠪᠠᠶᠠᠯᠢᠭ ᠵᠢᠭᠤᠯᠴᠢᠯᠠᠯ ᠤᠨ ᠡᠬᠢ ᠪᠠᠶᠠᠯᠢᠭ ᠢ ᠬᠠᠮᠲᠤ ᠳᠤ ᠨᠢ ᠬᠠᠷᠠᠭᠠᠯᠵᠠᠭᠰᠠᠨ ᠪᠠᠶᠢᠨ᠎ᠠ᠃ ᠵᠠᠰᠠᠮᠠᠯ ᠵᠠᠮ ᠳᠠᠭᠠᠤ ᠶᠢᠨ | ᠭᠤᠪᠢ᠂ ᠡᠯᠡᠰᠦ ᠮᠠᠩᠬ᠎ᠠ᠂ ᠲᠠᠯ᠎ᠠ ᠨᠤᠲᠤᠭ ᠵᠡᠷᠭᠡ ᠡᠯᠪᠡᠭ ᠪᠠᠶᠠᠯᠢᠭ ᠵᠢᠭᠤᠯᠴᠢᠯᠠᠯ ᠤᠨ ᠡᠬᠢ ᠪᠠᠶᠠᠯᠢᠭ ᠲᠤ | ᠲᠦᠰᠢᠭᠯᠡᠨ᠂ ᠦᠢᠯᠡᠴᠢᠯᠡᠭᠡᠨ ᠤ ᠲᠦᠭᠦᠭᠡᠷᠦᠮᠵᠢ ᠶᠢᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠶᠢ ᠵᠠᠮ ᠤᠨ | ᠲᠣᠤᠷ ᠤᠨ ᠪᠠᠶᠢᠷᠢᠰᠢᠭᠤᠯᠤᠯᠲᠠ ᠯᠤᠭ᠎ᠠ ᠬᠠᠷᠢᠯᠴᠠᠨ ᠤᠶᠠᠯᠳᠤᠭᠤᠯᠵᠤ᠂ ᠲᠤᠬᠠᠶ ᠶᠢᠨ ᠭᠠᠵᠠᠷ ᠤᠨ ᠵᠢᠭᠤᠯᠴᠢᠯᠠᠯ ᠤᠨ | ᠦᠢᠯᠡᠰ ᠤᠨ ᠬᠥᠭᠵᠢᠯᠲᠡ ᠶᠢ ᠶᠡᠭᠡ ᠪᠠᠷ ᠠᠬᠢᠭᠤᠯᠪᠠ᠃ ᠡᠨᠡ ᠮᠡᠲᠦ ᠪᠠᠷ ᠵᠠᠮ ᠳᠠᠭᠠᠤ ᠶᠢᠨ ᠵᠢᠯᠣᠭᠤᠴᠢ ᠪᠠ | ᠠᠶᠠᠨᠴᠢᠳ ᠨᠢ ᠲᠡᠷᠭᠡ ᠪᠠᠨ ᠵᠣᠭᠰᠣᠭᠠᠵᠤ ᠠᠮᠠᠷᠠᠨ᠂ ᠵᠢᠯᠣᠭᠤᠴᠢ ᠶᠢᠨ ᠶᠠᠳᠠᠷᠠᠭ᠎ᠠ ᠶᠢ ᠬᠥᠩᠭᠡᠷᠡᠭᠦᠯᠵᠦ ᠪᠣᠯᠬᠤ | ᠮᠥᠷᠲᠡᠭᠡᠨ ᠪᠠᠰᠠ ᠮᠠᠨ ᠤ ᠥᠪᠥᠷ ᠮᠣᠩᠭᠤᠯ ᠤᠨ ᠥᠩᠭᠡ ᠢᠯᠭᠠᠷᠠᠭᠰᠠᠨ ᠥᠩᠭᠡ ᠦᠵᠡᠮᠵᠢ ᠶᠢ ᠰᠣᠨᠢᠷᠬᠠᠵᠤ᠂ | ᠠᠶᠠᠨ ᠵᠠᠮ ᠤᠨ ᠰᠡᠳᠬᠢᠯ ᠰᠠᠨᠠᠭ᠎ᠠ ᠶᠢ ᠪᠠᠶᠠᠷ ᠪᠠᠶᠠᠰᠬᠤᠯᠠᠩ ᠲᠠᠢ ᠪᠣᠯᠭᠠᠬᠤ ᠶᠢᠨ ᠬᠠᠮᠲᠤ᠂ ᠲᠤᠬᠠᠶ ᠶᠢᠨ ᠭᠠᠵᠠᠷ ᠤᠨ | ᠠᠵᠤ ᠠᠬᠤᠶ ᠶᠢᠨ ᠬᠥᠭᠵᠢᠯᠲᠡ ᠶᠢ ᠴᠦ ᠳᠠᠶᠢᠴᠢᠯᠠᠭᠰᠠᠨ ᠪᠠᠶᠢᠨ᠎ᠠ᠃ ᠵᠢᠱᠢᠶᠡᠯᠡᠪᠡᠯ᠂ ᠮᠠᠨ ᠤ ᠣᠷᠣᠨ ᠤ ᠭᠠᠵᠠᠷ | ᠣᠷᠣᠨ ᠤ ᠤᠨᠴᠠᠯᠢᠭᠳᠤ ᠪᠥᠲᠥᠭᠡᠨ ᠪᠠᠶᠢᠭᠤᠯᠤᠯᠲᠠ ᠶᠢ ᠬᠠᠮᠲᠤ ᠳᠤ ᠨᠢ ᠬᠠᠷᠠᠭᠠᠯᠵᠠᠭᠰᠠᠨ G209 ᠱᠤᠭᠤᠮ ᠤᠨ | ᠭᠡᠭᠡᠨ ᠲᠠᠯ᠎ᠠ ᠦᠢᠯᠡᠴᠢᠯᠡᠭᠡᠨ ᠤ ᠲᠣᠭᠤᠷᠢᠭ᠂ ᠪᠠᠳᠠᠶ ᠶᠢᠨ ᠵᠢᠷᠠᠨ ᠤ ᠡᠯᠡᠰᠦᠨ ᠴᠥᠯ ᠤᠨ S218 ᠱᠤᠭᠤᠮ ᠤᠨ | ᠰᠤᠬᠤᠨᠲᠤ ᠦᠢᠯᠡᠴᠢᠯᠡᠭᠡᠨ ᠤ ᠲᠣᠭᠤᠷᠢᠭ ᠵᠡᠷᠭᠡ ᠪᠣᠯᠤᠨ᠎ᠠ᠃ ᠪᠠᠰᠠ ᠨᠢᠭᠡ ᠨᠢ ᠦᠢᠯᠡᠴᠢᠯᠡᠭᠡᠨ ᠤ | ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠵᠠᠮ ᠤᠨ ᠬᠡᠪ ᠨᠠᠮᠪᠠ ᠶᠢ ᠤᠮᠠᠷᠠᠲᠤ ᠬᠢᠯᠢ ᠶᠢᠨ | ᠦᠨᠳᠦᠰᠦᠲᠡᠨ ᠤ ᠰᠣᠶᠣᠯ ᠤᠨ ᠣᠨᠴᠠᠯᠢᠭ ᠢ ᠳᠣᠪᠣᠶᠢᠯᠭᠠᠪᠠ᠃ ᠮᠠᠨ ᠤ ᠣᠷᠣᠨ ᠤ ᠴᠥᠭᠡᠨ ᠲᠣᠭᠠᠲᠤ | ᠦᠨᠳᠦᠰᠦᠲᠡᠨ ᠣᠯᠠᠨ᠂ ᠠᠷᠠᠳ ᠤᠨ ᠵᠠᠩ ᠦᠢᠯᠡ ᠴᠦ ᠠᠳᠠᠯᠢ ᠪᠤᠰᠤ ᠪᠠᠶᠢᠳᠠᠭ᠂ ᠡᠶᠢᠮᠦ ᠠᠴᠠ ᠡᠮᠦᠨᠡᠬᠢ | ᠬᠤᠭᠤᠴᠠᠭᠠᠨ ᠤ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠦᠶ᠎ᠡ ᠳᠤ᠂ ᠵᠠᠰᠠᠮᠠᠯ ᠵᠠᠮ᠂ ᠮᠣᠩᠭᠤᠯ ᠶᠤᠸᠠᠨ | ᠵᠡᠷᠭᠡ ᠭᠠᠵᠠᠷ ᠣᠷᠣᠨ ᠤ ᠰᠣᠶᠣᠯ ᠢ ᠠᠭᠤᠰᠬᠠᠨ ᠣᠷᠣᠭᠤᠯᠬᠤ ᠶᠢ ᠭᠦᠢᠴᠡᠳ ᠪᠣᠳᠣᠯᠬᠢᠯᠠᠭᠰᠠᠨ ᠶᠤᠮ᠃ ᠮᠣᠩᠭᠤᠯ | ᠬᠢᠲᠠᠳ ᠬᠤᠣᠰ ᠬᠡᠯᠡᠨ ᠤ ᠫᠠᠶᠢᠰᠠ᠂ ᠰᠣᠶᠣᠯ ᠤᠨ ᠦᠵᠡᠬᠦᠯᠭᠡ ᠶᠢᠨ ᠰᠠᠮᠪᠠᠷ᠎ᠠ᠂ ᠱᠤᠭᠤᠮᠠᠯ ᠰᠡᠶᠢᠯᠦᠮᠡᠯ ᠤᠨ | ᠳᠦᠷᠰᠦ ᠪᠦᠲᠦᠭᠡᠯᠲᠡ᠂ ᠴᠢᠮᠡᠭᠯᠡᠯ ᠤᠨ ᠬᠡ ᠤᠭᠠᠯᠵᠠ ᠵᠡᠷᠭᠡ ᠬᠡᠯᠪᠡᠷᠢ ᠪᠠᠷ ᠳᠠᠮᠵᠢᠭᠤᠯᠤᠨ᠂ ᠦᠨᠳᠦᠰᠦᠲᠡᠨ ᠤ | ᠣᠨᠴᠠᠯᠢᠭ ᠲᠠᠢ ︽ᠬᠤᠷᠴᠢᠨ ᠤ ᠠᠨᠳᠠᠢ ᠤᠷᠠᠯᠢᠭ ᠤᠨ ᠨᠤᠲᠤᠭ︾ ︽ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ︾ | ︽ᠡᠵᠡᠨ᠎ᠡ ᠶᠢᠨ ᠲᠣᠣᠷᠠᠢ ᠶᠢᠨ ᠣᠶ︾ ︽ᠬᠥᠯᠥᠨ ᠪᠤᠶᠢᠷ ᠤᠨ ᠲᠠᠯ᠎ᠠ ᠨᠤᠲᠤᠭ︾ ᠵᠡᠷᠭᠡ ᠦᠵᠡᠮᠵᠢ ᠶᠢ | ᠦᠢᠯᠡᠴᠢᠯᠡᠭᠡᠨ ᠤ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠳᠤ ᠠᠭᠰᠢᠷᠠᠭᠤᠯᠵᠤ᠂ ᠴᠥᠭᠡᠨ ᠲᠣᠭᠠᠲᠤ | ᠦᠨᠳᠦᠰᠦᠲᠡᠨ ᠤ ᠲᠡᠤᠬᠡ ᠭᠠᠵᠠᠷ ᠣᠷᠣᠨ ᠤ ᠰᠣᠶᠣᠯ ᠢ ᠭᠦᠢᠴᠡᠳ ᠳᠡᠯᠭᠡᠨ ᠦᠵᠡᠭᠦᠯᠵᠦ᠂ ᠮᠠᠨ ᠤ ᠣᠷᠣᠨ ᠤ | ᠥᠪᠡᠷᠮᠢᠴᠡ ᠣᠨᠴᠠᠯᠢᠭ ᠲᠠᠢ ᠵᠠᠰᠠᠮᠠᠯ ᠵᠠᠮ ᠤᠨ ᠰᠣᠶᠣᠯ ᠢ ᠪᠠᠳᠠᠷᠠᠭᠤᠯᠤᠭᠰᠠᠨ ᠪᠠᠶᠢᠨ᠎ᠠ᠃ ᠬᠠᠮᠤᠭ ᠤᠨ ᠰᠡᠭᠦᠯ ᠳᠤ | ᠬᠠᠮᠲᠤᠷᠠᠨ ᠠᠵᠢᠯᠯᠠᠵᠤ ᠬᠠᠮᠲᠤ ᠪᠠᠷ ᠡᠳ᠋ᠯᠡᠬᠦ ᠬᠥᠭᠵᠢᠯᠲᠡ ᠶᠢᠨ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠨ᠎ᠡ᠃ | ᠵᠢᠭᠤᠯᠴᠢᠯᠠᠯ ᠤᠨ ᠬᠠᠯᠠᠮᠰᠢᠯ ᠭᠠᠵᠠᠷ ᠣᠷᠣᠨ ᠤ ᠦᠢᠯᠡᠴᠢᠯᠡᠭᠡᠨ ᠤ ᠲᠥᠬᠦᠭᠡᠷᠦᠮᠵᠢ ᠳᠤ ᠴᠢᠭᠯᠡᠭᠦᠯᠦᠨ᠂ ᠲᠡᠷᠭᠡ | ᠵᠣᠭᠰᠣᠬᠤ᠂ ᠵᠣᠷᠯᠣᠩ ᠳᠤ ᠣᠷᠤᠬᠤ᠂ ᠠᠮᠠᠷᠠᠬᠤ᠂ ᠮᠡᠳᠡᠭᠡ ᠵᠠᠩᠭᠢ ᠶᠢᠨ ᠦᠢᠯᠡᠴᠢᠯᠡᠭᠡ ᠪᠠ ᠰᠠᠭᠠᠳ ᠦᠭᠡᠶ | ᠦᠢᠯᠡᠴᠢᠯᠡᠭᠡ ᠵᠡᠷᠭᠡ ᠦᠨᠳᠦᠰᠦᠨ ᠨᠡᠶᠢᠲᠡ ᠶᠢᠨ ᠠᠰᠠᠷᠠᠮᠵᠢ ᠶᠢᠨ ᠴᠢᠳᠠᠮᠵᠢ ᠶᠢ ᠪᠦᠷᠢᠮᠦᠰᠦᠨ ᠬᠠᠩᠭᠠᠭᠰᠠᠨ ᠤᠷᠢᠲᠠᠯ | ᠳᠣᠣᠷ᠎ᠠ᠂ ᠵᠠᠰᠠᠭ ᠤᠨ ᠣᠷᠳᠣᠨ ᠬᠢᠭᠡᠳ ᠵᠠᠬ᠎ᠠ ᠳᠡᠯᠭᠡᠭᠦᠷ ᠤᠨ ᠬᠠᠮᠲᠤᠷᠠᠯᠴᠠᠭ᠎ᠠ ᠶᠢ ᠢᠳᠡᠪᠬᠢᠲᠡᠶ ᠡᠷᠢᠯᠬᠢᠯᠡᠵᠦ᠂ | ᠦᠵᠡᠮᠵᠢ ᠰᠣᠨᠢᠷᠬᠠᠬᠤ᠂ ᠬᠤᠭᠤᠯᠠ ᠤᠮᠳᠠ᠂ ᠭᠡᠷᠲᠥ ᠲᠡᠷᠭᠡ ᠶᠢᠨ ᠪᠠᠭᠤᠴᠠ ᠵᠡᠷᠭᠡ ᠤᠷᠲᠤᠳᠬᠠᠭᠰᠠᠨ ᠴᠢᠳᠠᠮᠵᠢᠳᠤ | ᠲᠥᠬᠦᠭᠡᠷᠦᠮᠵᠢ ᠶᠢ ᠵᠦᠢ ᠵᠣᠬᠢᠰᠲᠠᠶ ᠪᠠᠶᠢᠷᠢᠯᠠᠭᠤᠯᠵᠤ᠂ ᠨᠡᠶᠢᠭᠡᠮ ᠳᠤ ᠬᠠᠨᠳᠤᠭᠤᠯᠤᠨ ᠬᠤᠳᠠᠯᠳᠤᠭᠠᠴᠢᠨ ᠤᠷᠢᠵᠤ᠂ | ᠠᠦ᠋ᠲ᠋ᠣ᠋ ᠬᠤᠳᠠᠯᠳᠤᠭᠠᠨ ᠤ ᠮᠠᠰᠢᠨ᠂ ᠣᠨᠴᠠ ᠭᠠᠷᠤᠯᠲᠠ ᠶᠢᠨ ᠬᠤᠳᠠᠯᠳᠤᠭᠠᠨ ᠤ ᠡᠷᠦᠬᠡ᠂ ᠲᠦᠳᠡ ᠳᠡᠯᠭᠡᠭᠦᠷ | ᠵᠡᠷᠭᠡ ᠶᠢ ᠣᠷᠣᠭᠤᠯᠤᠨ ᠠᠪᠴᠢᠷᠠᠵᠤ᠂ ᠢᠩᠭᠢᠪᠡᠯ ᠤᠯᠠᠨ ᠨᠡᠶᠢᠲᠡ ᠳᠤ ᠨᠡᠩ ᠤᠯᠠᠨ ᠶᠠᠩᠵᠤ ᠶᠢᠨ ᠶᠠᠪᠤᠵᠤ ᠰᠠᠭᠤᠬᠤ | ᠦᠢᠯᠡᠴᠢᠯᠡᠭᠡ ᠬᠠᠩᠭᠠᠵᠤ ᠴᠢᠳᠠᠬᠤ ᠮᠥᠷᠲᠡᠭᠡᠨ ᠪᠠᠰᠠ ᠦᠢᠯᠡᠴᠢᠯᠡᠭᠡᠨ ᠤ ᠲᠥᠬᠦᠭᠡᠷᠦᠮᠵᠢ ᠶᠢᠨ ᠲᠤᠰ ᠪᠡᠶ᠎ᠡ ᠶᠢᠨ | ᠡᠭᠦᠰᠬᠡᠨ ᠬᠦᠭᠵᠢᠭᠦᠯᠬᠦ ᠴᠢᠳᠠᠪᠤᠷᠢ ᠶᠢ ᠴᠤ ᠨᠡᠮᠡᠭᠳᠡᠭᠦᠯᠵᠦ ᠴᠢᠳᠠᠨ᠎ᠠ᠃ ᠵᠢᠱᠢᠶᠡᠯᠡᠪᠡᠯ᠂ ᠤᠯᠠᠭᠠᠨᠴᠠᠪ ᠬᠤᠲᠠ ᠶᠢᠨ | G110 ᠱᠤᠭᠤᠮ ᠤᠨ ᠭᠤᠣ ᠮᠢᠶᠣᠣ ᠽᠢ ᠦᠢᠯᠡᠴᠢᠯᠡᠭᠡᠨ ᠤ ᠲᠣᠭᠤᠷᠢᠭ ᠲᠤ᠂ ᠵᠠᠰᠠᠭ ᠤᠨ ᠣᠷᠳᠣᠨ ᠯᠤᠭ᠎ᠠ ᠶᠢᠨ | ᠶᠠᠳᠠᠭᠤ ᠶᠢ ᠲᠡᠳᠬᠦᠬᠦ᠂ ᠵᠢᠭᠤᠯᠴᠢᠯᠠᠯ ᠤᠨ ᠲᠥᠷᠥᠯ ᠵᠦᠢᠯ ᠤᠨ ᠬᠠᠮᠲᠤᠷᠠᠯᠴᠠᠭᠠᠨ ᠤ ᠵᠠᠭᠪᠤᠷ ᠢ ᠬᠡᠷᠡᠭᠯᠡᠬᠦ ᠪᠠᠷ | ᠳᠠᠮᠵᠢᠭᠤᠯᠤᠨ᠂ ᠬᠥᠮᠦᠨ ᠤ ᠬᠦᠴᠦᠨ᠂ ᠪᠣᠳᠠᠰ ᠤᠨ ᠬᠦᠴᠦᠨ ᠤ ᠡᠬᠢ ᠪᠠᠶᠠᠯᠢᠭ ᠢ ᠬᠠᠮᠲᠤ ᠪᠠᠷ ᠡᠳ᠋ᠯᠡᠭᠰᠡᠨ ᠢᠶᠠᠷ | ᠪᠠᠷᠠᠬᠤ ᠥᠬᠡᠶ᠂ ᠡᠭᠦᠨ ᠤ ᠬᠠᠮᠲᠤ ᠵᠠᠰᠠᠭ ᠤᠨ ᠣᠷᠳᠣᠨ ᠤ ᠲᠥᠷᠥᠯ ᠵᠦᠢᠯ ᠳᠤ ᠲᠦᠰᠢᠭᠯᠡᠨ ᠦᠵᠡᠮᠵᠢ ᠰᠣᠨᠢᠷᠬᠠᠬᠤ | ᠂ ᠬᠤᠭᠤᠯᠠ ᠤᠮᠳᠠ᠂ ᠵᠢᠭᠤᠯᠴᠢᠯᠠᠯ᠂ ᠬᠤᠨᠤᠭ ᠪᠠᠭᠤᠳᠠᠯ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ | ᠴᠡᠨᠡᠭᠯᠡᠬᠦ ᠥᠷᠲᠡᠭᠡ ᠵᠡᠷᠭᠡ ᠤᠷᠲᠤᠳᠬᠠᠭᠰᠠᠨ ᠦᠢᠯᠡᠴᠢᠯᠡᠭᠡ ᠶᠢ ᠪᠦᠷᠢᠨ ᠭᠦᠢᠴᠡᠳ ᠳᠣᠭᠢᠷᠠᠭᠤᠯᠵᠤ᠂ ᠣᠯᠠᠨ | ᠲᠦᠮᠡᠨ ᠤ ᠶᠠᠪᠤᠵᠤ ᠰᠠᠭᠤᠬᠤ ᠣᠯᠠᠨ ᠡᠰᠢᠴᠢᠯᠡᠭᠰᠡᠨ ᠬᠡᠷᠡᠭᠴᠡᠭᠡ ᠶᠢ ᠨᠠᠩ ᠰᠠᠶᠢᠨ ᠬᠠᠩᠭᠠᠭᠰᠠᠨ ᠪᠠᠶᠢᠨ᠎ᠠ᠃ ﹇ | 2020-08-14 14᠄ 44᠄ 53﹈ | ᠬᠥᠲᠥᠯᠥᠭᠴᠢ᠄ | ᠶᠦᠨ ᠲᠢᠩᠬᠢᠮ ᠤᠨ ᠳᠠᠷᠤᠭ᠎ᠠ ᠡ᠂ ᠲᠠ ᠰᠠᠶ᠋ᠢᠬᠠᠨ ᠦᠢᠯᠡᠴᠢᠯᠡᠭᠡᠨ ᠤ ᠲᠥᠬᠦᠭᠡᠷᠦᠮᠵᠢ ᠪᠣᠯᠤᠨ ᠶᠠᠳᠠᠭᠤ ᠶᠢ | ᠲᠡᠳᠬᠦᠬᠦ ᠶᠢ ᠤᠶᠠᠯᠳᠤᠭᠤᠯᠬᠤ ᠲᠤᠬᠠᠶ ᠳᠤᠷᠠᠳᠤᠭᠰᠠᠨ ᠪᠠᠶᠢᠨ᠎ᠠ᠂ ᠡᠭᠦᠨ ᠢ ᠨᠠᠷᠢᠨ ᠲᠠᠨᠢᠯᠴᠠᠭᠤᠯᠵᠤ ᠪᠣᠯᠤᠨ᠎ᠠ ᠤᠤ︖ | ﹇2020-08-14 14᠄ 57᠄ 53﹈ ﹇2020-08-14 14᠄ 57᠄ 53﹈ | ᠬᠦᠯᠢᠶᠡᠭᠴᠢ᠄ ᠶᠦᠨ ᠸᠧᠨ ᠵᠢᠩ | ᠵᠠ᠂ ᠬᠥᠲᠥᠯᠥᠭᠴᠢ ᠡ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠣᠨᠤᠪᠴᠢᠲᠠᠢ ᠶᠠᠳᠠᠭᠤ ᠠᠴᠠ | ᠠᠩᠭᠢᠵᠢᠷᠠᠭᠤᠯᠬᠤ ᠶᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠳᠤ | ᠡᠷᠬᠡᠪᠰᠢ ᠰᠠᠶᠢᠲᠤᠷ ᠬᠢᠬᠦ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠤ ᠨᠢᠭᠡ ᠪᠣᠯᠭᠠᠬᠤ ᠪᠠᠷ | ᠲᠣᠳᠣᠷᠬᠠᠶᠢᠯᠠᠵᠤ᠂ ᠶᠡᠷᠦᠩᠬᠡᠢ ᠱᠦᠵᠢ ᠰᠢ ᠶᠢᠨ ᠫᠢᠩ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ | ᠳᠠᠶᠢᠯᠠᠯᠳᠤᠭᠠᠨ ᠤ ᠢᠯᠠᠯᠲᠠ ᠶᠢ ᠤᠯᠬᠤ ᠲᠤᠬᠠᠢ ᠠᠯᠢ ᠤᠯᠠᠨ ᠴᠢᠬᠤᠯᠠ ᠶᠠᠷᠢᠶ᠎ᠠ ᠲᠠᠯᠪᠢᠵᠤ᠂ ᠠᠯᠢ ᠤᠯᠠᠨ ᠴᠢᠬᠤᠯᠠ | ᠵᠢᠭᠠᠪᠤᠷᠢ ᠥᠭᠴᠡᠢ᠃ ᠶᠠᠳᠠᠭᠤ ᠠᠴᠠ ᠠᠩᠭᠢᠵᠢᠷᠠᠭᠤᠯᠬᠤ ᠡᠨᠡ ᠬᠦ ᠰᠢᠪᠲᠤᠯᠤᠯᠲᠠ ᠶᠢᠨ ᠳᠠᠶᠢᠯᠠᠯᠳᠤᠭᠠᠨ ᠤ | ᠢᠯᠠᠯᠲᠠ ᠶᠢ ᠤᠯᠬᠤ ᠨᠢ᠂ ᠲᠣᠭᠲᠠᠭᠰᠠᠨ ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ᠂ | ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠰᠢᠢᠳᠪᠦᠷᠢᠯᠡᠭᠴᠢ ᠴᠢᠨᠠᠷᠲᠠᠢ ᠠᠴᠢ | ᠬᠤᠯᠪᠣᠭᠳᠠᠯ ᠲᠠᠢ ᠶᠤᠮ᠃ ᠡᠭᠦᠨ ᠤ ᠲᠤᠯᠠᠳᠠ᠂ ᠪᠢᠳᠡ ᠡᠩ ᠤᠨ ᠤᠯᠤᠰ ᠮᠤᠵᠢ ᠶᠢᠨ ᠭᠤᠣᠯ ᠱᠤᠭᠤᠮ ᠤᠨ ᠵᠠᠰᠠᠮᠠᠯ | ᠵᠠᠮ ᠤᠨ ᠦᠢᠯᠡᠴᠢᠯᠡᠭᠡᠨ ᠤ ᠲᠥᠬᠦᠭᠡᠷᠦᠮᠵᠢ ᠶᠢ ᠣᠷᠣᠨ ᠨᠤᠲᠤᠭ ᠤᠨ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠳᠤ ᠬᠦᠴᠦᠨ ᠨᠡᠮᠡᠷᠢᠯᠡᠬᠦ ᠠᠵᠢᠯ ᠤᠨ ᠪᠠᠶᠢᠷᠢᠯᠠᠭᠤᠯᠤᠯᠲᠠ ᠳᠤ ᠣᠷᠣᠭᠤᠯᠪᠠ᠃ ᠡᠩ ᠤᠨ ᠤᠯᠤᠰ | ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠤᠨ ︽ᠦᠢᠯᠡᠴᠢᠯᠡᠭᠡᠨ ᠤ ᠲᠣᠭᠤᠷᠢᠭ +︾ ᠶᠢᠨ ᠠᠵᠢᠯᠯᠠᠭ᠎ᠠ ᠶᠢ | ᠢᠳᠡᠪᠬᠢᠲᠡᠶ ᠥᠷᠨᠢᠭᠦᠯᠵᠦ᠂ ᠦᠨᠳᠦᠰᠦᠨ ᠦᠢᠯᠡᠴᠢᠯᠡᠭᠡᠨ ᠤ ᠴᠢᠳᠠᠮᠵᠢ ᠶᠢ ᠪᠠᠲᠤᠯᠠᠭᠰᠠᠨ ᠰᠠᠭᠤᠷᠢᠨ ᠳᠡᠭᠡᠷ᠎ᠡ᠂ ︽ | ᠦᠢᠯᠡᠴᠢᠯᠡᠭᠡᠨ ᠤ ᠲᠣᠭᠤᠷᠢᠭ + ᠣᠷᠣᠨ ᠨᠤᠲᠤᠭ ᠤᠨ ᠣᠨᠴᠠᠯᠢᠭ︾ ︽ᠦᠢᠯᠡᠴᠢᠯᠡᠭᠡᠨ ᠤ ᠲᠣᠭᠤᠷᠢᠭ + | ᠲᠠᠷᠢᠶᠠᠯᠠᠩ ᠤᠨ ᠪᠦᠲᠦᠭᠡᠭᠳᠡᠬᠦᠨ︾ ᠵᠡᠷᠭᠡ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠪᠠ᠃ ᠨᠥᠬᠦᠴᠡᠯ ᠲᠠᠢ | ᠦᠢᠯᠡᠴᠢᠯᠡᠭᠡᠨ ᠤ ᠲᠣᠭᠤᠷᠢᠭ ᠲᠤ ᠣᠷᠣᠨ ᠨᠤᠲᠤᠭ ᠤᠨ ᠶᠠᠳᠠᠭᠤ ᠶᠢ ᠲᠡᠳᠬᠦᠬᠦ ᠠᠵᠢᠯ ᠤᠨ ᠱᠠᠭᠠᠷᠳᠠᠯᠭ᠎ᠠ ᠲᠠᠢ | ᠤᠶᠠᠯᠳᠤᠭᠤᠯᠤᠨ᠂ ᠭᠠᠵᠠᠷ ᠣᠷᠣᠨ ᠤ ᠪᠠᠶᠢᠳᠠᠯ ᠳᠤ ᠨᠢ ᠳᠣᠭᠢᠷᠠᠭᠤᠯᠤᠨ ᠲᠤᠬᠠᠶ ᠶᠢᠨ ᠭᠠᠵᠠᠷ ᠤᠨ ᠶᠠᠳᠠᠭᠤ ᠶᠢ | ᠲᠡᠳᠬᠦᠬᠦ ᠣᠨᠴᠠ ᠭᠠᠷᠤᠯᠲᠠ ᠶᠢᠨ ᠪᠣᠷᠣᠯᠠᠭᠤᠯᠭ᠎ᠠ ᠶᠢᠨ ᠲᠤᠰᠬᠠᠶ ᠯᠠᠩᠭᠦᠶ ᠶᠢ ᠳᠣᠭᠢᠷᠠᠭᠤᠯᠵᠤ᠂ ᠲᠤᠬᠠᠶ ᠶᠢᠨ | ᠭᠠᠵᠠᠷ ᠤᠨ ᠶᠠᠳᠠᠭᠤ ᠬᠦᠴᠢᠷᠳᠡᠯᠲᠡᠶ ᠰᠠᠭᠤᠭᠠᠯᠢ ᠠᠷᠠᠳ ᠲᠤ ᠥᠪᠡᠷ ᠤᠨ ᠦᠢᠯᠡᠳᠪᠦᠷᠢᠯᠡᠭᠰᠡᠨ ᠣᠨᠴᠠᠯᠢᠭᠲᠤ | ᠲᠠᠷᠢᠶᠠᠯᠠᠩ ᠲᠤᠰᠠᠯᠠᠬᠤ ᠦᠢᠯᠡᠳᠪᠦᠷᠢᠯᠡᠯ ᠤᠨ ᠪᠦᠲᠦᠭᠡᠭᠳᠡᠬᠦᠨ ᠢ ᠪᠣᠷᠣᠯᠠᠭᠤᠯᠬᠤ ᠪᠠᠷ ᠰᠦᠢᠳᠭᠡᠯ ᠬᠤᠷᠢᠶᠠᠬᠤ ᠦᠭᠡᠢ | ᠬᠠᠩᠭᠠᠪᠠ᠃ ᠡᠭᠦᠨ ᠤ ᠬᠠᠮᠲᠤ᠂ ᠨᠥᠬᠦᠴᠡᠯ ᠲᠠᠢ ᠲᠡᠷᠭᠡ ᠵᠣᠭᠰᠤᠬᠤ ᠭᠠᠵᠠᠷ᠂ ᠠᠷᠠᠴᠢᠯᠠᠨ ᠬᠠᠮᠠᠭᠠᠯᠠᠬᠤ ᠵᠠᠮ ᠤᠨ | ᠠᠩᠭᠢ ᠤᠨ ᠲᠠᠷᠢᠶᠠᠯᠠᠩ ᠲᠤᠰᠠᠯᠠᠬᠤ ᠠᠵᠤ ᠠᠬᠤᠶ ᠶᠢᠨ ᠣᠨᠴᠠ ᠭᠠᠷᠤᠯᠲᠠ ᠶᠢᠨ ᠪᠣᠷᠣᠯᠠᠭᠤᠯᠭ᠎ᠠ ᠶᠢᠨ ᠯᠠᠩᠭᠦᠶ | ᠬᠠᠩᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠲᠤᠬᠠᠶ ᠶᠢᠨ ᠭᠠᠵᠠᠷ ᠤᠨ ᠶᠠᠳᠠᠭᠤ ᠬᠦᠴᠢᠷᠳᠡᠯᠲᠡᠶ ᠰᠠᠭᠤᠭᠠᠯᠢ | ᠠᠷᠠᠳ ᠲᠤ ᠣᠨᠴᠠ ᠭᠠᠷᠤᠯᠲᠠ ᠶᠢᠨ ᠰᠦᠢᠳᠭᠡᠯ ᠬᠤᠷᠢᠶᠠᠬᠤ ᠥᠬᠡᠶ ᠪᠠᠷ ᠪᠣᠷᠣᠯᠠᠭᠤᠯᠬᠤ ᠴᠣᠩᠬᠤ ᠬᠠᠩᠭᠠᠵᠤ᠂ | ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠶᠢ ᠳᠠᠶᠢᠴᠢᠯᠠᠨ᠂ ᠲᠤᠬᠠᠶ ᠶᠢᠨ ᠭᠠᠵᠠᠷ ᠤᠨ ᠶᠠᠳᠠᠭᠤ ᠠᠴᠠ | ᠠᠩᠭᠢᠵᠢᠷᠠᠭᠤᠯᠬᠤ ᠳᠤ ᠬᠦᠴᠦᠨ ᠨᠡᠮᠡᠷᠢᠯᠡᠬᠦ ᠶᠢ ᠵᠣᠷᠢᠭᠵᠢᠭᠤᠯᠪᠠ᠃ ﹇2020- 08-14 14᠄ 58᠄ 53﹈ | ᠬᠥᠲᠥᠯᠥᠭᠴᠢ᠄ | ᠶᠦᠨ ᠲᠢᠩᠬᠢᠮ ᠤᠨ ᠳᠠᠷᠤᠭ᠎ᠠ ᠡ᠂ ᠡᠨᠡ ᠵᠢᠯ ᠪᠢᠳᠡ ᠡᠩ ᠤᠨ ᠤᠯᠤᠰ ᠮᠤᠵᠢ ᠶᠢᠨ ᠭᠤᠤᠯ ᠱᠤᠭᠤᠮ ᠤᠨ | ᠵᠠᠰᠠᠮᠠᠯ ᠵᠠᠮ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ | ᠠᠵᠢᠯ ᠢ ᠬᠡᠷᠬᠢᠨ ᠤᠯᠠᠮ ᠨᠢᠭᠡ ᠠᠯᠬᠤᠮ ᠪᠣᠳᠠᠲᠠᠶ ᠳᠤ ᠨᠠᠶᠢᠳᠠᠪᠤᠷᠢᠵᠢᠭᠤᠯᠬᠤ ᠪᠣᠶ︖ ﹇2020-08-14 15: | 00:53﹈ ﹇2020-08-14 15:00:53﹈ | ᠬᠦᠯᠢᠶᠡᠭᠴᠢ᠄ ᠶᠦᠨ ᠸᠧᠨ ᠵᠢᠩ | ᠡᠨᠡ ᠵᠢᠯ᠂ ᠮᠠᠨ ᠤ ᠣᠷᠣᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ᠦᠢᠯᠡᠴᠢᠯᠡᠭᠡᠨ ᠤ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ | ᠴᠢᠩᠭ᠎ᠠ ᠠᠳᠬᠤᠬᠤ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠣᠯᠠᠨ ᠡᠰᠢᠲᠦ ᠬᠥᠭᠵᠢᠯᠲᠡ ᠶᠢ | ᠠᠬᠢᠭᠤᠯᠬᠤ ᠵᠡᠷᠭᠡ ᠪᠠᠷ ᠳᠠᠮᠵᠢᠭᠤᠯᠤᠨ᠂ ᠡᠩ ᠤᠨ ᠤᠯᠤᠰ ᠮᠤᠵᠢ ᠶᠢᠨ ᠭᠤᠤᠯ ᠱᠤᠭᠤᠮ ᠤᠨ ᠦᠢᠯᠡᠴᠢᠯᠡᠭᠡᠨ ᠤ | ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠨᠠᠷ ᠰᠠᠶᠢᠲᠠᠶ ᠪᠣᠯᠭᠠᠨ᠎ᠠ᠃ ᠨᠢᠭᠡ ᠳᠤ᠂ ᠦᠢᠯᠡᠴᠢᠯᠡᠭᠡᠨ ᠤ | ᠲᠥᠬᠦᠭᠡᠷᠦᠮᠵᠢ ᠶᠢ ᠰᠠᠶᠢᠲᠤᠷ ᠪᠠᠶᠢᠭᠤᠯᠵᠤ ᠰᠠᠶᠢᠲᠤᠷ ᠬᠠᠮᠢᠶᠠᠷᠴᠤ ᠰᠠᠶᠢᠲᠤᠷ ᠡᠵᠡᠩᠨᠡᠨ᠎ᠡ᠃ ᠪᠢᠳᠡ ᠦᠷᠭᠦᠯᠵᠢᠯᠡᠨ ︽ | ᠨᠢᠭᠡᠳᠦᠯᠲᠡᠶ ᠲᠥᠯᠥᠪᠵᠢᠭᠦᠯᠬᠦ᠂ ᠵᠦᠶ ᠵᠣᠬᠢᠰᠲᠠᠶ ᠪᠠᠶᠢᠷᠢᠯᠠᠭᠤᠯᠬᠤ᠂ ᠴᠢᠳᠠᠮᠵᠢ ᠶᠢ ᠵᠣᠬᠢᠴᠠᠭᠤᠯᠬᠤ᠂ ᠵᠣᠬᠢᠬᠤ | ᠬᠡᠮᠵᠢᠶ᠎ᠡ ᠪᠠᠷ ᠤᠷᠢᠳᠴᠢᠯᠠᠭᠤᠯᠬᠤ︾ ᠱᠠᠭᠠᠷᠳᠠᠯᠭ᠎ᠠ ᠶᠣᠰᠣᠭᠠᠷ ᠨᠠᠶᠢᠳᠠᠪᠦᠷᠢᠵᠢᠭᠤᠯᠤᠨ᠎ᠠ᠃ ﹇2020-08-14 | 15᠄ 01᠄ 53﹈ | ᠬᠥᠲᠥᠯᠥᠭᠴᠢ᠄ | ᠵᠠ᠂ ᠴᠠᠭ ᠤᠨ ᠬᠠᠷᠠᠭ᠎ᠠ ᠠᠴᠠ ᠪᠣᠯᠵᠤ᠂ ᠪᠢᠳᠡᠨ ᠤ ᠥᠨᠥᠳᠦᠷ ᠤᠨ ᠰᠤᠷᠪᠤᠯᠵᠢᠯᠠᠭ᠎ᠠ ᠠᠳᠡ ᠬᠦᠷᠦᠭᠡᠳ | ᠲᠡᠭᠦᠰᠦᠯ᠎ᠡ᠃ | ᠶᠦᠨ ᠲᠢᠩᠬᠢᠮ ᠤᠨ ᠳᠠᠷᠤᠭ᠎ᠠ ᠶᠢᠨ ᠬᠠᠯᠠᠰᠢᠷᠠᠯ ᠦᠭᠡᠶ ᠬᠠᠷᠢᠭᠤᠯᠤᠭᠰᠠᠨ ᠳᠤ ᠲᠠᠯᠠᠷᠬᠠᠵᠤ ᠪᠠᠶᠢᠬᠤ ᠪᠥᠭᠡᠳ | ᠰᠦᠯᠵᠢᠶᠡᠨ ᠤ ᠠᠨᠳᠠ ᠨᠠᠷ ᠤᠨ ᠬᠠᠯᠠᠭᠤᠨ ᠰᠡᠳᠭᠢᠯᠭᠡ ᠪᠠᠷ ᠣᠷᠣᠯᠴᠠᠭᠰᠠᠨ ᠳᠤ ᠲᠠᠯᠠᠷᠬᠠᠵᠤ ᠪᠠᠶᠢᠨ᠎ᠠ᠃ ﹇ | 2020-08 -14 15᠄ 09᠄ 53﹈ | ᠬᠦᠯᠢᠶᠡᠭᠴᠢ᠄ ᠶᠦᠨ ᠸᠧᠨ ᠵᠢᠩ | ᠬᠥᠲᠥᠯᠥᠭᠴᠢ ᠳᠤ ᠲᠠᠯᠠᠷᠬᠠᠵᠤ ᠪᠠᠶᠢᠨ᠎ᠠ᠂ ᠰᠦᠯᠵᠢᠶᠡᠨ ᠤ ᠠᠨᠳᠠ ᠨᠠᠷ ᠲᠤ ᠲᠠᠯᠠᠷᠬᠠᠵᠤ ᠪᠠᠶᠢᠨ᠎ᠠ᠃ ᠤᠯᠠᠨ | ᠢᠶᠠᠷ ᠢᠶᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠤᠯᠤᠰ ᠮᠤᠵᠢ ᠶᠢᠨ ᠭᠤᠣᠯ | ᠱᠤᠭᠤᠮ ᠤᠨ ᠵᠠᠰᠠᠮᠠᠯ ᠵᠠᠮ ᠤᠨ ᠦᠢᠯᠡᠴᠢᠯᠡᠭᠡᠨ ᠤ ᠲᠥᠬᠦᠭᠡᠷᠦᠮᠵᠢ ᠶᠢ ᠦᠷᠭᠦᠯᠵᠢᠯᠡᠨ ᠠᠩᠬᠠᠷᠴᠤ᠂ ᠬᠠᠮᠲᠤ ᠪᠠᠷ | ᠴᠢᠷᠮᠠᠶᠢᠵᠤ ᠪᠠᠶᠢᠭᠠᠳ ᠪᠦᠬᠦ ᠣᠷᠣᠨ ᠤ ᠥᠷᠭᠡᠨ ᠤᠯᠠᠨ ᠠᠷᠠᠳ ᠲᠦᠮᠡᠨ ᠳᠤ ᠨᠡᠩ ᠠᠮᠤᠷ ᠲᠦᠪᠰᠢᠨ᠂ ᠳᠥᠭᠦᠮ | ᠳᠥᠲᠡ᠂ ᠥᠨᠳᠥᠷ ᠦᠷ᠎ᠡ ᠠᠰᠢᠭ ᠲᠠᠢ᠂ ᠪᠣᠬᠢᠷᠲᠤᠯ ᠦᠭᠡᠢ᠂ ᠬᠢᠮᠳᠠ ᠵᠠᠰᠠᠮᠠᠯ ᠵᠠᠮ ᠤᠨ ᠦᠢᠯᠡᠴᠢᠯᠡᠭᠡ | ᠬᠠᠩᠭᠠᠬᠤ ᠪᠠᠷ ᠲᠡᠮᠡᠴᠡᠵᠡᠭᠡᠶ᠎ᠡ︕ ᠲᠠ ᠪᠦᠬᠦᠨ ᠳᠤ ᠳᠠᠬᠢᠨᠲᠠ ᠲᠠᠯᠠᠷᠬᠠᠵᠤ ᠪᠠᠶᠢᠨ᠎ᠠ︕ ﹇2020-08-14 | 15᠄ 10᠄ 53﹈ |