ᠪᠥᠬᠦ ᠤᠯᠤᠰ ᠤᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠳᠡᠭᠡᠷ᠎ᠡ ᠠᠵᠢᠯ ᠤᠨ ᠠᠮᠵᠢᠯᠲᠠ ᠪᠠᠨ ᠣᠷᠤᠭᠤᠯᠬᠤ
ᠨᠡᠶᠢᠲᠡᠯᠡᠭᠰᠡᠨ ᠴᠠᠭ᠄
2021/9/18
     ᠯᠠᠪᠯᠠᠬᠤ ᠠᠭᠤᠯᠭ᠎ᠠ᠄ ᠪᠥᠬᠦ ᠤᠯᠤᠰ ᠤᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠎ ᠤᠨ ᠢᠲᠡᠭᠡᠮᠵᠢ ᠶᠢᠨ ᠮᠡᠳᠡᠭᠡ ᠵᠠᠩᠭᠢ ᠳᠡᠭᠡᠷ᠎ᠡ ᠠᠵᠢᠯ ᠤᠨ ᠠᠮᠵᠢᠯᠲᠠ ᠪᠠᠨ ᠣᠷᠤᠭᠤᠯᠬᠤ ᠳᠤ ᠮᠠᠲ᠋ᠧᠷᠢᠶᠠᠯ ᠢᠶᠠᠨ ᠠᠪᠴᠤ ᠲᠤᠬᠠᠶ ᠶᠢᠨ ᠲᠠᠯᠠᠪᠤᠷ ᠲᠤ ᠬᠢᠨᠠᠨ ᠬᠠᠷᠭᠤᠭᠤᠯᠬᠤ ᠴᠢᠬᠤᠯᠠᠲᠠᠢ᠂ ᠶᠠᠮᠠᠷ ᠶᠠᠮᠠᠷ ᠮᠠᠲ᠋ᠧᠷᠢᠶᠠᠯ ᠠᠪᠬᠤ ᠴᠢᠬᠤᠯᠠᠲᠠᠶ ᠪᠣᠶ︖      ᠬᠠᠷᠢᠭᠤᠯᠲᠠ᠄ 1.ᠠᠵᠢᠯ ᠦᠢᠯᠡᠰ ᠡᠷᠬᠢᠯᠡᠬᠦ ᠠᠵᠤ ᠠᠬᠤᠶᠢᠯᠠᠯ ᠨᠢ ᠮᠡᠳᠡᠭᠡ ᠵᠠᠩᠭᠢ ᠪᠠᠨ ᠲᠠᠭᠯᠠᠨ ᠮᠡᠳᠡᠭᠦᠯᠬᠦ ᠪᠤᠶᠤ ᠮᠡᠳᠡᠭᠡ ᠵᠠᠩᠭᠢ ᠪᠠᠨ ᠬᠤᠪᠢᠷᠠᠭᠠᠬᠤ ᠪᠠᠷ ᠲᠤᠰᠢᠶᠠᠬᠤ ᠮᠠᠲ᠋ᠧᠷᠢᠶᠠᠯ ︵1-7 ᠳ᠋ᠤᠭᠠᠷ ᠵᠦᠢᠯ ᠨᠢ ᠡᠷᠬᠡᠪᠰᠢ ᠪᠢᠴᠢᠭ ᠤᠨ ᠮᠠᠲ᠋ᠧᠷᠢᠶᠠᠯ ᠪᠠᠶᠢᠬᠤ ᠬᠡᠷᠡᠭᠲᠡᠶ᠂ ᠪᠤᠰᠤᠳ ᠨᠢ ᠪᠢᠴᠢᠭ ᠤᠨ ᠮᠠᠲ᠋ᠧᠷᠢᠶᠠᠯ ᠪᠤᠶᠤ ᠡᠯᠧᠺᠲᠷᠣᠨ ᠲᠠᠩᠰᠠ ᠡᠪᠬᠡᠮᠡᠯ ᠪᠠᠶᠢᠵᠤ ᠪᠣᠯᠤᠨ᠎ᠠ︶᠄      ⑴ ᠪᠢᠴᠢᠭ ᠤᠨ ᠭᠤᠶᠤᠴᠢᠯᠠᠯ ︵ᠠᠵᠤ ᠠᠬᠤᠶᠢᠯᠠᠯ ᠤᠨ ᠵᠢᠩᠬᠢᠨᠢ ᠪᠢᠴᠢᠭ ᠮᠠᠲ᠋ᠧᠷᠢᠶᠠᠯ︶︔      ⑵ ᠠᠮᠠᠯᠠᠯᠲᠠ ᠶᠢᠨ ᠪᠢᠴᠢᠭ ︵ᠳᠠᠭᠠᠯᠳᠤᠭᠤᠯᠤᠯ ᠢ ᠨᠠᠷᠢᠨ ᠦᠵᠡ︶︔      ⑶ ᠬᠠᠤᠯᠢ ᠶᠣᠰᠣᠨ ᠤ ᠲᠥᠯᠥᠭᠡᠯᠡᠭᠴᠢ ᠶᠢᠨ ᠪᠡᠶ᠎ᠡ ᠶᠢᠨ ᠦᠨᠡᠮᠯᠡᠯ ᠤᠨ ᠬᠠᠭᠤᠯᠪᠤᠷᠢ︔      ⑷ ᠳᠠᠭᠠᠭᠠᠨ ᠬᠢᠭᠴᠢ ᠶᠢᠨ ᠪᠡᠶ᠎ᠡ ᠶᠢᠨ ᠦᠨᠡᠮᠯᠡᠯ ᠤᠨ ᠬᠠᠭᠤᠯᠪᠤᠷᠢ᠂ ᠬᠠᠤᠯᠢ ᠶᠣᠰᠤᠨ ᠤ ᠲᠥᠯᠥᠭᠡᠯᠡᠭᠴᠢ ᠎ ᠶᠢᠨ ᠡᠷᠬᠡ ᠣᠯᠭᠤᠭᠰᠠᠨ ᠪᠢᠴᠢᠭ ︵ᠳᠠᠭᠠᠭᠠᠨ ᠬᠢᠭᠴᠢ ᠨᠢ ᠬᠠᠤᠯᠢ ᠶᠣᠰᠤᠨ ᠤ ᠲᠥᠯᠥᠭᠡᠯᠡᠭᠴᠢ ᠪᠣᠯ ᠲᠤᠰ ᠵᠦᠢᠯ ᠢ ᠲᠤᠰᠢᠶᠠᠬᠤ ᠴᠢᠬᠤᠯᠠ ᠦᠭᠡᠢ︶︔      ⑸ ᠠᠵᠢᠯ ᠦᠢᠯᠡᠰ ᠡᠷᠬᠢᠯᠡᠬᠦ ᠠᠵᠤ ᠠᠬᠤᠶᠢᠯᠠᠯ ᠨᠢ ︽ᠪᠦᠬᠦ ᠤᠯᠤᠰ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ︾᠎ ᠤᠨ ᠲᠠᠭᠯᠠᠨ ᠮᠡᠳᠡᠭᠦᠯᠬᠦ ᠪᠤᠶᠤ ᠬᠤᠪᠢᠷᠠᠭᠠᠬᠤ ᠬᠠᠮᠢᠶ᠎ᠠ ᠪᠦᠬᠦᠢ ᠮᠡᠳᠡᠭᠡ ᠵᠠᠩᠭᠢ ᠶᠢᠨ ᠬᠠᠭᠤᠳᠠᠰᠤᠨ ᠨᠢᠭᠤᠷ ᠤᠨ ᠬᠠᠭᠤᠯᠪᠤᠷᠢ︔      ⑹ ᠡᠵᠡᠩᠨᠡᠯᠲᠡ ᠶᠢᠨ ᠦᠨᠡᠮᠯᠡᠯ ︵ᠬᠠᠪᠰᠤᠷᠤᠮᠠᠯ ᠳᠡᠪᠲᠡᠷ︶᠎ ᠤᠨ ᠬᠠᠭᠤᠯᠪᠤᠷᠢ︔      ⑺ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠣᠷᠣᠯᠠᠬᠤ ᠨᠣᠮᠧᠷ ᠤᠨ ᠦᠨᠡᠮᠯᠡᠯ ᠤᠨ ᠬᠠᠭᠤᠯᠪᠤᠷᠢ︔      ⑻ ᠪᠤᠰᠤᠳ ᠮᠡᠳᠡᠭᠡ ᠵᠠᠩᠭᠢ ᠶᠢ ᠬᠢᠨᠠᠨ ᠬᠠᠷᠭᠤᠭᠤᠯᠵᠤ ᠳᠠᠩᠰᠠᠯᠠᠬᠤ ᠳᠤ ᠬᠡᠷᠡᠭᠰᠡᠬᠦ ᠭᠡᠷᠡᠴᠢ ᠮᠠᠲ᠋ᠧᠷᠢᠶᠠᠯ᠃      2.ᠠᠵᠢᠯ ᠦᠢᠯᠡᠰ ᠡᠷᠬᠢᠯᠡᠬᠦ ᠠᠵᠤ ᠠᠬᠤᠶᠢᠯᠠᠯ ᠤᠨ ᠠᠵᠢᠯ ᠤᠨ ᠠᠮᠵᠢᠯᠲᠠ ᠶᠢᠨ ᠮᠡᠳᠡᠭᠡ ᠵᠠᠩᠭᠢ ᠪᠠᠨ ᠲᠠᠭᠯᠠᠨ ᠮᠡᠳᠡᠭᠦᠯᠬᠦ ᠪᠤᠶᠤ ᠬᠤᠪᠢᠷᠠᠭᠠᠬᠤ ᠳᠤ᠂ ᠪᠠᠰᠠ ᠳᠣᠤᠷᠠᠬᠢ ᠮᠠᠲ᠋ᠧᠷᠢᠶᠠᠯ ᠢ ᠲᠤᠰᠢᠶᠠᠬᠤ ᠬᠡᠷᠡᠭᠲᠡᠶ᠄      ⑴ ᠲᠥᠷᠥᠯ ᠵᠦᠶᠯ ᠤᠨ ᠳᠠᠭᠠᠭᠠᠴᠢᠯᠠᠯᠲᠠ ᠣᠯᠤᠭᠰᠠᠨ ᠮᠡᠳᠡᠭᠳᠡᠯ ᠤᠨ ᠪᠢᠴᠢᠭ ᠤᠨ ᠬᠠᠭᠤᠯᠪᠤᠷᠢ ︵ᠲᠥᠷᠥᠯ ᠵᠦᠶᠯ ᠤᠨ ᠬᠠᠤᠯᠢ ᠶᠢᠨ ᠡᠷᠬᠡᠲᠡᠨ ᠤ ᠠᠯᠪᠠᠨ ᠲᠠᠮᠠᠭ᠎ᠠ ᠶᠢ ᠳᠠᠷᠤᠭᠰᠠᠨ ᠪᠠᠶᠢᠬᠤ ᠬᠡᠷᠡᠭᠲᠡᠶ︶︔      ⑵ ᠲᠥᠷᠥᠯ ᠵᠦᠶᠯ ᠤᠨ ᠭᠡᠷ᠎ᠡ ᠶᠢᠨ ᠬᠡᠯᠡᠯᠴᠡᠭᠡᠷ ᠤᠨ ᠪᠢᠴᠢᠭ ᠤᠨ ᠬᠡᠰᠡᠭ ᠠᠭᠤᠯᠭ᠎ᠠ ᠶᠢᠨ ᠬᠠᠭᠤᠯᠪᠤᠷᠢ ︵ᠭᠤᠤᠯᠳᠠᠭᠤ ᠳᠠᠭᠠᠭᠠᠴᠢᠯᠠᠯᠲᠠ ᠣᠯᠤᠭᠰᠠᠨ ᠭᠡᠷ᠎ᠡ ᠶᠢᠨ ᠦᠨ᠎ᠡ ᠶᠢᠨ ᠨᠢᠭᠤᠷ᠂ ᠪᠠᠷᠢᠯᠭ᠎ᠠ ᠶᠢᠨ ᠠᠵᠢᠯ ᠤᠨ ᠠᠭᠤᠯᠭ᠎ᠠ ᠎ ᠶᠢᠨ ᠨᠢᠭᠤᠷ᠂ ᠲᠦᠷᠦᠯ ᠵᠦᠢᠯ ᠤᠨ ᠳᠠᠭᠠᠭᠠᠮᠠᠯ ᠵᠢᠴᠢ ᠶᠡᠷᠦᠩᠬᠡᠶ ᠠᠵᠢᠯᠴᠢᠨ ᠤ ᠨᠡᠷᠡᠰ ᠤᠨ ᠨᠢᠭᠤᠷ᠂ ᠭᠡᠷ᠎ᠡ ᠶᠢᠨ ᠠᠵᠢᠯ ᠤᠨ ᠬᠤᠭᠤᠴᠠᠭᠠᠨ ᠤ ᠨᠢᠭᠤᠷ᠂ ᠭᠡᠷ᠎ᠡ ᠶᠢᠨ ᠬᠤᠶᠠᠷ ᠲᠠᠯ᠎ᠠ ᠶᠢᠨ ᠲᠠᠮᠠᠭ᠎ᠠ ᠳᠠᠷᠤᠭᠰᠠᠨ ᠨᠢᠭᠤᠷ ᠵᠡᠷᠭᠡ ᠪᠠᠭᠲᠠᠨ᠎ᠠ︶︔      ⑶ ᠲᠥᠷᠥᠯ ᠵᠦᠶᠯ ᠤᠨ ᠠᠵᠢᠯ ᠲᠤᠰᠢᠶᠠᠬᠤ ᠶᠢ ᠰᠢᠯᠭᠠᠨ ᠬᠤᠷᠢᠶᠠᠭᠰᠠᠨ ᠦᠨᠡᠮᠯᠡᠯ ᠤᠨ ᠬᠠᠭᠤᠯᠪᠤᠷᠢ ︵ᠪᠠᠶᠢᠭᠤᠯᠵᠤ ᠪᠠᠶᠢᠭ᠎ᠠ ᠠᠵᠢᠯ ᠤᠨ ᠠᠮᠵᠢᠯᠲᠠ ᠶᠢ ᠨᠢᠭᠡᠨᠲᠡ ᠪᠠᠶᠢᠭᠤᠯᠤᠭᠰᠠᠨ ᠠᠵᠢᠯ ᠤᠨ ᠠᠮᠵᠢᠯᠲᠠ ᠪᠠᠷ ᠬᠤᠪᠢᠷᠠᠭᠠᠬᠤ︶ ᠪᠤᠶᠤ ᠶᠠᠰᠤ ᠴᠢᠨᠠᠷ ᠲᠤ ᠬᠢᠨᠠᠯᠲᠠ ᠲᠠᠯᠪᠢᠬᠤ ᠪᠠᠶᠢᠭᠤᠯᠤᠮᠵᠢ ᠶᠢᠨ ᠭᠠᠷᠭᠠᠭᠰᠠᠨ ᠭᠡᠷᠡᠴᠢᠯᠡᠬᠦ ᠪᠢᠴᠢᠭ ᠮᠠᠲ᠋ᠧᠷᠢᠶᠠᠯ ︵ᠪᠠᠷᠢᠯᠭ᠎ᠠ ᠶᠢᠨ ᠨᠡᠷᠡᠶᠢᠳᠦᠯ᠂ ᠳᠠᠭᠠᠭᠠᠴᠢᠯᠠᠨ ᠪᠠᠶᠢᠭᠤᠯᠬᠤ ᠨᠢᠭᠡᠴᠢ ᠶᠢᠨ ᠨᠡᠷᠡᠶᠢᠳᠦᠯ᠂ ᠲᠥᠷᠥᠯ ᠵᠦᠶᠯ ᠎ ᠤᠨ ᠬᠡᠯᠪᠡᠷᠢ᠂ ᠮᠡᠷᠭᠡᠵᠢᠯ ᠤᠨ ᠵᠡᠷᠭᠡ ᠳᠡᠰ᠂ ᠭᠡᠷ᠎ᠡ ᠶᠢᠨ ᠬᠡᠰᠡᠭ ᠤᠨ ᠨᠡᠷᠡᠶᠢᠳᠦᠯ᠂ ᠭᠡᠷ᠎ᠡ ᠶᠢᠨ ᠬᠡᠰᠡᠭ ᠤᠨ ᠠᠵᠢᠯ ᠡᠬᠢᠯᠡᠬᠦ ᠡᠳᠦᠷ ᠬᠤᠭᠤᠴᠠᠭ᠎ᠠ᠂ ᠭᠡᠷ᠎ᠡ ᠶᠢᠨ ᠬᠡᠰᠡᠭ ᠤᠨ ᠠᠵᠢᠯ ᠲᠤᠰᠢᠶᠠᠬᠤ ᠡᠳᠦᠷ ᠬᠤᠭᠤᠴᠠᠭ᠎ᠠ᠂ ᠡᠬᠢᠯᠡᠵᠦ ᠳᠠᠭᠤᠰᠬᠤ ᠴᠡᠭ ᠤᠨ ᠪᠠᠭᠠᠨ᠎ᠠ ᠶᠢᠨ ᠳ᠋ᠤᠭᠠᠷ᠂ ᠶᠠᠰᠤ ᠴᠢᠨᠠᠷ ᠢ ᠦᠨᠡᠯᠡᠨ ᠲᠣᠭᠲᠠᠭᠠᠭᠰᠠᠨ ᠪᠠᠶᠢᠳᠠᠯ᠂ ᠭᠤᠣᠯ ᠪᠣᠯᠬᠤ ᠪᠠᠷᠢᠯᠭ᠎ᠠ ᠶᠢᠨ ᠬᠡᠮᠵᠢᠶ᠎ᠡ ᠶᠢᠨ ᠠᠭᠤᠯᠭ᠎ᠠ ᠵᠡᠷᠭᠡ ᠮᠡᠳᠡᠭᠡ ᠵᠠᠩᠭᠢ ᠶᠢ ᠪᠠᠭᠲᠠᠭᠠᠬᠤ ᠬᠡᠷᠡᠭᠲᠡᠢ︶︔      ⑷ ᠪᠤᠰᠤᠳ ᠮᠡᠳᠡᠭᠡ ᠵᠠᠩᠭᠢ ᠶᠢ ᠬᠢᠨᠠᠨ ᠬᠠᠷᠭᠤᠭᠤᠯᠵᠤ ᠳᠠᠩᠰᠠᠯᠠᠬᠤ ᠳᠤ ᠬᠡᠷᠡᠭᠰᠡᠬᠦ ᠭᠡᠷᠡᠴᠢ ᠮᠠᠲ᠋ᠧᠷᠢᠶᠠᠯ᠃      3.ᠠᠵᠢᠯ ᠦᠢᠯᠡᠰ ᠡᠷᠬᠢᠯᠡᠬᠦ ᠠᠵᠤ ᠠᠬᠤᠶᠢᠯᠠᠯ ᠤᠨ ᠠᠵᠢᠯᠲᠠᠨ ᠤ ᠮᠡᠳᠡᠭᠡ ᠵᠠᠩᠭᠢ ᠶᠢ ᠠᠩᠬ᠎ᠠ ᠤᠳᠠᠭ᠎ᠠ ᠲᠠᠭᠯᠠᠨ ᠮᠡᠳᠡᠭᠦᠯᠦᠭᠰᠡᠨ ᠤ ᠳᠠᠷᠠᠭ᠎ᠠ ᠠᠶᠠᠨᠳᠠᠭᠠᠨ ᠬᠦᠴᠦᠨ ᠲᠠᠢ ᠪᠣᠯᠬᠤ ᠶᠢᠨ ᠬᠠᠮᠲᠤ ᠭᠠᠳᠠᠭᠰᠢ ᠢᠯᠡ ᠪᠣᠯᠭᠠᠨ᠎ᠠ ︵ᠪᠡᠶ᠎ᠡ ᠬᠡᠮ ᠤᠨ ᠮᠡᠳᠡᠭᠡ ᠵᠠᠩᠭᠢ ᠶᠢ ᠪᠠᠭᠲᠠᠭᠠᠬᠤ ᠦᠭᠡᠢ︶᠂ ᠬᠢᠨᠠᠨ ᠬᠠᠷᠭᠤᠭᠤᠯᠵᠤ ᠳᠠᠩᠰᠠᠯᠠᠬᠤ ᠴᠢᠬᠤᠯᠠ ᠥᠬᠡᠶ︔ ᠠᠵᠢᠯ ᠦᠢᠯᠡᠰ ᠡᠷᠬᠢᠯᠡᠬᠦ ᠠᠵᠤ ᠠᠬᠤᠶᠢᠯᠠᠯ ᠤᠨ ᠠᠵᠢᠯᠲᠠᠨ ᠤ ᠮᠡᠳᠡᠭᠡ ᠵᠠᠩᠭᠢ ᠶᠢ ᠬᠤᠪᠢᠷᠠᠭᠠᠬᠤ ᠳᠤ᠂ ᠳᠣᠤᠷᠠᠬᠢ ᠮᠡᠲᠦ ᠮᠠᠲ᠋ᠧᠷᠢᠶᠠᠯ ᠢ ᠲᠤᠰᠢᠶᠠᠬᠤ ᠬᠡᠷᠡᠭᠲᠡᠶ᠄      ⑴ ᠮᠡᠳᠡᠭᠡ ᠵᠠᠩᠭᠢ ᠶᠢ ᠬᠤᠪᠢᠷᠠᠭᠠᠬᠤ ᠲᠤᠬᠠᠢ ᠶᠢᠨ ᠬᠥᠮᠦᠨ ᠤ ᠪᠡᠶ᠎ᠡ ᠶᠢᠨ ᠦᠨᠡᠮᠯᠡᠯ ᠤᠨ ᠬᠠᠭᠤᠯᠪᠤᠷᠢ︔      ⑵ ᠪᠤᠰᠤᠳ ᠬᠠᠮᠢᠶ᠎ᠠ ᠪᠦᠬᠦᠢ ᠮᠡᠳᠡᠭᠡ ᠵᠠᠩᠭᠢ ᠶᠢ ᠬᠢᠨᠠᠨ ᠬᠠᠷᠭᠤᠭᠤᠯᠵᠤ ᠳᠠᠩᠰᠠᠯᠠᠬᠤ ᠳᠤ ᠬᠡᠷᠡᠭᠰᠡᠬᠦ ᠭᠡᠷᠡᠴᠢ ᠮᠠᠲ᠋ᠧᠷᠢᠶᠠᠯ ︵ᠵᠢᠱᠢᠶᠡᠯᠡᠪᠡᠯ ᠲᠣᠮᠢᠯᠠᠵᠤ ᠪᠠᠭᠤᠯᠭᠠᠬᠤ ᠪᠢᠴᠢᠭ ᠮᠠᠲ᠋ᠧᠷᠢᠶᠠᠯ᠂ ᠬᠥᠳᠡᠯᠮᠦᠷᠢ ᠶᠢᠨ ᠭᠡᠷ᠎ᠡ᠂ ᠲᠠᠪᠤᠨ ᠳᠠᠭᠠᠳᠬᠠᠯ ᠨᠢᠭᠡ ᠮᠥᠩᠭᠦ᠂ ᠠᠵᠢᠯᠲᠠᠨ ᠢ ᠬᠤᠪᠢᠷᠠᠭᠠᠬᠤ ᠭᠠᠷ ᠭᠦᠶᠴᠡᠳᠬᠡᠯ᠂ ᠳᠠᠩᠰᠠᠯᠠᠭᠤᠯᠬᠤ ᠬᠢᠷᠢ ᠬᠡᠮ ᠪᠤᠶᠤ ᠮᠡᠷᠭᠡᠵᠢᠯ ᠤᠨ ᠴᠣᠯᠠ ᠶᠢᠨ ᠦᠨᠡᠮᠯᠡᠯ ᠵᠡᠷᠭᠡ︶᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号