ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠨᠡᠮᠡᠭᠳᠡᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠠᠬᠢᠭᠤᠯᠤᠨ ᠪᠠᠷᠠᠭᠠᠨ ᠤ ᠲᠡᠷᠭᠡ ᠶᠢᠨ ᠵᠢᠯᠣᠭᠤᠴᠢ ᠶᠢᠨ ︽ᠬᠠᠶᠢᠷ᠎ᠠ ᠬᠠᠯᠠᠮᠵᠢ ᠶᠢᠨ ᠥᠷᠲᠡᠭᠡ ︾᠎ ᠶᠢ ᠴᠢᠷᠮᠠᠶᠢᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2021/8/16
     ᠰᠤᠷᠪᠤᠯᠵᠢᠯᠠᠭ᠎ᠠ ᠬᠦᠯᠢᠶᠡᠭᠴᠢ᠄ ᠰᠦᠨ ᠰᠢᠶᠣᠣ ᠸᠧᠨ      ᠰᠤᠷᠪᠤᠯᠵᠢᠯᠠᠭᠰᠠᠨ ᠴᠠᠭ᠄ 2021-7-27      ᠭᠤᠣᠯ ᠠᠭᠤᠯᠭ᠎ᠠ᠄ ᠵᠠᠮ ᠢᠶᠠᠷ ᠪᠠᠷᠠᠭ᠎ᠠ ᠳᠡᠭᠡᠭᠡᠪᠦᠷᠢᠯᠡᠬᠦ ᠠᠵᠢᠯ ᠲᠦᠷᠦᠯ ᠪᠣᠯ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮᠵᠢ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠤᠯᠤᠰ ᠠᠷᠠᠳ ᠤᠨ ᠠᠵᠤ ᠠᠬᠤᠶ ᠶᠢᠨ ᠬᠥᠭᠵᠢᠯᠲᠡ ᠶᠢᠨ ᠴᠢᠬᠤᠯᠠ ᠰᠠᠭᠤᠷᠢ ᠴᠢᠨᠠᠷᠲᠠᠶ ᠦᠢᠯᠡᠴᠢᠯᠡᠭᠡᠨ ᠤ ᠠᠵᠤ ᠦᠢᠯᠡᠰ ᠮᠥᠨ᠂ ᠪᠠᠰᠠ ᠴᠤ ᠥᠷᠭᠡᠨ ᠤᠯᠠᠨ ᠠᠷᠠᠳ ᠲᠦᠮᠡᠨ ᠤ ᠠᠵᠢᠯ ᠤᠯᠬᠤ᠂ ᠠᠵᠢᠯ ᠰᠣᠩᠭᠤᠬᠤ᠂ ᠠᠳᠠᠯ ᠦᠢᠯᠡᠰ ᠴᠣᠭᠴᠠᠯᠠᠬᠤ ᠲᠤᠮᠤ ᠲᠠᠪᠴᠠᠩ ᠮᠥᠨ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠵᠠᠮ ᠲᠡᠭᠡᠭᠡᠪᠦᠷᠢ ᠶᠢᠨ ᠠᠵᠢᠯ ᠲᠥᠷᠥᠯ ᠤᠨ ᠡᠷᠡᠭᠦᠯ ᠲᠣᠭᠲᠠᠭᠤᠨ ᠴᠢᠨᠠᠷ ᠰᠠᠶᠢᠲᠠᠶ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠠᠷᠠᠭᠠᠨ ᠤ ᠲᠡᠷᠭᠡ ᠶᠢᠨ ᠵᠢᠯᠣᠭᠤᠴᠢ ᠶᠢᠨ ᠡᠷᠬᠡ ᠠᠰᠢᠭ ᠢ ᠦᠨᠡᠨ ᠬᠦ ᠬᠠᠮᠠᠭᠠᠯᠠᠵᠤ᠂ ︽ᠵᠢᠯᠣᠭᠤᠴᠢ ᠶᠢᠨ ᠬᠡᠷ︾᠎ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠶ ᠭᠡᠵᠦ ᠲᠣᠳᠣᠷᠬᠠᠶ ᠳᠤᠷᠠᠳᠤᠨ ᠭᠠᠷᠭᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠡᠨᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠲᠠᠢ ᠬᠠᠮᠲᠤᠷᠠᠨ ᠵᠣᠷᠢᠭᠵᠢᠭᠤᠯᠬᠤ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ︽ᠵᠢᠯᠣᠭᠤᠴᠢ ᠶᠢᠨ ᠬᠡᠷ︾᠎ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠳᠡᠮᠵᠢᠪᠡ᠃ ᠲᠣᠰ ᠬᠤᠭᠤᠴᠠᠭᠠᠨ ᠤ ᠰᠤᠷᠪᠤᠯᠵᠢᠯᠠᠭ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠰᠦᠨ ᠰᠢᠶᠤᠤ ᠸᠧᠨ ᠨᠥᠬᠦᠷ ᠢ ᠤᠷᠢᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠵᠢᠯᠣᠭᠤᠴᠢ ᠶᠢᠨ ᠬᠡᠷ︾᠎ ᠤᠨ ᠪᠥᠲᠥᠭᠡᠨ ᠪᠠᠶᠢᠭᠤᠯᠤᠯᠲᠠ ᠎ ᠶᠢᠨ ᠠᠵᠢᠯ ᠥᠷᠨᠢᠭᠦᠯᠦᠭᠰᠡᠨ ᠪᠠᠶᠢᠳᠠᠯ ᠢ ᠣᠯᠠᠨ ᠳᠤ ᠲᠠᠨᠢᠯᠴᠠᠭᠤᠯᠵᠤ ᠦᠭᠭᠦᠨ᠎ᠡ᠃      ᠦᠰᠦᠭ ᠪᠢᠴᠢᠭ ᠤᠨ ᠪᠣᠳᠠᠲᠤ ᠲᠡᠮᠳᠡᠭᠯᠡᠯ      ᠬᠥᠲᠥᠯᠥᠭᠴᠢ᠄      ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ᠂ ᠰᠦᠯᠵᠢᠶᠡᠨ ᠤ ᠠᠨᠳᠠ ᠨᠠᠷ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢ ᠠᠩᠬᠠᠷᠬᠤ ᠶᠢ ᠪᠠᠶᠠᠷᠯᠠᠨ ᠤᠭᠲᠤᠵᠤ ᠪᠠᠶᠢᠨ᠎ᠠ︕ ᠲᠣᠰ ᠬᠤᠭᠤᠴᠠᠭᠠᠨ ᠤ ᠰᠤᠷᠪᠤᠯᠵᠢᠯᠠᠭ᠎ᠠ ᠳᠤ ᠪᠢᠳᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠰᠦᠨ ᠰᠢᠶᠤᠤ ᠸᠧᠨ ᠨᠥᠬᠦᠷ ᠢ ᠤᠷᠢᠵᠤ᠂ ᠲᠡᠭᠦᠨ ᠢᠶᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠵᠢᠯᠣᠭᠤᠴᠢ ᠶᠢᠨ ᠬᠡᠷ︾᠎ ᠤᠨ ᠪᠥᠲᠥᠭᠡᠨ ᠪᠠᠶᠢᠭᠤᠯᠤᠯᠲᠠ ᠶᠢᠨ ᠠᠵᠢᠯ ᠥᠷᠨᠢᠭᠦᠯᠦᠭᠰᠡᠨ ᠪᠠᠶᠢᠳᠠᠯ ᠢ ᠣᠯᠠᠨ ᠳᠤ ᠲᠠᠨᠢᠯᠴᠠᠭᠤᠯᠵᠤ ᠦᠭᠭᠦᠨ᠎ᠡ᠃ ᠰᠦᠨ ᠲᠣᠭᠤᠷᠢᠨ ᠪᠠᠶᠢᠴᠠᠭᠠᠭᠴᠢ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕ 2021-07-27 09:30:00      ᠬᠦᠯᠢᠶᠡᠭᠴᠢ᠄ ᠰᠦᠨ ᠰᠢᠶᠤᠤ ᠸᠧᠨ      ᠬᠥᠲᠥᠯᠥᠭᠴᠢ ᠰᠠᠶᠢᠨ ᠤᠤ᠂ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ᠂ ᠶᠠᠮᠦᠨ ᠤ ᠰᠦᠯᠵᠢᠶᠡᠨ ᠤ ᠰᠤᠷᠪᠤᠯᠵᠢᠯᠠᠭ᠎ᠠ ᠳᠤ ᠵᠣᠴᠢᠨ ᠪᠣᠯᠵᠤ᠂ ᠣᠯᠠᠨ ᠲᠠᠢ ᠰᠠᠨᠠᠯ ᠢᠶᠠᠨ ᠰᠣᠯᠢᠯᠴᠠᠬᠤ ᠪᠣᠯᠤᠭᠰᠠᠨ ᠳᠤ ᠪᠠᠨ ᠮᠠᠰᠢ ᠪᠠᠶᠠᠷᠲᠠᠶ ᠪᠠᠶᠢᠨ᠎ᠠ᠃ 2021-07-27 09:30:00      ᠬᠥᠲᠥᠯᠥᠭᠴᠢ᠄      ᠡᠩ ᠲᠡᠷᠢᠭᠦᠨ ᠳᠤ᠂ ᠰᠦᠨ ᠲᠣᠭᠤᠷᠢᠨ ᠪᠠᠶᠢᠴᠠᠭᠠᠭᠴᠢ ᠠᠴᠠ ᠪᠢᠳᠡᠨ ᠳᠤ ︽ᠵᠢᠯᠣᠭᠤᠴᠢ ᠶᠢᠨ ᠭᠡᠷ︾᠎ ᠤᠨ ᠡᠭᠦᠰᠦᠯ ᠪᠠ ᠠᠬᠤᠢ ᠪᠠᠶᠢᠳᠠᠯ ᠢ ᠲᠠᠨᠢᠯᠴᠠᠭᠤᠯᠤᠶ᠎ᠠ᠃ 2021-07-27 09:32:00      ᠬᠦᠯᠢᠶᠡᠭᠴᠢ᠄ ᠰᠦᠨ ᠰᠢᠶᠤᠤ ᠸᠧᠨ      ᠮᠠᠨ ᠤ ᠤᠯᠤᠰ ᠤᠨ ᠠᠵᠤ ᠠᠬᠤᠶ ᠶᠢᠨ ᠲᠦᠷᠭᠡᠨ ᠬᠥᠭᠵᠢᠯᠲᠡ ᠶᠢ ᠳᠠᠭᠠᠯᠳᠤᠨ᠂ ᠰᠠᠭᠤᠷᠢ ᠴᠢᠨᠠᠷᠲᠠᠶ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠶ᠂ ᠦᠢᠯᠡᠴᠢᠯᠡᠭᠡᠨ ᠤ ᠴᠢᠨᠠᠷᠲᠠᠶ ᠠᠵᠤ ᠦᠢᠯᠡᠰ ᠪᠣᠯᠬᠤ ᠲᠡᠭᠡᠭᠡᠪᠦᠷᠢ ᠶᠢᠨ ᠦᠢᠯᠡᠰ ᠤᠨ ᠪᠠᠶᠢᠷᠢ ᠰᠠᠭᠤᠷᠢ ᠨᠡᠩ ᠲᠤᠪᠤᠶᠢᠮ᠎ᠠ ᠪᠤᠯᠵᠤ᠂ ᠨᠡᠶᠢᠭᠡᠮ ᠤᠨ ᠠᠵᠤ ᠠᠬᠤᠶ ᠶᠢᠨ ᠬᠥᠭᠵᠢᠯᠲᠡ ᠳᠤ ᠬᠦᠴᠦᠲᠡᠶ ᠲᠦᠰᠢᠭ ᠲᠤᠯᠭᠠᠭᠤᠷᠢ ᠪᠠ ᠪᠠᠲᠤᠯᠠᠭ᠎ᠠ ᠬᠠᠩᠭᠠᠭᠰᠠᠨ ᠪᠠᠶᠢᠨ᠎ᠠ᠃ ᠵᠠᠮ ᠢᠶᠠᠷ ᠪᠠᠷᠠᠭ᠎ᠠ ᠳᠡᠭᠡᠭᠡᠪᠦᠷᠢᠯᠡᠬᠦ ᠠᠵᠢᠯ ᠲᠦᠷᠦᠯ ᠪᠣᠯ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮᠵᠢ ᠶᠢᠨ ᠴᠢᠬᠤᠯᠠ ᠪᠦᠷᠢᠯᠳᠦᠬᠦᠨ ᠬᠡᠰᠡᠭ ᠮᠦᠨ᠂ ᠤᠯᠤᠰ ᠤᠨ ᠪᠠᠷᠠᠭᠠᠨ ᠤ ᠭᠦᠢᠯᠭᠡᠭᠡᠨ ᠤ ᠰᠢᠰᠲ᠋ᠧᠮ ᠤᠨ ᠴᠢᠬᠤᠯᠠ ᠲᠦᠰᠢᠭ ᠠᠴᠢᠶᠠᠯᠠᠪᠤᠷᠢ ᠮᠦᠨ᠂ ᠤᠯᠤᠰ ᠠᠷᠠᠳ ᠤᠨ ᠠᠵᠤ ᠠᠬᠤᠶ ᠶᠢᠨ ᠬᠥᠭᠵᠢᠯᠲᠡ ᠶᠢᠨ ᠴᠢᠬᠤᠯᠠ ᠰᠠᠭᠤᠷᠢ ᠴᠢᠨᠠᠷᠲᠠᠶ ᠦᠢᠯᠡᠴᠢᠯᠡᠭᠡᠨ ᠤ ᠦᠢᠯᠡᠰ ᠮᠦᠨ᠃ ᠣᠶᠢᠷ᠎ᠠ ᠶᠢᠨ ᠵᠢᠯ ᠠᠴᠠ ᠨᠠᠭᠠᠰᠢ᠂ ᠮᠠᠨ ᠤ ᠤᠯᠤᠰ ᠤᠨ ᠪᠠᠷᠠᠭᠠᠨ ᠤ ᠲᠡᠭᠡᠭᠡᠪᠦᠷᠢ ᠶᠢᠨ ᠶᠡᠷᠦᠩᠬᠡᠶ ᠬᠡᠮᠵᠢᠶ᠎ᠡ ᠵᠢᠯ ᠳᠠᠷᠠᠭᠠᠯᠠᠨ ᠨᠡᠮᠡᠭᠳᠡᠵᠦ᠂ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2020 ᠣᠨ ᠳᠤ ᠮᠠᠨ ᠤ ᠤᠯᠤᠰ ᠤᠨ ᠪᠥᠬᠦ ᠨᠡᠶᠢᠭᠡᠮ ᠤᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠨᠡᠶᠢᠲᠡ 473.6 ᠳ᠋ᠦᠩᠰᠢᠭᠤᠷ ᠲᠣᠨ᠂ ᠡᠭᠦᠨ ᠳᠤ ᠵᠠᠰᠠᠮᠠᠯ ᠵᠠᠮ ᠤᠨ ᠲᠡᠭᠡᠭᠡᠪᠦᠷᠢ ᠶᠢᠨ ᠡᠵᠡᠯᠡᠬᠦ ᠬᠠᠷᠢᠴᠠᠯ 72.4%᠎ ᠳᠤ ᠬᠦᠷᠴᠡᠶ ᠂ ᠪᠦᠷᠢᠳᠬᠡᠯ ᠢ ᠦᠨᠳᠦᠰᠦᠯᠡᠪᠡᠯ᠂ 2020 ᠣᠨ ᠳᠤ ᠥᠪᠡᠷᠲᠡᠭᠡᠨ ᠵᠠᠰᠠᠬᠤ ᠣᠷᠣᠨ ᠤ ᠪᠥᠬᠦ ᠨᠡᠶᠢᠭᠡᠮ ᠤᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠨᠡᠶᠢᠲᠡ 17.1 ᠳ᠋ᠦᠩᠰᠢᠭᠤᠷ ᠲᠣᠨ᠂ ᠡᠭᠦᠨ ᠳᠤ ᠵᠠᠰᠠᠮᠠᠯ ᠵᠠᠮ ᠤᠨ ᠲᠡᠭᠡᠭᠡᠪᠦᠷᠢ ᠶᠢᠨ ᠡᠵᠡᠯᠡᠬᠦ ᠬᠠᠷᠢᠴᠠᠯ 63.9%᠎ ᠳᠤ ᠬᠦᠷᠴᠦ᠂ ᠲᠡᠭᠡᠭᠡᠪᠦᠷᠢ ᠶᠢᠨ ᠬᠡᠯᠪᠡᠷᠢ ᠠᠴᠠ ᠦᠵᠡᠪᠡᠯ᠂ ᠵᠠᠰᠠᠮᠠᠯ ᠵᠠᠮ ᠤᠨ ᠲᠡᠭᠡᠭᠡᠪᠦᠷᠢ ᠮᠥᠨ ᠬᠦ ᠠᠵᠢᠯ ᠲᠥᠷᠥᠯ ᠤᠨ ᠭᠤᠤᠯᠯᠠᠬᠤ ᠪᠠᠶᠢᠷᠢᠨ ᠳᠤ ᠣᠷᠤᠰᠢᠵᠤ ᠪᠠᠶᠢᠨ᠎ᠠ᠃ ᠵᠠᠮ ᠢᠶᠠᠷ ᠪᠠᠷᠠᠭ᠎ᠠ ᠳᠡᠭᠡᠭᠡᠪᠦᠷᠢᠯᠡᠬᠦ ᠠᠵᠢᠯ ᠲᠦᠷᠦᠯ ᠤᠨ ᠡᠷᠡᠭᠦᠯ ᠪᠥᠭᠡᠳ ᠲᠣᠭᠲᠠᠭᠤᠨ ᠢᠶᠠᠷ ᠬᠥᠭᠵᠢᠬᠦ ᠨᠢ᠂ ᠤᠯᠤᠰ ᠠᠷᠠᠳ ᠤᠨ ᠠᠵᠤ ᠠᠬᠤᠶ ᠶᠢᠨ ᠲᠣᠭᠲᠠᠭᠤᠨ ᠡᠷᠭᠢᠯᠲᠡ ᠲᠠᠢ ᠬᠤᠯᠪᠣᠭᠳᠠᠵᠤ᠂ ᠪᠠᠷᠠᠭ᠎ᠠ ᠶᠢᠨ ᠭᠦᠢᠯᠭᠡᠭᠡᠨ ᠤ ᠦᠢᠯᠡᠰ ᠤᠨ ᠥᠪᠡᠷ ᠤᠨ ᠥᠷᠳᠡᠭ ᠢᠶᠠᠨ ᠪᠠᠭᠤᠷᠠᠭᠤᠯᠤᠨ ᠦᠷ᠎ᠡ ᠠᠰᠢᠭ ᠢᠶᠠᠨ ᠨᠡᠮᠡᠭᠳᠡᠭᠦᠯᠬᠦ ᠲᠠᠢ ᠬᠤᠯᠪᠣᠭᠳᠠᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠢᠯᠡᠳᠪᠦᠷᠢᠯᠡᠯ ᠠᠮᠢᠳᠤᠷᠠᠯ ᠲᠠᠢ ᠬᠤᠯᠪᠣᠭᠳᠠᠬᠤ ᠶᠢᠨ ᠬᠠᠮᠲᠤ᠂ ᠪᠠᠰᠠ ᠵᠠᠮ ᠢᠶᠠᠷ ᠪᠠᠷᠠᠭ᠎ᠠ ᠳᠡᠭᠡᠭᠡᠪᠦᠷᠢᠯᠡᠬᠦ ᠠᠵᠢᠯ ᠲᠦᠷᠦᠯ ᠤᠨ ᠥᠷᠭᠡᠨ ᠤᠯᠠᠨ ᠠᠵᠢᠯᠯᠠᠭᠰᠠᠳ ᠤᠨ ᠠᠮᠤᠷ ᠵᠢᠮᠤᠷ ᠠᠵᠤ ᠲᠦᠷᠦᠭᠦ ᠶᠢᠨ ᠦᠨᠳᠦᠰᠦᠨ ᠱᠠᠭᠠᠷᠳᠠᠯᠭ᠎ᠠ ᠪᠣᠯᠤᠨ᠎ᠠ᠃ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢ᠂ ᠮᠠᠨ ᠤ ᠤᠯᠤᠰ ᠤᠨ ᠵᠠᠮ ᠢᠶᠠᠷ ᠪᠠᠷᠠᠭ᠎ᠠ ᠳᠡᠭᠡᠭᠡᠪᠦᠷᠢᠯᠡᠬᠦ ᠦᠢᠯᠡᠰ ᠲᠦᠷᠭᠡᠨ ᠬᠥᠭᠵᠢᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠯᠤᠲᠤ ᠶᠡᠭᠡ ᠬᠤᠪᠢ ᠨᠡᠮᠡᠷᠢ ᠦᠵᠡᠭᠦᠯᠦᠭᠰᠡᠨ ᠪᠣᠯᠪᠠᠴᠤ᠂ ᠣᠷᠳᠣ ᠬᠤᠭᠤᠴᠠᠭ᠎ᠠ ᠪᠠᠷ ᠬᠤᠷᠠᠮᠳᠤᠭᠰᠠᠨ ︽ᠣᠯᠠᠨ᠂ ᠪᠠᠭ᠎ᠠ᠂ ᠲᠠᠷᠠᠬᠠᠶ᠂ ᠪᠠᠭᠤᠷᠠᠶ︾ ᠵᠡᠷᠭᠡ ᠪᠦᠲᠦᠴᠡ ᠶᠢᠨ ᠴᠢᠨᠠᠷᠲᠠᠶ ᠵᠥᠷᠢᠴᠡᠯ ᠡᠳᠦᠷ ᠢᠷᠡᠬᠦᠶ᠎ᠡ ᠲᠣᠪᠤᠶᠢᠮ᠎ᠠ ᠪᠣᠯᠵᠣ᠂ ᠡᠩ ᠤᠨ ᠲᠡᠭᠡᠭᠡᠪᠦᠷᠢ ᠶᠢᠨ ᠬᠦᠴᠦᠨ ᠬᠠᠷᠢᠴᠠᠩᠭᠤᠶ ᠪᠠᠷ ᠦᠯᠡᠭᠦᠳᠡᠵᠦ᠂ ᠡᠵᠡᠩᠨᠡᠯᠲᠡ ᠶᠢᠨ ᠡᠷᠦᠬᠡ ᠶᠢᠨ ᠳᠠᠷᠤᠭᠠᠰᠤ ᠨᠡᠯᠢᠶᠡᠳ ᠬᠦᠨᠳᠦ ᠪᠠᠶᠢᠵᠤ᠂ ᠪᠠᠷᠠᠭᠠᠨ ᠤ ᠲᠡᠷᠭᠡ ᠶᠢᠨ ᠵᠢᠯᠣᠭᠤᠴᠢ ᠶᠢᠨ  ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠨᠡᠯᠢᠶᠡᠳ ᠠᠨᠠᠶ ᠪᠠᠶᠢᠨ᠎ᠠ᠃ 2020 ᠣᠨ ᠤ ᠪᠦᠷᠢᠳᠬᠡᠯ ᠤᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠮᠠᠨ ᠤ ᠤᠯᠤᠰ ᠲᠤ 2000 ᠭᠠᠷᠤᠶ ᠲᠦᠮᠡᠨ ᠵᠠᠮ ᠢᠶᠠᠷ ᠪᠠᠷᠠᠭ᠎ᠠ ᠲᠡᠭᠡᠭᠡᠪᠦᠷᠢᠯᠡᠬᠦ  ᠠᠵᠢᠯᠯᠠᠭᠰᠠᠳ᠂ 1300 ᠭᠠᠷᠤᠶ ᠲᠦᠮᠡᠨ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ᠂ ᠥᠪᠡᠷᠲᠡᠭᠡᠨ ᠵᠠᠰᠠᠬᠤ ᠣᠷᠣᠨ ᠤ ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠠᠵᠢᠯᠯᠠᠭᠰᠠᠳ 30 ᠭᠠᠷᠤᠶ ᠲᠦᠮᠡᠨ ᠬᠥᠮᠦᠨ᠂ 20 ᠭᠠᠷᠤᠶ ᠲᠦᠮᠡᠨ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠲᠠᠢ᠃ ᠶᠡᠷᠦᠩᠬᠡᠶ ᠳᠤ ᠨᠢ ᠠᠪᠴᠤ ᠬᠡᠯᠡᠪᠡᠯ᠂ ᠪᠠᠷᠠᠭᠠᠨ ᠤ ᠲᠡᠷᠭᠡ ᠶᠢᠨ ᠵᠢᠯᠣᠭᠤᠴᠢ ᠶᠢᠨ ᠶᠠᠪᠤᠬᠤ ᠵᠠᠶ ᠨᠢ ᠪᠦᠷ ᠨᠡᠯᠢᠶᠡᠳ ᠬᠤᠯᠠ᠂ ᠦᠢᠯᠡᠴᠢᠯᠡᠭᠡᠨ ᠤ ᠲᠥᠬᠦᠭᠡᠷᠦᠮᠵᠢ ᠳᠤᠲᠠᠮᠠᠭ ᠠᠴᠠ ᠪᠣᠯᠵᠤ᠂ ᠥᠷᠭᠡᠨ ᠣᠯᠠᠨ ᠪᠠᠷᠠᠭᠠᠨ ᠤ ᠲᠡᠷᠭᠡ ᠶᠢᠨ ᠵᠢᠯᠣᠭᠤᠴᠢ ᠵᠥᠪᠬᠡᠨ ︽ᠲᠡᠷᠭᠡ ᠪᠠᠷ ᠭᠡᠷ ᠢᠶᠠᠨ ᠪᠣᠯᠭᠠᠵᠤ︾᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ ᠨᠡᠶᠢᠭᠡᠮᠯᠢᠭ ᠲᠤ ᠨᠠᠶᠢᠳᠠᠵᠤ ᠲᠤᠰᠬᠠᠶᠢᠯᠠᠨ ᠪᠠᠷᠠᠭᠠᠨ ᠤ ᠲᠡᠷᠭᠡ ᠶᠢᠨ ᠵᠢᠯᠣᠭᠤᠴᠢ ᠳᠤ ᠪᠠᠶᠢᠴᠠᠭᠠᠨ ᠰᠤᠳᠤᠯᠤᠯᠲᠠ ᠬᠢᠯᠭᠡᠵᠦ᠂ ᠦᠷ᠎ᠡ ᠳ᠋ᠦᠩ ᠠᠴᠠ ᠢᠯᠡᠷᠡᠭᠦᠯᠦᠭᠰᠡᠨ ᠨᠢ᠂ ᠠᠵᠢᠯ ᠤᠨ ᠴᠠᠭ ᠠᠴᠠ ᠦᠵᠡᠪᠡᠯ᠂ ᠪᠠᠷᠠᠭᠠᠨ ᠤ ᠲᠡᠭᠡᠭᠡᠪᠦᠷᠢ ᠶᠢᠨ ᠵᠢᠯᠣᠭᠤᠴᠢ ᠶᠢᠨ ᠠᠵᠢᠯ ᠤᠨ ᠡᠷᠴᠢᠮ ᠶᠡᠷᠦᠩᠬᠡᠶ ᠳᠤ ᠪᠠᠨ ᠨᠡᠯᠢᠶᠡᠳ ᠶᠡᠭᠡ᠂ ᠵᠢᠯᠣᠭᠤᠳᠬᠤ ᠶᠠᠪᠤᠴᠠ ᠳᠤ ᠲᠣᠭᠲᠠᠭᠰᠠᠨ ᠠᠮᠠᠷᠠᠯᠲᠠ ᠶᠢᠨ ᠴᠠᠭ ᠦᠭᠡᠶ ᠪᠠᠷᠠᠭᠠᠨ ᠤ ᠲᠡᠷᠭᠡ ᠶᠢᠨ ᠵᠢᠯᠣᠭᠤᠴᠢ ᠶᠢᠨ ᠡᠵᠡᠯᠡᠬᠦ ᠬᠠᠷᠢᠴᠡᠯ ᠨᠢ ᠨᠡᠯᠢᠶᠡᠳ ᠶᠡᠭᠡ ᠪᠠᠶᠢᠳᠠᠭ᠃ ᠮᠠᠰᠢ ᠣᠯᠠᠨ ᠪᠠᠷᠠᠭᠠᠨ ᠤ ᠲᠡᠷᠭᠡ ᠶᠢᠨ ᠵᠢᠯᠣᠭᠤᠴᠢ ᠣᠷᠳᠣ ᠬᠤᠭᠤᠴᠠᠭ᠎ᠠ ᠪᠠᠷ ᠲᠡᠷᠭᠡ ᠵᠢᠯᠣᠭᠤᠳᠴᠤ᠂ ᠠᠮᠢᠳᠤᠷᠠᠯ ᠨᠢ ᠵᠢᠮ᠎ᠡ ᠶᠣᠰᠣ ᠥᠬᠡᠶ ᠠᠴᠠ ᠪᠣᠯᠵᠣ ᠬᠤᠳᠣᠭᠤᠳᠣᠨ ᠡᠪᠡᠳᠴᠢᠨ᠂ ᠬᠦᠵᠦᠭᠦᠦ ᠰᠡᠭᠡᠷ ᠤᠨ ᠡᠪᠡᠳᠴᠢᠨ ᠂ ᠴᠢᠰᠤᠨ ᠳᠠᠷᠤᠯᠲᠠ ᠥᠨᠳᠥᠷ ᠵᠡᠷᠭᠡ ᠠᠵᠢᠯ ᠤᠨ ᠨᠥᠯᠥᠭᠡᠨ ᠤ ᠡᠪᠡᠳᠴᠢᠨ ᠳᠤ ᠨᠡᠷᠪᠡᠭᠳᠡᠵᠦ᠂ ᠪᠠᠷᠠᠭᠠᠨ ᠤ ᠲᠡᠷᠭᠡ ᠶᠢᠨ ᠵᠢᠯᠣᠭᠤᠴᠢ ᠶᠢᠨ ᠠᠵᠢᠯ ᠤᠨ ᠨᠡᠷ᠎ᠡ ᠬᠦᠨᠳᠦ ᠶᠢ ᠳᠡᠭᠡᠭᠰᠢᠯᠡᠭᠦᠯᠵᠦ᠂ ᠪᠠᠷᠠᠭᠠᠨ ᠤ ᠲᠡᠷᠭᠡ ᠶᠢᠨ ᠵᠢᠯᠣᠭᠤᠴᠢ ᠶᠢᠨ  ᠬᠦᠷᠲᠡᠭᠡᠮᠵᠢ ᠶᠢᠨ ᠲᠥᠷᠥᠭᠳᠡᠯ ᠢ ᠨᠡᠮᠡᠭᠳᠡᠭᠦᠯᠦᠨ᠂ ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠠᠵᠢᠯ ᠲᠥᠷᠥᠯ ᠤᠨ ᠡᠷᠡᠭᠦᠯ ᠲᠣᠭᠲᠠᠭᠤᠨ ᠢᠶᠠᠷ ᠬᠥᠭᠵᠢᠬᠦ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠬᠤ ᠶᠠᠪᠤᠳᠠᠯ ᠲᠤᠯᠭᠠᠮ᠎ᠠ ᠱᠠᠭᠠᠷᠳᠠᠭᠳᠠᠵᠤ ᠪᠠᠶᠢᠨ᠎ᠠ᠃ 2017 ᠣᠨ ᠤ 9 ᠳ᠋ᠦ᠋ᠭᠡᠷ ᠰᠠᠷ᠎ᠠ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠵᠡᠷᠭᠡ 14 ᠶᠠᠮᠤᠨ ᠬᠤᠷᠢᠶ᠎ᠠ ᠬᠠᠮᠲᠤᠷᠠᠨ ︽ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠠᠵᠢᠯ ᠲᠥᠷᠥᠯ ᠤᠨ ᠡᠷᠡᠭᠦᠯ ᠲᠣᠭᠲᠠᠭᠤᠨ ᠬᠥᠭᠵᠢᠯᠲᠡ ᠶᠢ ᠠᠬᠢᠭᠤᠯᠬᠤ ᠠᠵᠢᠯᠯᠠᠭᠠᠨ ᠤ ᠲᠥᠯᠥᠪᠯᠡᠭᠡ ︵2017-2020 ᠣᠨ︶︾᠎ ᠶᠢ ᠨᠡᠶᠢᠲᠡᠯᠡᠵᠦ᠂ ᠠᠵᠢᠯᠯᠠᠭᠠᠨ ᠤ ᠲᠥᠯᠥᠪᠯᠡᠭᠡ ᠳᠤ ᠠᠵᠢᠯᠯᠠᠭᠰᠠᠳ ᠤᠨ ᠦᠢᠯᠡᠳᠪᠦᠷᠢᠯᠡᠯ ᠡᠵᠡᠩᠨᠡᠯᠲᠡ ᠶᠢᠨ ᠨᠥᠬᠦᠴᠡᠯ ᠢ ᠰᠠᠶᠢᠵᠢᠷᠠᠭᠤᠯᠬᠤ ᠠᠵᠢᠯ ᠤᠨ ᠡᠭᠦᠷᠭᠡ ᠶᠢ ᠳᠤᠷᠠᠳᠤᠨ ᠭᠠᠷᠭᠠᠵᠤ᠂ ᠳᠡᠭᠡᠳᠦ ᠬᠤᠷᠳᠤ ᠶᠢᠨ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ᠂ ᠪᠠᠷᠠᠭᠠᠨ ᠤ ᠲᠡᠭᠡᠭᠡᠪᠦᠷᠢ ᠶᠢᠨ ᠬᠦᠢᠰᠦ ︵ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ︶ ᠪᠤᠶᠤ ᠪᠤᠰᠤᠳ ᠵᠠᠰᠠᠮᠠᠯ ᠵᠠᠮ ᠳᠠᠭᠠᠤ ᠳᠤ ︽ᠵᠢᠯᠣᠭᠤᠴᠢ ᠶᠢᠨ ᠬᠡᠷ︾ ᠪᠠᠶᠢᠭᠤᠯᠬᠤ ᠪᠠᠷ ᠳᠠᠮᠵᠢᠭᠤᠯᠤᠨ᠂ ᠵᠠᠰᠠᠮᠠᠯ ᠵᠠᠮ ᠤᠨ ᠲᠡᠷᠭᠡ ᠶᠠᠪᠤᠬᠤ ᠵᠣᠭᠰᠤᠬᠤ ᠬᠤᠨᠣᠬᠤ ᠨᠥᠬᠦᠴᠡᠯ ᠢ ᠰᠠᠶᠢᠵᠢᠷᠠᠭᠤᠯᠤᠨ᠎ᠠ᠃ 2018 ᠣᠨ ᠤ 6 ᠳ᠋ᠤᠭᠠᠷ ᠰᠠᠷ᠎ᠠ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠪᠣᠯᠤᠨ ᠳᠤᠮᠳᠠᠳᠤ ᠶᠢᠨ ᠪᠥᠬᠦ ᠤᠯᠤᠰ ᠤᠨ ᠠᠵᠢᠯᠴᠢᠨ ᠤ ᠶᠡᠷᠦᠩᠬᠡᠶ ᠡᠪᠯᠡᠯ ︽︿ᠵᠢᠯᠣᠭᠤᠴᠢ ᠶᠢᠨ ᠬᠡᠷ﹀᠎ ᠤᠨ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠬᠦ ᠲᠤᠬᠠᠶ ᠮᠡᠳᠡᠭᠳᠡᠯ︾᠎ ᠢ ᠨᠡᠶᠢᠲᠡᠯᠡᠵᠦ᠂ ᠾᠧᠪᠧᠢ᠂ ᠯᠢᠶᠣᠤᠨᠢᠩ ᠵᠡᠷᠭᠡ ᠠᠷᠪᠠᠨ ᠮᠤᠵᠢ ᠣᠷᠣᠨ ᠳᠤ ︽ᠵᠢᠯᠣᠭᠤᠴᠢ ᠶᠢᠨ ᠬᠡᠷ︾᠎ ᠤᠨ ᠲᠤᠷᠰᠢᠯᠲᠠ ᠶᠢᠨ ᠴᠡᠭ ᠤᠨ ᠠᠵᠢᠯ ᠢ ᠦᠷᠨᠢᠭᠦᠯᠬᠦ ᠶᠢ ᠳᠤᠷᠠᠳᠤᠨ ᠭᠠᠷᠭᠠᠪᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠨᠢ 2019 ᠣᠨ ᠳᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠳᠤ ᠨᠡᠩ ᠣᠶᠢᠷᠠᠲᠤᠭᠤᠯᠤᠨ ᠠᠬᠢᠭᠤᠯᠬᠤ ᠠᠵᠢᠯ ᠤᠨ ᠳᠤᠮᠳᠠ᠂ ︽ᠵᠢᠯᠣᠭᠤᠴᠢ ᠶᠢᠨ ᠬᠡᠷ︾᠎ ᠤᠨ ᠪᠦᠳᠦᠭᠡᠨ ᠪᠠᠶᠢᠭᠤᠯᠤᠯᠲᠠ ᠶᠢᠨ ᠠᠵᠢᠯ ᠤᠨ ᠪᠣᠳᠠᠲᠠᠢ ᠲᠥᠰᠦᠯ ᠪᠣᠯᠤᠨ ᠡᠭᠦᠷᠭᠡ ᠶᠢᠨ ᠬᠤᠪᠢᠶᠠᠷᠢᠯᠠᠯ ᠢ ᠲᠣᠳᠣᠷᠬᠠᠶᠢᠯᠠᠵᠤ᠂ ᠪᠦᠬᠦ ᠤᠯᠤᠰ ᠲᠤ 100 ︽ᠵᠢᠯᠣᠭᠤᠴᠢ ᠶᠢᠨ ᠬᠡᠷ︾᠎ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠪᠠ᠃ 2019 ᠣᠨ ᠤ 4 ᠳ᠋ᠦ᠋ᠭᠡᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠵᠡᠷᠭᠡ 13 ᠰᠠᠯᠠᠭ᠎ᠠ ᠮᠥᠴᠢᠷ ᠤᠨ ︽ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠠᠵᠢᠯ ᠲᠥᠷᠥᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠵᠦ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠰᠠᠨᠠᠯ ᠤᠨ ᠲᠤᠬᠠᠶ ᠮᠡᠳᠡᠭᠳᠡᠯ︾᠎ ᠢ ᠳᠠᠮᠵᠢᠭᠤᠯᠤᠨ ᠲᠠᠷᠬᠠᠭᠠᠵᠤ᠂ ᠪᠠᠷᠠᠭᠠᠨ ᠤ ᠲᠡᠷᠭᠡ ᠶᠢᠨ ᠵᠢᠯᠣᠭᠤᠴᠢ ᠶᠢᠨ ᠡᠷᠬᠡ ᠠᠰᠢᠭ ᠢ ᠦᠨᠡᠨ ᠬᠦ ᠬᠠᠮᠠᠭᠠᠯᠠᠵᠤ᠂ ︽ᠵᠢᠯᠣᠭᠤᠴᠢ ᠶᠢᠨ ᠬᠡᠷ︾᠎ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠶ ᠭᠡᠵᠦ ᠲᠣᠳᠣᠷᠬᠠᠶ ᠳᠤᠷᠠᠳᠤᠨ ᠭᠠᠷᠭᠠᠪᠠ᠃ 2019 ᠣᠨ ᠤ 8 ᠳ᠋ᠤᠭᠠᠷ ᠰᠠᠷ᠎ᠠ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠳᠤᠮᠳᠠᠳᠤ ᠶᠢᠨ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠬᠠᠮᠲᠤᠷᠠᠨ ᠱᠠᠨᠳᠦ᠋ᠩ ᠤᠨ ᠲᠠᠢ ᠠᠨ ᠳᠤ ︽ᠵᠢᠯᠣᠭᠤᠴᠢ ᠶᠢᠨ ᠭᠡᠷ︾᠎ ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠲᠤᠬᠠᠢ ᠶᠢᠨ ᠲᠠᠯᠠᠪᠠᠢ ᠶᠢᠨ ᠬᠤᠷᠠᠯ ᠬᠤᠷᠠᠯᠳᠤᠭᠤᠯᠵᠤ᠂ ᠲᠦᠷᠦᠭᠦᠦ ᠪᠦᠯᠦᠭ ᠤᠨ ᠰᠢᠯᠭᠠᠨ ᠠᠪᠬᠤ ᠳᠤ ᠬᠢᠷᠢ ᠲᠡᠩᠴᠡᠭᠰᠡᠨ 76 ︽ᠵᠢᠯᠣᠭᠤᠴᠢ ᠶᠢᠨ ᠭᠡᠷ︾᠎ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠨᠡᠷᠡᠰ ᠢ ᠨᠡᠶᠢᠲᠡᠯᠡᠵᠦ᠂ ᠨᠡᠶᠢᠲᠡᠯᠢᠭ ᠵᠢᠱᠢᠶ᠎ᠡ ᠦᠵᠡᠭᠦᠯᠬᠦ ᠪᠠ ᠳᠠᠶᠢᠴᠢᠯᠠᠬᠤ ᠦᠢᠯᠡᠳᠦᠯ ᠲᠠᠢ ᠡᠵᠡᠩᠨᠡᠯᠲᠡ ᠶᠢᠨ ᠦᠢᠯᠡᠴᠢᠯᠡᠭᠡᠨ ᠤ ᠵᠠᠭᠪᠤᠷ ᠢ ᠠᠩᠬ᠎ᠠ ᠠᠯᠬᠤᠮ ᠰᠦᠪᠡᠭᠴᠢᠯᠡᠨ ᠪᠦᠷᠢᠯᠳᠦᠭᠦᠯᠵᠦ᠂ ︽ᠵᠢᠯᠣᠭᠤᠴᠢ ᠶᠢᠨ ᠭᠡᠷ︾᠎ ᠤᠨ ᠪᠦᠳᠦᠭᠡᠨ ᠪᠠᠶᠢᠭᠤᠯᠤᠯᠲᠠ ᠶᠢᠨ ᠠᠵᠢᠯ ᠰᠠᠶᠢᠨ ᠡᠬᠢᠯᠡᠯᠲᠡ ᠲᠠᠢ ᠪᠣᠯᠵᠠᠢ᠃ ᠣᠶᠢᠷ᠎ᠠ ᠶᠢᠨ ᠵᠢᠯ ᠤᠳ ᠲᠤ᠂ ᠤᠯᠤᠰ ᠠᠴᠠ ᠪᠠᠷᠠᠭᠠᠨ ᠤ ᠲᠡᠷᠭᠡ ᠶᠢᠨ ᠵᠢᠯᠣᠭᠤᠴᠢ ᠶᠢᠨ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠬᠦ ᠠᠯᠢ ᠣᠯᠠᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠪᠠᠶᠢᠨ᠎ᠠ᠂ ᠵᠢᠱᠢᠶᠡᠯᠡᠪᠡᠯ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ᠂ ᠵᠠᠭᠠᠯᠳᠤᠯᠭ᠎ᠠ ᠶᠢ ᠰᠢᠢᠳᠪᠦᠷᠢᠯᠡᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠬᠦ᠂ ᠠᠵᠢᠯ ᠡᠷᠭᠢᠯᠡᠬᠦ ᠣᠷᠴᠢᠨ ᠨᠥᠬᠦᠴᠡᠯ ᠢ ᠬᠦᠴᠦᠯᠡᠨ ᠰᠠᠶᠢᠵᠢᠷᠠᠭᠤᠯᠬᠤ᠂ ᠪᠠᠷᠠᠭᠠᠨ ᠤ ᠲᠡᠭᠡᠭᠡᠪᠦᠷᠢ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠡᠵᠡᠩᠨᠡᠯᠲᠡ ᠶᠢᠨ ᠠᠵᠢᠯᠯᠠᠭ᠎ᠠ ᠶᠢ ᠡᠮᠬᠢ ᠵᠢᠷᠤᠮ ᠲᠠᠢ ᠵᠢᠷᠤᠮᠵᠢᠭᠤᠯᠬᠤ᠂  ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠲᠠᠪᠴᠠᠩ ᠤᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠪᠣᠯᠤᠨ᠎ᠠ᠃ ᠪᠠᠷᠠᠭᠠᠨ ᠤ ᠲᠡᠷᠭᠡ ᠶᠢᠨ ᠵᠢᠯᠣᠭᠤᠴᠢ ᠶᠢᠨ ᠬᠠᠮᠲᠤᠯᠢᠭ ᠤᠨ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠵᠤ᠂ ᠠᠵᠢᠯ ᠡᠷᠭᠢᠯᠡᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠬᠤ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠭᠠᠷᠭᠠᠭᠰᠠᠨ  ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠮᠥᠨ᠂ ᠡᠨᠡ ᠨᠢ ᠲᠥᠪ ᠠᠴᠠ ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠠᠵᠢᠯ ᠲᠥᠷᠥᠯ ᠢ ᠴᠢᠬᠤᠯᠠᠴᠢᠯᠠᠵᠤ ᠪᠠᠶᠢᠬᠤ ᠶᠢ ᠭᠦᠨᠵᠡᠭᠡᠶ ᠬᠠᠷᠠᠭᠤᠯᠵᠤ ᠪᠠᠶᠢᠨ᠎ᠠ᠃ 2021-07-27 09:33:00      ᠬᠥᠲᠥᠯᠥᠭᠴᠢ᠄      ︽ᠵᠢᠯᠣᠭᠤᠴᠢ ᠶᠢᠨ ᠬᠡᠷ︾᠎ ᠨᠢ ᠶᠠᠮᠠᠷ ᠶᠠᠮᠠᠷ ᠦᠢᠯᠡᠴᠢᠯᠡᠭᠡ ᠬᠠᠩᠭᠠᠵᠤ ᠴᠢᠳᠠᠬᠤ ᠪᠣᠶ︖ 2021-07-27 09:45:00      ᠬᠦᠯᠢᠶᠡᠭᠴᠢ᠄ ᠰᠦᠨ ᠰᠢᠶᠤᠤ ᠸᠧᠨ      2019 ᠣᠨ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠠᠯᠪᠠᠨ ᠲᠢᠩᠬᠢᠮ᠂ ᠳᠤᠮᠳᠠᠳᠤ ᠶᠢᠨ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠠᠯᠪᠠᠨ ᠲᠢᠩᠬᠢᠮ ᠬᠠᠮᠲᠤᠷᠠᠨ ︽︿ᠵᠢᠯᠣᠭᠤᠴᠢ ᠶᠢᠨ ᠭᠡᠷ﹀᠎ ᠤᠨ ᠪᠦᠳᠦᠭᠡᠨ ᠪᠠᠶᠢᠭᠤᠯᠤᠯᠲᠠ ᠪᠠ ᠰᠢᠯᠭᠠᠨ ᠠᠪᠬᠤ ᠠᠵᠢᠯ ᠢ ᠴᠢᠨᠠᠭᠰᠢᠳᠠ ᠰᠠᠶᠢᠲᠤᠷ ᠬᠢᠬᠦ ᠲᠤᠬᠠᠢ ᠮᠡᠳᠡᠭᠳᠡᠯ︾᠎ ᠢ ᠳᠠᠷᠤᠮᠠᠯᠯᠠᠨ ᠲᠠᠷᠬᠠᠭᠠᠵᠤ᠂ ︽ᠵᠢᠯᠣᠭᠤᠴᠢ ᠶᠢᠨ ᠭᠡᠷ︾᠎ ᠤᠨ ᠪᠦᠳᠦᠭᠡᠨ ᠪᠠᠶᠢᠭᠤᠯᠤᠯᠲᠠ ᠶᠢᠨ ᠵᠦᠭᠯᠡᠭᠦᠷ ᠢ ᠨᠡᠶᠢᠲᠡᠯᠡᠵᠦ᠂ ᠪᠦᠳᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠳᠤᠷᠠᠳᠴᠠᠢ᠃ ︽ᠵᠢᠯᠣᠭᠤᠴᠢ ᠶᠢᠨ ᠭᠡᠷ︾᠎ ᠤᠨ ᠪᠦᠲᠦᠭᠡᠨ ᠪᠠᠶᠢᠭᠤᠯᠤᠯᠲᠠ ᠶᠢ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠪᠠᠷᠠᠭᠠᠨ ᠤ ᠲᠡᠷᠭᠡ ᠶᠢᠨ ᠵᠢᠯᠣᠭᠤᠴᠢ ᠶᠢᠨ ᠬᠡᠷᠡᠭᠯᠡᠭᠡᠨ ᠤ ᠬᠡᠷᠡᠭᠴᠡᠭᠡ ᠪᠣᠯᠤᠨ ᠬᠡᠷᠡᠭᠯᠡᠭᠡᠨ ᠤ ᠳᠠᠳᠬᠠᠯ ᠢ ᠭᠦᠢᠴᠡᠳ ᠪᠣᠳᠣᠯᠬᠢᠯᠠᠵᠤ ᠂ ᠡᠯ᠎ᠡ ᠴᠢᠳᠠᠮᠵᠢᠲᠤ ᠣᠷᠣᠨ ᠤ ᠣᠷᠣᠨ ᠪᠠᠶᠢᠷᠢ ᠪᠠ ᠲᠠᠯᠠᠪᠠᠶ ᠶᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠲᠣᠬᠢᠷᠠᠭᠤᠯᠵᠤ᠂ ᠬᠤᠭᠤᠯᠠ ᠤᠮᠳᠠᠭᠠᠨ ᠠᠮᠠᠷᠠᠯᠲᠠ᠂ ᠲᠡᠷᠭᠡ ᠵᠣᠭᠰᠣᠬᠤ ᠠᠮᠤᠷ ᠲᠦᠪᠰᠢᠨ ᠤ ᠬᠠᠮᠠᠭᠠᠯᠠᠯᠲᠠ᠂ ᠤᠬᠠᠭᠤᠯᠭ᠎ᠠ ᠬᠥᠮᠦᠵᠢᠯ ᠵᠡᠷᠭᠡ ᠦᠨᠳᠦᠰᠦᠨ ᠴᠢᠳᠠᠮᠵᠢ ᠶᠢ ᠪᠦᠷᠢᠳᠦᠭᠦᠯᠦᠭᠰᠡᠨ ᠪᠠᠶᠢᠬᠤ ᠬᠡᠷᠡᠭᠲᠡᠶ᠂ ᠡᠭᠦᠨ ᠠᠴᠠ ᠭᠠᠳᠠᠨ᠎ᠠ ᠪᠠᠰᠠ ᠬᠢᠮᠳᠠ᠂ ᠳᠥᠭᠦᠮ ᠳᠥᠲᠡ ᠰᠦᠷᠴᠢᠭᠦᠷ ᠤᠬᠢᠶᠠᠯᠭ᠎ᠠ᠂ ᠬᠤᠪᠴᠠᠰᠤ ᠤᠬᠢᠶᠠᠬᠤ ᠵᠡᠷᠭᠡ ᠦᠢᠯᠡᠴᠢᠯᠡᠭᠡᠨ ᠤ ᠲᠥᠬᠦᠭᠡᠷᠦᠮᠵᠢ ᠶᠢ ᠬᠠᠩᠭᠠᠬᠤ ᠬᠡᠷᠡᠭᠲᠡᠶ᠂ ᠲᠥᠬᠦᠮ ᠳᠡᠯᠭᠡᠭᠦᠷ᠂ ᠲᠣᠰᠣ ᠨᠡᠮᠡᠬᠦ ᠥᠷᠲᠡᠭᠡ᠂ ᠮᠠᠰᠢᠨ ᠲᠡᠷᠭᠡ ᠰᠡᠯᠪᠢᠨ ᠵᠠᠰᠠᠬᠤ ᠢᠵᠢ ᠪᠥᠷᠢᠳᠦᠭᠦᠯᠬᠦ ᠦᠢᠯᠡᠴᠢᠯᠡᠭᠡ ᠳᠣᠭᠢᠷᠠᠭᠤᠯᠵᠤ᠂ ᠪᠢᠴᠢᠯ ᠳᠣᠯᠭᠢᠶᠠᠨ ᠤ ᠵᠤᠤᠬ᠎ᠠ᠂ ᠬᠠᠶᠢᠷ᠎ᠠ ᠬᠠᠯᠠᠮᠵᠢ ᠶᠢᠨ ᠡᠮ ᠤᠨ ᠬᠠᠶᠢᠷᠴᠠᠭ᠂ ᠭᠠᠷ ᠤᠲᠠᠰᠤ ᠳᠤ ᠴᠠᠬᠢᠯᠭᠠᠨ ᠴᠡᠨᠡᠭᠯᠡᠬᠦ᠂ ᠰᠦᠢᠳᠭᠡᠯ ᠬᠤᠷᠢᠶᠠᠬᠤ ᠥᠬᠡᠶ WiFi ᠵᠡᠷᠭᠡ ᠲᠥᠬᠦᠭᠡᠷᠦᠮᠵᠢ ᠶᠢ ᠳᠣᠭᠢᠷᠠᠭᠤᠯᠤᠨ᠎ᠠ᠂ ᠡᠭᠦᠨ ᠳᠤ ᠰᠦᠷᠴᠢᠭᠦᠷ ᠤᠬᠢᠶᠠᠯᠭ᠎ᠠ᠂ ᠬᠤᠪᠴᠠᠰᠤ ᠤᠬᠢᠶᠠᠬᠤ᠂ ᠣᠯᠠᠨ ᠨᠡᠶᠢᠲᠡ ᠶᠢᠨ ᠠᠷᠢᠭᠤᠨ ᠴᠡᠪᠡᠷ ᠤᠨ ᠲᠠᠰᠤᠯᠭ᠎ᠠ᠂ ᠲᠥᠬᠦᠮ ᠳᠡᠯᠭᠡᠭᠦᠷ᠂ ᠲᠣᠰᠣ ᠨᠡᠮᠡᠬᠦ ᠥᠷᠲᠡᠭᠡ᠂ ᠮᠠᠰᠢᠨ ᠲᠡᠷᠭᠡ ᠰᠡᠯᠪᠢᠨ ᠵᠠᠰᠠᠬᠤ ᠵᠡᠷᠭᠡ ᠦᠢᠯᠡᠴᠢᠯᠡᠭᠡᠨ ᠤ ᠴᠢᠳᠠᠮᠵᠢᠳᠤ ᠲᠠᠯᠠᠪᠤᠷ ᠨᠢ ᠪᠠᠷᠠᠭᠠᠨ ᠤ ᠲᠡᠷᠭᠡ ᠶᠢᠨ ᠵᠢᠯᠣᠭᠤᠴᠢ ᠪᠠ ᠲᠡᠷᠭᠡ ᠬᠥᠰᠬᠡ ᠳᠤ ᠪᠦᠬᠦᠯᠢ ᠡᠳᠦᠷ ᠤᠨ ᠦᠢᠯᠡᠴᠢᠯᠡᠭᠡ ᠬᠠᠩᠭᠠᠵᠤ᠂ ᠥᠷᠭᠡᠨ ᠣᠯᠠᠨ ᠵᠢᠯᠣᠭᠤᠴᠢ ᠶᠢᠨ ᠶᠠᠪᠤᠵᠤ ᠰᠠᠭᠤᠬᠤ ᠪᠠ ᠠᠮᠠᠷᠠᠬᠤ ᠬᠡᠷᠡᠭᠴᠡᠭᠡ ᠶᠢ ᠠᠯᠢ ᠴᠢᠳᠠᠬᠤ ᠪᠠᠷ ᠬᠠᠩᠭᠠᠬᠤ ᠬᠡᠷᠡᠭᠲᠡᠶ᠃ 2021-07-06 09:46:00      ᠬᠥᠲᠥᠯᠥᠭᠴᠢ᠄      ᠲᠠᠨ ᠤ ᠲᠠᠨᠢᠯᠴᠠᠭᠤᠯᠬᠤ ᠶᠢ ᠰᠣᠨᠣᠰᠤᠭᠠᠳ᠂ ︽ᠵᠢᠯᠣᠭᠤᠴᠢ ᠶᠢᠨ ᠬᠡᠷ︾᠎ ᠤᠨ ᠪᠥᠲᠥᠭᠡᠨ ᠪᠠᠶᠢᠭᠤᠯᠤᠯᠲᠠ ᠎ ᠶᠢᠨ ᠠᠵᠢᠯ ᠨᠢ ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠠᠵᠢᠯ ᠲᠥᠷᠥᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠵᠦ ᠴᠢᠨᠠᠷ ᠰᠠᠶᠢᠲᠠᠶ ᠬᠥᠭᠵᠢᠬᠦ ᠶᠢ ᠠᠬᠢᠭᠤᠯᠬᠤ᠂ ᠪᠥᠬᠦ ᠨᠡᠶᠢᠭᠡᠮ ᠤᠨ ᠡᠷᠡᠭᠦᠯ ᠲᠣᠭᠲᠠᠭᠤᠨ ᠬᠥᠭᠵᠢᠯᠲᠡ ᠶᠢᠨ ᠶᠡᠭᠡ ᠲᠠᠯ᠎ᠠ ᠶᠢ ᠬᠠᠮᠠᠭᠠᠯᠠᠬᠤ ᠳᠤ ᠦᠨᠡᠬᠡᠷ ᠴᠢᠬᠤᠯᠠ ᠶᠡᠭᠡ ᠠᠴᠢ ᠬᠤᠯᠪᠣᠭᠳᠠᠯ ᠲᠠᠢ ᠭᠡᠵᠦ ᠪᠢᠳᠡ ᠦᠵᠡᠵᠦ ᠪᠠᠶᠢᠨ᠎ᠠ ᠂ ᠲᠡᠭᠡᠪᠡᠯ ᠥᠪᠥᠷ ᠮᠣᠩᠭᠤᠯ ᠨᠢ ︽ᠵᠢᠯᠣᠭᠤᠴᠢ ᠶᠢᠨ ᠬᠡᠷ︾᠎ ᠤᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ᠶᠠᠮᠠᠷ ᠶᠠᠮᠠᠷ ᠠᠮᠵᠢᠯᠲᠠ ᠣᠯᠤᠭᠰᠠᠨ ᠪᠣᠶ︖ 2021-07-27 09:48:00      ᠬᠦᠯᠢᠶᠡᠭᠴᠢ᠄ ᠰᠦᠨ ᠰᠢᠶᠤᠤ  ᠸᠧᠨ      2018 ᠣᠨ ᠤ ︽ᠵᠢᠯᠣᠭᠤᠴᠢ ᠶᠢᠨ ᠭᠡᠷ︾᠎ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠠᠵᠢᠯᠴᠢᠨ ᠤ ᠶᠡᠷᠦᠩᠬᠡᠢ ᠡᠪᠯᠡᠯ ᠠᠴᠠ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠠᠵᠢᠯ ᠲᠦᠷᠦᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠪᠠᠷᠠᠭᠠᠨ ᠤ ᠲᠡᠷᠭᠡ ᠶᠢᠨ ᠵᠢᠯᠣᠭᠤᠴᠢ ᠶᠢᠨ ᠠᠵᠢᠯ ᠡᠷᠬᠢᠯᠡᠬᠦ ᠣᠷᠴᠢᠨ ᠲᠣᠭᠤᠷᠢᠨ ᠢ ᠴᠢᠷᠮᠠᠶᠢᠨ ᠰᠠᠶᠢᠵᠢᠷᠠᠭᠤᠯᠬᠤ ᠵᠡᠷᠭᠡ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠳᠤᠮᠳᠠᠳᠤ ᠶᠢᠨ ᠪᠥᠬᠦ ᠤᠯᠤᠰ ᠤᠨ ᠠᠵᠢᠯᠴᠢᠨ ᠤ ᠶᠡᠷᠦᠩᠬᠡᠶ ᠡᠪᠯᠡᠯ ᠤᠨ ︽ᠵᠢᠯᠣᠭᠤᠴᠢ ᠶᠢᠨ ᠬᠡᠷ︾᠎ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠲᠤᠬᠠᠶ ᠲᠣᠬᠢᠷᠠᠭᠤᠯᠤᠯᠲᠠ ᠶᠣᠰᠣᠭᠠᠷ᠂ ᠠᠷᠠᠳ ᠲᠤ ᠠᠰᠢᠭ ᠬᠦᠷᠲᠡᠭᠡᠬᠦ᠂ ᠬᠠᠶᠢᠷ᠎ᠠ ᠬᠠᠯᠠᠮᠵᠢ ᠶᠢ ᠳᠠᠮᠵᠢᠭᠤᠯᠬᠤ ︽ᠬᠠᠶᠢᠷ᠎ᠠ ᠬᠠᠯᠠᠮᠵᠢ ᠶᠢᠨ ᠥᠷᠲᠡᠭᠡ︾᠎ ᠶᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ᠥᠷᠭᠡᠨ ᠣᠯᠠᠨ ᠪᠠᠷᠠᠭᠠᠨ ᠤ ᠲᠡᠷᠭᠡ ᠶᠢᠨ ᠵᠢᠯᠣᠭᠤᠴᠢ ᠳᠤ ᠢᠲᠡᠭᠡᠯᠲᠡᠶ᠂ ᠨᠠᠶᠢᠳᠠᠪᠤᠷᠢᠲᠠᠶ᠂ ᠰᠠᠯᠵᠤ ᠪᠣᠯᠤᠰᠢ ᠥᠬᠡᠶ ︽ᠰᠡᠳᠬᠢᠯ ᠢ ᠳᠤᠯᠠᠭᠠᠴᠠᠭᠤᠯᠬᠤ ᠬᠡᠷ︾ ᠬᠠᠩᠭᠠᠨ᠎ᠠ᠃ 2019 ᠣᠨ ᠳᠤ᠂ ᠪᠥᠬᠦ ᠣᠷᠣᠨ ᠳᠤ 4 ︽ᠵᠢᠯᠣᠭᠤᠴᠢ ᠶᠢᠨ ᠬᠡᠷ︾᠎ ᠢ ᠪᠥᠲᠥᠭᠡᠨ ᠪᠠᠶᠢᠭᠤᠯᠵᠤ᠂ ᠡᠭᠦᠨ ᠳᠤ ᠬᠠᠷ᠎ᠠ ᠤᠰᠤ ᠦᠢᠯᠡᠴᠢᠯᠡᠭᠡᠨ ᠤ ᠲᠣᠭᠤᠷᠢᠭ ᠤᠨ ᠡᠮᠦᠨ᠎ᠡ ᠤᠮᠠᠷ᠎ᠠ ᠲᠣᠭᠤᠷᠢᠭ ᠲᠤ ᠲᠣᠰ ᠲᠣᠰ 1᠂ ᠬᠥᠬᠡᠬᠤᠲᠠ ᠶᠢᠨ ᠪᠠᠷᠠᠭᠤᠨ ᠦᠢᠯᠡᠴᠢᠯᠡᠭᠡᠨ ᠤ ᠲᠣᠭᠤᠷᠢᠭ ᠤᠨ ᠡᠮᠦᠨ᠎ᠡ ᠲᠣᠭᠤᠷᠢᠭ ᠲᠤ 1᠂ ᠪᠤᠭᠤᠲᠤ ᠶᠢᠨ ᠦᠢᠯᠡᠴᠢᠯᠡᠭᠡᠨ ᠤ ᠲᠣᠭᠤᠷᠢᠭ ᠤᠨ ᠬᠤᠶᠢᠨ᠎ᠠ ᠲᠣᠭᠤᠷᠢᠭ 1᠎ ᠶᠢ ᠪᠠᠭᠲᠠᠨ᠎ᠠ᠃ 9 ᠳ᠋ᠦ᠋ᠭᠡᠷ ᠰᠠᠷ᠎ᠠ ᠶᠢᠨ 29᠎ ᠤ ᠡᠳᠦᠷ᠂ ︽ᠵᠢᠯᠣᠭᠤᠴᠢ ᠶᠢᠨ ᠬᠡᠷ︾᠎ ᠤᠨ ᠠᠵᠢᠯ ᠡᠬᠢᠯᠡᠬᠦ ᠶᠣᠰᠣᠯᠠᠯ ᠎ ᠨᠢ G6 ᠪᠡᠭᠡᠵᠢᠩ ᠠᠴᠠ ᠲᠥᠪᠡᠳ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠬᠠᠷ᠎ᠠ ᠤᠰᠤ ᠦᠢᠯᠡᠴᠢᠯᠡᠭᠡᠨ ᠤ ᠲᠣᠭᠤᠷᠢᠭ ᠲᠤ ᠶᠠᠪᠤᠭᠳᠠᠪᠠ᠂ ᠡᠨᠡ ᠨᠢ ᠮᠠᠨ ᠤ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠦᠷᠦᠭᠦᠤ ᠪᠦᠯᠦᠭ ᠤᠨ 4 ︽ᠵᠢᠯᠣᠭᠤᠴᠢ ᠶᠢᠨ ᠬᠡᠷ︾ ᠪᠦᠬᠦᠨ ᠢᠶᠠᠷ ᠢᠶᠠᠨ ᠪᠠᠶᠢᠭᠤᠯᠤᠭᠳᠠᠵᠤ ᠭᠠᠳᠠᠭᠰᠢ ᠨᠡᠭᠡᠭᠡᠯᠲᠡ ᠬᠢᠭᠰᠡᠨ ᠢ ᠬᠠᠷᠠᠭᠤᠯᠵᠤ ᠪᠠᠶᠢᠨ᠎ᠠ᠃ 2020 ᠣᠨ ᠳᠤ 3 ︽ᠵᠢᠯᠣᠭᠤᠴᠢ ᠶᠢᠨ ᠬᠡᠷ︾᠎ ᠢ ᠪᠠᠶᠢᠭᠤᠯᠵᠤ᠂ ᠣᠲᠣ ᠨᠢᠭᠡᠨᠲᠡ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠰᠢᠯᠭᠠᠨ ᠠᠪᠬᠤ ᠳᠤ ᠬᠢᠷᠢ ᠲᠡᠩᠴᠡᠭᠰᠡᠨ ᠪᠥᠭᠡᠳ ᠠᠰᠢᠭᠯᠠᠯᠲᠠ ᠳᠤ ᠣᠷᠤᠭᠤᠯᠵᠤ ᠬᠡᠷᠡᠭᠯᠡᠪᠡ᠂ ᠲᠣᠰ ᠲᠣᠰ G7 ᠪᠡᠭᠡᠵᠢᠩ ᠠᠴᠠ ᠰᠢᠨᠵᠢᠶᠠᠩ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠦᠯᠵᠡᠶ ᠦᠢᠯᠡᠴᠢᠯᠡᠭᠡᠨ ᠤ ᠲᠣᠭᠤᠷᠢᠭ ᠤᠨ ︽ᠵᠢᠯᠣᠭᠤᠴᠢ ᠶᠢᠨ ᠬᠡᠷ︾᠂ G45 ᠳ᠋ᠠᠴᠢᠩ ᠠᠴᠠ ᠭᠤᠸᠠᠩᠵᠸᠦ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠦᠩᠯᠢᠶᠣᠣ ᠠᠴᠠ ᠤᠯᠠᠭᠠᠨᠬᠠᠳᠠ ᠬᠦᠷᠬᠦ ᠬᠡᠰᠡᠭ ᠤᠨ ᠨᠠᠢᠮᠠᠨ ᠦᠢᠯᠡᠴᠢᠯᠡᠭᠡᠨ ᠤ ᠲᠣᠭᠤᠷᠢᠭ ᠤᠨ ︽ᠵᠢᠯᠣᠭᠤᠴᠢ ᠶᠢᠨ ᠬᠡᠷ︾᠂ ᠬᠥᠬᠡᠬᠤᠲᠠ ᠶᠢᠨ ᠢᠦᠶ ᠴᠢᠤᠸᠠᠨ ᠲᠣᠭᠤᠷᠢᠭ ᠤᠨ ᠪᠠᠷᠠᠭᠤᠨ ᠬᠤᠶᠠᠳᠤᠭᠠᠷ ᠲᠣᠭᠤᠷᠢᠯ ᠵᠠᠮ ᠤᠨ ᠬᠤᠩ ᠶᠠᠨ ᠥᠷᠲᠡᠭᠡ ᠶᠢᠨ ︽ᠵᠢᠯᠣᠭᠤᠴᠢ ᠶᠢᠨ ᠬᠡᠷ︾ ᠪᠣᠯᠤᠨ᠎ᠠ᠃ ᠡᠨᠡ ᠵᠢᠯ᠂ ᠪᠢᠳᠡ 7 ︽ᠵᠢᠯᠣᠭᠤᠴᠢ ᠶᠢᠨ ᠬᠡᠷ︾ ᠪᠠᠶᠢᠭᠤᠯᠬᠤ ᠪᠠᠷ ᠲᠥᠯᠥᠪᠯᠡᠵᠦ ᠪᠣᠶ᠃ ᠵᠢᠯ ᠪᠦᠷᠢ 2 — 3 ︽ᠵᠢᠯᠣᠭᠤᠴᠢ ᠶᠢᠨ ᠬᠡᠷ︾᠎ ᠢ ᠪᠠᠶᠢᠭᠤᠯᠬᠤ ᠠᠵᠢᠯ ᠤᠨ ᠬᠠᠷᠠᠯᠲᠠ ᠶᠣᠰᠣᠭᠠᠷ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠰᠡᠭᠦᠯᠴᠢ ᠪᠣᠯᠬᠤ ᠳᠤ᠂ ᠥᠪᠡᠷᠲᠡᠭᠡᠨ ᠵᠠᠰᠠᠬᠤ ᠣᠷᠣᠨ ᠠᠴᠠ 15᠎ ᠠᠴᠠ ᠳᠡᠭᠡᠭᠰᠢ ︽ᠵᠢᠯᠣᠭᠤᠴᠢ ᠶᠢᠨ ᠬᠡᠷ︾᠎ ᠢ ᠪᠠᠶᠢᠭᠤᠯᠬᠤ ᠪᠣᠯᠤᠨ᠎ᠠ᠃ ︽ᠵᠢᠯᠣᠭᠤᠴᠢ ᠶᠢᠨ ᠭᠡᠷ ︾᠎ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠬᠥᠮᠦᠨ ᠨᠢᠭᠡᠪᠦᠷᠢ ᠬᠦᠴᠦ ᠬᠥᠳᠡᠯᠮᠦᠷᠢ ᠪᠠᠨ ᠰᠢᠪᠬᠠᠨ᠂ ᠣᠷᠣᠨ ᠪᠠᠶᠢᠷᠢ ᠪᠠᠨ ᠰᠣᠯᠢᠵᠤ ᠰᠡᠳᠬᠢᠨ ᠪᠣᠳᠣᠯᠬᠢᠯᠠᠵᠤ᠂ ᠥᠷᠭᠡᠨ ᠤᠯᠠᠨ ᠪᠠᠷᠠᠭᠠᠨ ᠤ   ᠲᠡᠷᠭᠡ ᠶᠢᠨ ᠵᠢᠯᠣᠭᠤᠴᠢ ᠶᠢᠨ ᠵᠣᠭᠰᠣᠴᠠ ᠠᠴᠠ᠂ ᠴᠠᠭ ᠤᠨ ᠬᠤᠭᠤᠯᠠ ᠨᠢᠭᠡᠪᠦᠷᠢ᠂ ᠠᠮᠠᠷᠠᠯᠲᠠ ᠶᠢᠨ ᠭᠠᠵᠠᠷ ᠨᠢᠭᠡᠪᠦᠷᠢ᠂ ᠰᠦᠷᠴᠢᠭᠦᠷ ᠤᠬᠢᠶᠠᠯᠭ᠎ᠠ ᠶᠢᠨ ᠲᠠᠰᠤᠯᠭ᠎ᠠ ᠨᠢᠭᠡᠪᠦᠷᠢ᠂ ᠬᠤᠪᠴᠠᠰᠤ ᠤᠬᠢᠶᠠᠬᠤ ᠮᠠᠰᠢᠨ ᠨᠢᠭᠡᠪᠦᠷᠢ ᠵᠡᠷᠭᠡ ᠦᠢᠯᠡᠴᠢᠯᠡᠭᠡᠨ ᠤ ᠨᠠᠷᠢᠨ ᠵᠦᠢᠯᠡᠰ ᠲᠤ ᠬᠦᠴᠦ ᠲᠠᠯᠪᠢᠵᠤ᠂ ᠦᠨᠡᠨ ᠰᠡᠳᠬᠢᠯ ᠠᠴᠠ ᠪᠠᠨ ᠪᠠᠷᠠᠭᠠᠨ ᠤ ᠲᠡᠷᠭᠡ ᠶᠢᠨ ᠵᠢᠯᠣᠭᠤᠴᠢ ᠳᠤ ᠦᠢᠯᠡᠴᠢᠯᠡᠵᠦ᠂ ᠥᠷᠭᠡᠨ ᠤᠯᠠᠨ ᠪᠠᠷᠠᠭᠠᠨ ᠤ ᠲᠡᠷᠭᠡ ᠶᠢᠨ ᠵᠢᠯᠣᠭᠤᠴᠢ ᠳᠤ ᠪᠠᠭ᠎ᠠ ᠪᠠᠭ᠎ᠠ ᠪᠠᠷ ᠦᠢᠯᠡᠴᠢᠯᠡᠬᠦ ᠳᠤᠮᠳᠠ ᠠᠴᠠ ᠪᠦᠬᠦ ᠨᠡᠶᠢᠭᠡᠮ ᠤᠨ ᠬᠥᠳᠡᠯᠮᠦᠷᠢᠴᠢᠳ ᠢ ᠬᠠᠯᠠᠮᠵᠢᠯᠠᠨ ᠬᠦᠨᠳᠦᠳᠬᠡᠵᠦ ᠪᠠᠶᠢᠬᠤ ᠶᠢ ᠮᠡᠳᠡᠷᠡᠭᠦᠯᠦᠨ᠎ᠡ᠃ 2021-07-27 09:49:00      ᠬᠥᠲᠥᠯᠥᠭᠴᠢ᠄      ᠣᠶᠢᠯᠠᠭᠠᠭᠰᠠᠨ ᠢᠶᠠᠷ᠂ ᠥᠪᠥᠷ ᠮᠣᠩᠭᠤᠯ ᠠᠴᠠ ᠪᠣᠳᠠᠲᠠᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠡᠶᠢᠲᠡᠯᠡᠵᠦ ︽ᠵᠢᠯᠣᠭᠤᠴᠢ ᠶᠢᠨ ᠬᠡᠷ︾᠎ ᠤᠨ ᠪᠥᠲᠥᠭᠡᠨ ᠪᠠᠶᠢᠭᠤᠯᠤᠯᠲᠠ ᠶᠢ ᠳᠡᠮᠵᠢᠵᠦ ᠪᠠᠶᠢᠨ᠎ᠠ᠂ ᠲᠠ ᠲᠠᠨᠢᠯᠴᠠᠭᠤᠯᠤᠭᠠᠳ ᠥᠭᠭᠦᠨ᠎ᠡ  ᠤᠤ︖ 2021-07-27 09:55:00      ᠬᠦᠯᠢᠶᠡᠭᠴᠢ᠄ ᠰᠦᠨ ᠰᠢᠶᠤᠤ ᠸᠧᠨ      ︽ᠵᠢᠯᠣᠭᠤᠴᠢ ᠶᠢᠨ ᠬᠡᠷ︾᠎ ᠢ ᠦᠷᠭᠦᠯᠵᠢᠯᠡᠨ ᠡᠵᠡᠩᠨᠡᠬᠦ ᠶᠢ ᠪᠠᠲᠤᠯᠠᠬᠤ ᠶᠢᠨ ᠲᠥᠯᠥᠭᠡ᠂ 2020 ᠣᠨ ᠤ 10 ᠳ᠋ᠤᠭᠠᠷ ᠰᠠᠷ᠎ᠠ ᠶᠢᠨ 29᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠵᠢᠯᠣᠭᠤᠴᠢ ᠶᠢᠨ ᠬᠡᠷ﹀᠎ ᠢ ᠪᠥᠲᠥᠭᠡᠨ ᠪᠠᠶᠢᠭᠤᠯᠬᠤ ᠠᠵᠢᠯ ᠤᠨ ᠲᠥᠰᠦᠯ︾᠎ ᠢ ᠳᠠᠷᠤᠮᠠᠯᠯᠠᠨ ᠲᠠᠷᠬᠠᠭᠠᠪᠠ᠂ ᠲᠥᠰᠦᠯ ᠳᠤ᠂ ᠤᠯᠤᠰ ᠤᠨ ᠰᠢᠯᠭᠠᠨ ᠠᠪᠬᠤ ᠳᠤ ᠬᠢᠷᠢ ᠲᠡᠩᠴᠡᠭᠰᠡᠨ ︽ᠵᠢᠯᠣᠭᠤᠴᠢ ᠶᠢᠨ ᠬᠡᠷ︾᠎ ᠲᠤ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠪᠠ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠠᠴᠠ ᠲᠣᠰ ᠲᠣᠰ 30 ᠲᠦᠮᠡᠨ ᠲᠥᠭᠦᠷᠢᠭ᠂ 5 ᠲᠦᠮᠡᠨ ᠲᠥᠭᠦᠷᠢᠭ ᠤᠨ ᠪᠠᠯᠠ ᠮᠥᠩᠭᠦ ᠶᠢᠨ ᠨᠥᠬᠦᠪᠥᠷᠢ ᠣᠯᠭᠤᠨ᠎ᠠ ᠭᠡᠵᠦ ᠲᠣᠳᠣᠷᠬᠠᠶ ᠲᠣᠭᠲᠠᠭᠠᠵᠠᠶ᠃ ᠮᠠᠨ ᠤ ᠣᠷᠣᠨ ᠪᠣᠯ ᠪᠥᠬᠦ ᠤᠯᠤᠰ ᠤᠨ ᠬᠡᠪᠴᠢᠶᠡᠨ ᠳᠠᠬᠢ ᠳᠡᠮᠵᠢᠬᠦ ᠲᠥᠷᠥ ᠶᠢᠨ ᠪᠣᠳᠣᠯᠭ᠎ᠠ ᠪᠠ ᠲᠤᠰᠠᠯᠠᠮᠵᠢ ᠶᠢᠨ ᠵᠠᠷᠤᠳᠠᠯ ᠢ ᠨᠠᠶᠢᠳᠠᠪᠤᠷᠢᠵᠢᠭᠤᠯᠤᠭᠰᠠᠨ ᠴᠥᠭᠡᠨ ᠲᠣᠭᠠᠨ ᠤ ᠮᠤᠵᠢ ᠶᠢᠨ ᠨᠢᠭᠡ ᠪᠣᠯᠤᠨ᠎ᠠ᠃ ᠲᠥᠷᠥ ᠶᠢᠨ ᠪᠣᠳᠣᠯᠭ᠎ᠠ ᠎ ᠶᠢᠨ ᠳᠡᠮᠵᠢᠯᠭᠡ ᠪᠠᠷ ᠳᠠᠮᠵᠢᠭᠤᠯᠤᠨ᠂ ᠥᠷᠭᠡᠨ ᠣᠯᠠᠨ ᠪᠥᠲᠥᠭᠡᠨ ᠪᠠᠶᠢᠭᠤᠯᠤᠯᠲᠠ ᠶᠢᠨ ᠨᠢᠭᠡᠴᠢ ᠶᠢᠨ ᠢᠳᠡᠪᠬᠢᠵᠢᠯ ᠢ ᠳᠠᠶᠢᠴᠢᠯᠠᠵᠤ᠂ ︽ᠵᠢᠯᠣᠭᠤᠴᠢ ᠶᠢᠨ ᠬᠡᠷ︾᠎ ᠢ ᠥᠷᠭᠡᠨ ᠣᠯᠠᠨ ᠪᠠᠷᠠᠭᠠᠨ ᠤ ᠲᠡᠷᠭᠡ ᠶᠢᠨ ᠵᠢᠯᠣᠭᠤᠴᠢ ᠶᠢᠨ ︽ᠢᠲᠡᠭᠡᠮᠵᠢᠲᠡᠶ᠂ ᠨᠠᠶᠢᠳᠠᠪᠤᠷᠢᠲᠠᠶ︾ ︽ᠰᠡᠳᠬᠢᠯ ᠢ ᠳᠤᠯᠠᠭᠠᠴᠠᠭᠤᠯᠬᠤ ᠬᠡᠷ︾ ᠪᠣᠯᠭᠠᠨ ᠪᠥᠲᠥᠭᠡᠨ ᠪᠠᠶᠢᠭᠤᠯᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠵᠠᠮ ᠬᠠᠷᠢᠯᠴᠠᠭ᠎ᠠ ᠶᠢ ᠪᠥᠲᠥᠭᠡᠨ ᠪᠠᠶᠢᠭᠤᠯᠬᠤ ︽ᠦᠢᠯᠡᠴᠢᠯᠡᠭᠡᠨ ᠤ ᠴᠣᠩᠬᠤ︾ ᠪᠣᠯᠭᠠᠨ ᠪᠠᠶᠢᠭᠤᠯᠬᠤ ᠪᠠᠷ ᠴᠢᠷᠮᠠᠶᠢᠨ᠎ᠠ᠃ 2021-07-27 09:56:00      ᠬᠥᠲᠥᠯᠥᠭᠴᠢ᠄      ᠪᠠᠯᠠ ᠮᠥᠩᠭᠦ ᠶᠢᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠᠷ ᠳᠠᠮᠵᠢᠭᠤᠯᠤᠨ᠂ ᠨᠡᠶᠢᠭᠡᠮ ᠤᠨ ᠬᠢᠨ ᠤ ︽ᠵᠢᠯᠣᠭᠤᠴᠢ ᠶᠢᠨ ᠬᠡᠷ︾᠎ ᠤᠨ ᠪᠥᠲᠥᠭᠡᠨ ᠪᠠᠶᠢᠭᠤᠯᠤᠯᠲᠠ ᠳᠤ ᠣᠷᠣᠯᠴᠠᠬᠤ ᠢᠳᠡᠪᠬᠢᠵᠢᠯ ᠢ ᠳᠠᠶᠢᠴᠢᠯᠠᠬᠤ ᠶᠢᠨ ᠬᠠᠮᠲᠤ ᠂ ᠪᠠᠰᠠ ︽ᠵᠢᠯᠣᠭᠤᠴᠢ ᠶᠢᠨ ᠬᠡᠷ︾᠎ ᠤᠨ ᠦᠷᠭᠦᠯᠵᠢᠯᠡᠨ ᠬᠡᠪ ᠤᠨ ᠡᠵᠡᠩᠨᠡᠯᠲᠡ ᠶᠢ ᠪᠠᠲᠤᠯᠠᠵᠤ᠂ ᠥᠷᠭᠡᠨ ᠣᠯᠠᠨ ᠪᠠᠷᠠᠭᠠᠨ ᠤ ᠲᠡᠷᠭᠡ ᠶᠢᠨ ᠵᠢᠯᠣᠭᠤᠴᠢ ᠳᠤ ᠪᠦᠲᠦᠮᠵᠢᠲᠡᠶ ᠦᠷᠭᠦᠯᠵᠢᠯᠡᠭᠰᠡᠨ ᠴᠢᠨᠠᠷᠲᠠᠶ ᠦᠢᠯᠡᠴᠢᠯᠡᠭᠡ ᠬᠠᠩᠭᠠᠬᠤ ᠶᠢ ᠢᠲᠡᠭᠡᠵᠦ ᠪᠠᠶᠢᠨ᠎ᠠ᠃ ᠲᠠᠷᠠᠭᠠᠴᠢ ᠶᠢᠨ ᠱᠠᠲᠤᠨ ᠳᠤ᠂ ᠥᠪᠥᠷ ᠮᠣᠩᠭᠤᠯ ᠨᠢ ︽ᠵᠢᠯᠣᠭᠤᠴᠢ ᠶᠢᠨ ᠬᠡᠷ︾᠎ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠲᠠᠯ᠎ᠠ ᠪᠠᠷ ᠶᠠᠮᠠᠷ ᠲᠣᠬᠢᠷᠠᠭᠤᠯᠤᠯᠲᠠ ᠲᠠᠢ ᠪᠣᠶ︖ 2021-07-27 09:58:00      ᠬᠦᠯᠢᠶᠡᠭᠴᠢ᠄ ᠰᠦᠨ ᠰᠢᠶᠤᠤ ᠸᠧᠨ      ᠳᠠᠷᠠᠭᠠᠴᠢ ᠶᠢᠨ ᠠᠯᠬᠤᠮ ᠳᠤ᠂ ᠪᠢᠳᠡ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ᠳᠡᠭᠡᠳᠦ ᠬᠤᠷᠳᠤ ᠶᠢᠨ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ᠂ ᠡᠩ ᠤᠨ ᠤᠯᠤᠰ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ︵ᠥᠷᠲᠡᠭᠡ︶᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠲᠣᠰᠣ ᠨᠡᠮᠡᠬᠦ ᠥᠷᠲᠡᠭᠡ ᠵᠡᠷᠭᠡ ᠭᠠᠵᠠᠷ ᠢ ᠤᠷᠢᠳᠠᠪᠠᠷ ᠰᠣᠩᠭᠤᠨ ᠪᠥᠲᠥᠭᠡᠨ ᠪᠠᠶᠢᠭᠤᠯᠬᠤ ᠶᠢᠨ ᠬᠠᠮᠲᠤ᠂ ᠮᠠᠨ ᠤ ᠣᠷᠣᠨ ᠤ ᠣᠷᠣᠨ ᠪᠠᠶᠢᠷᠢ ᠶᠢᠨ ᠳᠠᠪᠠᠭᠤᠯᠢᠭ ᠲᠠᠢ ᠪᠠᠨ ᠤᠶᠠᠯᠳᠤᠭᠤᠯᠤᠨ᠂ ᠮᠠᠨᠵᠤᠤᠷ᠂ ᠡᠷᠢᠶᠡᠨ ᠬᠤᠲᠠ ᠵᠡᠷᠭᠡ ᠭᠤᠤᠯᠳᠠᠯᠭ᠎ᠠ ᠲᠠᠢ ᠪᠣᠭᠤᠮᠲᠠ ᠶᠢᠨ ᠭᠠᠵᠠᠷ ᠣᠷᠣᠨ ᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠲᠤ ︽ᠵᠢᠯᠣᠭᠤᠴᠢ ᠶᠢᠨ ᠬᠡᠷ︾ ᠪᠠᠶᠢᠭᠤᠯᠬᠤ ᠶᠢ ᠪᠣᠳᠣᠯᠬᠢᠯᠠᠵᠤ ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠷᠠᠭᠠᠨ ᠤ ᠲᠡᠭᠡᠭᠡᠪᠦᠷᠢ ᠶᠢᠨ ᠵᠢᠯᠣᠭᠤᠴᠢ ᠶᠢᠨ ᠲᠡᠷᠭᠡ ᠵᠣᠭᠰᠣᠭᠠᠵᠤ ᠠᠮᠠᠷᠠᠬᠤ ᠨᠥᠬᠦᠴᠡᠯ ᠢ ᠰᠠᠶᠢᠵᠢᠷᠠᠭᠤᠯᠤᠨ᠎ᠠ᠃ ᠡᠭᠦᠨ ᠤ ᠬᠠᠮᠲᠤ᠂ ᠡᠮᠦᠨᠡᠲᠦ ᠣᠷᠣᠨ ᠤ ᠲᠡᠷᠢᠭᠦᠨ ᠤ ᠮᠤᠵᠢ ᠣᠷᠣᠨ ᠤ ᠪᠦᠲᠦᠭᠡᠨ ᠪᠠᠶᠢᠭᠤᠯᠤᠯᠲᠠ ᠶᠢᠨ ᠲᠤᠷᠰᠢᠯᠭ᠎ᠠ ᠪᠠᠷ ᠲᠣᠯᠢ ᠪᠣᠯᠭᠠᠵᠤ᠂ ︽ᠵᠢᠯᠣᠭᠤᠴᠢ ᠶᠢᠨ ᠬᠡᠷ︾᠎ ᠤᠨ ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ ᠨᠢ ᠦᠨᠳᠦᠰᠦᠨ ᠦᠢᠯᠡᠴᠢᠯᠡᠭᠡᠨ ᠤ ᠴᠢᠳᠠᠮᠵᠢ ᠪᠠ ᠲᠤᠰᠠᠯᠠᠬᠤ ᠴᠢᠳᠠᠮᠵᠢ ᠶᠢ ᠬᠠᠩᠭᠠᠭᠰᠠᠨ ᠰᠠᠭᠤᠷᠢᠨ ᠳᠡᠭᠡᠷ᠎ᠡ᠂ ᠮᠠᠨ ᠤ ᠣᠷᠣᠨ ᠤ ᠤᠯᠠᠷᠢᠯ ᠤᠨ ᠴᠢᠨᠠᠷᠲᠠᠶ ᠵᠢᠭᠤᠯᠴᠢᠯᠠᠯ ᠤᠨ ᠣᠨᠴᠠᠯᠢᠭ ᠪᠠ ᠣᠷᠣᠨ ᠪᠦᠰᠡ ᠶᠢᠨ ᠣᠨᠴᠠᠯᠢᠭ ᠢ ᠦᠨᠳᠦᠰᠦᠯᠡᠨ᠂ ᠦᠨᠳᠦᠰᠦᠲᠡᠨ ᠤ ᠤᠨᠴᠠᠯᠢᠭᠳᠤ ᠠᠵᠤ ᠦᠢᠯᠡᠰ᠂ ᠵᠢᠭᠤᠯᠴᠢᠯᠠᠯ ᠤᠨ ᠠᠵᠤ ᠦᠢᠯᠡᠰ᠂ ᠲᠤᠬᠠᠶ ᠶᠢᠨ ᠭᠠᠵᠠᠷ ᠤᠨ ᠣᠨᠴᠠ ᠭᠠᠷᠤᠯᠲᠠ ᠵᠡᠷᠭᠡ ᠶᠢ ︽ᠵᠢᠯᠣᠭᠤᠴᠢ ᠶᠢᠨ ᠬᠡᠷ︾᠎ ᠤᠨ ᠪᠥᠲᠥᠭᠡᠨ ᠪᠠᠶᠢᠭᠤᠯᠤᠯᠲᠠ ᠡᠵᠡᠩᠨᠡᠯᠲᠡ ᠯᠦᠭᠡ ᠭᠦᠨᠵᠡᠭᠡᠶ ᠠᠭᠤᠰᠤᠯᠴᠠᠭᠤᠯᠵᠤ᠂ ᠥᠪᠥᠷ ᠮᠣᠩᠭᠤᠯ ᠤᠨ ᠣᠨᠴᠠᠯᠢᠭ ᠲᠠᠢ ︽ᠵᠢᠯᠣᠭᠤᠴᠢ ᠶᠢᠨ ᠬᠡᠷ︾᠎ ᠢ ᠴᠣᠭᠴᠠᠯᠠᠨ ᠪᠠᠶᠢᠭᠤᠯᠵᠤ ᠡᠵᠡᠩᠨᠡᠵᠦ ᠪᠣᠯᠤᠨ᠎ᠠ᠃ ︽ᠵᠢᠯᠣᠭᠤᠴᠢ ᠶᠢᠨ ᠬᠡᠷ︾᠎ ᠤᠨ ᠪᠥᠲᠥᠭᠡᠨ ᠪᠠᠶᠢᠭᠤᠯᠤᠯᠲᠠ ᠪᠣᠯ ᠠᠷᠠᠳ ᠣᠯᠠᠨ ᠳᠤ ᠠᠰᠢᠭ ᠬᠦᠷᠲᠡᠭᠡᠬᠦ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠮᠥᠨ᠂ ᠡᠨᠡ ᠨᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠥᠷᠭᠡᠨ ᠣᠯᠠᠨ ᠪᠠᠷᠠᠭᠠᠨ ᠤ ᠲᠡᠷᠭᠡ ᠶᠢᠨ ᠵᠢᠯᠣᠭᠤᠴᠢ ᠶᠢᠨ ᠬᠠᠮᠲᠤᠯᠢᠭ ᠤᠨ ᠠᠵᠢᠯᠯᠠᠵᠤ ᠠᠮᠠᠷᠠᠬᠤ ᠨᠥᠬᠦᠴᠡᠯ ᠢ ᠰᠠᠶᠢᠵᠢᠷᠠᠭᠤᠯᠬᠤ᠂ ᠥᠷᠭᠡᠨ ᠣᠯᠠᠨ ᠪᠠᠷᠠᠭᠠᠨ ᠤ ᠲᠡᠷᠭᠡ ᠶᠢᠨ ᠵᠢᠯᠣᠭᠤᠴᠢ ᠶᠢᠨ ᠬᠠᠮᠲᠤᠯᠢᠭ ᠤᠨ ᠬᠦᠷᠲᠡᠭᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠬᠦ ᠴᠢᠩ ᠰᠡᠳᠬᠢᠯ ᠤᠨ ᠬᠦᠰᠡᠯ ᠡᠷᠡᠮᠡᠯᠵᠡᠯ ᠢ ᠠᠴᠢᠶᠠᠯᠠᠵᠤ᠂ ᠥᠷᠭᠡᠨ ᠣᠯᠠᠨ ᠪᠠᠷᠠᠭᠠᠨ ᠤ ᠲᠡᠷᠭᠡ ᠶᠢᠨ ᠵᠢᠯᠣᠭᠤᠴᠢ ᠶᠢᠨ ᠬᠠᠮᠲᠤᠯᠢᠭ ᠵᠢᠴᠢ ᠲᠡᠳᠡᠨ ᠤ ᠬᠡᠷ ᠪᠦᠯᠢ ᠶᠢᠨ ᠰᠠᠶᠢᠨ ᠰᠠᠶᠢᠬᠠᠨ ᠠᠮᠢᠳᠤᠷᠠᠯ ᠤᠨ ᠲᠤᠬᠠᠶ ᠴᠥᠬᠦᠷᠡᠰᠢ ᠥᠬᠡᠶ ᠬᠥᠭᠡᠭᠡᠴᠡᠯᠳᠦᠯ ᠢ ᠠᠴᠢᠶᠠᠯᠠᠵᠤ ᠪᠠᠶᠢᠭ᠎ᠠ ᠶᠤᠮ᠃ ᠶᠡᠷᠦᠩᠬᠡᠶ ᠱᠦᠵᠢ ᠰᠢ ᠶᠢᠨ ᠫᠢᠩ ᠵᠢᠭᠠᠵᠤ ᠭᠠᠷᠭᠠᠭᠰᠠᠨ ᠨᠢ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠪᠣᠯ ᠳᠠᠷᠤᠶ ᠪᠢᠳᠡᠨ ᠤ ᠲᠡᠮᠡᠴᠡᠯ ᠤᠨ ᠬᠠᠷᠠᠯᠲᠠ ᠮᠥᠨ᠃ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ ᠲᠡᠭᠦᠰᠬᠡᠯ ᠤᠨ ᠴᠡᠭ ᠭᠡᠵᠦ ᠪᠠᠶᠢᠬᠤ ᠦᠭᠡᠢ᠂ ᠵᠥᠪᠬᠡᠨ ᠲᠠᠰᠤᠷᠠᠯᠳᠡ ᠦᠭᠡᠢ ᠦᠷᠭᠦᠯᠵᠢᠯᠡᠭᠰᠡᠨ ᠰᠢᠨ᠎ᠡ ᠡᠬᠢᠯᠡᠯᠲᠡ ᠲᠠᠢ ᠶᠤᠮ᠂ ᠪᠢᠳᠡ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠵᠥ᠂ ︽ᠵᠢᠯᠣᠭᠤᠴᠢ ᠶᠢᠨ ᠬᠡᠷ︾᠎ ᠤᠨ ᠪᠦᠳᠦᠭᠡᠨ ᠪᠠᠶᠢᠭᠤᠯᠤᠯᠲᠠ ᠶᠢ ᠠᠷᠠᠳ ᠲᠦᠮᠡᠨ ᠳᠤ ᠦᠢᠯᠡᠴᠢᠯᠡᠬᠦ ᠤᠬ ᠰᠠᠨᠠᠭ᠎ᠠ ᠶᠢ ᠨᠠᠷᠢᠨ ᠬᠢᠨᠠᠮᠠᠭᠠᠢ ᠦᠢᠯᠡᠳᠦᠯᠭᠡᠵᠢᠭᠦᠯᠬᠦ ᠴᠢᠬᠤᠯᠠ ᠠᠴᠢᠶᠠᠯᠠᠪᠤᠷᠢ ᠪᠣᠯᠭᠠᠵᠤ᠂ ᠴᠡᠭ ᠠᠴᠠ ᠪᠦᠬᠦ ᠲᠠᠯ᠎ᠠ ᠳᠤ ᠬᠦᠷᠲᠡᠯ᠎ᠡ᠂ ᠳᠠᠷᠠᠭ᠎ᠠ ᠤᠳᠠᠭ᠎ᠠ ᠳᠤ ᠳᠡᠯᠭᠡᠷᠡᠭᠦᠯᠵᠦ᠂ ᠡᠮᠬᠢ ᠵᠢᠷᠤᠮ ᠲᠠᠢ ᠠᠬᠢᠭᠤᠯᠵᠤ᠂ ᠥᠷᠭᠡᠨ ᠤᠯᠠᠨ ᠪᠠᠷᠠᠭᠠᠨ ᠤ ᠲᠡᠷᠭᠡ ᠶᠢᠨ ᠵᠢᠯᠣᠭᠤᠴᠢ ᠳᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ  ᠲᠤᠰᠢᠶᠠᠨ᠎ᠠ᠃ 2021-07-27 09:59:00      ᠬᠥᠲᠥᠯᠥᠭᠴᠢ᠄      ᠰᠦᠨ ᠲᠣᠭᠤᠷᠢᠨ ᠪᠠᠶᠢᠴᠠᠭᠠᠭᠴᠢ ᠡ᠂ ᠵᠠᠷᠢᠮ ᠰᠦᠯᠵᠢᠶᠡᠨ ᠤ ᠠᠨᠳᠠ ᠠᠰᠠᠭᠤᠭᠰᠠᠨ ᠨᠢ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠨ ︽ᠵᠢᠯᠣᠭᠤᠴᠢ ᠶᠢᠨ ᠬᠡᠷ︾᠎ ᠤᠨ ᠪᠠᠯᠠ ᠮᠥᠩᠭᠦ ᠶᠢᠨ ᠨᠥᠬᠦᠪᠥᠷᠢ ᠶᠢ ᠬᠡᠷᠬᠢᠨ ᠭᠤᠶᠤᠴᠢᠯᠠᠬᠤ ᠪᠣᠶ︖ 2021-07-27 10:05:00      ᠬᠦᠯᠢᠶᠡᠭᠴᠢ᠄ ᠰᠦᠨ ᠰᠢᠶᠤᠤ ᠸᠧᠨ      ᠪᠡᠯᠡ ᠮᠥᠩᠭᠦ ᠶᠢ ᠪᠦᠲᠦᠮᠵᠢᠲᠡᠶ ᠠᠰᠢᠭᠯᠠᠬᠤ ᠶᠢ ᠪᠠᠲᠤᠯᠠᠬᠤ ᠶᠢᠨ ᠲᠤᠰᠠᠳᠠ᠂ ᠪᠡᠯᠡ ᠮᠥᠩᠭᠦ ᠶᠢᠨ ᠲᠤᠰᠠᠯᠠᠮᠵᠢ ᠶᠢ ᠭᠤᠶᠤᠴᠢᠯᠠᠬᠤ ︽ᠵᠢᠯᠣᠭᠤᠴᠢ ᠶᠢᠨ ᠭᠡᠷ︾᠎ ᠨᠢ ᠡᠷᠬᠡᠪᠰᠢ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭᠠᠬᠢ ︽ᠵᠢᠯᠣᠭᠤᠴᠢ ᠶᠢᠨ ᠭᠡᠷ︾ ᠪᠠᠶᠢᠬᠤ ᠬᠡᠷᠡᠭᠲᠡᠶ᠂ ᠪᠥᠳᠥᠭᠡᠨ ᠪᠠᠶᠢᠭᠤᠯᠬᠤ ᠨᠢᠭᠡᠴᠢ ᠨᠢ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠠᠵᠢᠯᠴᠢᠨ ᠤ ᠶᠡᠷᠦᠩᠬᠡᠶ ᠡᠪᠯᠡᠯ ᠳᠤ ᠲᠤᠰ ᠲᠤᠰ ᠪᠡᠯᠡ ᠮᠥᠩᠭᠦ ᠭᠤᠶᠤᠴᠢᠯᠠᠬᠤ ᠪᠠᠨ ᠳᠤᠷᠠᠳᠴᠤ ᠪᠣᠯᠤᠨ᠎ᠠ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠰᠢᠶᠠᠩ ᠪᠠᠯᠭᠠᠰᠤ ᠶᠢᠨ ᠲᠡᠭᠡᠭᠡᠪᠦᠷᠢ ᠶᠢᠨ ᠦᠢᠯᠡᠴᠢᠯᠡᠭᠡᠨ ᠤ ᠥᠷᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠪᠡᠯᠡ ᠮᠥᠩᠭᠦ ᠭᠤᠶᠤᠴᠢᠯᠠᠬᠤ ᠲᠡᠰ ᠳᠠᠷᠠᠭᠠᠯᠠᠯ ᠢᠶᠠᠷ ᠯᠠᠪᠯᠠᠯᠲᠠ ᠪᠣᠯᠭᠠᠵᠤ ᠲᠠᠷᠠᠭ᠎ᠠ ᠨᠢᠭᠡ ᠵᠢᠯ ᠤᠨ ᠨᠥᠬᠦᠪᠥᠷᠢ ᠲᠥᠯᠥᠪᠯᠡᠭᠡ ᠳᠤ ᠣᠷᠤᠭᠤᠯᠤᠨ᠎ᠠ᠃ 2021-07-27 10:06:00      ᠬᠥᠲᠥᠯᠥᠭᠴᠢ᠄      ᠰᠦᠨ ᠲᠣᠭᠤᠷᠢᠨ ᠪᠠᠶᠢᠴᠠᠭᠠᠭᠴᠢ ᠡ᠂ ᠰᠦᠯᠵᠢᠶᠡᠨ ᠤ ᠠᠨᠳᠠ ᠪᠠᠰᠠ ᠠᠰᠠᠭᠤᠭᠰᠠᠨ ᠨᠢ᠄ ︽ᠵᠢᠯᠣᠭᠤᠴᠢ ᠶᠢᠨ ᠬᠡᠷ︾᠎ ᠤᠨ ᠪᠥᠲᠥᠭᠡᠨ ᠪᠠᠶᠢᠭᠤᠯᠤᠯᠲᠠ ᠶᠢ ᠬᠡᠷᠬᠢᠨ ᠭᠤᠶᠤᠴᠢᠯᠠᠬᠤ ᠪᠣᠶ︖ 2021-07-27 10:08:00      ᠬᠦᠯᠢᠶᠡᠭᠴᠢ᠄ ᠰᠦᠨ ᠰᠢᠶᠤᠤ ᠸᠧᠨ      ᠪᠥᠲᠥᠭᠡᠨ ᠪᠠᠶᠢᠭᠤᠯᠬᠤ ᠰᠠᠨᠠᠮᠵᠢ ᠲᠠᠢ ᠨᠢᠭᠡᠴᠢ ᠨᠢ ︽ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠠᠯᠪᠠᠨ ᠲᠢᠩᠬᠢᠮ᠂ ᠳᠤᠮᠳᠠᠳᠤ ᠶᠢᠨ ᠪᠥᠬᠦ ᠤᠯᠤᠰ ᠤᠨ ᠠᠵᠢᠯᠴᠢᠨ ᠤ ᠶᠡᠷᠦᠩᠬᠡᠶ ᠡᠪᠯᠡᠯ ᠤᠨ ᠠᠯᠪᠠᠨ ᠲᠢᠩᠬᠢᠮ ᠤᠨ ︿ᠵᠢᠯᠣᠭᠤᠴᠢ ᠶᠢᠨ ᠬᠡᠷ﹀᠎ ᠤᠨ ᠪᠥᠲᠥᠭᠡᠨ ᠪᠠᠶᠢᠭᠤᠯᠤᠯᠲᠠ ᠪᠠ ᠰᠢᠯᠭᠠᠨ ᠠᠪᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾ ︵ ᠵᠠᠮ ᠠᠯᠪᠠᠨ ᠲᠡᠭᠡᠭᠡᠪᠦᠷᠢ ᠶᠢᠨ ᠵᠠᠬᠢᠳᠠᠯ ﹇2019﹈ 552 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠵᠢᠯᠣᠭᠤᠴᠢ ᠶᠢᠨ ᠬᠡᠷ﹀᠎ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠲᠥᠰᠦᠯ︾ ︵ᠥᠪᠥᠷ ᠵᠠᠮ ᠲᠠᠷᠬᠠᠭᠠᠭᠰᠠᠨ ﹇2020﹈ 701 ᠳ᠋ᠦ᠋ᠭᠡᠷ ᠲᠣᠭᠠᠲᠤ ︶᠎ ᠤᠨ ᠱᠠᠭᠠᠷᠳᠠᠯᠭ᠎ᠠ ᠪᠠᠷ ᠯᠠᠪᠯᠠᠯᠲᠠ ᠪᠣᠯᠭᠠᠵᠤ᠂ ︽ᠵᠢᠯᠣᠭᠤᠴᠢ ᠶᠢᠨ ᠬᠡᠷ︾᠎ ᠤᠨ ᠪᠥᠲᠥᠭᠡᠨ ᠪᠠᠶᠢᠭᠤᠯᠤᠯᠲᠠ ᠶᠢᠨ ᠵᠦᠭᠯᠡᠭᠦᠷ ᠶᠣᠰᠣᠭᠠᠷ ᠪᠥᠲᠥᠭᠡᠨ ᠪᠠᠶᠢᠭᠤᠯᠬᠤ ᠠᠵᠢᠯ ᠢᠶᠠᠨ ᠥᠷᠨᠢᠭᠦᠯᠵᠦ ᠪᠣᠯᠤᠨ᠎ᠠ᠃ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠲᠡᠭᠡᠭᠡᠪᠦᠷᠢ ᠶᠢᠨ ᠬᠠᠮᠢᠶᠠᠷᠤᠯᠲᠠ ᠶᠢᠨ ᠲᠣᠪᠴᠢᠶ᠎ᠠ ᠯᠤᠭ᠎ᠠ ᠴᠠᠭ ᠲᠤᠬᠠᠶ ᠳᠤ ᠨᠢ ᠨᠡᠪᠲᠡᠷᠡᠯᠴᠡᠵᠦ ᠪᠣᠯᠤᠨ᠎ᠠ᠂ ᠬᠠᠷᠢᠯᠴᠠᠬᠤ ᠤᠲᠠᠰᠤ 0471-6284550᠃ 2021-07-27 10:09:00      ᠬᠥᠲᠥᠯᠥᠭᠴᠢ᠄      ᠵᠠ᠂ ᠰᠦᠨ ᠲᠣᠭᠤᠷᠢᠨ ᠪᠠᠶᠢᠴᠠᠭᠠᠭᠴᠢ ᠶᠢᠨ ᠨᠠᠷᠢᠨ ᠲᠠᠨᠢᠯᠴᠠᠭᠤᠯᠭ᠎ᠠ ᠳᠤ ᠲᠠᠯᠠᠷᠬᠠᠵᠤ ᠪᠠᠶᠢᠨ᠎ᠠ᠂ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠣᠯᠠᠨ ᠤ ᠠᠩᠬᠠᠷᠤᠯ ᠳᠤ ᠲᠠᠯᠠᠷᠬᠠᠵᠤ ᠪᠠᠶᠢᠨ᠎ᠠ︕ 2021-07-27 10:10:00      ᠬᠥᠲᠥᠯᠥᠭᠴᠢ᠄      ᠤᠯᠠᠨ ᠳᠤ ᠪᠠᠶᠠᠷᠯᠠᠯ᠎ᠠ︕ 2021-07-27 10:11:00  
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号