ᠰᠤᠷᠪᠤᠯᠵᠢᠯᠠᠭ᠎ᠠ ᠶᠢᠨ ᠭᠤᠤᠯ ᠰᠡᠳᠦᠪ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠥᠪᠡᠷ ᠤᠨ ᠦᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ
ᠨᠡᠶᠢᠲᠡᠯᠡᠭᠰᠡᠨ ᠴᠠᠭ᠄
2021/3/2
    ᠰᠤᠷᠪᠤᠯᠵᠢᠯᠠᠭ᠎ᠠ ᠬᠦᠯᠢᠶᠡᠭᠴᠢ᠄  ᠶᠦᠨ ᠸᠧᠨ ᠵᠢᠩ      ᠰᠤᠷᠪᠤᠯᠵᠢᠯᠠᠭᠰᠠᠨ ᠴᠠᠭ᠄ 2018 -11-20      ᠭᠤᠤᠯ ᠠᠭᠤᠯᠭ᠎ᠠ ᠨᠢ᠄ ᠵᠠᠮ ᠬᠠᠷᠢᠯᠴᠠᠭ᠎ᠠ ᠲᠡᠭᠡᠭᠡᠪᠦᠷᠢ ᠨᠢ ᠪᠠᠷᠠᠭᠠᠨ ᠤ ᠭᠦᠢᠯᠭᠡᠭᠡᠨ ᠤ ᠰᠠᠭᠤᠷᠢ ᠭᠤᠭᠴᠤᠭ᠎ᠠ ᠪᠠ ᠲᠦᠰᠢᠭ ᠠᠴᠢᠶᠠᠯᠠᠭᠴᠢ ᠪᠣᠯᠤᠭᠰᠠᠨ ᠤ ᠬᠤᠪᠢ ᠳᠤ᠂ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ ᠎ ᠤᠨ ᠬᠥᠭᠵᠢᠯᠲᠡ ᠶᠢ ᠳᠥᠯᠭᠢᠨ ᠠᠬᠢᠭᠤᠯᠬᠤ ᠳᠤ ᠲᠦᠢᠯ ᠤᠨ ᠴᠢᠬᠤᠯᠠ ᠰᠠᠭᠤᠷᠢ ᠪᠠ ᠭᠤᠤᠯ ᠴᠣᠭᠴᠠ ᠶᠢᠨ ᠦᠢᠯᠡᠳᠦᠯ ᠲᠠᠢ ᠶᠤᠮ᠃ ᠣᠶᠢᠷ᠎ᠠ ᠶᠢᠨ ᠬᠡᠳᠦᠨ ᠵᠢᠯ ᠳᠤ᠂ ᠠᠵᠤ ᠠᠬᠤᠶ ᠶᠢᠨ ᠲᠦᠷᠭᠡᠨ ᠬᠥᠭᠵᠢᠯᠲᠡ ᠶᠢᠨ ᠳᠠᠶᠢᠴᠢᠯᠠᠯᠲᠠ ᠳᠣᠤᠷ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠷᠠᠭᠠᠨ ᠤ ᠭᠦᠢᠯᠭᠡᠭᠡᠨ ᠤ ᠦᠢᠯᠡᠰ ᠦᠳᠲᠡᠷ ᠲᠦᠷᠭᠡᠨ ᠬᠥᠭᠵᠢᠵᠦ᠂ ᠡᠯ᠎ᠡ ᠭᠠᠵᠠᠷ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠵᠢᠱᠢᠭᠰᠡᠨ ᠬᠠᠷᠠᠯᠲᠠ ᠪᠠᠨ ᠪᠡᠶᠡᠯᠡᠭᠦᠯᠬᠦ ᠶᠢ ᠪᠠᠲᠤᠯᠠᠬᠤ ᠶᠢᠨ ᠲᠥᠯᠥᠭᠡ ᠁      ᠦᠰᠦᠭ ᠪᠢᠴᠢᠭ ᠤᠨ ᠪᠣᠳᠠᠲᠤ ᠲᠡᠮᠳᠡᠭᠯᠡᠯ      ᠬᠥᠲᠥᠯᠥᠭᠴᠢ᠄      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠢᠶᠠᠷ ᠲᠦᠷᠦᠭᠦᠯᠡᠭᠦᠯᠦᠭᠰᠡᠨ ︽ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠬᠥᠭᠵᠢᠯᠲᠡ ᠶᠢ ᠠᠬᠢᠭᠤᠯᠬᠤ ᠵᠢᠴᠢ ᠵᠠᠮ ᠬᠠᠷᠢᠯᠴᠠᠭ᠎ᠠ ᠰᠢᠤᠳᠠᠨ ᠤ ᠬᠠᠮᠲᠤᠷᠠᠯᠴᠠᠭᠠᠨ ᠤ ᠲᠤᠬᠠᠢ ᠶᠢᠨ ᠲᠠᠯᠠᠪᠠᠢ ᠶᠢᠨ ᠬᠤᠷᠠᠯ︾᠎ ᠢ᠂ 10 ᠳ᠋ᠤᠭᠠᠷ ᠰᠠᠷ᠎ᠠ ᠳᠤ ᠥᠪᠥᠷ ᠮᠣᠩᠭᠤᠯ ᠤᠨ ᠰᠢᠯᠢ ᠶᠢᠨ ᠭᠤᠤᠯ ᠠᠶᠢᠮᠠᠭ ᠲᠤ ᠬᠤᠷᠠᠯᠳᠤᠭᠤᠯᠪᠠ᠂ ᠲᠡᠭᠡᠪᠡᠯ ᠶᠠᠭᠤᠨ ᠳᠤ ᠰᠢᠯᠢ ᠶᠢᠨ ᠭᠤᠤᠯ ᠠᠶᠢᠮᠠᠭ ᠲᠤ ᠲᠣᠰ ᠤᠳᠠᠭᠠᠨ ᠤ ᠬᠤᠷᠠᠯ ᠢ ᠬᠤᠷᠠᠯᠳᠤᠭᠤᠯᠬᠤ ᠪᠠᠷ ᠰᠣᠩᠭᠤᠭᠰᠠᠨ ᠪᠣᠶ︖ ﹇2018-11-26 10᠄ 51᠄ 23﹈     ᠬᠦᠯᠢᠶᠡᠭᠴᠢ᠄ ᠶᠦᠨ ᠸᠧᠨ ᠵᠢᠩ      ᠰᠢᠯᠢ ᠶᠢᠨ ᠭᠤᠣᠯ ᠠᠶᠢᠮᠠᠭ ᠲᠤ ᠵᠠᠮ ᠬᠠᠷᠢᠯᠴᠠᠭ᠎ᠠ ᠰᠢᠦᠳᠠᠨ ᠤ ᠬᠠᠮᠲᠤᠷᠠᠯᠴᠠᠭᠠᠨ ᠤ ᠲᠤᠬᠠᠢ ᠶᠢᠨ ᠲᠠᠯᠠᠪᠠᠢ ᠶᠢᠨ ᠬᠤᠷᠠᠯ ᠢ ᠬᠤᠷᠠᠯᠳᠤᠭᠤᠯᠬᠤ ᠪᠠᠷ ᠰᠣᠩᠭᠤᠭᠰᠠᠨ ᠨᠢ᠂ ᠭᠤᠣᠯᠳᠠᠭᠤ ᠰᠢᠯᠢ ᠶᠢᠨ ᠭᠤᠣᠯ ᠠᠶᠢᠮᠠᠭ ᠤᠨ ᠵᠠᠰᠠᠭ ᠤᠨ ᠣᠷᠳᠣᠨ ᠨᠢ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠪᠦᠳᠦᠭᠡᠨ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠵᠤ᠂ ᠡᠯ᠎ᠡ ᠰᠠᠯᠠᠭ᠎ᠠ ᠮᠥᠴᠢᠷ ᠤᠨ ᠬᠢᠨ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠣᠨᠴᠠᠭᠠᠶᠢᠯᠠᠨ ᠵᠠᠮ ᠬᠠᠷᠢᠯᠴᠠᠭ᠎ᠠ ᠰᠢᠦᠳᠠᠨ ᠤ ᠬᠠᠮᠲᠤᠷᠠᠯᠴᠠᠭᠠᠨ ᠤ ᠲᠠᠯ᠎ᠠ ᠪᠠᠷ ᠶᠡᠭᠡ ᠬᠡᠮᠵᠢᠶᠡᠨ ᠤ ᠪᠦᠲᠦᠮᠵᠢᠲᠡᠢ ᠠᠵᠢᠯ ᠬᠢᠵᠦ᠂ ᠪᠦᠬᠦ ᠣᠷᠣᠨ ᠤ ᠡᠮᠦᠨ᠎ᠡ ᠡᠩᠨᠡᠭᠡᠨ ᠳᠤ ᠶᠠᠪᠤᠭᠰᠠᠨ ᠠᠴᠠ ᠪᠣᠯᠤᠭᠰᠠᠨ ᠶᠤᠮ᠃ ᠰᠢᠯᠢ ᠶᠢᠨ ᠭᠤᠣᠯ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢ ᠰᠢᠦᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ ᠵᠡᠷᠭᠡ ᠰᠠᠯᠠᠭ᠎ᠠ ᠮᠥᠴᠢᠷ ᠲᠠᠢ ᠬᠤᠯᠪᠤᠭᠠᠯᠠᠨ ᠵᠠᠮ ᠬᠠᠷᠢᠯᠴᠠᠭ᠎ᠠ ᠰᠢᠦᠳᠠᠨ ᠤ ᠬᠠᠮᠲᠤᠷᠠᠯᠴᠠᠭᠠᠨ ᠤ ᠠᠵᠢᠯᠯᠠᠭᠠᠨ ᠤ ᠲᠥᠯᠥᠪᠯᠡᠭᠡ ᠶᠢ ᠬᠠᠮᠲᠤ ᠪᠠᠷ ᠲᠣᠭᠲᠠᠭᠠᠨ ᠬᠡᠷᠡᠭᠵᠢᠭᠦᠯᠵᠦ᠂ ᠵᠠᠮ ᠬᠠᠷᠢᠯᠴᠠᠭ᠎ᠠ ᠰᠢᠦᠳᠠᠨ ᠤ ᠬᠠᠮᠲᠤᠷᠠᠯᠴᠠᠭᠠᠨ ᠤ ᠦᠢᠯᠡᠴᠢᠯᠡᠭᠡᠨ ᠤ ᠥᠷᠲᠡᠭᠡ ᠴᠡᠭ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠴᠢᠳᠠᠮᠵᠢ ᠶᠢ ᠬᠠᠮᠲᠤ ᠪᠠᠷ ᠲᠡᠭᠦᠯᠳᠡᠷᠵᠢᠭᠦᠯᠵᠦ᠂ ᠡᠭᠦᠨ ᠤ ᠬᠠᠮᠲᠤ ︽ᠤᠷᠢᠳ ᠢᠶᠠᠷ ᠬᠢᠯᠪᠠᠷ ᠢ ᠨᠢ ᠳᠠᠷᠠᠭ᠎ᠠ ᠨᠢ ᠬᠦᠴᠢᠷᠲᠡᠶ ᠶᠢ ᠨᠢ ᠬᠢᠵᠦ᠂ ᠤᠷᠢᠳ ᠢᠶᠠᠷ ᠴᠡᠭ ᠢ ᠨᠢ ᠳᠠᠷᠠᠭ᠎ᠠ ᠨᠢ ᠪᠦᠬᠦ ᠲᠠᠯ᠎ᠠ ᠶᠢ ᠨᠢ ᠬᠢᠵᠦ᠂ ᠠᠯᠬᠤᠮ ᠠᠯᠬᠤᠮ ᠢᠶᠠᠷ ᠳᠡᠯᠭᠡᠷᠡᠭᠦᠯᠬᠦ︾ ᠠᠵᠢᠯ ᠤᠨ ᠵᠠᠷᠴᠢᠮ ᠶᠣᠰᠣᠭᠠᠷ᠂ ︽ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ + ᠵᠠᠮ ᠬᠠᠷᠢᠯᠴᠠᠭ᠎ᠠ ᠰᠢᠦᠳᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠥᠷᠲᠡᠭᠡ︾᠎ ᠶᠢᠨ ᠬᠡᠯᠪᠡᠷᠢ ᠶᠢ ᠠᠪᠴᠤ᠂ ᠨᠢᠭᠡ ᠪᠦᠯᠦᠭ ᠲᠠᠷᠢᠶᠠᠯᠠᠬᠤ ᠮᠠᠯᠵᠢᠬᠤ ᠣᠷᠣᠨ ᠤ ᠲᠦᠷᠭᠡᠨ ᠬᠦᠷᠭᠡᠬᠦ ᠪᠠᠷᠠᠭᠠᠨ ᠤ ᠭᠦᠢᠯᠭᠡᠭᠡᠨ ᠤ ᠬᠡᠷᠡᠭᠴᠡᠭᠡ ᠱᠠᠭᠠᠷᠳᠠᠯᠭ᠎ᠠ ᠵᠢᠴᠢ ᠬᠥᠭᠵᠢᠯᠲᠡ ᠶᠢᠨ ᠳᠠᠯᠳᠠ ᠬᠦᠴᠦᠨ ᠢᠶᠠᠷ ᠶᠡᠭᠡ᠂ ᠰᠠᠭᠤᠷᠢ ᠨᠥᠬᠦᠴᠡᠯ ᠢᠶᠠᠷ ᠰᠠᠶᠢᠨ᠂ ᠣᠨᠴᠠᠯᠢᠭ ᠢᠶᠠᠷ ᠢᠯᠡ ᠲᠣᠳᠣ ᠬᠤᠰᠢᠭᠤ ᠰᠢᠶᠠᠨ ᠬᠤᠲᠠ ᠲᠣᠭᠤᠷᠢᠭ ᠢ ᠰᠣᠩᠭᠤᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠢᠨᠵᠧᠨᠧᠷᠢᠩ ᠪᠣᠯᠭᠠᠬᠤ ᠶᠢᠨ ᠬᠠᠮᠲᠤ᠂ ᠪᠣᠳᠠᠲᠠᠶ ᠪᠠᠶᠢᠳᠠᠯ ᠢᠶᠠᠨ ᠦᠨᠳᠦᠰᠦᠯᠡᠨ᠂ ᠭᠠᠵᠠᠷ ᠣᠷᠣᠨ ᠤ ᠪᠠᠶᠢᠳᠠᠯ ᠳᠤ ᠪᠠᠨ ᠳᠣᠭᠢᠷᠠᠭᠤᠯᠤᠨ᠂ ︽ᠠᠶᠠᠨᠴᠢᠳ ᠪᠠ ᠪᠠᠷᠠᠭᠠᠨ ᠤ ᠲᠡᠭᠡᠭᠡᠪᠦᠷᠢ ᠶᠢᠨ ᠠᠵᠤ ᠠᠬᠤᠶᠢᠯᠠᠯ + ᠲᠦᠷᠭᠡᠨ ᠬᠦᠷᠭᠡᠬᠦ ᠠᠵᠤ ᠠᠬᠤᠶᠢᠯᠠᠯ ᠤᠨ ᠬᠤᠯᠪᠣᠭ᠎ᠠ︾ ᠪᠠ ︽ᠠᠶᠠᠨᠴᠢᠳ ᠪᠠ ᠪᠠᠷᠠᠭᠠᠨ ᠤ ᠲᠡᠭᠡᠭᠡᠪᠦᠷᠢ ᠎ ᠶᠢᠨ ᠡᠭᠡᠯᠵᠢ ᠶᠢᠨ ᠱᠤᠭᠤᠮ + ᠵᠠᠮ ᠬᠠᠷᠢᠯᠴᠠᠭ᠎ᠠ ᠰᠢᠤᠳᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠥᠷᠲᠡᠭᠡ︾ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠵᠠᠮ ᠬᠠᠷᠢᠯᠴᠠᠭ᠎ᠠ ᠰᠢᠤᠳᠠᠨ ᠤ ᠬᠠᠮᠲᠤᠷᠠᠯᠴᠠᠭᠠᠨ ᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ ᠶᠢ ᠪᠣᠳᠣᠯᠬᠢᠯᠠᠵᠤ᠂ ᠣᠳᠣᠬᠠᠨ ᠳᠤ ᠨᠢᠭᠡᠨᠲᠡ ᠪᠥᠬᠦ ᠠᠶᠢᠮᠠᠭ ᠲᠤ 109 ᠵᠠᠮ ᠬᠠᠷᠢᠯᠴᠠᠭ᠎ᠠ ᠰᠢᠤᠳᠠᠨ ᠤ ᠬᠠᠮᠲᠤᠷᠠᠯᠴᠠᠭᠠᠨ ᠤ ᠦᠢᠯᠡᠴᠢᠯᠡᠭᠡᠨ ᠤ ᠥᠷᠲᠡᠭᠡ ᠶᠢ ᠪᠠᠶᠢᠭᠤᠯᠵᠤ ᠳᠠᠭᠤᠰᠬᠠᠪᠠ᠃ ᠰᠢᠯᠢᠩᠬᠤᠲᠠ ᠶᠢᠨ ᠪᠠᠷᠠᠭᠤᠨ ᠠᠶᠠᠨᠴᠢᠳ ᠤᠨ ᠥᠷᠲᠡᠭᠡᠨ ᠤ ᠲᠦᠷᠭᠡᠨ ᠬᠦᠷᠭᠡᠯᠲᠡ ᠶᠢ ᠬᠥᠳᠡᠭᠡ ᠪᠠᠭᠤᠯᠭᠠᠬᠤ ᠢᠨᠵᠧᠨᠧᠷᠢᠩ ᠤᠨ ᠲᠣᠬᠢᠷᠠᠭᠤᠯᠤᠯᠲᠠ ᠬᠠᠮᠢᠶᠠᠷᠤᠯᠲᠠ ᠶᠢᠨ ᠬᠢᠨᠠᠨ ᠡᠵᠡᠮᠳᠡᠬᠦ ᠲᠥᠪ ᠢ ᠪᠠᠶᠢᠭᠤᠯᠵᠤ᠂ 10 ᠲᠡᠭᠰᠢ ᠳᠥᠷᠪᠡᠯᠵᠢᠨ ᠮᠧᠲᠷ ᠤᠨ ᠳᠡᠭᠡᠳᠦ ᠲᠣᠳᠣ ᠪᠦᠷᠢᠨ ᠥᠩᠭᠡᠲᠦ LED ᠲᠣᠮᠣ ᠳᠡᠯᠭᠡᠴᠡ ᠶᠢᠨ ᠰᠢᠰᠲ᠋ᠧᠮ ᠨᠢ ᠪᠥᠬᠦ ᠠᠶᠢᠮᠠᠭ ᠤᠨ 14 ᠬᠤᠰᠢᠭᠤ ᠰᠢᠶᠠᠨ ︵ᠬᠤᠲᠠ᠂ ᠲᠣᠭᠤᠷᠢᠭ︶᠎ ᠤ ᠬᠤᠪᠢᠶᠠᠷᠢᠯᠠᠨ ᠰᠠᠯᠭᠠᠬᠤ ᠲᠥᠪ ᠢ ᠴᠠᠭ ᠲᠤᠬᠠᠶ ᠳᠤ ᠨᠢ ᠬᠢᠨᠠᠨ ᠡᠵᠡᠮᠳᠡᠵᠦ᠂ ᠪᠥᠬᠦ ᠠᠶᠢᠮᠠᠭ ᠤᠨ ᠪᠣᠶ ᠪᠥᠬᠦᠶ ᠲᠦᠷᠭᠡᠨ ᠬᠦᠷᠭᠡᠬᠦ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠥᠷᠲᠡᠭᠡ ᠪᠠ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠲᠡᠷᠭᠡ ᠶᠢᠨ ᠠᠵᠢᠯᠯᠠᠭᠠᠨ ᠤ ᠪᠠᠶᠢᠳᠠᠯ ᠢ ᠣᠷᠣᠨ ᠪᠠᠶᠢᠷᠢ ᠲᠣᠭᠲᠠᠭᠠᠨ ᠮᠥᠷᠳᠡᠵᠦ᠂ ᠲᠦᠷᠭᠡᠨ ᠬᠦᠷᠭᠡᠬᠦ ᠪᠠᠷᠠᠭᠠᠨ ᠤ ᠭᠦᠢᠯᠭᠡᠭᠡᠨ ᠤ ᠰᠦᠯᠵᠢᠶᠡᠨ ᠤ ᠰᠢᠰᠲ᠋ᠧᠮᠵᠢ ᠶᠢᠨ ᠠᠵᠢᠯᠯᠠᠭᠠᠨ ᠤ ᠪᠠᠶᠢᠳᠠᠯ ᠢ ᠪᠥᠬᠦ ᠲᠠᠯ᠎ᠠ ᠪᠠᠷ ᠬᠥᠳᠡᠯᠦᠩᠭᠦᠶ ᠪᠠᠷ ᠬᠢᠨᠠᠨ ᠬᠡᠮᠵᠢᠬᠦ ᠪᠠ ᠵᠠᠳᠠᠯᠤᠨ ᠰᠢᠨᠵᠢᠵᠦ ᠴᠢᠳᠠᠨ᠎ᠠ᠃ ︽ᠲᠦᠷᠭᠡᠨ ᠬᠦᠷᠭᠡᠯᠲᠡ ᠶᠢ ᠬᠥᠳᠡᠭᠡ ᠪᠠᠭᠤᠯᠭᠠᠬᠤ ᠢᠨᠵᠧᠨᠧᠷᠢᠩ︾᠎ ᠢ ᠪᠥᠬᠦ ᠲᠠᠯ᠎ᠠ ᠪᠠᠷ ᠠᠬᠢᠭᠤᠯᠵᠤ᠂ ᠲᠦᠷᠭᠡᠨ ᠬᠦᠷᠭᠡᠯᠲᠡ ᠶᠢᠨ ᠰᠦᠯᠵᠢᠶᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠵᠡᠭᠦᠨ ᠦᠵᠦᠮᠦᠴᠢᠨ᠂ ᠰᠦᠨᠢᠳ ᠪᠠᠷᠠᠭᠤᠨ ᠬᠤᠰᠢᠭᠤ᠂ ᠰᠢᠯᠤᠭᠤᠨ ᠬᠥᠬᠡ ᠬᠤᠰᠢᠭᠤ ᠪᠠ      ᠲᠠᠶᠢᠹᠣᠰᠧ ᠬᠤᠰᠢᠭᠤ ᠵᠡᠷᠭᠡ ᠡᠯᠧᠺᠲᠷᠣᠨ ᠬᠤᠳᠠᠯᠳᠤᠭᠠᠨ ᠤ ᠵᠢᠱᠢᠶ᠎ᠡ ᠦᠵᠡᠭᠦᠯᠬᠦ ᠬᠤᠰᠢᠭᠤ ᠰᠢᠶᠠᠨ ᠪᠠ ᠪᠥᠬᠦ ᠠᠶᠢᠮᠠᠭ ᠤᠨ ᠪᠤᠰᠤᠳ ᠣᠷᠣᠨ ᠪᠦᠰᠡ ᠶᠢᠨ ᠣᠨᠴᠠᠯᠢᠭ ᠲᠠᠢ ᠡᠯᠧᠺᠲᠷᠣᠨ ᠬᠤᠳᠠᠯᠳᠤᠭᠠᠨ ᠤ ᠲᠠᠪᠴᠠᠩ ᠳᠤ᠂ ᠲᠦᠷᠭᠡᠨ ᠬᠦᠷᠭᠡᠯᠲᠡ ᠶᠢᠨ ᠪᠠᠷᠠᠭᠠᠨ ᠤ ᠭᠦᠢᠯᠭᠡᠭᠡᠨ ᠤ ᠣᠷᠳᠣ ᠬᠤᠭᠤᠴᠠᠭᠠᠨ ᠤ ᠲᠣᠭᠲᠠᠪᠤᠷᠢᠲᠠᠶ ᠦᠢᠯᠡᠴᠢᠯᠡᠭᠡ ᠶᠢ ᠬᠠᠩᠭᠠᠨ᠎ᠠ᠃ ᠡᠯᠧᠺᠲᠷᠣᠨ ᠬᠤᠳᠠᠯᠳᠤᠭᠠᠨ ᠤ ᠲᠠᠪᠴᠠᠩ ᠢ ᠳᠥᠷᠪᠡᠳᠦᠭᠡᠷ ᠱᠠᠲᠤᠨ ᠤ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠰᠦᠯᠵᠢᠶᠡᠨ ᠤ ᠦᠢᠯᠡᠴᠢᠯᠡᠭᠡᠨ ᠤ ᠰᠢᠰᠲ᠋ᠧᠮᠵᠢ ᠶᠢᠨ ᠪᠠᠷᠠᠭᠠᠨ ᠤ ᠭᠦᠢᠯᠭᠡᠭᠡᠨ ᠤ ᠰᠦᠯᠵᠢᠶ᠎ᠡ ᠯᠦᠭᠡ ᠲᠤᠬᠠᠶᠢᠯᠠᠭᠰᠠᠨ ᠠᠵᠢᠯ ᠤᠨ ᠬᠤᠯᠪᠣᠭᠠᠯᠠᠨ ᠬᠥᠳᠡᠯᠦᠯᠴᠡᠬᠦ ᠶᠢ ᠪᠣᠶ ᠪᠣᠯᠭᠠᠵᠤ᠂ ᠲᠦᠷᠭᠡᠨ ᠬᠤᠤᠰ ᠴᠢᠭᠯᠡᠯ ᠤᠨ ᠲᠦᠷᠭᠡᠨ ᠬᠦᠷᠭᠡᠬᠦ ᠪᠠᠷᠠᠭᠠᠨ ᠤ ᠭᠦᠢᠯᠭᠡᠭᠡᠨ ᠤ ᠨᠡᠪᠲᠡᠷᠡᠬᠦ ᠵᠠᠮ ᠢ ᠬᠠᠩᠭᠠᠵᠤ᠂ ᠬᠤᠳᠠᠯᠳᠤᠭᠠᠨ ᠤ ᠶᠠᠪᠤᠳᠠᠯ᠂ ᠬᠠᠩᠭᠠᠨ ᠪᠣᠷᠣᠯᠠᠭᠤᠯᠬᠤ᠂ ᠲᠠᠷᠢᠶᠠᠯᠠᠩ ᠮᠠᠯ ᠠᠵᠤ ᠠᠬᠤᠶ᠂ ᠵᠠᠮ ᠬᠠᠷᠢᠯᠴᠠᠭ᠎ᠠ᠂ ᠰᠢᠤᠳᠠᠨ ᠵᠡᠷᠭᠡ ᠠᠵᠤ ᠦᠢᠯᠡᠰ ᠤᠨ ᠡᠬᠢ ᠪᠠᠶᠠᠯᠢᠭ ᠤᠨ ᠠᠭᠤᠰᠤᠯᠴᠠᠯ ᠢ ᠪᠡᠶᠡᠯᠡᠭᠦᠯᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠬᠢᠭᠡᠳ ᠪᠠᠷᠠᠭᠠᠨ ᠤ ᠭᠦᠢᠯᠭᠡᠭᠡᠨ ᠤ ᠦᠢᠯᠡᠰ ᠤᠨ ᠴᠢᠨᠠᠷ ᠰᠠᠶᠢᠲᠠᠶ ᠬᠠᠮᠵᠢᠯᠴᠠᠨ ᠬᠥᠭᠵᠢᠬᠦ ᠶᠢ ᠠᠬᠢᠭᠤᠯᠤᠨ᠎ᠠ᠃ ᠰᠢᠯᠢ ᠶᠢᠨ ᠭᠤᠣᠯ ᠠᠶᠢᠮᠠᠭ ᠤᠨ ᠠᠨ ᠱᠦᠨ ᠲᠡᠭᠡᠭᠡᠪᠦᠷᠢ ᠶᠢᠨ ᠺᠣᠮᠫᠠᠨᠢ ᠨᠢ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠮᠠᠭᠤᠳᠠᠵᠤ᠂ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠪᠠᠴᠢᠮ ᠪᠠᠶᠢᠳᠠᠯ ᠳᠤ ᠲᠤᠯᠭᠠᠷᠠᠭᠰᠠᠨ ᠪᠠᠶᠢᠳᠠᠯ ᠳᠣᠣᠷ᠎ᠠ᠂ ᠲᠣᠭᠲᠠᠮᠠᠯ ᠱᠤᠭᠤᠮ ᠤᠨ ᠠᠶᠠᠨᠴᠢᠳ ᠤᠨ ᠲᠡᠭᠡᠭᠡᠪᠦᠷᠢ ᠶᠢᠨ ᠲᠡᠷᠭᠡ ᠬᠥᠰᠬᠡ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠣᠲᠣ ᠶᠢᠨ ᠪᠠᠶᠢᠭ᠎ᠠ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠳᠤ ᠲᠦᠰᠢᠭᠯᠡᠨ ᠵᠠᠮ ᠬᠠᠷᠢᠯᠴᠠᠭ᠎ᠠ ᠰᠢᠤᠳᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠥᠷᠲᠡᠭᠡ ᠴᠡᠭ ᠢ ᠪᠠᠶᠢᠭᠤᠯᠵᠤ᠂ ᠵᠠᠮ  ᠬᠠᠷᠢᠯᠴᠠᠭ᠎ᠠ ᠰᠢᠤᠳᠠᠨ ᠤ ᠬᠠᠮᠲᠤᠷᠠᠯᠴᠠᠭ᠎ᠠ ᠶᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠥᠪᠡᠷᠲᠡᠭᠡᠨ ᠵᠠᠰᠠᠬᠤ ᠣᠷᠣᠨ ᠤ ᠲᠦᠷᠭᠡᠨ ᠬᠦᠷᠭᠡᠯᠲᠡ ᠶᠢᠨ ᠡᠵᠡᠩᠨᠡᠯᠲᠡ ᠶᠢᠨ ᠵᠥᠪᠰᠢᠶᠡᠷᠡᠯ ᠢ ᠣᠯᠤᠭᠰᠠᠨ ᠠᠩᠬᠠᠳᠠᠭᠴᠢ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠪᠣᠯᠵᠣ᠂ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠬᠤ ᠳᠤ ᠰᠠᠶᠢᠨ ᠭᠠᠷᠬᠤ ᠵᠠᠮ ᠡᠷᠢᠵᠦ ᠥᠭᠭᠦᠭᠰᠡᠨ ᠢᠶᠠᠷ ᠪᠠᠷᠠᠬᠤ ᠥᠬᠡᠶ᠂ ᠪᠤᠬ᠎ᠠ ᠲᠡᠷᠭᠡ ᠶᠢ ᠳᠣᠷᠣᠭᠰᠢ ᠴᠢᠭᠯᠡᠯ ᠬᠠᠨᠳᠤᠭᠤᠯᠬᠤ᠂ ᠬᠥᠳᠡᠭᠡ ᠲᠣᠰᠬᠤᠨ ᠳᠤ  ᠦᠢᠯᠡᠴᠢᠯᠡᠬᠦ ᠬᠠᠷᠠᠯᠲᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠪᠠ᠃ ᠪᠢᠳᠡ ᠲᠣᠰ ᠤᠳᠠᠭᠠᠨ ᠤ ᠲᠤᠬᠠᠶ ᠶᠢᠨ  ᠲᠠᠯᠠᠪᠠᠢ ᠶᠢᠨ ᠬᠤᠷᠠᠯ ᠢ ᠠᠰᠢᠭᠯᠠᠨ ᠪᠥᠬᠦ ᠣᠷᠣᠨ ᠤ ᠡᠯ᠎ᠡ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ᠂ ᠰᠢᠤᠳᠠᠨ᠂ ᠬᠤᠳᠠᠯᠳᠤᠭᠠᠨ ᠤ ᠶᠠᠪᠤᠳᠠᠯ᠂ ᠬᠠᠩᠭᠠᠨ ᠪᠣᠷᠣᠯᠠᠭᠤᠯᠬᠤ ᠵᠡᠷᠭᠡ ᠰᠠᠯᠠᠭ᠎ᠠ ᠮᠥᠴᠢᠷ ᠤᠨ ᠬᠤᠯᠪᠤᠭᠳᠠᠯ ᠪᠥᠬᠦᠶ ᠨᠥᠬᠦᠳ ᠢ ᠴᠤᠭᠯᠠᠭᠤᠯᠵᠤ᠂ ᠲᠣᠭᠤᠷᠢᠨ ᠦᠵᠡᠬᠦ ᠪᠠ ᠰᠣᠯᠢᠯᠴᠠᠬᠤ ᠪᠠᠷ ᠳᠠᠮᠵᠢᠭᠤᠯᠤᠨ᠂ ᠭᠤᠤᠯᠳᠠᠯᠭ᠎ᠠ ᠶᠢ ᠳᠣᠪᠤᠶᠢᠯᠭᠠᠨ᠂ ᠬᠢᠯᠠᠰ ᠴᠡᠭ ᠢ ᠢᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠲᠦᠷᠭᠡᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠪᠠ᠃ ﹇2018-11-26 10᠄ 54᠄ 23﹈      ᠬᠥᠲᠥᠯᠥᠭᠴᠢ᠄      ᠶᠡᠷᠦᠩᠬᠡᠶ ᠳᠤ ᠨᠢ ᠠᠪᠴᠤ ᠦᠵᠡᠪᠡᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠷᠠᠭᠠᠨ ᠤ ᠭᠦᠢᠯᠭᠡᠭᠡᠨ ᠤ ᠦᠢᠢᠯᠡᠰ ᠬᠤᠷᠢ ᠭᠠᠷᠤᠶ ᠵᠢᠯ ᠤᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠪᠠᠷ ᠳᠡᠮᠵᠢᠨ᠂ ᠯᠤᠲᠤ ᠶᠡᠭᠡ ᠬᠥᠭᠵᠢᠯᠲᠡ ᠪᠠ ᠳᠠᠪᠰᠢᠯᠲᠠ ᠲᠠᠢ ᠪᠣᠯᠵᠣ᠂ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠶ ᠶᠢᠨ ᠲᠦᠷᠭᠡᠨ ᠬᠥᠭᠵᠢᠯᠲᠡ ᠶᠢ ᠲᠤᠯᠭᠠᠭᠤᠷᠢᠯᠠᠬᠤ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ ᠡᠨᠡ ᠨᠢ ᠡᠯ᠎ᠡ ᠭᠠᠵᠠᠷ ᠣᠷᠣᠨ᠂ ᠡᠯ᠎ᠡ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠨ ᠯᠠᠪᠳᠠᠭᠤᠨ ᠪᠠᠲᠤᠲᠠᠶ ᠠᠵᠢᠯᠯᠠᠬᠤ᠂ ᠲᠡᠭᠡᠭᠡᠪᠦᠷᠢ ᠶᠢᠨ ᠠᠵᠤ ᠠᠬᠤᠶᠢᠯᠠᠯ ᠤᠨ ᠬᠠᠶᠢᠨ ᠰᠦᠪᠡᠭᠴᠢᠯᠡᠵᠦ ᠬᠥᠲᠥᠯᠦᠨ ᠳᠠᠭᠠᠭᠤᠯᠬᠤ ᠲᠠᠢ ᠰᠠᠯᠤᠰᠢ ᠥᠬᠡᠶ ᠶᠤᠮ᠃ ᠲᠠᠷᠠᠭᠠᠴᠢ ᠶᠢᠨ ᠠᠯᠬᠤᠮ ᠳᠤ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠪᠠᠷᠠᠭᠠᠨ ᠤ ᠭᠦᠢᠯᠭᠡᠭᠡ ᠶᠢ ᠬᠥᠭᠵᠢᠭᠦᠯᠬᠦ ᠬᠥᠭᠵᠢᠯᠲᠡ ᠶᠢᠨ ᠴᠢᠭᠯᠡᠯ ᠪᠠ ᠠᠷᠭ᠎ᠠ ᠵᠠᠮ ᠨᠢ ᠶᠠᠭᠤ ᠪᠣᠶ︖ ﹇2018-11-26 10᠄ 58᠄ 40﹈      ᠬᠦᠯᠢᠶᠡᠭᠴᠢ᠄ ᠶᠦᠨ ᠸᠧᠨ ᠵᠢᠩ      ᠣᠳᠣᠬᠠᠨ ᠳᠤ᠂ ᠤᠯᠤᠰ ᠠᠴᠠ ︽ᠨᠢᠭᠡ ᠪᠦᠰᠡ ᠨᠢᠭᠡ ᠵᠠᠮ︾᠂ ︽ᠪᠡᠭᠡᠵᠢᠩ ᠲᠢᠶᠠᠨᠵᠢᠨ ᠡᡁᠧᠪᠸᠢ ᠶᠢᠨ ᠬᠠᠮᠵᠢᠯᠴᠠᠨ ᠬᠥᠭᠵᠢᠬᠦ︾ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢ ᠳᠤᠷᠠᠳᠤᠭᠰᠠᠨ ᠨᠢ᠂ ᠪᠠᠷᠠᠭᠠᠨ ᠤ ᠭᠦᠢᠯᠭᠡᠭᠡᠨ ᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ᠂ ᠶᠡᠭᠡ ᠠᠴᠠ ᠬᠦᠴᠦᠷᠬᠡᠭ ᠪᠣᠯᠬᠤ ᠣᠯᠳᠠᠰᠢ ᠦᠭᠡᠢ ᠲᠡᠦᠬᠡ ᠶᠢᠨ ᠠᠵᠠ ᠲᠣᠬᠢᠶᠠᠯ ᠪᠣᠯᠤᠨ᠎ᠠ᠃ ᠮᠠᠨ ᠤ ᠣᠷᠣᠨ ︽ᠨᠢᠭᠡ ᠪᠦᠰᠡ ᠨᠢᠭᠡ ᠵᠠᠮ︾᠎ ᠤᠨ ᠪᠠᠶᠢᠯᠳᠤᠬᠤ ᠪᠣᠳᠣᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠡᠪᠴᠢᠶᠡᠨ ᠳᠤ ᠤᠷᠤᠭᠰᠠᠨ ᠪᠥᠭᠡᠳ ︽ᠪᠡᠭᠡᠵᠢᠩ ᠲᠢᠶᠠᠨᠵᠢᠨ ᠡᡁᠧᠪᠸᠢ ᠶᠢᠨ ᠬᠠᠮᠵᠢᠯᠴᠠᠨ ᠬᠥᠭᠵᠢᠬᠦ︾ ᠪᠠᠶᠢᠯᠳᠤᠬᠤ ᠪᠣᠳᠣᠯᠭ᠎ᠠ ᠶᠢᠨ ᠲᠤᠰᠠᠯᠠᠭᠴᠢ ᠮᠥᠨ ᠪᠣᠯᠬᠤᠷ᠂ ᠮᠠᠨ ᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠪᠠᠷᠠᠭᠠᠨ ᠤ  ᠭᠦᠢᠯᠭᠡᠭᠡᠨ ᠤ ᠬᠥᠭᠵᠢᠯᠲᠡ ᠳᠤ ᠰᠢᠨ᠎ᠡ ᠠᠵᠠ ᠲᠣᠬᠢᠶᠠᠯ ᠲᠤᠯᠭᠠᠷᠠᠵᠤ ᠪᠠᠶᠢᠨ᠎ᠠ ᠭᠡᠵᠦ ᠬᠡᠯᠡᠵᠦ ᠪᠣᠯᠤᠨ᠎ᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠷᠠᠭᠠᠨ ᠤ ᠭᠦᠢᠯᠭᠡᠭᠡ ᠶᠢᠨ ︽ᠨᠢᠭᠡ ᠪᠦᠰᠡ ᠨᠢᠭᠡ ᠵᠠᠮ︾ ︽ᠪᠡᠭᠡᠵᠢᠩ ᠲᠢᠶᠠᠨᠵᠢᠨ ᠡᡁᠧᠪᠸᠢ ᠶᠢᠨ ᠬᠠᠮᠵᠢᠯᠴᠠᠨ ᠬᠥᠭᠵᠢᠬᠦ︾ ᠪᠠᠶᠢᠯᠳᠤᠬᠤ ᠪᠣᠳᠣᠯᠭ᠎ᠠ ᠳᠠᠬᠢ ᠴᠢᠬᠤᠯᠠ ᠦᠢᠯᠡᠳᠦᠯ ᠢ ᠪᠠᠳᠠᠷᠠᠭᠤᠯᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤ ᠲᠦᠰᠢᠭᠯᠡᠵᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠰᠠᠶᠢᠨ ᠣᠷᠴᠢᠯ ᠲᠠᠢ ᠰᠢᠨ᠎ᠡ ᠪᠠᠶᠢᠳᠠᠯ ᠢ ᠪᠤᠢ ᠪᠣᠯᠭᠠᠵᠤ᠂ ︽ᠠᠵᠤ ᠦᠢᠯᠡᠰ ᠢ ᠵᠠᠯᠭᠠᠯᠳᠤᠭᠤᠯᠬᠤ᠂ ᠬᠦᠴᠦᠨ ᠵᠦᠢᠯ ᠢ ᠭᠦᠢᠯᠭᠡᠭᠡᠬᠦ᠂ ᠵᠠᠬ᠎ᠠ ᠳᠡᠯᠭᠡᠭᠦᠷ ᠢ ᠨᠡᠪᠲᠡᠷᠡᠭᠦᠯᠬᠦ︾᠎ ᠶᠢ ᠪᠡᠶᠡᠯᠡᠭᠦᠯᠬᠦ ᠳᠤ᠂ ︽ᠨᠢᠭᠡ ᠪᠦᠰᠡ ᠨᠢᠭᠡ ᠵᠠᠮ︾᠂ ︽ᠪᠡᠭᠡᠵᠢᠩ ᠲᠢᠶᠠᠨᠵᠢᠨ ᠡᡁᠧᠪᠸᠢ ᠶᠢᠨ ᠬᠠᠮᠵᠢᠯᠴᠠᠨ ᠬᠥᠭᠵᠢᠬᠦ︾ ᠪᠠᠶᠢᠯᠳᠤᠬᠤ ᠪᠤᠳᠤᠯᠭ᠎ᠠ ᠶᠢ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠲᠠᠢ ᠨᠢᠭᠲᠠ ᠤᠶᠠᠯᠳᠤᠭᠤᠯᠵᠤ᠂ ᠡᠯ᠎ᠡ ᠵᠦᠢᠯ ᠤᠨ ᠠᠷᠭ᠎ᠠ ᠪᠠᠷᠢᠯ ᠢ ᠣᠳᠣᠬᠠᠨ ᠳᠤ ᠠᠰᠢᠭᠲᠠᠶ ᠮᠥᠷᠲᠡᠭᠡᠨ ᠠᠯᠤᠰ ᠢᠷᠡᠭᠡᠳᠦᠶ ᠳᠤ ᠨᠡᠩ ᠢᠯᠡᠭᠦᠦ ᠠᠰᠢᠭ ᠬᠦᠷᠲᠡᠭᠡᠵᠦ᠂ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ᠃ ᠲᠦᠷᠦ ᠶᠢᠨ ᠶᠠᠪᠤᠳᠠᠯ ᠤᠨ ᠬᠤᠷᠢᠶᠠᠨ ᠤ ︽ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠳᠤᠮᠳᠠ ᠤᠷᠳᠤ ᠬᠤᠭᠤᠴᠠᠭᠠᠨ ᠤ ᠲᠥᠯᠥᠪᠵᠢᠭᠦᠯᠭᠡ︾᠎ ᠳᠤ 2020 ᠣᠨ ᠪᠣᠯᠬᠤ ᠳᠤ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮᠵᠢ ᠶᠢ ᠦᠨᠳᠦᠰᠦᠨ ᠳᠤ ᠪᠠᠨ ᠪᠠᠶᠢᠭᠤᠯᠵᠤ᠂ ᠠᠵᠤ ᠠᠬᠤᠶ ᠶᠢᠨ ᠪᠦᠬᠦᠯᠢ ᠴᠣᠭᠴᠠ ᠶᠢᠨ ᠠᠵᠢᠯᠯᠠᠭᠠᠨ ᠤ ᠦᠷ᠎ᠡ ᠪᠦᠲᠦᠮᠵᠢ ᠪᠠ ᠦᠷ᠎ᠡ ᠠᠰᠢᠭ ᠢ ᠳᠡᠭᠡᠭᠰᠢᠯᠡᠭᠦᠯᠦᠨ᠎ᠡ᠃ ᠮᠠᠨ ᠤ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠣᠷᠣᠬᠤ ᠶᠢ ᠳᠠᠭᠠᠯᠳᠤᠨ᠂ ᠵᠠᠮ ᠬᠠᠷᠢᠯᠴᠠᠭ᠎ᠠ ᠲᠡᠭᠡᠭᠡᠪᠦᠷᠢ ᠳᠤ ᠲᠡᠭᠡᠭᠡᠪᠦᠷᠢ ᠶᠢᠨ ᠪᠦᠲᠦᠴᠡ ᠳᠤ ᠲᠣᠬᠢᠷᠠᠭᠤᠯᠤᠯᠲᠠ ᠬᠢᠬᠦ ᠵᠠᠩᠭᠢᠯᠠᠭ᠎ᠠ ᠶᠢᠨ ᠴᠠᠭ ᠬᠤᠭᠤᠴᠠᠭ᠎ᠠ ᠲᠤᠯᠭᠠᠷᠠᠵᠤ᠂ ᠪᠥᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠷᠠᠭᠠᠨ ᠤ ᠭᠦᠢᠯᠭᠡᠭᠡᠨ ᠵᠣᠬᠢᠴᠠᠩᠭᠤᠶ᠂ ᠡᠷᠴᠢᠮᠯᠢᠭ᠂ ᠰᠢᠨ᠎ᠡ ᠶᠢ ᠡᠭᠦᠳᠬᠦ᠂ ᠪᠣᠬᠢᠷᠲᠤᠯ ᠥᠬᠡᠶ ᠳᠥᠷᠪᠡᠨ ᠴᠢᠭᠯᠡᠯ ᠢᠶᠠᠷ ᠬᠥᠭᠵᠢᠬᠦ ᠪᠣᠯᠤᠨ᠎ᠠ᠃ ᠳᠣᠤᠷᠠᠬᠢ ᠭᠤᠤᠯᠳᠠᠯᠭ᠎ᠠ ᠲᠠᠢ ᠠᠵᠢᠯ ᠢ ᠪᠣᠳᠠᠲᠠᠶ ᠪᠠᠷ ᠰᠠᠶᠢᠲᠤᠷ ᠬᠢᠨ᠎ᠠ᠄ ︵ᠨᠢᠭᠡ︶ ᠰᠠᠭᠤᠷᠢ ᠪᠥᠲᠥᠭᠡᠨ ᠪᠠᠶᠢᠭᠤᠯᠤᠯᠲᠠ ᠳᠤ ᠰᠦᠯᠵᠢᠶ᠎ᠡ ᠶᠢ ᠰᠢᠯᠢᠳᠡᠭᠵᠢᠭᠦᠯᠦᠨ᠎ᠡ᠃ ᠵᠠᠮ ᠨᠡᠪᠲᠡᠷᠡᠯᠭᠡ᠂ ᠵᠠᠩᠭᠢᠯᠠᠭ᠎ᠠ ᠶᠢᠨ ᠴᠡᠭ᠂ ᠬᠦᠷᠢᠶᠡᠯᠡᠩ ᠲᠣᠭᠤᠷᠢᠭ ᠤᠨ ᠰᠠᠭᠤᠷᠢ ᠲᠦᠭᠦᠭᠡᠷᠦᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠲᠥᠯᠬᠢᠨ ᠠᠬᠢᠭᠤᠯᠵᠤ᠂ ᠪᠠᠷᠠᠭᠠᠨ ᠤ ᠭᠦᠢᠯᠭᠡᠭᠡᠨ ᠤ ᠰᠦᠯᠵᠢᠶ᠎ᠡ ᠶᠢ ᠲᠡᠭᠦᠯᠳᠡᠷᠵᠢᠭᠦᠯᠦᠨ᠂ ᠣᠷᠣᠨ ᠪᠦᠰᠡ᠂ ᠬᠤᠳᠠ ᠬᠥᠳᠡᠭᠡ᠂ ᠠᠵᠢᠯ ᠲᠥᠷᠥᠯ ᠤᠨ ᠪᠠᠷᠠᠭᠠᠨ ᠤ ᠭᠦᠢᠯᠭᠡᠭᠡᠨ ᠤ ᠥᠪᠡᠷᠮᠢᠴᠡ ᠣᠨᠴᠠᠯᠢᠭ ᠢ ᠬᠠᠮᠲᠤ ᠳᠤ ᠨᠢ ᠬᠠᠷᠠᠭᠠᠯᠵᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠭᠤᠷᠢ ᠲᠦᠭᠦᠭᠡᠷᠦᠮᠵᠢ ᠶᠢᠨ ᠪᠥᠳᠥᠭᠡᠨ ᠪᠠᠶᠢᠭᠤᠯᠤᠯᠲᠠ ᠪᠣᠯᠤᠨ ᠲᠡᠭᠡᠭᠡᠪᠦᠷᠢ ᠶᠢᠨ ᠦᠢᠯᠡᠴᠢᠯᠡᠭᠡᠨ ᠤ ᠳᠡᠭᠡᠭᠰᠢᠯᠡᠯᠲᠡ ᠶᠢ ᠵᠡᠷᠭᠡ ᠳᠤ ᠨᠢ ᠬᠥᠭᠵᠢᠭᠦᠯᠬᠦ᠂ ᠡᠯ᠎ᠡ ᠵᠦᠢᠯ  ᠎ ᠤᠨ ᠲᠡᠭᠡᠭᠡᠪᠦᠷᠢ ᠶᠢᠨ ᠠᠷᠭ᠎ᠠ ᠬᠡᠯᠪᠡᠷᠢ ᠶᠢ ᠵᠣᠬᠢᠴᠠᠩᠭᠤᠶ ᠪᠠᠷ ᠬᠥᠭᠵᠢᠭᠦᠯᠬᠦ᠂ ᠠᠳᠠᠯᠢ ᠪᠤᠰᠤ ᠬᠦᠷᠢᠶᠡᠨ ᠳᠠᠬᠢ ᠪᠠᠷᠠᠭᠠᠨ ᠤ ᠭᠦᠢᠯᠭᠡᠭᠡᠨ ᠤ ᠵᠦᠷᠢᠶᠡᠴᠢᠯᠡᠨ ᠬᠥᠭᠵᠢᠭᠦᠯᠬᠦ᠂ ᠣᠷᠣᠨ ᠪᠦᠰᠡ ᠶᠢᠨ ᠬᠤᠭᠤᠷᠣᠨᠳᠣᠬᠢ ᠪᠠᠷᠠᠭᠠᠨ ᠤ ᠭᠦᠢᠯᠭᠡᠭᠡᠨ ᠤ ᠬᠤᠯᠪᠣᠭᠠᠯᠠᠨ ᠬᠥᠭᠵᠢᠬᠦ ᠶᠢ ᠴᠢᠬᠤᠯᠠᠴᠢᠯᠠᠨ᠎ᠠ᠃ ᠡᠯ᠎ᠡ ᠭᠠᠵᠠᠷ ᠤᠨ ᠵᠠᠮ ᠬᠠᠷᠢᠯᠴᠠᠭ᠎ᠠ ᠲᠡᠭᠡᠭᠡᠪᠦᠷᠢ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠵᠥᠷᠢᠶᠡᠲᠦ ᠴᠢᠨᠠᠷ ᠪᠠ ᠲᠡᠩᠴᠡᠭᠦᠷᠢ ᠦᠭᠡᠢ ᠴᠢᠨᠠᠷ ᠢ ᠵᠥᠪ ᠢᠶᠠᠷ ᠲᠠᠨᠢᠵᠤ᠂ ᠪᠣᠳᠠᠲᠤ ᠪᠠᠶᠢᠳᠠᠯ ᠠᠴᠠ ᠡᠭᠦᠰᠴᠦ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢ ᠵᠥᠪ ᠢᠶᠠᠷ ᠬᠥᠲᠥᠯᠥᠨ ᠵᠢᠯᠣᠭᠤᠳᠴᠤ᠂ ᠠᠯᠬᠤᠮ ᠬᠤᠪᠢᠶᠠᠨ ᠬᠡᠷᠡᠭᠵᠢᠭᠦᠯᠬᠦ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠰᠣᠬᠤᠷ ᠪᠠᠯᠠᠶ ᠪᠠᠷ ᠠᠳᠠᠯᠢᠳᠬᠠᠬᠤ ᠪᠠ ᠳᠠᠪᠬᠤᠷᠳᠠᠭᠤᠯᠤᠨ ᠪᠦᠳᠦᠭᠡᠨ ᠪᠠᠶᠢᠭᠤᠯᠬᠤ ᠶᠢ ᠰᠡᠷᠭᠡᠶᠢᠯᠡᠨ ᠬᠤᠷᠢᠭᠯᠠᠨ᠎ᠠ᠃ ︵ᠬᠤᠶᠠᠷ︶ ᠡᠮᠬᠢᠯᠡᠨ ᠨᠡᠶᠢᠯᠡᠭᠦᠯᠵᠦ ᠬᠥᠭᠵᠢᠭᠦᠯᠵᠦ ᠬᠡᠪᠴᠢᠶ᠎ᠡ ᠶᠢ ᠳᠡᠭᠡᠭᠰᠢᠯᠡᠭᠦᠯᠦᠨ᠎ᠡ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠷᠠᠭᠠᠨ ᠤ ᠭᠦᠢᠯᠭᠡᠭᠡᠨ ᠤ ᠠᠵᠢᠯ ᠲᠥᠷᠥᠯ ᠳᠠᠬᠢ ᠨᠥᠬᠦᠴᠡᠯ ᠲᠠᠢ ᠠᠵᠤ ᠠᠬᠤᠶᠢᠯᠠᠯ ᠎ ᠢ ᠪᠤᠵᠠᠭᠠᠶᠢᠷᠠᠭᠤᠯᠤᠨ ᠰᠢᠯᠢᠳᠡᠭᠵᠢᠭᠦᠯᠵᠦ ᠬᠦᠴᠦᠷᠬᠡᠭᠵᠢᠭᠦᠯᠬᠦ ᠶᠢ ᠵᠣᠷᠢᠭᠵᠢᠭᠤᠯᠤᠨ ᠬᠥᠲᠥᠯᠦᠨ ᠵᠢᠯᠣᠭᠤᠳᠴᠤ᠂ ᠭᠤᠤᠯᠯᠠᠬᠤ ᠥᠷᠢᠰᠦᠯᠳᠦᠬᠦ ᠬᠦᠴᠦᠨ ᠪᠠ ᠦᠷᠭᠦᠯᠵᠢᠯᠡᠬᠦ ᠬᠥᠭᠵᠢᠯᠲᠡ ᠶᠢᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠨᠢᠭᠡ ᠪᠦᠯᠦᠭ ᠳᠤᠮᠳᠠ ᠵᠢᠵᠢᠭ ᠬᠡᠯᠪᠡᠷᠢ ᠶᠢᠨ ᠲᠡᠭᠡᠭᠡᠪᠦᠷᠢ ᠶᠢᠨ ᠠᠵᠤ ᠠᠬᠤᠶᠢᠯᠠᠯ ᠤᠨ ᠬᠤᠯᠪᠤᠭ᠎ᠠ᠂ ᠬᠠᠮᠵᠢᠯᠴᠠᠭ᠎ᠠ ᠪᠠᠷ ᠳᠠᠮᠵᠢᠭᠤᠯᠤᠨ ᠲᠡᠭᠡᠭᠡᠪᠦᠷᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠲᠦᠯᠬᠢᠨ ᠠᠬᠢᠭᠤᠯᠤᠨ᠎ᠠ᠃ ᠴᠢᠷᠦᠭᠦᠯ ᠲᠡᠷᠭᠡᠨ ᠤ ᠲᠡᠭᠡᠭᠡᠪᠦᠷᠢ ᠶᠢᠨ ᠲᠤᠷᠰᠢᠯᠲᠠ ᠶᠢᠨ ᠴᠡᠭ ᠤᠨ ᠠᠵᠤ ᠠᠬᠤᠶᠢᠯᠠᠯ᠂ ᠣᠯᠠᠨ ᠬᠡᠯᠪᠡᠷᠢ ᠶᠢᠨ ᠬᠤᠯᠪᠣᠭᠠᠯᠠᠨ ᠲᠡᠭᠡᠭᠡᠪᠦᠷᠢᠯᠡᠬᠦ ᠵᠢᠱᠢᠶ᠎ᠡ ᠦᠵᠡᠭᠦᠯᠬᠦ ᠢᠨᠵᠧᠨᠧᠷᠢᠩ ᠳᠤ ᠣᠷᠣᠯᠴᠠᠬᠤ ᠠᠵᠤ ᠠᠬᠤᠶᠢᠯᠠᠯ᠂ ᠲᠡᠷᠭᠡ ᠥᠬᠡᠶ ᠳᠠᠭᠠᠭᠠᠴᠢᠯᠠᠨ ᠲᠡᠭᠡᠭᠡᠪᠦᠷᠢᠯᠡᠭᠴᠢ ᠶᠢᠨ ᠲᠤᠷᠰᠢᠯᠲᠠ ᠶᠢᠨ ᠴᠡᠭ ᠤᠨ ᠨᠥᠯᠥᠭᠡᠯᠡᠨ ᠳᠠᠶᠢᠴᠢᠯᠠᠬᠤ  ᠦᠢᠯᠡᠳᠦᠯ ᠢ ᠪᠠᠳᠠᠷᠠᠭᠤᠯᠵᠤ᠂ ᠵᠠᠮ ᠬᠠᠷᠢᠯᠴᠠᠭ᠎ᠠ ᠶᠢᠨ ᠪᠠᠷᠠᠭᠠᠨ ᠤ ᠭᠦᠢᠯᠭᠡᠭᠡᠨ ᠤ ᠠᠵᠢᠯ ᠲᠥᠷᠥᠯ ᠤᠨ ᠬᠡᠯᠪᠡᠷᠢ ᠢᠶᠠᠨ ᠬᠤᠪᠢᠷᠠᠭᠤᠯᠬᠤ᠂ ᠪᠦᠲᠦᠴᠡ ᠪᠠᠨ ᠳᠣᠭᠢᠷᠠᠭᠤᠯᠬᠤ ᠶᠢᠨ ᠬᠥᠲᠥᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠤᠯᠠᠮᠵᠢᠯᠠᠯᠲᠤ ᠪᠠᠷᠠᠭᠠᠨ ᠤ ᠲᠡᠭᠡᠭᠡᠪᠦᠷᠢ ᠶᠢᠨ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠎ᠠ᠃ ︵ᠭᠤᠷᠪᠠ︶ ᠣᠶᠤᠨᠴᠢ ᠪᠠᠷᠠᠭᠠᠨ ᠤ ᠭᠦᠢᠯᠭᠡᠭᠡ ᠶᠢ ᠶᠡᠭᠡ ᠪᠠᠷ ᠬᠥᠭᠵᠢᠭᠦᠯᠦᠨ᠎ᠡ᠃ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠭᠦᠨᠵᠡᠭᠡᠶ ᠬᠡᠷᠡᠭᠯᠡᠯᠲᠡ ᠶᠢ ᠭᠤᠤᠯᠳᠠᠯᠭ᠎ᠠ ᠲᠠᠢ ᠳᠥᠯᠭᠢᠨ ᠠᠬᠢᠭᠤᠯᠵᠤ᠂ ᠪᠥᠬᠦ ᠲᠠᠯ᠎ᠠ ᠶᠢᠨ ᠪᠠᠷᠠᠭᠠᠨ ᠤ ᠭᠦᠢᠯᠭᠡᠭᠡᠨ ᠤ ᠰᠢᠨ᠎ᠡ ᠶᠢ ᠡᠭᠦᠳᠬᠦ ᠶᠢ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠮᠡᠳᠡᠭᠡ ᠵᠠᠩᠭᠢᠴᠢᠯᠠᠯᠲᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠭᠰᠡᠨ ᠰᠠᠭᠤᠷᠢᠨ ᠳᠡᠭᠡᠷ᠎ᠡ᠂ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠮᠡᠳᠡᠭᠡ ᠵᠠᠩᠭᠢ ᠶᠢᠨ ᠮᠡᠷᠭᠡᠵᠢᠯ ᠢ ᠬᠡᠷᠡᠭᠯᠡᠨ ᠬᠠᠮᠢᠶᠠᠷᠤᠯᠲᠠ ᠶᠢᠨ ᠰᠢᠨ᠎ᠡ ᠶᠢ ᠡᠭᠦᠳᠬᠦ᠂ ᠦᠢᠯᠡᠴᠢᠯᠡᠭᠡᠨ ᠤ ᠰᠢᠨ᠎ᠡ ᠶᠢ ᠡᠭᠦᠳᠬᠦ ᠪᠠ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠰᠢᠨ᠎ᠡ ᠶᠢ ᠡᠭᠦᠳᠬᠦ ᠶᠢ ᠥᠷᠨᠢᠭᠦᠯᠬᠦ ᠶᠢ ᠨᠠᠩ ᠴᠢᠬᠤᠯᠠᠴᠢᠯᠠᠨ ᠠᠬᠢᠭᠤᠯᠤᠨ᠎ᠠ᠃ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠢ ᠬᠥᠲᠥᠯᠦᠨ ᠵᠢᠯᠣᠭᠤᠳᠬᠤ ᠪᠠ ᠵᠣᠷᠢᠭᠵᠢᠭᠤᠯᠵᠤ ᠪᠠᠶᠢᠭᠠᠳ ᠬᠠᠩᠭᠠᠯᠭ᠎ᠠ ᠶᠢᠨ ᠬᠡᠯᠬᠢᠶᠡᠰᠦ ᠶᠢᠨ ᠳᠡᠭᠡᠳᠦ ᠳᠣᠤᠷᠠᠳᠤ ᠤᠷᠤᠰᠬᠠᠯ ᠤᠨ ᠡᠯ᠎ᠡ ᠭᠤᠭᠴᠤᠭ᠎ᠠ ᠳᠤ ᠬᠠᠨᠳᠤᠭᠤᠯᠤᠨ᠂ ᠴᠤᠪᠤᠷᠠᠯ ᠢ ᠳᠠᠬᠢᠨ ᠪᠠᠶᠢᠭᠤᠯᠬᠤ᠂ ᠴᠢᠳᠠᠮᠵᠢ ᠶᠢ ᠳᠠᠬᠢᠨ ᠵᠣᠬᠢᠶᠠᠨ ᠪᠠᠶᠢᠭᠤᠯᠬᠤ᠂ ᠨᠢᠭᠡ ᠴᠤᠭᠴᠠᠵᠢᠭᠤᠯᠤᠨ ᠡᠵᠡᠩᠨᠡᠬᠦ ᠵᠡᠷᠭᠡ ᠨᠠᠩ ᠶᠡᠭᠡ ᠬᠡᠪᠴᠢᠶᠡᠨ ᠤ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠪᠠ ᠦᠢᠯᠡᠴᠢᠯᠡᠭᠡᠨ ᠤ ᠠᠷᠭ᠎ᠠ ᠪᠠᠷᠢᠯ ᠤᠨ ᠰᠢᠨ᠎ᠡ ᠶᠢ ᠡᠭᠦᠳᠬᠦ ᠶᠢ ᠥᠷᠨᠢᠭᠦᠯᠵᠦ᠂ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠦᠢᠯᠡᠴᠢᠯᠡᠭᠡᠨ ᠤ ᠰᠢᠨ᠎ᠡ ᠶᠢ ᠡᠭᠦᠳᠬᠦ᠂ ᠵᠣᠬᠢᠶᠠᠨ ᠪᠠᠶᠢᠭᠤᠯᠤᠯᠲᠠ ᠶᠢᠨ ᠰᠢᠨ᠎ᠡ ᠶᠢ ᠡᠭᠦᠳᠬᠦ ᠪᠠ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠶᠢ ᠪᠡᠶᠡᠯᠡᠭᠦᠯᠬᠦ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ ﹇2018-11-26 11᠄ 05᠄ 40﹈      ᠬᠦᠯᠢᠶᠡᠭᠴᠢ᠄ ᠶᠦᠨ ᠸᠧᠨ ᠵᠢᠩ      ︵ᠳᠥᠷᠪᠡ︶ ᠰᠢᠨ᠎ᠡ ᠪᠠᠶᠢᠷᠢᠰᠢᠯ ᠢ ᠪᠥᠬᠦ ᠲᠠᠯ᠎ᠠ ᠪᠠᠷ ᠨᠡᠭᠡᠭᠡᠯᠲᠡ ᠬᠢᠨ᠎ᠡ᠃ ᠮᠠᠨ ᠤ ᠣᠷᠣᠨ ᠤ ᠣᠷᠣᠨ ᠪᠠᠶᠢᠷᠢ ᠶᠢᠨ ᠳᠠᠪᠠᠭᠤᠯᠢᠭ ᠢ ᠭᠦᠢᠴᠡᠳ ᠠᠰᠢᠭᠯᠠᠨ᠂ ᠮᠠᠨ ᠤ ᠣᠷᠣᠨ ᠬᠢᠭᠡᠳ ᠣᠷᠣᠰ ᠮᠣᠩᠭᠤᠯ ᠤᠨ ᠬᠤᠯᠪᠤᠯᠳᠤᠨ ᠨᠡᠪᠲᠡᠷᠡᠯᠴᠡᠬᠦ ᠶᠢ ᠠᠬᠢᠭᠤᠯᠬᠤ ᠪᠠᠷ ᠭᠤᠤᠯᠳᠠᠯᠭ᠎ᠠ ᠪᠣᠯᠭᠠᠵᠤ᠂ ᠮᠠᠨ ᠤ ᠣᠷᠣᠨ ᠤ ᠣᠯᠠᠨ ᠤᠯᠤᠰ ᠤᠨ ᠵᠠᠮ ᠲᠡᠭᠡᠭᠡᠪᠦᠷᠢ ᠶᠢᠨ ᠤᠮᠠᠷᠠᠰᠢ ᠨᠡᠭᠡᠭᠡᠨ ᠬᠥᠭᠵᠢᠭᠦᠯᠬᠦ ᠡᠷᠴᠢᠮ ᠢ ᠤᠯᠠᠮ ᠨᠢᠭᠡ ᠠᠯᠬᠤᠮ ᠠᠬᠢᠭᠤᠯᠤᠨ᠎ᠠ᠃ ᠭᠤᠤᠯᠳᠠᠯᠭ᠎ᠠ ᠲᠠᠢ ᠪᠣᠭᠤᠮᠲᠠ ᠶᠢᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠵᠠᠰᠠᠮᠠᠯ ᠵᠠᠮ ᠎ ᠤᠨ ᠲᠣᠤᠷ ᠰᠦᠯᠵᠢᠶ᠎ᠡ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠵᠠᠰᠠᠮᠠᠯ ᠵᠠᠮ ᠤᠨ ᠨᠡᠪᠲᠡᠷᠡᠬᠦ ᠶᠢᠨ ᠭᠦᠨᠴᠡ ᠪᠠ ᠵᠡᠷᠭᠡ ᠳᠡᠰ ᠢ ᠳᠡᠭᠡᠭᠰᠢᠯᠡᠭᠦᠯᠦᠨ᠎ᠡ᠃ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠶᠢᠨ ᠰᠠᠯᠠᠭ᠎ᠠ ᠮᠥᠴᠢᠷ ᠯᠦᠭᠡ ᠰᠠᠨᠠᠭᠠᠴᠢᠯᠠᠭ᠎ᠠ ᠠᠴᠠ ᠪᠠᠨ ᠵᠣᠯᠭᠠᠭᠤᠯᠤᠨ ᠨᠡᠪᠲᠡᠷᠡᠯᠴᠡᠵᠦ᠂ ᠲᠡᠮᠦᠷ ᠵᠠᠮ᠂ ᠠᠭᠠᠷ ᠤᠨ ᠲᠡᠭᠡᠭᠡᠪᠦᠷᠢ ᠎ ᠶᠢᠨ ᠲᠣᠤᠷ ᠰᠦᠯᠵᠢᠶ᠎ᠡ ᠶᠢᠨ ᠪᠠᠶᠢᠷᠢᠰᠢᠭᠤᠯᠤᠯᠲᠠ ᠶᠢ ᠵᠦᠶ ᠵᠣᠬᠢᠰᠲᠠᠶ ᠪᠠᠶᠢᠷᠢᠰᠢᠭᠤᠯᠵᠤ᠂ ᠪᠣᠭᠤᠮᠲᠠ ᠶᠢᠨ ᠶᠡᠷᠦᠩᠬᠡᠶᠢᠯᠡᠭᠰᠡᠨ ᠲᠡᠭᠡᠭᠡᠪᠦᠷᠢ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠷᠤᠰ᠂ ᠮᠣᠩᠭᠤᠯ ᠤᠯᠤᠰ ᠯᠤᠭ᠎ᠠ ᠶᠢᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠲᠣᠭᠲᠠᠴᠠ ᠶᠢ ᠦᠷᠭᠦᠯᠵᠢᠯᠡᠨ ᠠᠬᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠠᠭᠤᠯᠵᠠᠬᠤ᠂ ᠮᠡᠳᠡᠭᠡ ᠵᠠᠩᠭᠢ ᠶᠢ ᠨᠡᠪᠲᠡᠷᠡᠭᠦᠯᠬᠦ ᠵᠢᠴᠢ ᠬᠠᠮᠲᠤᠷᠠᠨ ᠪᠠᠶᠢᠴᠠᠭᠠᠬᠤ ᠲᠦᠷᠢᠮ ᠢ ᠪᠠᠶᠢᠭᠤᠯᠤᠨ ᠪᠦᠷᠢᠯᠳᠦᠭᠦᠯᠵᠦ᠂ ᠬᠤᠶᠠᠷ ᠲᠠᠯ᠎ᠠ ᠶᠢᠨ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠠ ᠪᠣᠭᠤᠮᠲᠠ ᠪᠠᠷ ᠥᠩᠭᠡᠷᠡᠬᠦ ᠳᠤᠮᠳᠠ ᠣᠷᠣᠰᠢᠵᠤ ᠪᠠᠶᠢᠭ᠎ᠠ ᠭᠤᠣᠯ ᠠᠰᠠᠭᠤᠳᠠᠯ ᠢ ᠰᠢᠢᠳᠪᠦᠷᠢᠯᠡᠵᠦ ᠂ ᠪᠠᠷᠠᠭᠠᠨ ᠤ ᠭᠦᠢᠯᠭᠡᠭᠡᠨ ᠤ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ ︵ᠲᠠᠪᠤ︶ ᠪᠣᠬᠢᠷᠲᠤᠯ ᠥᠬᠡᠶ ᠬᠠᠮᠲᠤ ᠪᠠᠷ ᠡᠳᠡᠯᠵᠦ ᠬᠥᠭᠵᠢᠯᠲᠡ ᠶᠢ ᠠᠬᠢᠭᠤᠯᠤᠨ᠎ᠠ᠃ ᠪᠣᠬᠢᠷᠲᠤᠯ ᠥᠬᠡᠶ ᠣᠷᠴᠢᠨ ᠲᠣᠭᠤᠷᠢᠨ ᠢ ᠬᠠᠮᠠᠭᠠᠯᠠᠬᠤ ᠲᠡᠭᠡᠭᠡᠪᠦᠷᠢ ᠶᠢᠨ ᠪᠡᠯᠡᠳᠬᠡᠮᠵᠢ ᠲᠣᠨᠤᠭ ᠲᠥᠬᠦᠭᠡᠷᠦᠮᠵᠢ ᠶᠢᠨ ᠬᠡᠷᠡᠭᠯᠡᠯᠲᠡ ᠶᠢ ᠲᠦᠷᠭᠡᠳᠬᠡᠵᠦ᠂ ᠠᠵᠢᠯᠯᠠᠭᠠᠨ ᠤ ᠬᠠᠮᠢᠶᠠᠷᠤᠯᠲᠠ ᠶᠢᠨ ᠵᠠᠭᠪᠤᠷ ᠲᠤ ᠰᠢᠨ᠎ᠡ ᠶᠢ ᠡᠭᠦᠳᠴᠦ᠂ ᠪᠠᠷᠠᠭᠠᠨ ᠤ ᠭᠦᠢᠯᠭᠡᠭᠡᠨ ᠤ ᠦᠢᠯᠡᠰ ᠤᠨ ᠮᠡᠳᠡᠭᠡ ᠵᠠᠩᠭᠢᠴᠢᠯᠠᠯᠲᠠ ᠪᠠ ᠤᠶᠤᠨᠴᠢᠯᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠬᠠᠩᠭᠠᠯᠭ᠎ᠠ ᠶᠢᠨ ᠬᠡᠯᠬᠢᠶᠡᠰᠦ ᠶᠢᠨ ᠬᠠᠮᠢᠶᠠᠷᠤᠯᠲᠠ ᠪᠠ ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠶᠢᠨ ᠠᠵᠤ ᠠᠬᠤᠶᠢᠯᠠᠯ ᠤᠨ ᠬᠠᠮᠲᠤ ᠪᠠᠷ ᠡᠳᠡᠯᠬᠦ ᠡᠬᠢ ᠪᠠᠶᠠᠯᠢᠭ ᠢᠶᠠᠷ ᠳᠠᠮᠵᠢᠭᠤᠯᠤᠨ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢᠨ ᠡᠬᠢ ᠪᠠᠶᠠᠯᠢᠭ ᠢ ᠰᠢᠯᠢᠳᠡᠭᠵᠢᠭᠦᠯᠦᠨ ᠳᠣᠭᠢᠷᠠᠭᠤᠯᠬᠤ ᠶᠢ ᠪᠡᠶᠡᠯᠡᠭᠦᠯᠵᠦ᠂ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠣᠳᠣᠬᠢᠴᠢᠯᠠᠯᠲᠠ ᠪᠠ ᠵᠦᠶ ᠵᠣᠬᠢᠰᠲᠠᠶ ᠪᠣᠯᠬᠤ ᠶᠢ ᠢᠳᠡᠪᠬᠢᠲᠡᠶ ᠪᠠᠷ ᠠᠬᠢᠭᠤᠯᠤᠨ᠂ ᠪᠠᠷᠠᠭᠠᠨ ᠤ ᠭᠦᠢᠯᠭᠡᠭᠡᠨ ᠤ ᠦᠢᠯᠡᠰ ᠤᠨ ᠶᠡᠷᠦᠩᠬᠡᠶ ᠡᠨᠧᠷᠭᠢ ᠶᠢᠨ ᠬᠤᠷᠣᠭᠳᠠᠯ ᠪᠠ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠬᠢᠷᠢ ᠬᠡᠮᠵᠢᠶ᠎ᠡ ᠎ ᠶᠢ ᠪᠠᠭᠤᠷᠠᠭᠤᠯᠵᠤ᠂ ᠪᠣᠬᠢᠷᠲᠤᠯ ᠥᠬᠡᠶ ᠬᠥᠭᠵᠢᠭᠦᠯᠬᠦ᠂ ᠵᠣᠬᠢᠴᠠᠩᠭᠤᠶ ᠪᠠᠷ ᠬᠥᠭᠵᠢᠭᠦᠯᠬᠦ ᠪᠠ ᠦᠷᠭᠦᠯᠵᠢᠯᠡᠨ ᠬᠥᠭᠵᠢᠭᠦᠯᠬᠦ ᠶᠢ ᠪᠡᠶᠡᠯᠡᠭᠦᠯᠬᠦ ᠶᠢ ᠵᠣᠷᠢᠭᠵᠢᠭᠤᠯᠤᠨ᠎ᠠ᠃ ᠪᠦᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ  ᠦᠢᠯᠡᠰ ᠤᠨ ᠡᠷᠡᠭᠦᠯ᠂ ᠲᠦᠷᠭᠡᠨ ᠬᠥᠭᠵᠢᠯᠲᠡ ᠶᠢ ᠠᠬᠢᠭᠤᠯᠬᠤ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠠᠨ ᠨᠢᠭᠡᠳᠬᠡᠨ᠂ ᠳᠡᠭᠡᠳᠦ ᠳᠣᠤᠷᠠᠳᠤ ᠱᠠᠲᠤ ᠪᠠᠷ ᠢᠶᠠᠨ ᠰᠡᠳᠬᠢᠯ ᠨᠢᠭᠡᠳᠦᠨ᠂ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠵᠤ᠂ ᠵᠠᠮ ᠨᠡᠭᠡᠭᠡᠨ ᠤᠷᠤᠭᠰᠢᠯᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠷᠠᠭᠠᠨ ᠤ ᠭᠦᠢᠯᠭᠡᠭᠡᠨ ᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠪᠥᠬᠦ ᠣᠷᠣᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠳᠤ ᠬᠦᠴᠦᠲᠡᠶ ᠪᠠᠲᠤᠯᠠᠭ᠎ᠠ ᠬᠠᠩᠭᠠᠨ᠎ᠠ᠃ ﹇2018- 11-26 11᠄ 14᠄ 40﹈      ᠬᠥᠲᠥᠯᠥᠭᠴᠢ᠄      ᠶᠦᠨ ᠲᠢᠩᠬᠢᠮ ᠤᠨ ᠳᠠᠷᠤᠭ᠎ᠠ ᠡ᠂ ᠬᠡᠳᠦᠨ ᠰᠦᠯᠵᠢᠶᠡᠨ ᠠᠨᠳᠠ ᠪᠢᠲᠡᠨ ᠤ ᠰᠤᠷᠪᠤᠯᠵᠢᠯᠠᠭ᠎ᠠ ᠶᠢ ᠠᠩᠬᠠᠷᠤᠭᠰᠠᠭᠠᠷ ᠢᠷᠡᠵᠡᠶ᠂ ᠲᠠᠳᠠ ᠥᠪᠥᠷ ᠮᠣᠩᠭᠤᠯ ᠤᠨ ᠪᠠᠷᠠᠭᠠᠨ ᠤ ᠭᠦᠢᠯᠭᠡᠭᠡᠨ ᠤ ᠠᠵᠢᠯ ᠳᠤ ᠡᠳᠦᠶ ᠲᠡᠳᠦᠶ ᠠᠰᠠᠭᠤᠳᠠᠯ ᠳᠤᠷᠠᠳᠤᠭᠰᠠᠨ ᠪᠠᠶᠢᠨ᠎ᠠ᠂ ᠲᠠ ᠬᠠᠷᠢᠭᠤᠯᠲᠠ ᠥᠭᠬᠦ ᠪᠣᠯᠪᠠᠤ᠃ ᠨᠢᠭᠡ ᠰᠦᠯᠵᠢᠶᠡᠨ ᠤ ᠠᠨᠳᠠ ᠠᠰᠠᠭᠤᠭᠰᠠᠨ ᠨᠢ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠪᠥᠬᠦ ᠤᠯᠤᠰ ᠤᠨ ᠴᠢᠷᠦᠭᠦᠯ ᠲᠡᠭᠡᠭᠡᠪᠦᠷᠢ ᠶᠢᠨ ᠲᠤᠷᠰᠢᠯᠲᠠ ᠶᠢᠨ ᠴᠡᠭ ᠤᠨ ᠲᠥᠷᠥᠯ ᠵᠦᠢᠯ ᠪᠠᠶᠢᠨ᠎ᠠ ᠤᠤ︖   ﹇2018-11-26 11᠄ 20᠄ 40﹈      ᠬᠦᠯᠢᠶᠡᠭᠴᠢ᠄ ᠶᠦᠨ ᠸᠧᠨ ᠵᠢᠩ      ᠡᠨᠡ ᠬᠦ ᠰᠦᠯᠵᠢᠶᠡᠨ ᠤ ᠠᠨᠳᠠ ᠶᠢᠨ ᠠᠩᠬᠠᠷᠤᠯ ᠳᠤ ᠲᠠᠯᠠᠷᠬᠠᠵᠤ ᠪᠠᠶᠢᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠤᠷᠢᠳ ᠬᠤᠵᠢᠳ ︽ᠪᠠ ᠶᠦᠨ ᠮᠠᠰᠢᠨ ᠲᠡᠷᠭᠡᠨ ᠤ ᠲᠡᠭᠡᠭᠡᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠴᠢᠷᠦᠭᠦᠯ ᠲᠡᠭᠡᠭᠡᠪᠦᠷᠢ ᠶᠢᠨ ᠲᠤᠷᠰᠢᠯᠲᠠ ᠶᠢᠨ ᠴᠡᠭ ᠤᠨ ᠲᠥᠷᠥᠯ ᠵᠦᠢᠯ︾᠂ ︽ᠥᠪᠥᠷ ᠮᠣᠩᠭᠤᠯ ᠤᠨ ᠲᠦᠩᠯᠢᠶᠣᠤ ᠬᠤᠲᠠ ᠶᠢᠨ ᠶᠢᠨ ᠭᠠᠩ ᠴᠢᠷᠦᠭᠦᠯ ᠲᠡᠭᠡᠭᠡᠪᠦᠷᠢ ᠶᠢᠨ ᠲᠤᠷᠰᠢᠯᠲᠠ ᠶᠢᠨ ᠴᠡᠭ ᠤᠨ ᠲᠥᠷᠥᠯ ᠵᠦᠢᠯ︾ ᠪᠠ ︽ᠥᠪᠥᠷ ᠮᠣᠩᠭᠤᠯ ᠤᠨ ᠵᠢᠦ ᠲᠦᠩ ᠪᠠᠷᠠᠭᠠᠨ ᠤ ᠭᠦᠢᠯᠭᠡᠭᠡᠨ ᠤ ᠬᠢᠵᠠᠭᠠᠷᠲᠤ ᠺᠣᠮᠫᠠᠨᠢ ᠶᠢᠨ ᠵᠠᠰᠠᠮᠠᠯ ᠵᠠᠮ ᠤᠨ ᠴᠢᠷᠦᠭᠦᠯ ᠲᠡᠭᠡᠭᠡᠪᠦᠷᠢ ᠶᠢᠨ ᠲᠤᠷᠰᠢᠯᠲᠠ ᠶᠢᠨ ᠴᠡᠭ ᠤᠨ ᠲᠥᠷᠥᠯ ᠵᠦᠢᠯ︾᠎ ᠢ ᠪᠥᠬᠦ ᠤᠯᠤᠰ ᠤᠨ ᠴᠢᠷᠦᠭᠦᠯ ᠲᠡᠭᠡᠭᠡᠪᠦᠷᠢ ᠶᠢᠨ 20 ᠰᠢᠬᠠᠮ ᠴᠢᠷᠦᠭᠦᠯ ᠲᠡᠭᠡᠭᠡᠪᠦᠷᠢ ᠶᠢᠨ ᠱᠤᠭᠤᠮ ᠢ ᠨᠡᠪᠲᠡᠷᠡᠭᠦᠯᠵᠦ᠂ ᠣᠷᠣᠨ ᠤ ᠳᠣᠲᠣᠷᠠᠬᠢ ᠪᠠ ᠡᠷᠬᠢᠨ ᠲᠣᠭᠤᠷᠢᠨ ᠤ ᠲᠢᠶᠠᠨᠵᠢᠨ᠂ ᠾᠧᠪᠧᠢ᠂ ᠱᠠᠨᠳᠦ᠋ᠩ᠂ ᠵᠡᠷᠭᠡ ᠲᠤᠯᠤᠭᠠᠨ ᠮᠤᠵᠢ ᠬᠤᠳᠠ ᠣᠷᠣᠨ ᠳᠤ ᠬᠤᠯᠪᠣᠭᠳᠠᠨ᠎ᠠ᠃ ﹇2018-11-26 11᠄ 22᠄ 40﹈      ᠬᠥᠲᠥᠯᠥᠭᠴᠢ᠄      ᠶᠦᠨ ᠲᠢᠩᠬᠢᠮ ᠤᠨ ᠳᠠᠷᠤᠭ᠎ᠠ ᠡ᠂ ᠨᠥᠭᠦᠭᠡ ᠨᠢᠭᠡ ᠰᠦᠯᠵᠢᠶᠡᠨ ᠤ ᠠᠨᠳᠠ ᠠᠰᠠᠭᠤᠭᠰᠠᠨ ᠨᠢ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡ ᠶᠢ ᠳᠥᠯᠭᠢᠨ ᠠᠬᠢᠭᠤᠯᠬᠤ ᠲᠠᠯ᠎ᠠ ᠪᠠᠷ ᠶᠠᠮᠠᠷ ᠰᠢᠨ᠎ᠡ ᠠᠷᠭ᠎ᠠ ᠪᠠᠷᠢᠯ ᠠᠪᠤᠭᠰᠠᠨ ᠪᠣᠶ︖  ﹇2018-11-26 11᠄ 25᠄ 40﹈        ᠬᠦᠯᠢᠶᠡᠭᠴᠢ᠄ ᠶᠦᠨ ᠸᠧᠨ ᠵᠢᠩ      ᠲᠠᠪᠤᠨ ᠲᠠᠯ᠎ᠠ ᠪᠠᠷ ᠰᠢᠪᠲᠤᠯᠤᠯᠲᠠ ᠭᠠᠷᠭᠠᠬᠤ ᠪᠠᠷ ᠭᠤᠣᠯᠳᠠᠯᠭ᠎ᠠ ᠪᠣᠯᠭᠠᠨ᠎ᠠ᠄ ᠨᠢᠭᠡ ᠳᠤ᠂ ᠳᠤᠲᠠᠭᠤᠳᠠᠯ ᠲᠠᠯ᠎ᠠ ᠶᠢ ᠨᠥᠬᠦᠪᠥᠷᠢᠯᠡᠵᠦ᠂ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ ᠳᠤ ᠰᠢᠪᠲᠤᠯᠤᠯᠲᠠ ᠭᠠᠷᠭᠠᠬᠤ ᠪᠠᠷ ᠴᠢᠷᠮᠠᠶᠢᠵᠤ᠂ ᠬᠠᠲᠠᠭᠤ ᠬᠡᠷᠡᠭᠰᠡᠯ ᠢ ᠪᠠᠲᠤᠯᠠᠬᠤ ᠶᠢᠨ ᠬᠠᠮᠲᠤ᠂ ᠰᠢᠨ᠎ᠡ ᠶᠢ ᠡᠭᠦᠳᠬᠦ ᠰᠡᠳᠬᠢᠬᠦᠶ ᠪᠠᠷ ᠡᠯ᠎ᠡ ᠲᠠᠯ᠎ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠵᠠᠬ᠎ᠠ ᠳᠡᠯᠭᠡᠭᠦᠷ ᠤᠨ ᠵᠢᠮ᠎ᠡ ᠶᠣᠰᠣ ᠪᠠ ᠬᠡᠷᠡᠭᠴᠡᠭᠡ ᠳᠤ ᠨᠡᠶᠢᠴᠡᠭᠰᠡᠨ ᠰᠢᠢᠳᠪᠦᠷᠢᠯᠡᠬᠦ ᠲᠥᠰᠦᠯ ᠢ ᠪᠦᠷᠢᠯᠳᠦᠭᠦᠯᠬᠦ ᠬᠡᠷᠡᠭᠲᠡᠶ︔ ᠬᠤᠶᠠᠷ ᠲᠤ᠂ ᠠᠭᠤᠰᠤᠯᠴᠠᠬᠤ ᠶᠢ ᠴᠢᠬᠤᠯᠠᠴᠢᠯᠠᠵᠤ᠂ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠠᠵᠢᠯᠯᠠᠭᠠᠨ ᠤ ᠵᠠᠭᠪᠤᠷ ᠢ ᠰᠢᠯᠢᠳᠡᠭᠵᠢᠭᠦᠯᠬᠦ ᠳᠤ ᠰᠢᠪᠲᠤᠯᠤᠯᠲᠠ ᠭᠠᠷᠭᠠᠬᠤ ᠪᠠᠷ ᠴᠢᠷᠮᠠᠶᠢᠵᠤ᠂ ︽ᠪᠠᠷᠠᠭᠠᠨ ᠤ ᠭᠦᠢᠯᠭᠡᠭᠡ ᠶᠢ ᠬᠠᠮᠲᠤ ᠪᠠᠷ ᠡᠳ᠋ᠯᠡᠬᠦ︾ ᠣᠶᠢᠯᠠᠭᠠᠭᠳᠠᠬᠤᠨ ᠢᠶᠠᠷ ᠠᠭᠤᠰᠤᠯᠴᠠᠨ ᠬᠠᠮᠵᠢᠯᠴᠠᠨ ᠬᠥᠭᠵᠢᠬᠦ ᠵᠠᠮ ᠢᠶᠠᠷ ᠵᠠᠮᠨᠠᠨ᠎ᠠ︔ ᠭᠤᠷᠪᠠ ᠳᠤ᠂ ᠥᠷᠢᠰᠥᠯᠳᠦᠭᠡᠨ ᠢ ᠠᠬᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠳᠤ ᠰᠢᠪᠲᠤᠯᠤᠯᠲᠠ ᠭᠠᠷᠭᠠᠬᠤ ᠪᠠᠷ ᠴᠢᠷᠮᠠᠶᠢᠨ᠎ᠠ︔ ᠲᠦᠷᠪᠡ ᠳᠤ᠂ ᠦᠢᠯᠡᠴᠢᠯᠡᠭᠡ ᠶᠢ ᠴᠢᠩᠭᠠᠳᠬᠠᠵᠤ᠂ ᠣᠶᠤᠨᠴᠢ ᠪᠠᠷᠠᠭᠠᠨ ᠤ ᠭᠦᠢᠯᠭᠡᠭᠡ ᠶᠢᠨ ᠬᠥᠭᠵᠢᠯᠲᠡ ᠶᠢᠨ ᠬᠡᠷᠡᠭᠯᠡᠭᠡᠨ ᠳᠤ ᠰᠢᠪᠲᠤᠯᠤᠯᠲᠠ ᠭᠠᠷᠭᠠᠬᠤ ᠪᠠᠷ ᠴᠢᠷᠮᠠᠶᠢᠵᠤ᠂ ︽ᠢᠨᠲ᠋ᠧᠷ ᠰᠦᠯᠵᠢᠶ᠎ᠡ + ᠪᠠᠷᠠᠭᠠᠨ ᠤ ᠭᠦᠢᠯᠭᠡᠭᠡ︾᠎ ᠪᠠᠷ ᠭᠠᠷᠳᠠᠴᠠ ᠪᠣᠯᠭᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠪᠠᠷᠠᠭᠠᠨ ᠤ ᠭᠦᠢᠯᠭᠡᠭᠡᠨ ᠤ ᠡᠬᠢ ᠪᠠᠶᠠᠯᠢᠭ ᠢ ᠥᠨᠳᠥᠷ ᠪᠦᠲᠦᠮᠵᠢᠲᠡᠢ ᠨᠢᠭᠡᠳᠦᠭᠦᠯᠭᠦ ᠶᠢ ᠨᠢᠭᠡᠳᠦᠯᠲᠡᠢ ᠲᠥᠯᠥᠪᠵᠢᠭᠦᠯᠵᠦ᠂ ᠦᠷᠳᠡᠭᠡ ᠴᠡᠭ᠂ ᠲᠡᠷᠭᠡ ᠬᠥᠰᠬᠡ᠂ ᠡᠳ᠋ ᠪᠠᠷᠠᠭ᠎ᠠ ᠪᠣᠯᠤᠨ ᠮᠡᠳᠡᠭᠡ ᠵᠠᠩᠭᠢ ᠶᠢ ᠵᠢᠩᠬᠢᠨᠢ ︽ᠡᠷᠭᠢᠯᠳᠦᠭᠦᠯᠵᠦ︾᠂ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡ ᠶᠢ ᠲᠦᠷᠭᠡᠳᠭᠡᠨ ︽ᠭᠦᠶᠦᠯᠭᠡᠨ᠎ᠡ︾︔ ᠲᠠᠪᠤ ᠳᠤ᠂ ᠲᠣᠭᠲᠠᠴᠠ ᠶᠢ ᠰᠢᠯᠢᠳᠡᠭᠵᠢᠭᠦᠯᠵᠦ᠂ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡ ᠶᠢᠨ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠳᠤ ᠰᠢᠪᠲᠤᠯᠤᠯᠲᠠ ᠭᠠᠷᠭᠠᠬᠤ ᠪᠠᠷ ᠴᠢᠷᠮᠠᠶᠢᠨ᠎ᠠ᠃ ﹇2018-11-26 11᠄ 33᠄ 40﹈      ᠬᠥᠲᠥᠯᠥᠭᠴᠢ᠄      ᠶᠦᠨ ᠲᠢᠩᠬᠢᠮ ᠤᠨ ᠳᠠᠷᠤᠭ᠎ᠠ ᠶᠢᠨ ᠨᠠᠷᠢᠨ ᠲᠠᠨᠢᠯᠴᠠᠭᠤᠯᠭ᠎ᠠ ᠪᠠᠷ᠂ ᠣᠯᠠᠨ ᠢᠶᠠᠷ ᠢᠶᠠᠨ ᠥᠪᠥᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠷᠠᠭᠠᠨ ᠤ ᠭᠦᠢᠯᠭᠡᠭᠡ ᠶᠢᠨ ᠬᠥᠭᠵᠢᠯᠲᠡ ᠶᠢᠨ ᠪᠠᠶᠢᠳᠠᠯ ᠤᠨ ᠲᠤᠬᠠᠶ ᠨᠠᠩ ᠢᠯᠡᠭᠦᠤ ᠣᠶᠢᠯᠠᠭᠠᠯᠲᠠ ᠲᠠᠢ ᠪᠣᠯᠬᠤ ᠶᠢ ᠢᠲᠡᠭᠡᠵᠦ ᠪᠠᠶᠢᠨ᠎ᠠ᠃ ᠶᠦᠨ ᠲᠢᠩᠬᠢᠮ ᠤᠨ ᠳᠠᠷᠤᠭ᠎ᠠ ᠶᠢᠨ ᠰᠤᠷᠪᠤᠯᠵᠢᠯᠠᠭ᠎ᠠ ᠎ ᠳᠤ ᠣᠷᠣᠯᠴᠠᠭᠰᠠᠨ ᠳᠤ ᠲᠠᠯᠠᠷᠬᠠᠵᠤ ᠪᠠᠶᠢᠨ᠎ᠠ᠂ ᠰᠦᠯᠵᠢᠶᠡᠨ ᠤ ᠠᠨᠳᠠ ᠨᠠᠷ ᠤᠨ ᠳᠡᠮᠵᠢᠯᠭᠡ ᠪᠣᠯᠤᠨ ᠠᠩᠬᠠᠷᠤᠯ ᠳᠤ ᠲᠠᠯᠠᠷᠬᠠᠵᠤ ᠪᠠᠶᠢᠨ᠎ᠠ᠂ ᠲᠠᠷᠠᠭᠠᠴᠢ ᠶᠢᠨ ᠬᠤᠭᠤᠴᠠᠭᠠᠨ ᠳᠤ ᠠᠭᠤᠯᠵᠠᠶ᠎ᠠ︕ ﹇2018-11-26 11᠄ 35᠄ 40﹈
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号