ᠡᠯ᠎ᠡ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠲᠢᠩᠬᠢᠮ ᠤᠨ ᠰᠢᠭᠤᠳ ᠬᠠᠷᠢᠶ᠎ᠠ | ᠬᠤᠯᠪᠣᠭᠳᠠᠯ ᠪᠥᠬᠦᠶ ᠨᠢᠭᠡᠴᠢ ᠳᠤ᠄ | ︽ᠠᠶᠤᠯᠭᠦᠶ ᠦᠢᠯᠡᠳᠪᠦᠷᠢᠯᠡᠯ ᠤᠨ ᠬᠠᠤᠯᠢ︾ ᠶᠢ ᠭᠦᠨᠵᠡᠭᠡᠶ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ | ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠠᠬᠢᠭᠤᠯᠬᠤ ᠶᠢᠨ | ᠲᠦᠯᠦᠭᠡ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠵᠠᠮ | ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ | ᠪᠠᠶᠢᠭᠤᠯᠤᠯᠲᠠ ᠶᠢᠨ ᠦᠨᠡᠯᠡᠬᠦ ᠬᠠᠮᠢᠶᠠᠷᠤᠯᠲᠠ ᠶᠢᠨ ᠠᠷᠭ᠎ᠠ︾ ︵ᠰᠢᠨ᠎ᠡ ︽ᠬᠠᠮᠢᠶᠠᠷᠤᠯᠲᠠ ᠶᠢᠨ ᠠᠷᠭ᠎ᠠ︾ ᠭᠡᠵᠦ | ᠲᠣᠪᠴᠢᠯᠠᠨ᠎ᠠ︶᠂ ︽ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ | ᠪᠠᠶᠢᠭᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠤᠨ ᠠᠬᠢᠭᠤᠯᠬᠤ ᠲᠤᠬᠠᠶ ᠵᠠᠮ ᠬᠠᠷᠢᠯᠴᠠᠭ᠎ᠠ | ᠲᠡᠭᠡᠭᠡᠪᠦᠷᠢ ᠶᠢᠨ ᠶᠠᠮᠤᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠤᠨ ᠮᠡᠳᠡᠭᠳᠡᠯ︾ ︵ᠵᠠᠮ | ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ﹇2016﹈ 54 ᠳ᠋ᠦ᠋ᠭᠡᠷ ᠲᠣᠭᠠᠲᠤ︶ ᠢ | ᠦᠨᠳᠦᠰᠦᠯᠡᠪᠡᠯ᠂ ᠪᠥᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠶᠢᠯᠠᠯ ᠤᠨ ᠠᠶᠤᠯᠭᠦᠶ | ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠵᠢᠴᠢ ᠬᠤᠯᠪᠣᠭᠳᠠᠯ ᠪᠥᠬᠦᠶ ᠠᠵᠢᠯ ᠢ ᠦᠨᠡᠯᠡᠬᠦ ᠶᠢ ᠤᠯᠠᠮ | ᠨᠢᠭᠡ ᠠᠯᠬᠤᠮ ᠰᠠᠶᠢᠲᠤᠷ ᠬᠢᠬᠦ ᠲᠤᠬᠠᠶ ᠡᠳᠦᠭᠡ ᠳᠣᠤᠷᠠᠬᠢ ᠮᠡᠲᠦ ᠮᠡᠳᠡᠭᠳᠡᠪᠡ᠄ | ᠨᠢᠭᠡ᠂ ᠰᠢᠨ᠎ᠡ ︽ᠬᠠᠮᠢᠶᠠᠷᠤᠯᠲᠠ ᠶᠢᠨ ᠠᠷᠭ᠎ᠠ︾ ᠶᠢ ᠤᠬᠠᠭᠤᠯᠤᠨ ᠲᠣᠭᠤᠰᠢᠯᠠᠭᠤᠯᠬᠤ ᠪᠠ ᠲᠥᠷᠥ ᠶᠢᠨ | ᠪᠣᠳᠣᠯᠭ᠎ᠠ ᠪᠠᠷ ᠬᠥᠲᠥᠯᠦᠨ ᠵᠢᠯᠣᠭᠤᠳᠬᠤ ᠠᠵᠢᠯ ᠢ ᠰᠠᠶᠢᠲᠤᠷ ᠬᠢᠬᠦ ᠬᠡᠷᠡᠭᠲᠡᠶ | ᠡᠨᠡ ᠤᠳᠠᠭ᠎ᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠰᠢᠨ᠎ᠡ ᠪᠠᠷ ᠵᠠᠰᠠᠪᠤᠷᠢ ᠣᠷᠣᠭᠤᠯᠤᠭᠰᠠᠨ | ︽ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ | ᠪᠠᠶᠢᠭᠤᠯᠤᠯᠲᠠ ᠶᠢ ᠦᠨᠡᠯᠡᠬᠦ ᠬᠠᠮᠢᠶᠠᠷᠤᠯᠲᠠ ᠶᠢᠨ ᠠᠷᠭ᠎ᠠ︾ ᠨᠢ᠂ 2012 ᠣᠨ ᠳᠤ ᠳᠠᠷᠤᠮᠠᠯᠯᠠᠨ ᠲᠠᠷᠬᠠᠭᠠᠭᠰᠠᠨ ︽ | ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ | ᠪᠠᠷᠢᠮᠵᠢᠶᠠᠵᠢᠭᠤᠯᠤᠯᠲᠠ ᠶᠢ ᠰᠢᠯᠭᠠᠨ ᠦᠨᠡᠯᠡᠬᠦ ᠬᠠᠮᠢᠶᠠᠷᠤᠯᠲᠠ ᠶᠢᠨ ᠠᠷᠭ᠎ᠠ︾᠂ ︽ᠵᠠᠮ ᠬᠠᠷᠢᠯᠴᠠᠭ᠎ᠠ | ᠲᠡᠭᠡᠭᠡᠪᠦᠷᠢ ᠶᠢᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢᠨ ᠬᠠᠮᠢᠶ᠎ᠠ | ᠪᠦᠬᠦᠢ ᠬᠡᠷᠡᠭᠵᠢᠭᠦᠯᠬᠦ ᠠᠷᠭ᠎ᠠ︾ ᠵᠡᠷᠭᠡ ᠲᠠᠢ ᠬᠠᠷᠢᠴᠠᠭᠤᠯᠪᠠᠯ ᠨᠡᠯᠢᠶᠡᠳ ᠶᠡᠭᠡ ᠲᠤᠬᠢᠷᠠᠭᠤᠯᠤᠯᠲᠠ ᠬᠤᠪᠢᠷᠠᠯᠲᠠ ᠲᠠᠢ | ᠪᠣᠯᠵᠠᠢ᠃ ᠪᠦᠬᠦ ᠣᠷᠣᠨ ᠤ ᠡᠯ᠎ᠡ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ | ᠮᠥᠴᠢᠷ᠂ ᠡᠯ᠎ᠡ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠶᠢᠯᠠᠯ ᠤᠨ ᠨᠢᠭᠡᠴᠢ᠂ ᠤᠳᠤᠷᠢᠳᠤᠯᠭ᠎ᠠ ᠪᠠᠨ ᠤᠯᠠᠮ | ᠨᠢᠭᠡ ᠠᠯᠬᠤᠮ ᠴᠢᠩᠭᠠᠳᠬᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠰᠢᠨ᠎ᠡ ︽ᠬᠠᠮᠢᠶᠠᠷᠤᠯᠲᠠ ᠶᠢᠨ ᠠᠷᠭ᠎ᠠ | ︾ ᠶᠢ ᠰᠤᠷᠤᠯᠴᠠᠵᠤ ᠤᠬᠠᠭᠤᠯᠤᠨ ᠲᠣᠭᠤᠰᠢᠯᠠᠭᠤᠯᠬᠤ ᠪᠠ ᠲᠥᠷᠥ ᠶᠢᠨ ᠪᠣᠳᠣᠯᠭ᠎ᠠ ᠪᠠᠷ ᠬᠥᠲᠥᠯᠦᠨ ᠵᠢᠯᠣᠭᠤᠳᠬᠤ | ᠠᠵᠢᠯ ᠢ ᠰᠠᠶᠢᠲᠤᠷ ᠬᠢᠵᠦ᠂ ᠬᠤᠯᠪᠤᠭᠳᠠᠯ ᠪᠥᠬᠦᠶ ᠱᠠᠭᠠᠷᠳᠠᠯᠭ᠎ᠠ ᠶᠢ ᠪᠥᠬᠦ ᠲᠠᠯ᠎ᠠ ᠪᠠᠷ ᠡᠵᠡᠮᠰᠢᠨ ᠣᠶᠢᠯᠠᠭᠠᠵᠤ | ᠨᠠᠶᠢᠳᠠᠪᠤᠷᠢᠵᠢᠭᠤᠯᠤᠨ᠂ ᠠᠵᠢᠯ ᠤᠨ ᠲᠣᠭᠲᠠᠴᠠ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠢᠯ ᠤᠨ | ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠮᠠᠨ ᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ | ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠵᠢᠴᠢ ᠦᠨᠡᠯᠡᠬᠦ ᠠᠵᠢᠯ ᠢ | ᠲᠥᠪ ᠭᠤᠤᠯᠴᠢ᠂ ᠵᠢᠷᠤᠮᠵᠢᠯ ᠲᠠᠢ᠂ ᠡᠮᠬᠢ ᠵᠢᠷᠤᠮ ᠲᠠᠢ᠂ ᠬᠠᠤᠯᠢ ᠶᠣᠰᠣᠭᠠᠷ ᠠᠬᠢᠭᠤᠯᠬᠤ ᠬᠡᠷᠡᠭᠲᠡᠶ᠃ | ᠬᠤᠶᠠᠷ᠂ ᠰᠢᠨ᠎ᠡ ︽ᠬᠠᠮᠢᠶᠠᠷᠤᠯᠲᠠ ᠶᠢᠨ ᠠᠷᠭ᠎ᠠ︾ ᠳᠤ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠬᠠᠮᠢᠶ᠎ᠠ | ᠪᠥᠬᠦᠶ ᠠᠵᠢᠯ ᠢ ᠰᠠᠶᠢᠲᠤᠷ ᠬᠢᠬᠦ ᠬᠡᠷᠡᠭᠲᠡᠶ | ︵ᠨᠢᠭᠡ︶ ᠤᠤᠯ ᠤᠨ ᠰᠢᠯᠭᠠᠨ ᠲᠣᠭᠲᠠᠭᠠᠭᠴᠢ᠂ ᠰᠢᠯᠭᠠᠨ ᠲᠣᠭᠲᠠᠭᠠᠬᠤ ᠪᠠᠶᠢᠭᠤᠯᠤᠮᠵᠢ ᠶᠢᠨ ᠰᠢᠯᠵᠢᠯᠲᠡ | ᠪᠠ ᠪᠠᠷᠢᠮᠵᠢᠶ᠎ᠠ ᠳᠤ ᠬᠦᠷᠦᠭᠰᠡᠨ ᠦᠨᠡᠮᠯᠡᠯ ᠤᠨ ᠦᠨᠡᠮᠯᠡᠯ ᠰᠣᠯᠢᠬᠤ ᠠᠵᠢᠯ ᠢ ᠰᠠᠶᠢᠲᠤᠷ ᠬᠢᠨ᠎ᠠ᠃ ᠮᠠᠨ ᠤ ᠣᠷᠣᠨ ᠤ | ᠤᠤᠯ ᠤᠨ ᠰᠢᠯᠭᠠᠨ ᠲᠣᠭᠲᠠᠭᠠᠭᠴᠢ᠂ ᠰᠢᠯᠭᠠᠨ ᠲᠣᠭᠲᠠᠭᠠᠬᠤ ᠪᠠᠶᠢᠭᠤᠯᠤᠮᠵᠢ ᠨᠢ ᠰᠢᠨ᠎ᠡ ᠪᠠᠷ ︽ᠬᠠᠮᠢᠶᠠᠷᠤᠯᠲᠠ ᠶᠢᠨ | ᠠᠷᠭ᠎ᠠ︾ ᠶᠢ ᠬᠡᠷᠡᠭᠵᠢᠭᠦᠯᠦᠭᠰᠡᠨ ᠡᠳᠦᠷ ᠠᠴᠠ ᠡᠬᠢᠯᠡᠨ᠂ ᠬᠢᠨᠠᠨ ᠲᠣᠭᠲᠠᠭᠠᠭᠴᠢ᠂ ᠦᠨᠡᠯᠡᠬᠦ ᠪᠠᠶᠢᠭᠤᠯᠤᠮᠵᠢ ᠳᠤ ︵ | ᠤᠤᠯ ᠤᠨ ᠰᠢᠯᠭᠠᠨ ᠲᠣᠭᠲᠠᠭᠠᠭᠴᠢ ᠶᠢᠨ ᠬᠢᠷᠢ ᠬᠡᠮ ᠤᠨ ᠦᠨᠡᠮᠯᠡᠯ᠂ ᠰᠢᠯᠭᠠᠨ ᠲᠣᠭᠲᠠᠭᠠᠬᠤ ᠪᠠᠶᠢᠭᠤᠯᠤᠮᠵᠢ ᠶᠢᠨ | ᠬᠢᠷᠢ ᠬᠡᠮ ᠤᠨ ᠦᠨᠡᠮᠯᠡᠯ ᠨᠢ ᠠᠶᠠᠨᠳᠠᠭᠠᠨ ᠬᠦᠴᠦᠨ ᠥᠬᠡᠶ ᠪᠣᠯᠤᠨ᠎ᠠ︶ ᠠᠶᠠᠨᠳᠠᠭᠠᠨ ᠰᠢᠯᠵᠢᠬᠦ ᠶᠢᠨ ᠬᠠᠮᠲᠤ᠂ ᠰᠢᠨ᠎ᠡ | ︽ᠬᠠᠮᠢᠶᠠᠷᠤᠯᠲᠠ ᠶᠢᠨ ᠠᠷᠭ᠎ᠠ︾ ᠶᠢᠨ ᠶᠣᠰᠣᠭᠠᠷ ᠬᠢᠨᠠᠨ ᠲᠣᠭᠲᠠᠭᠠᠭᠴᠢ᠂ ᠦᠨᠡᠯᠡᠬᠦ ᠪᠠᠶᠢᠭᠤᠯᠤᠮᠵᠢ ᠳᠤ | ᠬᠠᠮᠢᠶᠠᠷᠤᠯᠲᠠ ᠬᠢᠨ᠎ᠠ᠃ ᠤᠤᠯ ᠤᠨ ᠪᠠᠷᠢᠮᠵᠢᠶ᠎ᠠ ᠳᠤ ᠬᠦᠷᠦᠭᠰᠡᠨ ᠦᠨᠡᠮᠯᠡᠯ ᠤᠨ ᠵᠡᠷᠭᠡ ᠳᠡᠰ ᠤᠨ ᠭᠡᠷᠡᠴᠢᠯᠡᠯ ᠢ | ᠰᠣᠯᠢᠬᠤ ᠳᠤ᠂ ᠵᠠᠷᠴᠢᠮ ᠳᠡᠭᠡᠷ᠎ᠡ ᠪᠠᠨ ᠰᠢᠯᠵᠢᠯᠲᠡ ᠶᠢᠨ ᠳᠠᠷᠠᠭᠠᠬᠢ ᠦᠨᠡᠯᠡᠬᠦ ᠪᠠᠶᠢᠭᠤᠯᠤᠮᠵᠢ ᠠᠴᠠ ᠣᠨ ᠤ | ᠬᠠᠷᠭᠤᠭᠤᠯᠤᠨ ᠪᠠᠶᠢᠴᠠᠭᠠᠬᠤ ᠦᠶ᠎ᠡ ᠳᠤ ᠬᠠᠮᠲᠤ ᠳᠤ ᠨᠢ ᠰᠣᠯᠢᠵᠤ ᠣᠯᠭᠤᠨ᠎ᠠ᠃ | ︵ᠬᠤᠶᠠᠷ︶ ᠰᠢᠨ᠎ᠡ ᠪᠠᠷ ᠵᠠᠰᠠᠪᠤᠷᠢ ᠣᠷᠣᠭᠤᠯᠤᠭᠰᠠᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ | ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠦᠨᠳᠦᠰᠦᠨ ᠵᠢᠷᠤᠮᠵᠢᠯ ︵ᠠᠵᠢᠯ ᠲᠥᠷᠥᠯ ᠤᠨ ᠪᠠᠷᠢᠮᠵᠢᠶ᠎ᠠ︶ ᠢ | ᠬᠡᠷᠡᠭᠵᠢᠭᠦᠯᠬᠦ ᠠᠴᠠ ᠡᠮᠦᠨᠡᠬᠢ ᠦᠨᠡᠯᠡᠯᠲᠡ ᠶᠢᠨ ᠠᠵᠢᠯ ᠢ ᠰᠠᠶᠢᠲᠤᠷ ᠬᠢᠨ᠎ᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ | ᠶᠠᠮᠤᠨ ᠤ ᠱᠠᠭᠠᠷᠳᠠᠯᠭ᠎ᠠ ᠶᠢ ᠦᠨᠳᠦᠰᠦᠯᠡᠪᠡᠯ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ᠠᠵᠤ ᠠᠬᠤᠶᠢᠯᠠᠯ ᠤᠨ | ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠦᠨᠳᠦᠰᠦᠨ ᠵᠢᠷᠤᠮᠵᠢᠯ ᠢ ᠳᠣᠷᠣᠭᠰᠢ | ᠪᠠᠭᠤᠯᠭᠠᠬᠤ ᠠᠴᠠ ᠡᠮᠦᠨ᠎ᠡ᠂ ᠡᠯ᠎ᠡ ᠭᠠᠵᠠᠷ᠂ ᠡᠯ᠎ᠡ ᠦᠨᠡᠯᠡᠬᠦ ᠪᠠᠶᠢᠭᠤᠯᠤᠮᠵᠢ ᠦᠷᠭᠦᠯᠵᠢᠯᠡᠨ ᠤᠤᠯ ᠤᠨ ᠰᠢᠯᠭᠠᠨ | ᠦᠨᠡᠯᠡᠬᠦ ᠭᠦᠢᠴᠡᠳᠬᠡᠯ ᠲᠤᠭ᠎ᠠ ᠶᠣᠰᠣᠭᠠᠷ ᠠᠵᠤ ᠠᠬᠤᠶᠢᠯᠠᠯ ᠳᠤ ᠦᠨᠡᠯᠡᠯᠲᠡ ᠬᠢᠵᠦ᠂ ᠰᠢᠨ᠎ᠡ ᠪᠠᠷ ᠵᠠᠰᠠᠪᠤᠷᠢ | ᠣᠷᠣᠭᠤᠯᠤᠭᠰᠠᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ | ᠦᠨᠳᠦᠰᠦᠨ ᠵᠢᠷᠤᠮᠵᠢᠯ ᠢ ᠳᠣᠷᠣᠭᠰᠢ ᠪᠠᠭᠤᠯᠭᠠᠭᠰᠠᠨ ᠤ ᠲᠠᠷᠠᠭ᠎ᠠ᠂ ᠰᠢᠨ᠎ᠡ ᠵᠢᠷᠤᠮᠵᠢᠯ ᠤᠨ ᠶᠣᠰᠣᠭᠠᠷ | ᠬᠡᠷᠡᠭᠵᠢᠭᠦᠯᠦᠨ᠎ᠡ᠃ | ︵ᠭᠤᠷᠪᠠ︶ ᠮᠠᠨ ᠤ ᠣᠷᠣᠨ ᠤ ᠪᠣᠳᠠᠲᠤ ᠪᠠᠶᠢᠳᠠᠯ ᠢ ᠦᠨᠳᠦᠰᠦᠯᠡᠨ᠂ ᠦᠨᠡᠯᠡᠬᠦ ᠠᠵᠢᠯ ᠤᠨ ᠤᠷᠤᠭᠰᠢᠲᠠᠶ | ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠦᠨᠡᠯᠡᠬᠦ ᠪᠠᠶᠢᠭᠤᠯᠤᠮᠵᠢ ᠶᠢᠨ ᠦᠨᠡᠯᠡᠬᠦ ᠶᠠᠰᠤ ᠴᠢᠨᠠᠷ ᠢ | ᠳᠡᠭᠡᠭᠰᠢᠯᠡᠭᠦᠯᠵᠦ᠂ ᠠᠵᠤ ᠠᠬᠤᠶᠢᠯᠠᠯ ᠢ ᠨᠠᠩ ᠣᠯᠠᠨ ᠰᠣᠩᠭᠤᠬᠤ ᠡᠷᠬᠡ ᠲᠠᠢ ᠪᠣᠯᠭᠠᠵᠤ᠂ ᠮᠠᠨ ᠤ ᠣᠷᠣᠨ ᠳᠤ | ᠳᠠᠩᠰᠠᠯᠠᠭᠤᠯᠤᠭᠰᠠᠨ ᠬᠤᠶᠠᠳᠤᠭᠠᠷ ᠳᠡᠰ ᠤᠨ ᠦᠨᠡᠯᠡᠬᠦ ᠪᠠᠶᠢᠭᠤᠯᠤᠮᠵᠢ ᠨᠢ ᠥᠪᠡᠷᠲᠡᠭᠡᠨ ᠵᠠᠰᠠᠬᠤ ᠣᠷᠣᠨ ᠤ | ᠬᠢᠯᠢ ᠶᠢᠨ ᠳᠣᠲᠣᠷᠠᠬᠢ ᠬᠤᠶᠠᠳᠤᠭᠠᠷ᠂ ᠭᠤᠷᠪᠠᠳᠤᠭᠠᠷ ᠳᠡᠰ ᠤᠨ ᠵᠡᠷᠭᠡ ᠲᠠᠰ ᠤᠨ ᠭᠡᠷᠡᠴᠢᠯᠡᠯ ᠭᠤᠶᠤᠴᠢᠯᠠᠭᠰᠠᠨ | ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢᠨ ᠦᠨᠡᠯᠡᠬᠦ ᠠᠵᠢᠯ ᠢ ᠡᠭᠦᠷᠭᠡᠯᠡᠵᠦ | ᠪᠣᠯᠤᠨ᠎ᠠ᠂ ᠭᠤᠷᠪᠠᠳᠤᠭᠠᠷ ᠳᠡᠰ ᠤᠨ ᠦᠨᠡᠯᠡᠬᠦ ᠪᠠᠶᠢᠭᠤᠯᠤᠮᠵᠢ ᠨᠢ ᠥᠪᠡᠷᠲᠡᠭᠡᠨ ᠵᠠᠰᠠᠬᠤ ᠣᠷᠣᠨ ᠤ ᠬᠢᠯᠢ ᠶᠢᠨ | ᠳᠣᠲᠣᠷᠠᠬᠢ ᠭᠤᠷᠪᠠᠳᠤᠭᠠᠷ ᠳᠡᠰ ᠤᠨ ᠵᠡᠷᠭᠡ ᠲᠠᠰ ᠤᠨ ᠭᠡᠷᠡᠴᠢᠯᠡᠯ ᠭᠤᠶᠤᠴᠢᠯᠠᠭᠰᠠᠨ ᠠᠵᠤ ᠠᠬᠤᠶᠢᠯᠠᠯ ᠤᠨ | ᠠᠶᠤᠯᠭᠦᠶ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢᠨ ᠦᠨᠡᠯᠡᠬᠦ ᠠᠵᠢᠯ ᠢ ᠡᠭᠦᠷᠭᠡᠯᠡᠵᠦ ᠪᠣᠯᠤᠨ᠎ᠠ᠂ ᠣᠷᠣᠨ | ᠪᠦᠰᠡ ᠶᠢᠨ ᠬᠢᠵᠠᠭᠠᠷᠯᠠᠯ ᠢ ᠬᠦᠯᠢᠶᠡᠬᠦ ᠥᠬᠡᠶ᠃ ᠦᠨᠡᠯᠡᠬᠦ ᠪᠠᠶᠢᠭᠤᠯᠤᠮᠵᠢ ᠨᠢ ᠦᠨᠡᠯᠡᠬᠦ ᠠᠵᠢᠯ ᠢ ᠥᠷᠨᠢᠭᠦᠯᠬᠦ ᠳᠤ᠂ | ᠲᠣᠭᠲᠠᠭᠠᠯ ᠶᠣᠰᠣᠭᠠᠷ ᠦᠨᠡᠯᠡᠭᠳᠡᠬᠦ ᠠᠵᠤ ᠠᠬᠤᠶᠢᠯᠠᠯ ᠤᠨ ᠪᠠᠶᠢᠭ᠎ᠠ ᠭᠠᠵᠠᠷ ᠤᠨ ᠭᠤᠤᠯᠯᠠᠨ ᠬᠠᠮᠢᠶᠠᠷᠬᠤ | ᠪᠠᠶᠢᠭᠤᠯᠭ᠎ᠠ ᠳᠤ ᠮᠡᠳᠡᠭᠳᠡᠵᠦ ︵ᠤᠷᠢᠳᠴᠢᠯᠠᠨ ᠮᠡᠳᠡᠭᠳᠡᠬᠦ︶᠂ ᠬᠢᠨᠠᠯᠲᠠ ᠲᠠᠯᠪᠢᠬᠤ ᠶᠢ ᠬᠦᠯᠢᠶᠡᠬᠦ ᠬᠡᠷᠡᠭᠲᠡᠶ᠃ | ︵ᠳᠥᠷᠪᠡ︶ ᠰᠢᠨ᠎ᠡ ︽ᠬᠠᠮᠢᠶᠠᠷᠤᠯᠲᠠ ᠶᠢᠨ ᠠᠷᠭ᠎ᠠ︾ ᠶᠢᠨ ᠲᠣᠭᠲᠠᠭᠠᠯ ᠢ ᠦᠨᠳᠦᠰᠦᠯᠡᠨ᠂ ᠦᠨᠡᠯᠡᠬᠦ | ᠠᠵᠢᠯ ᠢ ᠨᠢᠭᠡᠳᠦᠯᠲᠡᠶ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ | ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮ ᠢᠶᠠᠷ ᠳᠡᠮᠵᠢᠨ ᠥᠷᠨᠢᠭᠦᠯᠦᠨ᠎ᠡ᠃ ᠦᠨᠡᠯᠡᠬᠦ ᠠᠵᠢᠯᠯᠠᠭ᠎ᠠ ᠶᠢ | ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠦᠨᠡᠯᠡᠬᠦ ᠵᠢᠴᠢ ᠣᠨ ᠤ ᠬᠢᠨᠠᠨ ᠪᠠᠶᠢᠴᠠᠭᠠᠭᠰᠠᠨ ᠳ᠋ᠦᠩᠨᠡᠯᠲᠡ᠂ ᠦᠨᠡᠯᠡᠬᠦ | ᠵᠡᠷᠭᠡ ᠲᠠᠰ ᠤᠨ ᠭᠡᠷᠡᠴᠢᠯᠡᠯ ᠣᠯᠭᠤᠬᠤ ᠶᠢ ᠦᠨᠡᠯᠡᠬᠦ ᠪᠠᠶᠢᠭᠤᠯᠤᠮᠵᠢ ᠠᠴᠠ ᠬᠠᠷᠢᠭᠤᠴᠠᠨ᠎ᠠ᠃ ᠤᠤᠯ ᠤᠨ ᠥᠪᠡᠷᠲᠡᠭᠡᠨ | ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ | ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮ ᠢ ᠰᠢᠨ᠎ᠡ ᠪᠠᠷ ︽ᠬᠠᠮᠢᠶᠠᠷᠤᠯᠲᠠ ᠶᠢᠨ ᠠᠷᠭ᠎ᠠ︾ ᠶᠢ | ᠬᠡᠷᠡᠭᠵᠢᠭᠦᠯᠦᠭᠰᠡᠨ ᠡᠳᠦᠷ ᠠᠴᠠ ᠡᠬᠢᠯᠡᠨ ᠬᠡᠷᠡᠭᠯᠡᠬᠦ ᠪᠠᠨ ᠵᠣᠭᠰᠣᠭᠠᠵᠤ᠂ ᠥᠪᠡᠷᠲᠡᠭᠡᠨ ᠵᠠᠰᠠᠬᠤ ᠣᠷᠣᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠡᠯ᠎ᠡ ᠠᠶᠢᠮᠠᠭ ᠬᠤᠳᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ ᠨᠤᠭᠤᠳ ᠠᠵᠤ ᠠᠬᠤᠶᠢᠯᠠᠯ ᠳᠤ ᠪᠠᠷᠢᠮᠵᠢᠶ᠎ᠠ ᠳᠤ ᠬᠥᠷᠥᠭᠰᠡᠨ ᠦᠨᠡᠮᠯᠡᠯ ᠣᠯᠭᠤᠬᠤ ᠥᠭᠡᠢ᠃ ᠦᠨᠡᠯᠡᠬᠦ | ᠪᠠᠶᠢᠭᠤᠯᠤᠮᠵᠢ ᠵᠡᠷᠭᠡ ᠳᠡᠰ ᠤᠨ ᠭᠡᠷᠡᠴᠢᠯᠡᠯ ᠣᠯᠭᠤᠬᠤ ᠳᠤ ᠦᠨᠡᠯᠡᠬᠦ ᠪᠠᠶᠢᠭᠤᠯᠤᠮᠵᠢ ᠶᠢᠨ ᠦᠨᠡᠯᠡᠬᠦ ᠲᠤᠰᠬᠠᠶ | ᠲᠠᠮᠠᠭ᠎ᠠ ᠶᠢ ᠬᠡᠷᠡᠭᠯᠡᠬᠦ ᠬᠡᠷᠡᠭᠲᠡᠶ᠃ | ︵ᠲᠠᠪᠤ︶ ᠮᠠᠨ ᠤ ᠣᠷᠣᠨ ᠤ ᠪᠣᠳᠠᠲᠤ ᠪᠠᠶᠢᠳᠠᠯ ᠢ ᠦᠨᠳᠦᠰᠦᠯᠡᠨ᠂ ᠮᠠᠨ ᠤ ᠣᠷᠣᠨ ᠳᠤ ᠠᠩᠬ᠎ᠠ ᠤᠳᠠᠭ᠎ᠠ | ᠬᠤᠶᠠᠳᠤᠭᠠᠷ ᠳᠡᠰ ᠤᠨ ᠦᠨᠡᠯᠡᠬᠦ ᠪᠠᠶᠢᠭᠤᠯᠤᠮᠵᠢ ᠳᠤ ᠳᠠᠩᠰᠠᠯᠠᠭᠤᠯᠬᠤ ᠪᠠᠷ ᠭᠤᠶᠤᠴᠢᠯᠠᠬᠤ ᠳᠤ᠂ ᠵᠣᠬᠢᠬᠤ ᠦᠨᠡᠯᠡᠬᠦ | ᠪᠠᠶᠢᠭᠤᠯᠤᠮᠵᠢ ᠶᠢᠨ ᠳᠠᠩᠰᠠᠯᠠᠭᠤᠯᠬᠤ ᠨᠥᠬᠦᠴᠡᠯ ᠳᠤ ᠨᠡᠶᠢᠴᠡᠬᠦ ᠠᠴᠠ ᠭᠠᠳᠠᠨ᠎ᠠ᠂ ᠪᠠᠰᠠ ᠲᠣᠰ ᠲᠤᠰᠬᠠᠶ | ᠮᠡᠷᠭᠡᠵᠢᠯ ᠤᠨ ᠲᠥᠷᠥᠯ ᠬᠡᠯᠪᠡᠷᠢ ᠶᠢᠨ ᠭᠤᠷᠪᠠᠳᠤᠭᠠᠷ ᠳᠡᠰ ᠤᠨ ᠦᠨᠡᠯᠡᠬᠦ ᠪᠠᠶᠢᠭᠤᠯᠤᠮᠵᠢ ᠶᠢ 1 ᠵᠢᠯ ᠠᠴᠠ ᠳᠡᠭᠡᠭᠰᠢ | ᠳᠠᠩᠰᠠᠯᠠᠭᠤᠯᠬᠤ ᠶᠢ ᠨᠢᠭᠡᠨᠲᠡ ᠪᠡᠶᠡᠯᠡᠭᠦᠯᠦᠭᠰᠡᠨ ᠪᠠᠶᠢᠬᠤ ᠬᠡᠷᠡᠭᠲᠡᠶ ᠪᠥᠭᠡᠳ ᠬᠠᠮᠢᠶ᠎ᠠ ᠪᠥᠬᠦᠶ ᠦᠨᠡᠯᠡᠭᠰᠡᠨ | ᠥᠩᠭᠡᠷᠡᠯᠲᠡ ᠲᠠᠢ ᠪᠠᠶᠢᠬᠤ ᠬᠡᠷᠡᠭᠲᠡᠶ᠂ ᠲᠤᠬᠠᠶᠢᠯᠠᠪᠠᠯ ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠳᠣᠲᠣᠷᠠᠬᠢ | ᠭᠤᠷᠪᠠᠳᠤᠭᠠᠷ ᠳᠡᠰ ᠤᠨ ᠭᠡᠷᠡᠴᠢᠯᠡᠯ ᠭᠤᠶᠤᠴᠢᠯᠠᠭᠰᠠᠨ ᠠᠵᠤ ᠠᠬᠤᠶᠢᠯᠠᠯ ︵ᠰᠢᠨ᠎ᠡ ᠪᠠᠷ ᠨᠡᠮᠡᠭᠳᠡᠭᠰᠡᠨ ᠲᠤᠰᠬᠠᠶ | ᠮᠡᠷᠭᠡᠵᠢᠯ ᠤᠨ ᠲᠥᠷᠥᠯ ᠬᠡᠯᠪᠡᠷᠢ ᠬᠡᠷᠡᠭᠴᠡᠭᠡ ᠥᠬᠡᠶ︶ ᠢ ᠦᠨᠡᠯᠡᠬᠦ ᠴᠢᠬᠤᠯᠠᠲᠠᠶ᠄ ᠵᠠᠮ ᠲᠡᠭᠡᠭᠡᠪᠦᠷᠢ ᠶᠢᠨ 50 ᠡᠷᠦᠬᠡ | ︔ ᠤᠰᠤᠨ ᠵᠠᠮ ᠤᠨ ᠲᠡᠭᠡᠭᠡᠪᠦᠷᠢ ᠶᠢᠨ 20 ᠡᠷᠦᠬᠡ︔ ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ 20 ᠡᠷᠦᠬᠡ | ︔ ᠵᠠᠮ ᠬᠠᠷᠢᠯᠴᠠᠭᠠᠨ ᠤ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ 50 ᠡᠷᠦᠬᠡ᠃ | ︵ᠵᠢᠷᠭᠤᠭ᠎ᠠ︶ ᠦᠨᠡᠯᠡᠬᠦ ᠡᠪᠬᠡᠮᠡᠯ ︵ᠴᠠᠭᠠᠰᠤᠨ ᠲᠠᠨᠢᠯᠴᠠᠭᠤᠯᠭ᠎ᠠ ᠶᠢᠨ ᠲᠠᠩᠰᠠ ᠡᠪᠬᠡᠮᠡᠯ ᠤᠨ ᠮᠠᠲ᠋ᠧᠷᠢᠶᠠᠯ︶ | ᠤᠨ ᠬᠠᠮᠢᠶᠠᠷᠤᠯᠲᠠ ᠶᠢ ᠴᠢᠩᠭᠠᠳᠬᠠᠨ᠎ᠠ᠃ ᠤᠤᠯ ᠤᠨ ᠰᠢᠯᠭᠠᠨ ᠦᠨᠡᠯᠡᠬᠦ ᠪᠠᠶᠢᠭᠤᠯᠤᠮᠵᠢ ᠶᠢᠨ ᠰᠢᠯᠭᠠᠨ ᠦᠨᠡᠯᠡᠭᠰᠡᠨ | ᠡᠪᠬᠡᠮᠡᠯ ︵ᠴᠠᠭᠠᠰᠤᠨ ᠲᠠᠨᠢᠯᠴᠠᠭᠤᠯᠭ᠎ᠠ ᠶᠢᠨ ᠲᠠᠩᠰᠠ ᠡᠪᠬᠡᠮᠡᠯ ᠤᠨ ᠮᠠᠲ᠋ᠧᠷᠢᠶᠠᠯ︶ ᠢ ᠮᠥᠨ ᠬᠦ ᠰᠢᠯᠵᠢᠯᠲᠡ ᠶᠢᠨ | ᠳᠠᠷᠠᠭᠠᠬᠢ ᠦᠨᠡᠯᠡᠬᠦ ᠪᠠᠶᠢᠭᠤᠯᠤᠮᠵᠢ ᠠᠴᠠ ᠬᠠᠮᠢᠶᠠᠷᠤᠨ᠎ᠠ᠃ ᠤᠤᠯ ᠤᠨ ᠰᠢᠯᠭᠠᠨ ᠦᠨᠡᠯᠡᠬᠦ ᠪᠠᠶᠢᠭᠤᠯᠤᠮᠵᠢ ᠨᠢ | ᠬᠦᠴᠦᠨ ᠦᠭᠡᠢ ᠪᠣᠯᠭᠠᠬᠤ ᠪᠠᠷ ᠭᠤᠶᠤᠴᠢᠯᠠᠭᠰᠠᠨ ᠪᠠᠶᠢᠪᠠᠯ᠂ ᠲᠡᠭᠦᠨ ᠤ ᠰᠢᠯᠭᠠᠨ ᠦᠨᠡᠯᠡᠭᠰᠡᠨ ᠡᠪᠬᠡᠮᠡᠯ ︵ | ᠴᠠᠭᠠᠰᠤᠨ ᠲᠠᠨᠢᠯᠴᠠᠭᠤᠯᠭ᠎ᠠ ᠶᠢᠨ ᠳᠠᠩᠰᠠ ᠡᠪᠬᠡᠮᠡᠯ ᠤᠨ ᠮᠠᠲ᠋ᠧᠷᠢᠶᠠᠯ︶ ᠢ ᠳᠤᠰ ᠪᠠᠶᠢᠭᠤᠯᠤᠮᠵᠢ ᠶᠢᠨ ᠭᠤᠤᠯᠯᠠᠨ | ᠬᠠᠮᠢᠶᠠᠷᠬᠤ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ ᠬᠠᠮᠢᠶᠠᠷᠤᠭᠤᠯᠤᠨ᠎ᠠ᠃ ᠦᠨᠡᠯᠡᠬᠦ ᠪᠠᠶᠢᠭᠤᠯᠤᠮᠵᠢ ᠨᠢ | ᠬᠦᠴᠦᠨ ᠥᠬᠡᠶ ᠪᠣᠯᠭᠠᠬᠤ ᠪᠠᠷ ᠭᠤᠶᠤᠴᠢᠯᠠᠭᠰᠠᠨ ᠪᠠᠶᠢᠪᠠᠯ᠂ ᠦᠨᠡᠯᠡᠬᠦ ᠡᠪᠬᠡᠮᠡᠯ ︵ᠴᠠᠭᠠᠰᠤᠨ ᠲᠠᠨᠢᠯᠴᠠᠭᠤᠯᠭ᠎ᠠ ᠶᠢᠨ | ᠲᠠᠩᠰᠠ ᠡᠪᠬᠡᠮᠡᠯ ᠤᠨ ᠮᠠᠲ᠋ᠧᠷᠢᠶᠠᠯ︶ ᠢ ᠭᠥᠯᠢᠶᠡᠨ ᠠᠪᠴᠤ ᠬᠠᠮᠢᠶᠠᠷᠤᠭᠰᠠᠨ ᠦᠨᠡᠯᠡᠬᠦ ᠪᠠᠶᠢᠭᠤᠯᠤᠮᠵᠢ ᠳᠤ | ᠰᠢᠯᠵᠢᠭᠦᠯᠦᠨ ᠲᠤᠰᠢᠶᠠᠬᠤ ᠬᠡᠷᠡᠭᠲᠡᠶ᠃ ᠦᠨᠡᠯᠡᠬᠦ ᠡᠪᠬᠡᠮᠡᠯ ︵ᠴᠠᠭᠠᠰᠤᠨ ᠲᠠᠨᠢᠯᠴᠠᠭᠤᠯᠭ᠎ᠠ ᠶᠢᠨ ᠳᠠᠩᠰᠠ ᠡᠪᠬᠡᠮᠡᠯ ᠤᠨ | ᠮᠠᠲ᠋ᠧᠷᠢᠶᠠᠯ︶ ᠢ ᠬᠠᠳᠠᠭᠠᠯᠠᠬᠤ ᠬᠤᠭᠤᠴᠠᠭ᠎ᠠ ᠶᠢ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠭᠦᠢᠴᠡᠳᠬᠡᠨ᠎ᠡ᠃ | ᠭᠤᠷᠪᠠ᠂ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠦᠨᠡᠯᠡᠯᠲᠡ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ | ᠴᠢᠩᠭᠠᠳᠬᠠᠨ᠎ᠠ | ᠮᠠᠨ ᠤ ᠣᠷᠣᠨ ᠤ ᠪᠣᠳᠠᠲᠤ ᠪᠠᠶᠢᠳᠠᠯ ᠢ ᠦᠨᠳᠦᠰᠦᠯᠡᠨ᠂ ᠮᠠᠨ ᠤ ᠣᠷᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠵᠢᠴᠢ | ᠦᠨᠡᠯᠡᠬᠦ ᠠᠵᠢᠯ ᠢ ᠦᠷᠭᠦᠯᠵᠢᠯᠡᠨ ︽ᠨᠢᠭᠡᠳᠦᠯᠲᠡᠶ ᠤᠳᠤᠷᠢᠳᠬᠤ᠂ ᠱᠠᠲᠤ ᠬᠤᠪᠢᠶᠠᠨ ᠬᠠᠷᠢᠭᠤᠴᠠᠬᠤ︾ ᠪᠠ ︽ᠬᠡᠨ | ᠬᠢᠨᠠᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠪᠥᠬᠦ ᠣᠷᠣᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ | ᠪᠠᠶᠢᠭᠤᠯᠤᠯᠲᠠ ᠶᠢᠨ ᠠᠵᠢᠯ ᠢ ᠵᠢᠯᠤᠭᠤᠳᠬᠤ ᠶᠢ ᠬᠠᠷᠢᠭᠤᠴᠠᠬᠤ ᠶᠢᠨ ᠬᠠᠮᠲᠤ᠂ ᠳᠠᠩᠰᠠᠯᠠᠭᠤᠯᠤᠭᠰᠠᠨ ᠬᠤᠶᠠᠳᠤᠭᠠᠷ | ᠳᠡᠰ ᠤᠨ ᠦᠨᠡᠯᠡᠬᠦ ᠪᠠᠶᠢᠭᠤᠯᠤᠮᠵᠢ ᠳᠤ ᠬᠢᠨᠠᠯᠲᠠ ᠬᠠᠮᠢᠶᠠᠷᠤᠯᠲᠠ ᠬᠢᠨ᠎ᠠ᠃ ᠡᠯ᠎ᠡ ᠠᠶᠢᠮᠠᠭ ᠬᠤᠳᠠ ᠶᠢᠨ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠤᠭᠤᠳ ᠨᠢ ᠲᠤᠰ ᠠᠶᠢᠮᠠᠭ ᠬᠤᠳᠠ ᠶᠢᠨ ᠵᠠᠮ ᠬᠠᠷᠢᠯᠴᠠᠭ᠎ᠠ | ᠲᠡᠭᠡᠭᠡᠪᠦᠷᠢ ᠶᠢᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ | ᠠᠵᠢᠯ ᠢ ᠵᠢᠯᠣᠭᠤᠳᠬᠤ ᠶᠢ ᠬᠠᠷᠢᠭᠤᠴᠠᠬᠤ ᠶᠢᠨ ᠬᠠᠮᠲᠤ ᠳᠠᠩᠰᠠᠯᠠᠭᠤᠯᠤᠭᠰᠠᠨ ᠭᠤᠷᠪᠠᠳᠤᠭᠠᠷ ᠱᠠᠲᠤᠨ ᠤ ᠦᠨᠡᠯᠡᠬᠦ | ᠪᠠᠶᠢᠭᠤᠯᠤᠮᠵᠢ ᠳᠤ ᠬᠢᠨᠠᠯᠲᠠ ᠬᠠᠮᠢᠶᠠᠷᠤᠯᠲᠠ ᠬᠢᠨ᠎ᠠ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠢᠩᠬᠢᠮ ᠨᠢ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠬᠡᠯᠪᠡᠷᠢ ᠪᠠᠷ | ᠳᠠᠮᠵᠢᠭᠤᠯᠤᠨ᠂ ᠥᠪᠥᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠪᠣᠯᠪᠠᠰᠤᠷᠠᠯ ᠤᠨ ᠲᠥᠪ ᠳᠤ ᠨᠠᠶᠢᠳᠠᠵᠤ | ᠲᠢᠩᠬᠢᠮ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ | ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠡᠳᠦᠷ ᠲᠤᠲᠤᠮ ᠤᠨ ᠬᠠᠮᠢᠶᠠᠷᠴᠤ ᠬᠠᠮᠠᠭᠠᠯᠠᠬᠤ ᠠᠵᠢᠯ ︵ᠬᠠᠮᠢᠶᠠᠷᠴᠤ | ᠬᠠᠮᠠᠭᠠᠯᠠᠬᠤ ᠨᠢᠭᠡᠴᠢ ᠭᠡᠵᠦ ᠲᠣᠪᠴᠢᠯᠠᠨ᠎ᠠ︶ ᠢ ᠡᠭᠦᠷᠭᠡᠭᠦᠯᠵᠦ᠂ ᠤᠤᠯ ᠤᠨ ᠥᠪᠥᠷ ᠮᠣᠩᠭᠤᠯ ᠤᠨ ᠵᠠᠮ ᠬᠠᠷᠢᠯᠴᠠᠭ᠎ᠠ | ᠲᠡᠭᠡᠭᠡᠪᠦᠷᠢ ᠶᠢᠨ ᠪᠣᠯᠪᠠᠰᠤᠷᠠᠯ ᠤᠨ ᠲᠥᠪ ᠲᠤ ᠪᠠᠶᠢᠭᠤᠯᠤᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ | ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢᠨ ᠰᠢᠯᠭᠠᠨ ᠦᠨᠡᠯᠡᠬᠦ ᠬᠠᠮᠢᠶᠠᠷᠤᠯᠲᠠ | ᠶᠢᠨ ᠲᠥᠪ ︵ᠲᠦᠷ ᠴᠠᠭ ᠤᠨ ᠪᠠᠶᠢᠭᠤᠯᠤᠮᠵᠢ︶ ᠢ ᠬᠦᠴᠦᠨ ᠥᠬᠡᠶ ᠪᠣᠯᠭᠠᠨ᠎ᠠ᠃ | ᠡᠯ᠎ᠡ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠲᠢᠩᠬᠢᠮ ᠤᠨ ᠰᠢᠭᠤᠳ ᠬᠠᠷᠢᠶ᠎ᠠ | ᠬᠤᠯᠪᠣᠭᠳᠠᠯ ᠪᠥᠬᠦᠶ ᠨᠢᠭᠡᠴᠢ ᠨᠦᠭᠦᠳ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ | ᠪᠠᠶᠢᠭᠤᠯᠤᠯᠲᠠ ᠥᠷᠨᠢᠭᠦᠯᠬᠦ ᠶᠢ ᠢᠳᠡᠪᠬᠢᠲᠡᠶ ᠪᠠᠷ ᠵᠣᠷᠢᠭᠵᠢᠭᠤᠯᠤᠨ ᠬᠥᠲᠥᠯᠦᠨ ᠵᠢᠯᠣᠭᠤᠳᠴᠤ᠂ ᠠᠵᠤ | ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠠᠵᠢᠯ ᠤᠨ ᠪᠠᠶᠢᠳᠠᠯ ᠢ | ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠳᠤ ᠣᠷᠣᠭᠤᠯᠤᠨ᠂ ᠳᠣᠤᠷᠠᠳᠤ ᠱᠠᠲᠤᠨ ᠤ ᠬᠠᠮᠢᠶᠠᠷᠤᠯᠲᠠ ᠶᠢᠨ | ᠰᠠᠯᠠᠭ᠎ᠠ ᠮᠥᠴᠢᠷ ᠵᠢᠴᠢ ᠬᠠᠷᠢᠶ᠎ᠠ ᠠᠵᠤ ᠠᠬᠤᠶᠢᠯᠠᠯ ᠤᠨ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ | ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠳᠥᠯᠭᠢᠨ ᠠᠬᠢᠭᠤᠯᠵᠤ ᠪᠠᠶᠢᠭ᠎ᠠ ᠠᠵᠢᠯ ᠤᠨ ᠪᠠᠶᠢᠳᠠᠯ ᠳᠤ ᠰᠤᠭᠤᠴᠢᠨ | ᠪᠠᠶᠢᠴᠠᠭᠠᠯᠲᠠ ᠬᠢᠵᠦ᠂ ᠰᠤᠭᠤᠴᠢᠨ ᠪᠠᠶᠢᠴᠠᠭᠠᠭᠰᠠᠨ ᠪᠠᠶᠢᠳᠠᠯ ᠢᠶᠠᠨ ᠠᠵᠢᠯ ᠲᠥᠷᠥᠯ ᠳᠤ ᠮᠡᠳᠡᠭᠡᠯᠡᠬᠦ ᠬᠡᠷᠡᠭᠲᠡᠶ᠃ | ᠦᠨᠡᠯᠡᠯᠲᠡ ᠶᠢᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂ ᠦᠨᠡᠯᠡᠭᠰᠡᠨ ᠦᠷ᠎ᠡ ᠳ᠋ᠦᠩ ᠢ ᠠᠵᠤ | ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠢᠲᠡᠭᠡᠮᠵᠢ ᠶᠢᠨ ᠦᠨᠡᠯᠡᠬᠦ ᠬᠡᠪᠴᠢᠶᠡᠨ ᠳᠤ ᠣᠷᠣᠭᠤᠯᠵᠤ᠂ | ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠦᠨᠡᠯᠡᠭᠰᠡᠨ ᠪᠠᠶᠢᠳᠠᠯ ᠢ ᠠᠵᠤ ᠠᠬᠤᠶᠢᠯᠠᠯ ᠤᠨ ᠡᠵᠡᠩᠨᠡᠯᠲᠡ ᠶᠢᠨ | ᠠᠶᠦᠯᠭᠦᠢ ᠶᠢᠨ ᠨᠥᠬᠦᠴᠡᠯ ᠤᠨ ᠴᠢᠬᠤᠯᠠ ᠦᠨᠳᠦᠰᠦᠯᠡᠯ ᠪᠣᠯᠭᠠᠬᠤ ᠪᠠᠷ ᠨᠢᠭᠡᠨᠲᠡ ᠲᠣᠳᠣᠷᠬᠠᠶᠢᠯᠠᠭᠰᠠᠨ ᠪᠣᠯ | ᠲᠡᠭᠦᠨ ᠤ ᠲᠥᠷᠥ ᠶᠢᠨ ᠪᠤᠳᠤᠯᠭ᠎ᠠ ᠶᠢᠨ ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠵᠢᠭᠦᠯᠵᠦ᠂ ᠠᠶᠦᠯᠭᠦᠢ | ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢᠨ ᠪᠠᠷᠢᠮᠵᠢᠶ᠎ᠠ ᠳᠤ ᠬᠥᠷᠥᠭᠰᠡᠨ ᠥᠭᠡᠢ ᠪᠤᠶᠤ ᠵᠡᠷᠭᠡ ᠳᠡᠰ ᠤᠨ | ᠭᠡᠷᠡᠴᠢ ᠪᠠᠨ ᠬᠦᠴᠦᠨ ᠥᠭᠡᠢ ᠪᠣᠯᠭᠠᠭᠳᠠᠭᠰᠠᠨ ᠠᠵᠤ ᠠᠬᠤᠶᠢᠯᠠᠯ ᠳᠤ ᠬᠠᠤᠯᠢ ᠬᠡᠷᠡᠭᠵᠢᠭᠦᠯᠦᠯᠲᠡ ᠶᠢᠨ | ᠪᠠᠶᠢᠴᠠᠭᠠᠯᠲᠠ ᠶᠢᠨ ᠡᠷᠴᠢᠮ ᠢᠶᠠᠨ ᠨᠡᠮᠡᠭᠳᠡᠭᠦᠯᠵᠦ᠂ ᠭᠤᠣᠯᠳᠠᠯᠭ᠎ᠠ ᠲᠠᠢ ᠬᠢᠨᠠᠨ ᠬᠠᠮᠢᠶᠠᠷᠬᠤ ᠬᠡᠷᠡᠭᠲᠡᠶ᠃ ᠦᠨᠡᠯᠡᠬᠦ | ᠪᠠᠶᠢᠭᠤᠯᠤᠮᠵᠢ ᠪᠠ ᠬᠢᠨᠠᠨ ᠲᠣᠭᠲᠠᠭᠠᠭᠴᠢ ᠶᠢ ᠬᠢᠨᠠᠨ ᠬᠠᠮᠢᠶᠠᠷᠴᠤ ᠪᠠᠶᠢᠴᠠᠭᠠᠬᠤ ᠪᠠᠨ ᠴᠢᠩᠭᠠᠳᠬᠠᠵᠤ᠂ ᠦᠨᠡᠯᠡᠬᠦ | ᠪᠠᠶᠢᠭᠤᠯᠤᠮᠵᠢ ᠶᠢᠨ ᠦᠨᠡᠯᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ | ᠦᠨᠡᠯᠡᠬᠦ ᠪᠠᠶᠢᠭᠤᠯᠤᠮᠵᠢ ᠶᠢᠨ ᠮᠡᠳᠡᠭᠦᠯᠦᠭᠰᠡᠨ ᠬᠦᠨᠳᠦ ᠶᠡᠭᠡ ᠠᠮᠤᠷ ᠲᠦᠪᠰᠢᠨ ᠤ ᠠᠳᠡᠯ ᠤᠨ ᠳᠠᠯᠳᠠ ᠬᠡᠮ ᠪᠣᠯᠤᠨ | ᠠᠰᠠᠭᠤᠳᠠᠯ ᠢ ᠴᠠᠭ ᠲᠤᠬᠠᠶ ᠳᠤ ᠨᠢ ᠬᠢᠨᠠᠨ ᠪᠠᠶᠢᠴᠠᠭᠠᠵᠤ᠂ ᠨᠤᠲᠠᠯᠠᠭᠰᠠᠨ ᠤ ᠳᠠᠷᠠᠭ᠎ᠠ ᠠᠵᠤ ᠠᠬᠤᠶᠢᠯᠠᠯ ᠢ | ᠵᠠᠷᠯᠢᠭᠳᠠᠵᠤ ᠪᠠᠶᠢᠭᠠᠳ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠦᠨᠡᠯᠡᠬᠦ ᠠᠵᠢᠯ ᠳᠤ ᠬᠢᠨᠠᠯᠲᠠ | ᠲᠠᠯᠪᠢᠬᠤ᠂ ᠵᠠᠭᠠᠯᠳᠤᠬᠤ᠂ ᠢᠯᠡᠴᠢᠯᠡᠨ ᠮᠡᠳᠡᠭᠦᠯᠬᠦ᠂ ᠰᠢᠢᠳᠪᠦᠷᠢᠯᠡᠬᠦ ᠵᠡᠷᠭᠡ ᠲᠦᠷᠢᠮ ᠪᠠ ᠲᠣᠭᠲᠠᠴᠠ ᠶᠢ | ᠪᠠᠶᠢᠭᠤᠯᠤᠨ ᠪᠦᠷᠢᠨᠰᠢᠬᠦᠯᠵᠦ᠂ ᠬᠠᠮᠢᠶᠠᠷᠴᠤ ᠬᠠᠮᠠᠭᠠᠯᠠᠬᠤ ᠨᠢᠭᠡᠴᠢ ᠶᠢᠨ ᠠᠵᠢᠯᠲᠠᠨ᠂ ᠬᠢᠨᠠᠨ ᠲᠣᠭᠲᠠᠭᠠᠭᠴᠢ᠂ | ᠦᠨᠡᠯᠡᠬᠦ ᠪᠠᠶᠢᠭᠤᠯᠤᠮᠵᠢ᠂ ᠦᠨᠡᠯᠡᠭᠳᠡᠭᠰᠡᠨ ᠠᠵᠤ ᠠᠬᠤᠶᠢᠯᠠᠯ ᠳᠤ ᠡᠭᠦᠰᠦᠭᠰᠡᠨ ᠲᠤᠰᠢᠶᠠᠯ ᠳᠤ ᠪᠠᠨ ᠣᠰᠣᠯᠳᠠᠵᠤ | ᠬᠠᠷᠢᠭᠤᠴᠠᠯᠭ᠎ᠠ ᠪᠠᠨ ᠠᠯᠳᠠᠭᠰᠠᠨ᠂ ᠲᠦᠷᠢᠮ ᠲᠣᠭᠲᠠᠭᠠᠯ ᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ᠂ | ᠠᠮᠠᠯᠠᠯᠲᠠ ᠶᠢ ᠵᠥᠷᠢᠴᠡᠭᠰᠡᠨ᠂ ᠪᠣᠳᠠᠲᠤ ᠬᠡᠷᠡᠭ ᠢ ᠨᠢᠭᠤᠨ ᠳᠠᠯᠳᠠᠯᠠᠭᠰᠠᠨ᠂ ᠬᠤᠳᠠᠯ ᠬᠡᠯᠡᠵᠦ ᠬᠠᠭᠤᠷᠮᠠᠭ ᠢᠶᠠᠷ | ᠵᠣᠬᠢᠶᠠᠭᠰᠠᠨ ᠵᠡᠷᠭᠡ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠶ᠃ | ᠤᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠪᠠᠭᠤᠯᠭᠠᠭᠰᠠᠨ | ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠨᠢ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠰᠢᠨ᠎ᠡ ︽ | ᠬᠠᠮᠢᠶᠠᠷᠤᠯᠲᠠ ᠶᠢᠨ ᠠᠷᠭ᠎ᠠ︾ ᠶᠢᠨ ᠲᠣᠭᠲᠠᠭᠠᠯ ᠤᠨ ᠱᠠᠭᠠᠷᠳᠠᠯᠭ᠎ᠠ ᠲᠠᠢ ᠲᠤᠰ ᠮᠡᠳᠡᠭᠳᠡᠯ ᠲᠠᠢ ᠨᠡᠶᠢᠴᠡᠬᠦ ᠦᠭᠡᠢ | ᠪᠠᠶᠢᠪᠠᠯ᠂ ᠶᠠᠮᠤᠨ ᠤ ᠰᠢᠨ᠎ᠡ ︽ᠬᠠᠮᠢᠶᠠᠷᠤᠯᠲᠠ ᠶᠢᠨ ᠠᠷᠭ᠎ᠠ︾ ᠪᠠ ᠲᠤᠰ ᠮᠡᠳᠡᠭᠳᠡᠯ ᠢᠶᠠᠷ ᠪᠠᠷᠢᠮᠵᠢᠶ᠎ᠠ ᠪᠣᠯᠭᠠᠨ᠎ᠠ᠃ | ᠡᠯ᠎ᠡ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢ ᠵᠢᠯ ᠪᠦᠷᠢ ᠶᠢᠨ 12 ᠳ᠋ᠤᠭᠠᠷ | ᠰᠠᠷ᠎ᠠ ᠶᠢᠨ 15 ᠤ ᠡᠳᠦᠷ ᠠᠴᠠ ᠡᠮᠦᠨ᠎ᠡ᠂ ᠲᠣᠰ ᠵᠢᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠠᠵᠢᠯ ᠤᠨ | ᠪᠠᠶᠢᠳᠠᠯ ᠢᠶᠠᠨ ᠲᠢᠩᠬᠢᠮ ᠤᠨ ᠠᠶᠦᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠲᠤ ᠮᠡᠳᠡᠭᠦᠯᠬᠦ ᠬᠡᠷᠡᠭᠲᠡᠶ᠃ | | | ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠬᠢᠮ | 2016 ᠣᠨ ᠤ 10 ᠳ᠋ᠤᠭᠠᠷ ᠰᠠᠷ᠎ᠠ ᠶᠢᠨ 27 ᠤ ᠡᠳᠦᠷ | |