2020 ᠣᠨ ᠤ 11 ᠳ᠋ᠦ᠋ᠭᠡᠷ ᠰᠠᠷ᠎ᠠ ᠶᠢᠨ 26 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠬᠤᠷᠢᠨ ᠭᠤᠷᠪᠠᠳᠤᠭᠠᠷ ᠬᠤᠷᠠᠯ ᠠᠴᠠ ᠪᠠᠲᠤᠯᠠᠪᠠ᠃ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ ᠰᠠᠶᠢᠲᠤᠷ ᠪᠦᠲᠦᠭᠡᠨ ᠪᠠᠶᠢᠭᠤᠯᠵᠤ᠂ | ᠰᠠᠶᠢᠲᠤᠷ ᠬᠠᠮᠢᠶᠠᠷᠴᠤ᠂ ᠰᠠᠶᠢᠲᠤᠷ ᠬᠠᠮᠠᠭᠠᠯᠠᠨ᠂ ᠰᠠᠶᠢᠲᠤᠷ ᠡᠵᠡᠩᠨᠡᠵᠦ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ | ᠵᠠᠮ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠂ ᠲᠠᠷᠢᠶᠠᠯᠠᠬᠤ ᠮᠠᠯᠵᠢᠬᠤ ᠣᠷᠣᠨ ᠤ ᠠᠵᠤ | ᠠᠬᠤᠶ ᠨᠡᠶᠢᠭᠡᠮ ᠤᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠬᠡᠷᠡᠭᠴᠡᠭᠡ ᠳᠤ ᠵᠣᠬᠢᠴᠠᠭᠤᠯᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠶᠯᠡᠴᠢᠯᠡᠬᠦ ᠪᠠ ᠲᠤᠯᠭᠠᠭᠤᠷᠢᠯᠠᠬᠤ ᠶᠢᠨ ᠲᠤᠰᠠᠳᠠ᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠮᠠᠯ ᠵᠠᠮ ᠤᠨ ᠬᠠᠤᠯᠢ︾᠂ ᠲᠥᠷᠥ ᠶᠢᠨ ᠶᠠᠪᠤᠳᠠᠯ ᠤᠨ ᠬᠤᠷᠢᠶ᠎ᠠ | ᠶᠢᠨ ︽ᠵᠠᠰᠠᠮᠠᠯ ᠵᠠᠮ ᠤᠨ ᠠᠮᠤᠷ ᠲᠦᠪᠰᠢᠨ ᠢ ᠬᠠᠮᠠᠭᠠᠯᠠᠬᠤ ᠳᠦᠷᠢᠮ︾ ᠵᠡᠷᠭᠡ ᠤᠯᠤᠰ ᠤᠨ ᠬᠤᠯᠪᠣᠭᠳᠠᠯ ᠪᠦᠬᠦᠢ | ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠪᠠᠨ | ᠤᠶᠠᠯᠳᠤᠭᠤᠯᠵᠤ᠂ ᠲᠤᠰ ᠳᠦᠷᠢᠮ ᠢ ᠲᠣᠭᠲᠠᠭᠠᠪᠠ᠃ | ᠬᠤᠶᠠᠳᠤᠭᠠᠷ ᠵᠦᠶᠯ᠂ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠲᠠᠷᠢᠶᠠᠯᠠᠬᠤ | ᠮᠠᠯᠵᠢᠬᠤ ᠣᠷᠣᠨ ᠤ ᠵᠠᠰᠠᠮᠠᠯ ᠵᠠᠮ ᠤᠨ ᠲᠥᠯᠥᠪᠵᠢᠭᠦᠯᠭᠡ ᠬᠢᠬᠦ᠂ ᠪᠦᠲᠦᠭᠡᠨ ᠪᠠᠶᠢᠭᠤᠯᠬᠤ᠂ ᠬᠠᠮᠢᠶᠠᠷᠬᠤ᠂ | ᠠᠷᠠᠴᠢᠯᠠᠨ ᠬᠠᠮᠠᠭᠠᠯᠠᠬᠤ᠂ ᠡᠵᠡᠩᠨᠡᠬᠦ ᠵᠢᠴᠢ ᠬᠠᠮᠢᠶ᠎ᠠ ᠪᠦᠬᠦᠢ ᠠᠵᠢᠯ ᠳᠤ᠂ ᠲᠤᠰ ᠳᠦᠷᠢᠮ ᠲᠣᠬᠢᠷᠠᠨ᠎ᠠ᠃ ᠬᠠᠤᠯᠢ | ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠨᠢᠭᠡᠨᠲᠡ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ | ᠵᠢᠷᠤᠮᠯᠠᠨ᠎ᠠ᠃ | ᠭᠤᠷᠪᠠᠳᠤᠭᠠᠷ ᠵᠦᠶᠯ᠂ ᠲᠤᠰ ᠲᠦᠷᠢᠮ ᠳᠤ ᠬᠡᠯᠡᠵᠦ ᠪᠠᠶᠢᠭ᠎ᠠ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ | ᠭᠡᠳᠡᠭ ᠨᠢ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠲᠥᠯᠥᠪᠵᠢᠭᠦᠯᠭᠡ ᠳᠤ ᠣᠷᠣᠭᠤᠯᠤᠭᠰᠠᠨ ᠤ | ᠬᠠᠮᠲᠤ ᠵᠠᠰᠠᠮᠠᠯ ᠵᠠᠮ ᠤᠨ ᠪᠠᠷᠢᠯᠭ᠎ᠠ ᠶᠢᠨ ᠮᠡᠷᠭᠡᠵᠢᠯ ᠤᠨ ᠪᠠᠷᠢᠮᠵᠢᠶ᠎ᠠ ᠶᠣᠰᠣᠭᠠᠷ ᠪᠠᠶᠢᠭᠤᠯᠤᠭᠰᠠᠨ ᠰᠢᠶᠠᠨ ᠤ ᠵᠠᠮ᠂ | ᠰᠢᠶᠠᠩ ᠤᠨ ᠵᠠᠮ᠂ ᠲᠣᠰᠬᠤᠨ ᠤ ᠵᠠᠮ ᠵᠢᠴᠢ ᠳᠠᠭᠠᠯᠲᠠ ᠲᠥᠬᠦᠭᠡᠷᠦᠮᠵᠢ ᠶᠢ ᠵᠢᠭᠠᠵᠤ ᠪᠤᠶ᠂ ᠡᠭᠦᠨ ᠳᠤ ᠵᠠᠰᠠᠮᠠᠯ ᠵᠠᠮ | ᠤᠨ ᠬᠥᠭᠦᠷᠭᠡ᠂ ᠨᠦᠬᠡᠨ ᠵᠠᠮ ᠪᠣᠯᠤᠨ ᠣᠯᠣᠮ ᠢ ᠪᠠᠭᠲᠠᠭᠠᠨ᠎ᠠ᠃ | ᠰᠢᠶᠠᠨ ᠤ ᠵᠠᠮ ᠭᠡᠳᠡᠭ ᠨᠢ ᠤᠯᠤᠰ ᠤᠨ ᠵᠠᠮ᠂ ᠮᠤᠵᠢ ᠶᠢᠨ ᠵᠠᠮ ᠠᠴᠠ ᠭᠠᠳᠠᠨᠠᠬᠢ ᠰᠢᠶᠠᠨ ᠤ ᠬᠤᠭᠤᠷᠣᠨᠳᠣᠬᠢ | ᠵᠠᠰᠠᠮᠠᠯ ᠵᠠᠮ ᠵᠢᠴᠢ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠬᠢᠭᠡᠳ | ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠪᠣᠯᠤᠨ ᠭᠤᠣᠯ ᠪᠣᠯᠬᠤ ᠲᠠᠸᠠᠷ | ᠤᠨ ᠦᠢᠯᠡᠳᠪᠦᠷᠢᠯᠡᠯ᠂ ᠲᠥᠪᠯᠡᠷᠡᠭᠦᠯᠵᠦ ᠲᠠᠷᠬᠠᠭᠠᠬᠤ ᠭᠠᠵᠠᠷ ᠢ ᠬᠤᠯᠪᠣᠭᠰᠠᠨ ᠵᠠᠰᠠᠮᠠᠯ ᠵᠠᠮ ᠢ ᠵᠢᠭᠠᠵᠤ ᠪᠤᠶ᠃ | ᠰᠢᠶᠠᠩ ᠤᠨ ᠵᠠᠮ ᠭᠡᠳᠡᠭ ᠨᠢ ᠰᠢᠶᠠᠨ ᠤ ᠵᠠᠮ ᠵᠢᠴᠢ ᠰᠢᠶᠠᠨ ᠤ ᠵᠠᠮ ᠠᠴᠠ ᠳᠡᠭᠡᠭᠰᠢᠬᠢ ᠵᠡᠷᠭᠡ ᠳᠡᠰ ᠤᠨ ᠵᠠᠰᠠᠮᠠᠯ | ᠵᠠᠮ ᠠᠴᠠ ᠭᠠᠳᠠᠨᠠᠬᠢ ᠰᠢᠶᠠᠩ ᠤᠨ ᠬᠤᠭᠤᠷᠣᠨᠳᠣᠬᠢ ᠵᠠᠰᠠᠮᠠᠯ ᠵᠠᠮ ᠵᠢᠴᠢ ᠰᠤᠮᠤ ᠰᠢᠶᠠᠩ ᠪᠠᠯᠭᠠᠰᠤ ᠶᠢᠨ ᠠᠷᠠᠳ ᠤᠨ | ᠵᠠᠰᠠᠭ ᠤᠨ ᠣᠷᠳᠣᠨ ᠤ ᠪᠠᠶᠢᠭ᠎ᠠ ᠭᠠᠵᠠᠷ ᠬᠢᠭᠡᠳ ᠭᠠᠴᠠᠭ᠎ᠠ ᠲᠣᠰᠬᠤᠨ ᠢ ᠬᠤᠯᠪᠣᠭᠰᠠᠨ ᠵᠠᠰᠠᠮᠠᠯ ᠵᠠᠮ ᠢ ᠵᠢᠭᠠᠵᠤ | ᠪᠤᠶ᠃ | ᠲᠣᠰᠬᠤᠨ ᠤ ᠵᠠᠮ ᠭᠡᠳᠡᠭ ᠨᠢ ᠰᠢᠶᠠᠩ ᠤᠨ ᠵᠠᠮ ᠵᠢᠴᠢ ᠰᠢᠶᠠᠩ ᠤᠨ ᠵᠠᠮ ᠠᠴᠠ ᠳᠡᠭᠡᠭᠰᠢᠬᠢ ᠵᠡᠷᠭᠡ ᠳᠡᠰ ᠤᠨ | ᠵᠠᠰᠠᠮᠠᠯ ᠵᠠᠮ ᠠᠴᠠ ᠭᠠᠳᠠᠨᠠᠬᠢ ᠭᠠᠴᠠᠭ᠎ᠠ ᠲᠣᠰᠬᠤᠨ ᠬᠢᠭᠡᠳ ᠭᠠᠴᠠᠭ᠎ᠠ ᠲᠤᠰᠬᠤᠨ᠂ ᠭᠠᠴᠠᠭ᠎ᠠ ᠲᠣᠰᠬᠤᠨ ᠬᠢᠭᠡᠳ | ᠠᠶᠢᠯ ᠲᠣᠰᠬᠤᠨ᠂ ᠭᠠᠴᠠᠭ᠎ᠠ ᠲᠣᠰᠬᠤᠨ ᠬᠢᠭᠡᠳ ᠭᠠᠳᠠᠨᠠᠬᠢ ᠵᠠᠰᠠᠮᠠᠯ ᠵᠠᠮ ᠢ ᠵᠢᠭᠠᠵᠤ ᠪᠤᠶ᠂ ᠭᠡᠬᠦ ᠳᠤ ᠪᠠᠨ | ᠲᠣᠰᠬᠤᠨ ᠤ ᠳᠣᠲᠣᠷᠠᠬᠢ ᠵᠡᠭᠡᠯᠢ ᠭᠤᠳᠤᠮᠵᠢ ᠪᠣᠯᠤᠨ ᠲᠠᠷᠢᠶᠠᠨ ᠭᠠᠵᠠᠷ ᠤᠨ ᠬᠤᠭᠤᠷᠣᠨᠳᠣᠬᠢ ᠮᠠᠰᠢᠨ ᠢᠶᠠᠷ ᠲᠠᠷᠢᠬᠤ | ᠵᠠᠮ ᠢ ᠪᠠᠭᠲᠠᠭᠠᠬᠤ ᠦᠭᠡᠶ᠃ | ᠳᠠᠭᠠᠯᠲᠠ ᠲᠦᠬᠦᠭᠡᠷᠦᠮᠵᠢ ᠭᠡᠳᠡᠭ ᠨᠢ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ ᠬᠠᠮᠠᠭᠠᠯᠠᠬᠤ᠂ ᠠᠷᠠᠴᠢᠯᠠᠨ | ᠬᠠᠮᠠᠭᠠᠯᠠᠬᠤ ᠪᠠ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠠᠮᠤᠷ ᠲᠦᠪᠰᠢᠨ ᠰᠠᠭᠠᠳ ᠥᠬᠡᠶ ᠨᠡᠪᠲᠡᠷᠡᠬᠦ | ᠶᠢ ᠪᠠᠲᠤᠯᠠᠬᠤ ᠶᠢᠨ ᠲᠤᠰᠠᠳᠠ ᠪᠠᠶᠢᠷᠢᠯᠠᠭᠤᠯᠤᠭᠰᠠᠨ ᠵᠠᠰᠠᠮᠠᠯ ᠵᠠᠮ ᠤᠨ ᠰᠡᠷᠭᠡᠶᠢᠯᠡᠨ ᠬᠠᠮᠠᠭᠠᠯᠠᠬᠤ᠂ ᠤᠰᠤ ᠵᠠᠯᠠᠬᠤ᠂ | ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠡᠵᠡᠩᠨᠡᠬᠦ᠂ ᠦᠶᠯᠡᠴᠢᠯᠡᠬᠦ᠂ ᠵᠠᠮ ᠬᠠᠷᠢᠯᠴᠠᠭᠠᠨ ᠤ ᠠᠮᠤᠷ ᠲᠦᠪᠰᠢᠨ᠂ | ᠬᠢᠨᠠᠨ ᠡᠵᠡᠮᠳᠡᠬᠦ᠂ ᠴᠢᠮᠡᠭᠡ ᠬᠤᠯᠪᠣᠭ᠎ᠠ ᠵᠡᠷᠭᠡ ᠲᠥᠬᠦᠭᠡᠷᠦᠮᠵᠢ᠂ ᠪᠡᠯᠡᠳᠬᠡᠮᠵᠢ ᠵᠢᠴᠢ ᠲᠤᠰᠬᠠᠶ ᠬᠡᠷᠡᠭᠯᠡᠭᠡᠨ ᠤ | ᠪᠠᠷᠢᠯᠭ᠎ᠠ᠂ ᠪᠠᠷᠢᠯᠭ᠎ᠠ ᠶᠢᠨ ᠵᠦᠶᠯ ᠵᠡᠷᠭᠡ ᠶᠢ ᠵᠢᠭᠠᠵᠤ ᠪᠣᠶ᠃ | ᠳᠥᠷᠪᠡᠳᠦᠭᠡᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠬᠥᠭᠵᠢᠯᠲᠡ ᠳᠤ ᠨᠢᠭᠡᠳᠦᠯᠲᠡᠶ | ᠲᠥᠯᠥᠪᠵᠢᠭᠦᠯᠬᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠬᠤ᠂ ᠠᠶᠤᠯ ᠦᠭᠡᠶ ᠪᠥᠭᠡᠳ | ᠲᠣᠬᠢᠷᠠᠬᠤ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠ ᠪᠦᠲᠦᠭᠡᠨ ᠪᠠᠶᠢᠭᠤᠯᠬᠤ᠂ ᠬᠠᠮᠢᠶᠠᠷᠬᠤ᠂ | ᠠᠷᠠᠴᠢᠯᠠᠨ ᠬᠠᠮᠠᠭᠠᠯᠠᠬᠤ᠂ ᠡᠵᠡᠩᠨᠡᠬᠦ ᠶᠢ ᠵᠡᠷᠭᠡ ᠳᠤ ᠨᠢ ᠴᠢᠬᠤᠯᠠᠴᠢᠯᠠᠬᠤ ᠵᠠᠷᠴᠢᠮ ᠢ ᠵᠢᠷᠤᠮᠯᠠᠵᠤ᠂ ᠵᠠᠰᠠᠭ ᠤᠨ | ᠣᠷᠳᠣᠨ ᠢᠶᠠᠷ ᠭᠤᠤᠯᠯᠠᠭᠤᠯᠬᠤ᠂ ᠱᠠᠲᠤ ᠬᠤᠪᠢᠶᠠᠨ ᠬᠠᠷᠢᠭᠤᠴᠠᠬᠤ᠂ ᠠᠵᠢᠯ ᠲᠥᠷᠥᠯ ᠤᠨ ᠬᠢᠨ ᠬᠢᠨᠠᠨ ᠬᠠᠮᠢᠶᠠᠷᠬᠤ | ᠂ ᠰᠠᠯᠠᠭ᠎ᠠ ᠮᠥᠴᠢᠷ ᠤᠳ ᠬᠠᠮᠵᠢᠯᠴᠠᠬᠤ᠂ ᠨᠡᠶᠢᠭᠡᠮ ᠠᠴᠠ ᠣᠷᠣᠯᠴᠠᠬᠤ ᠬᠠᠮᠢᠶᠠᠷᠤᠯᠲᠠ ᠶᠢᠨ ᠪᠠᠶᠢᠭᠤᠯᠤᠯ ᠢ | ᠬᠡᠷᠡᠭᠵᠢᠭᠦᠯᠬᠦ ᠬᠡᠷᠡᠭᠲᠡᠶ᠃ | ᠲᠠᠪᠤᠳᠤᠭᠠᠷ ᠵᠦᠶᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ | ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠵᠤ᠂ | ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠬᠥᠭᠵᠢᠯᠲᠡ ᠶᠢ ᠲᠤᠰ ᠭᠠᠵᠠᠷ ᠣᠷᠣᠨ ᠤ ᠪᠠᠨ ᠤᠯᠤᠰ ᠠᠷᠠᠳ | ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠪᠠᠨ ᠣᠷᠣᠭᠤᠯᠵᠤ᠂ ᠲᠠᠷᠢᠶᠠᠯᠠᠬᠤ | ᠮᠠᠯᠵᠢᠬᠤ ᠣᠷᠣᠨ ᠤ ᠵᠠᠰᠠᠮᠠᠯ ᠵᠠᠮ ᠤᠨ ᠠᠵᠢᠯ ᠢ ᠵᠠᠰᠠᠭ ᠤᠨ ᠣᠷᠳᠣᠨ ᠤ ᠠᠮᠵᠢᠯᠲᠠ ᠪᠦᠲᠦᠮᠵᠢ ᠶᠢ ᠬᠢᠨᠠᠨ | ᠰᠢᠯᠭᠠᠬᠤ ᠬᠡᠪᠴᠢᠶᠡᠨ ᠳᠤ ᠣᠷᠣᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠦᠷᠭᠦᠯᠵᠢᠯᠡᠨ | ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ᠃ | ᠵᠢᠷᠭᠤᠳᠤᠭᠠᠷ ᠵᠦᠶᠯ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯ ᠲᠠᠷᠢᠶᠠᠯᠠᠬᠤ | ᠮᠠᠯᠵᠢᠬᠤ ᠣᠷᠣᠨ ᠤ ᠵᠠᠰᠠᠮᠠᠯ ᠵᠠᠮ ᠤᠨ ᠠᠵᠢᠯ ᠤᠨ ᠬᠠᠷᠢᠭᠤᠴᠠᠯᠭ᠎ᠠ ᠶᠢᠨ ᠭᠤᠤᠯ ᠴᠣᠭᠴᠠ ᠪᠣᠯᠤᠨ᠎ᠠ᠃ ᠰᠤᠮᠤ | ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ | ᠤᠨ ᠣᠷᠳᠣᠨ ᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ᠂ ᠵᠣᠬᠢᠬᠤ ᠪᠠᠶᠢᠭᠤᠯᠤᠮᠵᠢ | ᠪᠤᠶᠤ ᠲᠤᠰᠬᠠᠶ ᠠᠵᠢᠯᠲᠠᠨ ᠢ ᠲᠣᠳᠣᠷᠬᠠᠶᠢᠯᠠᠨ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠰᠢᠶᠠᠩ ᠤᠨ ᠵᠠᠮ | ᠂ ᠲᠣᠰᠬᠤᠨ ᠤ ᠵᠠᠮ ᠤᠨ ᠬᠠᠮᠢᠶ᠎ᠠ ᠪᠥᠬᠦᠶ ᠠᠵᠢᠯ ᠢ ᠬᠠᠷᠢᠭᠤᠴᠠᠭᠤᠯᠬᠤ ᠬᠡᠷᠡᠭᠲᠡᠶ᠃ ᠭᠠᠴᠠᠭ᠎ᠠ ᠲᠣᠰᠬᠤᠨ ᠤ ᠠᠷᠠᠳ | ᠤᠨ ᠵᠥᠪᠯᠡᠯ ᠨᠢ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠵᠢᠯᠣᠭᠤᠳᠤᠯᠭ᠎ᠠ ᠶᠢᠨ | ᠳᠣᠣᠷ᠎ᠠ ᠲᠣᠰᠬᠤᠨ ᠤ ᠵᠠᠮ ᠤᠨ ᠬᠠᠮᠢᠶᠠᠷᠴᠤ ᠠᠷᠠᠴᠢᠯᠠᠨ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠬᠤ ᠬᠡᠷᠡᠭᠲᠡᠶ᠃ | ᠳᠣᠯᠣᠳᠤᠭᠠᠷ ᠵᠦᠶᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰ ᠵᠠᠰᠠᠭ ᠵᠠᠬᠢᠷᠭᠠᠨ ᠤ ᠣᠷᠣᠨ ᠤ | ᠪᠠᠨ ᠳᠣᠲᠣᠷᠠᠬᠢ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠠᠵᠢᠯ ᠢ ᠭᠤᠣᠯᠯᠠᠨ ᠬᠠᠮᠢᠶᠠᠷᠤᠨ᠎ᠠ᠃ | ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠨᠢ ᠰᠢᠶᠠᠩ ᠤᠨ ᠵᠠᠮ᠂ ᠲᠣᠰᠬᠤᠨ ᠤ ᠵᠠᠮ ᠤᠨ ᠬᠠᠮᠢᠶ᠎ᠠ ᠪᠦᠬᠦᠢ ᠠᠵᠢᠯ ᠢ | ᠵᠢᠯᠣᠭᠤᠳᠬᠤ᠂ ᠬᠢᠨᠠᠯᠲᠠ ᠲᠠᠯᠪᠢᠬᠤ ᠶᠢ ᠪᠣᠳᠠᠲᠠᠶ ᠬᠠᠷᠢᠭᠤᠴᠠᠨ᠎ᠠ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ᠂ ᠡᠳ᠋ ᠤᠨ ᠵᠠᠰᠠᠭ᠂ ᠳᠣᠲᠣᠭᠠᠳᠤ ᠶᠢ ᠬᠠᠮᠠᠭᠠᠯᠠᠬᠤ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ | ᠶᠢᠨ ᠣᠷᠴᠢᠨ ᠲᠣᠭᠤᠷᠢᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠪᠠ ᠨᠤᠲᠤᠭ ᠪᠡᠯᠴᠢᠭᠡᠷ᠂ | ᠶᠠᠳᠠᠭᠤ ᠶᠢ ᠲᠡᠳᠬᠦᠬᠦ᠂ ᠤᠰᠤᠨ ᠤ ᠵᠠᠰᠠᠭ ᠵᠠᠬᠢᠷᠭ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ | ᠲᠤᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ | ᠬᠠᠮᠢᠶ᠎ᠠ ᠪᠦᠬᠦᠢ ᠠᠵᠢᠯ ᠢ ᠬᠠᠤᠯᠢ ᠶᠣᠰᠣᠭᠠᠷ ᠰᠠᠶᠢᠲᠤᠷ ᠬᠢᠬᠦ ᠬᠡᠷᠡᠭᠲᠡᠶ᠃ | ᠨᠠᠶᠮᠠᠳᠤᠭᠠᠷ ᠵᠦᠶᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ | ᠲᠥᠷᠥ ᠶᠢᠨ ᠪᠣᠳᠣᠯᠭ᠎ᠠ᠂ ᠪᠡᠯᠡ ᠮᠥᠩᠭᠦ᠂ ᠡᠳ᠋ ᠪᠠᠷᠠᠭ᠎ᠠ ᠵᠡᠷᠭᠡ ᠲᠠᠯ᠎ᠠ ᠪᠠᠷ᠂ ᠶᠠᠳᠠᠭᠤ ᠬᠦᠴᠢᠷᠳᠡᠯᠲᠡᠶ ᠭᠠᠵᠠᠷ | ᠣᠷᠣᠨ᠂ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ᠂ ᠵᠠᠬ᠎ᠠ ᠬᠢᠵᠠᠭᠠᠷ ᠭᠠᠵᠠᠷ ᠣᠷᠣᠨ ᠪᠣᠯᠤᠨ | ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠢ ᠬᠠᠪᠰᠤᠷᠤᠨ ᠲᠡᠳᠬᠦᠵᠦ ᠪᠠᠶᠢᠭᠠᠳ ᠲᠠᠷᠢᠶᠠᠯᠠᠬᠤ ᠮᠠᠯᠵᠢᠬᠤ | ᠣᠷᠣᠨ ᠤ ᠵᠠᠰᠠᠮᠠᠯ ᠵᠠᠮ ᠤᠨ ᠦᠶᠯᠡᠰ ᠤᠨ ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠶ᠃ | ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠵᠡᠷᠭᠡ ᠠᠷᠭ᠎ᠠ ᠮᠠᠶ᠋ᠢᠭ ᠢ ᠠᠪᠴᠤ ᠲᠠᠷᠢᠶᠠᠴᠢᠨ ᠮᠠᠯᠴᠢᠳ ᠢ | ᠵᠣᠬᠢᠶᠠᠨ ᠪᠠᠶᠢᠭᠤᠯᠤᠨ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠪᠣᠯᠤᠨ | ᠠᠷᠠᠴᠢᠯᠠᠨ ᠬᠠᠮᠠᠭᠠᠯᠠᠬᠤ ᠳᠤ ᠣᠷᠣᠯᠴᠠᠭᠤᠯᠬᠤ ᠶᠢ ᠵᠣᠷᠢᠭᠵᠢᠭᠤᠯᠬᠤ ᠬᠡᠷᠡᠭᠲᠡᠶ᠃ | ᠶᠢᠰᠦᠳᠦᠭᠡᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ ᠪᠦᠲᠦᠭᠡᠨ ᠪᠠᠶᠢᠭᠤᠯᠬᠤ ᠪᠠ ᠠᠷᠠᠴᠢᠯᠠᠨ | ᠬᠠᠮᠠᠭᠠᠯᠠᠬᠤ ᠳᠤ ᠰᠢᠨ᠎ᠡ ᠮᠡᠷᠭᠡᠵᠢᠯ᠂ ᠰᠢᠨ᠎ᠡ ᠮᠠᠲ᠋ᠧᠷᠢᠶᠠᠯ᠂ ᠰᠢᠨ᠎ᠡ ᠤᠷᠠᠨ ᠳᠠᠷᠬ᠎ᠠ᠂ ᠰᠢᠨ᠎ᠡ ᠲᠥᠬᠦᠭᠡᠷᠦᠮᠵᠢ | ᠬᠡᠷᠡᠭᠯᠡᠬᠦ ᠶᠢ ᠵᠣᠷᠢᠭᠵᠢᠭᠤᠯᠵᠤ᠂ ᠪᠦᠲᠦᠭᠡᠨ ᠪᠠᠶᠢᠭᠤᠯᠬᠤ ᠪᠠ ᠠᠷᠠᠴᠢᠯᠠᠨ ᠬᠠᠮᠠᠭᠠᠯᠠᠬᠤ ᠶᠠᠰᠤ ᠴᠢᠨᠠᠷ ᠢ | ᠳᠡᠭᠡᠭᠰᠢᠯᠡᠭᠦᠯᠬᠦ ᠬᠡᠷᠡᠭᠲᠡᠶ᠃ | ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠬᠤ ᠪᠣᠯᠤᠨ ᠠᠷᠠᠴᠢᠯᠠᠨ ᠬᠠᠮᠠᠭᠠᠯᠠᠬᠤ ᠶᠠᠰᠤ | ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠬᠠᠭᠤᠴᠢᠨ ᠵᠠᠮ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠵᠠᠮ | ᠵᠠᠰᠠᠬᠤ ᠳᠤ ᠲᠣᠬᠢᠷᠠᠬᠤ ᠬᠠᠶᠠᠭᠳᠠᠮᠠᠯ ᠬᠠᠭᠤᠴᠢᠨ ᠮᠠᠲ᠋ᠧᠷᠢᠶᠠᠯ ᠪᠣᠯᠪᠠᠰᠤᠷᠠᠭᠤᠯᠬᠤ ᠵᠡᠷᠭᠡ ᠶᠢ ᠲᠠᠷᠢᠶᠠᠯᠠᠬᠤ ᠮᠠᠯᠵᠢᠬᠤ | ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠪᠣᠯᠤᠨ ᠠᠷᠠᠴᠢᠯᠠᠨ ᠬᠠᠮᠠᠭᠠᠯᠠᠬᠤ ᠳᠤ ᠬᠡᠷᠡᠭᠯᠡᠬᠦ ᠶᠢ | ᠵᠣᠷᠢᠭᠵᠢᠭᠤᠯᠵᠤ᠂ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠶᠢ ᠲᠦᠯᠬᠢᠨ ᠠᠬᠢᠭᠤᠯᠬᠤ ᠬᠡᠷᠡᠭᠲᠡᠶ᠃ | ᠬᠤᠶᠠᠳᠤᠭᠠᠷ ᠪᠦᠯᠦᠭ ᠲᠥᠯᠥᠪᠵᠢᠭᠦᠯᠭᠡ | ᠠᠷᠪᠠᠳᠤᠭᠠᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠲᠥᠯᠥᠪᠵᠢᠭᠦᠯᠭᠡ ᠶᠢ ᠣᠷᠣᠨ ᠪᠦᠰᠡ | ᠶᠢᠨ ᠠᠵᠤ ᠠᠬᠤᠶ ᠶᠢᠨ ᠬᠥᠭᠵᠢᠯᠲᠡ᠂ ᠲᠠᠷᠢᠶᠠᠯᠠᠬᠤ ᠮᠠᠯᠵᠢᠬᠤ ᠣᠷᠣᠨ ᠤ ᠰᠠᠭᠤᠭᠠᠯᠢ ᠠᠷᠠᠳ ᠤᠨ ᠦᠶᠯᠡᠳᠪᠦᠷᠢᠯᠡᠯ | ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠯᠤᠭ᠎ᠠ ᠬᠠᠷᠢᠯᠴᠠᠨ ᠵᠣᠬᠢᠴᠠᠭᠤᠯᠵᠤ᠂ ᠤᠯᠤᠰ ᠤᠨ ᠵᠠᠮ᠂ ᠮᠤᠵᠢ ᠶᠢᠨ ᠵᠠᠮ | ᠵᠢᠴᠢ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ᠂ ᠤᠰᠤᠨ ᠲᠡᠭᠡᠭᠡᠪᠦᠷᠢ ᠵᠡᠷᠭᠡ ᠵᠠᠮ ᠬᠠᠷᠢᠯᠴᠠᠭ᠎ᠠ | ᠲᠡᠭᠡᠭᠡᠪᠦᠷᠢ ᠶᠢᠨ ᠬᠥᠭᠵᠢᠯᠲᠡ ᠶᠢᠨ ᠲᠥᠯᠥᠪᠵᠢᠭᠦᠯᠭᠡ ᠯᠦᠭᠡ ᠬᠠᠷᠢᠯᠴᠠᠨ ᠵᠣᠬᠢᠴᠠᠭᠤᠯᠵᠤ᠂ ᠤᠯᠤᠰ ᠤᠨ ᠭᠠᠵᠠᠷ | ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠪᠠ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠲᠥᠯᠥᠪᠵᠢᠭᠦᠯᠭᠡ ᠳᠤ ᠨᠡᠶᠢᠴᠡᠭᠦᠯᠬᠦ ᠶᠢᠨ ᠬᠠᠮᠲᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠬᠠᠩᠭᠠᠬᠤ ᠬᠡᠷᠡᠭᠲᠡᠶ ᠃ | | ᠲᠠᠷᠢᠶᠠᠯᠠᠬᠤ ᠮᠠᠯᠵᠢᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ᠂ ᠬᠠᠮᠢᠶᠠᠷᠴᠤ ᠠᠷᠠᠴᠢᠯᠠᠨ | ᠬᠠᠮᠠᠭᠠᠯᠠᠬᠤ ᠥᠷᠲᠡᠭᠡ ᠵᠡᠷᠭᠡ ᠲᠦᠬᠦᠭᠡᠷᠦᠮᠵᠢ ᠶᠢ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠯᠤᠭ᠎ᠠ | ᠨᠢᠭᠡᠳᠦᠯᠲᠡᠶ ᠲᠥᠯᠥᠪᠵᠢᠭᠦᠯᠬᠦ ᠶᠢᠨ ᠬᠠᠮᠲᠤ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ | ᠪᠦᠬᠦᠢ ᠪᠠᠷᠢᠮᠵᠢᠶ᠎ᠠ ᠶᠣᠰᠣᠭᠠᠷ ᠪᠦᠲᠦᠭᠡᠨ ᠪᠠᠶᠢᠭᠤᠯᠬᠤ ᠬᠡᠷᠡᠭᠲᠡᠶ᠃ | ᠠᠷᠪᠠᠨ ᠨᠢᠭᠡᠳᠦᠭᠡᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠲᠥᠯᠥᠪᠵᠢᠭᠦᠯᠭᠡ ᠳᠤ ᠰᠢᠶᠠᠨ ᠤ | ᠵᠠᠮ ᠤᠨ ᠲᠥᠯᠥᠪᠵᠢᠭᠦᠯᠭᠡ᠂ ᠰᠢᠶᠠᠩ ᠤᠨ ᠵᠠᠮ ᠤᠨ ᠲᠥᠯᠥᠪᠵᠢᠭᠦᠯᠭᠡ ᠪᠣᠯᠤᠨ ᠲᠣᠰᠬᠤᠨ ᠤ ᠵᠠᠮ ᠤᠨ | ᠲᠥᠯᠥᠪᠵᠢᠭᠦᠯᠭᠡ ᠪᠠᠭᠲᠠᠨ᠎ᠠ᠃ | ᠰᠢᠶᠠᠨ ᠤ ᠵᠠᠮ ᠤᠨ ᠲᠥᠯᠥᠪᠵᠢᠭᠦᠯᠭᠡ ᠶᠢ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ | ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠳᠠᠯᠢ ᠱᠠᠲᠤᠨ ᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠠᠶᠢᠷᠠᠭᠤᠯᠤᠨ ᠵᠣᠬᠢᠶᠠᠵᠤ᠂ ᠲᠤᠰ ᠱᠠᠲᠤᠨ ᠤ ᠠᠷᠠᠳ ᠤᠨ | ᠵᠠᠰᠠᠭ ᠤᠨ ᠣᠷᠳᠣᠨ ᠢᠶᠠᠷ ᠬᠢᠨᠠᠨ ᠲᠣᠭᠲᠠᠭᠠᠯᠭᠠᠭᠰᠠᠨ ᠤ ᠳᠠᠷᠠᠭ᠎ᠠ᠂ ᠠᠶᠢᠮᠠᠭ ᠤᠨ ᠵᠠᠬᠢᠷᠭ᠎ᠠ᠂ ᠲᠣᠭᠤᠷᠢᠭ | ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠬᠦ ᠶᠢᠨ ᠬᠠᠮᠲᠤ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠤᠨ᠎ᠠ᠃ | ᠰᠢᠶᠠᠩ ᠤᠨ ᠵᠠᠮ ᠤᠨ ᠲᠥᠯᠥᠪᠵᠢᠭᠦᠯᠭᠡ ᠪᠣᠯᠤᠨ ᠲᠣᠰᠬᠤᠨ ᠤ ᠵᠠᠮ ᠤᠨ ᠲᠥᠯᠥᠪᠵᠢᠭᠦᠯᠭᠡ ᠶᠢ ᠬᠤᠰᠢᠭᠤ ᠰᠢᠶᠠᠨ ᠤ | ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ | ᠰᠠᠯᠠᠭ᠎ᠠ ᠮᠥᠴᠢᠷ ᠠᠴᠠ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠢ ᠬᠠᠮᠵᠢᠨ | ᠨᠠᠶᠢᠷᠠᠭᠤᠯᠤᠨ ᠵᠣᠬᠢᠶᠠᠵᠤ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ | ᠵᠥᠪᠰᠢᠶᠡᠷᠡᠭᠦᠯᠬᠦ ᠶᠢᠨ ᠬᠠᠮᠲᠤ᠂ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ | ᠮᠡᠳᠡᠭᠦᠯᠦᠨ ᠳᠠᠩᠰᠠᠯᠠᠭᠤᠯᠤᠨ᠎ᠠ᠃ | ᠵᠥᠪᠰᠢᠶᠡᠷᠡᠭᠦᠯᠦᠭᠰᠡᠨ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠲᠥᠯᠥᠪᠵᠢᠭᠦᠯᠭᠡ ᠳᠤ ᠵᠠᠰᠠᠪᠤᠷᠢ | ᠣᠷᠣᠭᠤᠯᠬᠤ ᠴᠢᠬᠤᠯᠠ ᠲᠠᠢ ᠪᠣᠯ᠂ ᠤᠤᠯ ᠤᠨ ᠨᠠᠶᠢᠷᠠᠭᠤᠯᠤᠨ ᠵᠣᠬᠢᠶᠠᠭᠰᠠᠨ ᠨᠢᠭᠡᠴᠢ ᠠᠴᠠ ᠵᠠᠰᠠᠪᠤᠷᠢ ᠣᠷᠣᠭᠤᠯᠬᠤ | ᠲᠥᠰᠦᠯ ᠳᠤᠷᠠᠳᠬᠤ ᠶᠢᠨ ᠬᠠᠮᠲᠤ᠂ ᠤᠤᠯ ᠤᠨ ᠬᠢᠨᠠᠨ ᠵᠥᠪᠰᠢᠶᠡᠷᠡᠭᠰᠡᠨ ᠵᠢᠷᠤᠮ ᠤᠨ ᠶᠣᠰᠣᠭᠠᠷ ᠵᠥᠪᠰᠢᠶᠡᠷᠡᠵᠦ | ᠳᠠᠩᠰᠠᠯᠠᠭᠤᠯᠬᠤ ᠬᠡᠷᠡᠭᠲᠡᠶ᠃ | ᠠᠷᠪᠠᠨ ᠬᠤᠶᠠᠳᠤᠭᠠᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠳᠤ ᠲᠣᠰᠬᠤᠨ ᠪᠠᠯᠭᠠᠰᠤ ᠶᠢᠨ ᠪᠠᠶᠢᠷᠢᠯᠠᠭᠤᠯᠤᠯ ᠢ ᠰᠢᠯᠢᠳᠡᠭᠵᠢᠭᠦᠯᠬᠦ᠂ ᠣᠳᠣ ᠦᠶ᠎ᠡ ᠶᠢᠨ | ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰ ᠤᠨ ᠬᠦᠷᠢᠶᠡᠯᠡᠩ ᠢ ᠪᠠᠶᠢᠭᠤᠯᠬᠤ᠂ ᠣᠯᠠᠨ ᠲᠦᠮᠡᠨ ᠤ ᠠᠮᠤᠷ | ᠲᠦᠪᠰᠢᠨ ᠢᠶᠠᠷ ᠶᠠᠪᠤᠵᠤ ᠰᠠᠭᠤᠬᠤ ᠳᠤ ᠳᠥᠭᠦᠮ ᠳᠥᠲᠡ ᠪᠠᠶᠢᠯᠭᠠᠬᠤ ᠯᠤᠭ᠎ᠠ ᠬᠠᠷᠢᠯᠴᠠᠨ ᠵᠣᠬᠢᠴᠠᠭᠤᠯᠵᠤ᠂ | ᠪᠠᠶᠢᠷᠢᠯᠠᠭᠤᠯᠤᠯ ᠨᠢ ᠵᠦᠶ ᠵᠣᠬᠢᠰᠲᠠᠶ᠂ ᠵᠣᠯᠭᠠᠯᠲᠠ ᠨᠢ ᠰᠢᠯᠤᠭᠤᠨ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ | ᠤᠨ ᠲᠣᠤᠷ ᠢ ᠪᠠᠶᠢᠭᠤᠯᠬᠤ ᠬᠡᠷᠡᠭᠲᠡᠶ᠃ | ᠠᠷᠪᠠᠨ ᠭᠤᠷᠪᠠᠳᠤᠭᠠᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠳᠤ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ | ᠲᠥᠯᠥᠪᠵᠢᠭᠦᠯᠭᠡ ᠶᠢᠨ ᠲᠥᠷᠥᠯ ᠵᠦᠶᠯ ᠤᠨ ᠬᠥᠮᠥᠷᠭᠡ ᠶᠢ ᠵᠡᠷᠭᠡ ᠳᠤ ᠨᠢ ᠪᠠᠶᠢᠭᠤᠯᠵᠤ᠂ ᠵᠥᠪᠰᠢᠶᠡᠷᠡᠭᠦᠯᠬᠦ ᠪᠠ | ᠳᠠᠩᠰᠠᠯᠠᠭᠤᠯᠬᠤ ᠭᠠᠷᠳᠠᠮ ᠢ ᠵᠡᠷᠭᠡ ᠳᠤ ᠨᠢ ᠭᠦᠶᠴᠡᠳᠬᠡᠬᠦ ᠬᠡᠷᠡᠭᠲᠡᠶ᠃ | ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ | ᠲᠥᠷᠥᠯ ᠵᠦᠢᠯ ᠤᠨ ᠬᠥᠮᠥᠷᠭᠡ ᠳᠤ ᠬᠦᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠵᠦ᠂ ᠬᠡᠷᠡᠭᠴᠡᠭᠡ ᠪᠠᠨ | ᠦᠨᠳᠦᠰᠦᠯᠡᠨ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠯᠲᠠ ᠬᠢᠨ᠎ᠡ᠃ ᠲᠥᠷᠥᠯ ᠵᠦᠢᠯ ᠤᠨ ᠬᠥᠮᠥᠷᠭᠡ ᠳᠤ | ᠲᠣᠬᠢᠷᠠᠭᠤᠯᠤᠯᠲᠠ ᠬᠢᠬᠦ ᠳᠤ ᠤᠤᠯ ᠤᠨ ᠵᠥᠪᠰᠢᠶᠡᠷᠡᠭᠰᠡᠨ ᠪᠠᠶᠢᠭᠤᠯᠭ᠎ᠠ ᠳᠤ ᠮᠡᠳᠡᠭᠦᠯᠦᠨ ᠵᠥᠪᠰᠢᠶᠡᠷᠡᠭᠦᠯᠬᠦ ᠶᠢᠨ | ᠬᠠᠮᠲᠤ᠂ ᠵᠥᠪᠰᠢᠶᠡᠷᠡᠭᠰᠡᠨ ᠪᠠᠶᠢᠭᠤᠯᠭ᠎ᠠ ᠶᠢᠨ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ | ᠃ | ᠠᠷᠪᠠᠨ ᠳᠥᠷᠪᠡᠳᠦᠭᠡᠷ ᠵᠦᠶᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ | ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠲᠠᠷᠢᠶᠠᠯᠠᠬᠤ ᠮᠠᠯᠵᠢᠬᠤ ᠣᠷᠣᠨ | ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠲᠥᠷᠥᠯ ᠵᠦᠶᠯ ᠤᠨ ᠬᠥᠮᠥᠷᠭᠡ ᠶᠢ | ᠦᠨᠳᠦᠰᠦᠯᠡᠨ᠂ ᠡᠳ᠋ ᠤᠨ ᠵᠠᠰᠠᠭ ᠤᠨ ᠣᠷᠣᠭᠤᠯᠤᠯᠲᠠ᠂ ᠣᠨ ᠤ ᠪᠦᠲᠦᠭᠡᠨ ᠪᠠᠶᠢᠭᠤᠯᠤᠯᠲᠠ ᠶᠢᠨ ᠭᠤᠤᠯᠳᠠᠯᠭ᠎ᠠ᠂ | ᠠᠷᠠᠴᠢᠯᠠᠨ ᠬᠠᠮᠠᠭᠠᠯᠠᠬᠤ ᠴᠢᠳᠠᠪᠤᠷᠢ ᠵᠡᠷᠭᠡ ᠬᠦᠴᠦᠨ ᠵᠦᠶᠯ ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠠᠳᠠᠯᠢ | ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠤᠰ ᠱᠠᠲᠤᠨ ᠤ ᠲᠠᠷᠢᠶᠠᠯᠠᠬᠤ ᠮᠠᠯᠵᠢᠬᠤ | ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠣᠨ ᠤ ᠲᠥᠯᠥᠪᠯᠡᠭᠡ ᠪᠠᠨ | ᠨᠠᠶᠢᠷᠠᠭᠤᠯᠤᠨ ᠵᠣᠬᠢᠶᠠᠬᠤ ᠬᠡᠷᠡᠭᠲᠡᠶ᠃ | ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ | ᠲᠥᠷᠥᠯ ᠵᠦᠶᠯ ᠤᠨ ᠬᠥᠮᠥᠷᠭᠡ ᠳᠤ ᠣᠷᠣᠭᠤᠯᠤᠭᠰᠠᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠢ᠂ | ᠨᠢᠭᠡᠨᠲᠡ ᠵᠥᠪᠰᠢᠶᠡᠷᠡᠭᠦᠯᠦᠭᠰᠡᠨ ᠲᠥᠷᠥᠯ ᠵᠦᠶᠯ ᠪᠣᠯᠭᠠᠵᠤ᠂ ᠲᠥᠷᠥᠯ ᠵᠦᠶᠯ ᠪᠠᠶᠢᠭᠤᠯᠬᠤ ᠭᠠᠷᠳᠠᠮ ᠢ ᠠᠰ ᠲᠤ ᠨᠢ | ᠭᠦᠶᠴᠡᠳᠬᠡᠬᠦ ᠦᠭᠡᠶ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠮᠡᠳᠡᠭᠡ ᠵᠠᠩᠭᠢ ᠶᠢ ᠨᠡᠶᠢᠭᠡᠮ ᠳᠤ ᠢᠯᠡ | ᠪᠣᠯᠭᠠᠬᠤ ᠬᠡᠷᠡᠭᠲᠡᠶ᠃ | ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ | ᠲᠥᠷᠥᠯ ᠵᠦᠢᠯ ᠤᠨ ᠬᠥᠮᠥᠷᠭᠡ ᠳᠤ ᠣᠷᠣᠭᠤᠯᠤᠭᠠᠳᠤᠶ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ᠂ ᠣᠨ ᠤ | ᠲᠥᠯᠥᠪᠯᠡᠭᠡ ᠳᠤ ᠣᠷᠣᠭᠤᠯᠵᠤ ᠪᠣᠯᠬᠤ ᠦᠭᠡᠶ᠃ | ᠭᠤᠷᠪᠠᠳᠤᠭᠠᠷ ᠪᠦᠯᠦᠭ ᠪᠦᠲᠦᠭᠡᠨ ᠪᠠᠶᠢᠭᠤᠯᠤᠯᠲᠠ | ᠠᠷᠪᠠᠨ ᠲᠠᠪᠤᠳᠤᠭᠠᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠳᠤ | ᠠᠵᠤ ᠠᠬᠤᠶ ᠨᠡᠶᠢᠭᠡᠮ ᠤᠨ ᠬᠥᠭᠵᠢᠯᠲᠡ᠂ ᠪᠠᠶᠢᠭᠠᠯᠢ ᠶᠢᠨ ᠭᠠᠵᠠᠷ ᠵᠦᠶ ᠶᠢᠨ ᠨᠥᠬᠦᠴᠡᠯ᠂ ᠨᠤᠲᠤᠭ ᠪᠡᠯᠴᠢᠭᠡᠷ ᠤᠨ | ᠤᠰᠤᠷᠬᠠᠭ ᠭᠠᠵᠠᠷ ᠢ ᠬᠠᠮᠠᠭᠠᠯᠠᠬᠤ ᠪᠠ ᠵᠠᠰᠠᠮᠠᠯ ᠵᠠᠮ ᠤᠨ ᠴᠢᠳᠠᠮᠵᠢ ᠶᠢᠨ ᠬᠡᠷᠡᠭᠴᠡᠭᠡ ᠱᠠᠭᠠᠷᠳᠠᠯᠭ᠎ᠠ ᠵᠡᠷᠭᠡ ᠪᠣᠳᠠᠲᠤ | ᠪᠠᠶᠢᠳᠠᠯ ᠢ ᠦᠨᠳᠦᠰᠦᠯᠡᠨ᠂ ᠮᠡᠷᠭᠡᠵᠢᠯ ᠤᠨ ᠵᠡᠷᠭᠡ ᠳᠡᠰ ᠢ ᠨᠢ ᠵᠦᠶ ᠵᠣᠬᠢᠰᠲᠠᠶ ᠲᠣᠭᠲᠠᠭᠠᠬᠤ ᠬᠡᠷᠡᠭᠲᠡᠶ᠃ | ᠠᠷᠪᠠᠨ ᠵᠢᠷᠭᠤᠳᠤᠭᠠᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠶᠯ ᠢ ᠬᠡᠪᠴᠢᠶ᠎ᠡ᠂ ᠴᠢᠳᠠᠮᠵᠢ᠂ ᠮᠡᠷᠭᠡᠵᠢᠯ ᠤᠨ ᠪᠤᠳᠤᠯᠢᠶᠠᠨᠲᠤ ᠬᠡᠮᠵᠢᠶ᠎ᠡ ᠵᠡᠷᠭᠡ ᠬᠦᠴᠦᠨ ᠵᠦᠶᠯ ᠤᠨ | ᠶᠣᠰᠣᠭᠠᠷ᠂ ᠴᠢᠬᠤᠯᠠ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠶᠯ ᠪᠣᠯᠤᠨ ᠡᠩ ᠤᠨ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ | ᠶᠢᠨ ᠲᠥᠷᠥᠯ ᠵᠦᠶᠯ ᠭᠡᠵᠦ ᠬᠤᠪᠢᠶᠠᠨ᠎ᠠ᠃ ᠮᠡᠷᠭᠡᠵᠢᠯ ᠤᠨ ᠲᠠᠰ ᠤᠨ ᠬᠤᠶᠠᠳᠤᠭᠠᠷ ᠳᠡᠰ ᠠᠴᠠ ᠳᠡᠭᠡᠭᠰᠢᠬᠢ | ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠪᠣᠯᠤᠨ | ᠨᠦᠬᠡᠨ ᠵᠠᠮ᠂ ᠲᠣᠮᠣ ᠬᠡᠯᠪᠡᠷᠢ ᠶᠢᠨ ᠬᠥᠭᠦᠷᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠪᠣᠯ ᠴᠢᠬᠤᠯᠠ | ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠪᠣᠯᠤᠨ᠎ᠠ᠂ | ᠪᠤᠰᠤᠳ ᠲᠥᠷᠥᠯ ᠵᠦᠶᠯ ᠪᠣᠯ ᠡᠩ ᠤᠨ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠶᠯ ᠪᠣᠯᠤᠨ᠎ᠠ᠃ | ᠴᠢᠬᠤᠯᠠ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠢ | ᠤᠯᠤᠰ ᠠᠴᠠ ᠲᠣᠭᠲᠠᠭᠠᠭᠰᠠᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠳᠡᠰ ᠳᠠᠷᠠᠭᠠᠯᠠᠯ ᠪᠣᠯᠤᠨ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠬᠢᠬᠦ ᠬᠡᠷᠡᠭᠲᠡᠶ᠃ ᠡᠩ ᠤᠨ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠳᠤ ᠪᠦᠲᠦᠭᠡᠨ ᠪᠠᠶᠢᠭᠤᠯᠤᠯᠲᠠ ᠶᠢᠨ ᠳᠡᠰ ᠳᠠᠷᠠᠭᠠᠯᠠᠯ ᠢ | ᠳᠥᠭᠦᠮᠴᠢᠯᠡᠨ ᠬᠡᠷᠡᠭᠵᠢᠭᠦᠯᠵᠦ ᠪᠣᠯᠤᠨ᠎ᠠ᠃ | ᠠᠷᠪᠠᠨ ᠳᠣᠯᠣᠳᠤᠭᠠᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠳᠤ | ᠭᠠᠵᠠᠷ ᠢ ᠠᠷᠪᠢᠯᠠᠨ ᠬᠡᠷᠡᠭᠯᠡᠬᠦ ᠵᠠᠷᠴᠢᠮ ᠢ ᠪᠠᠷᠢᠮᠲᠠᠯᠠᠨ᠂ ᠲᠠᠷᠢᠶᠠᠨ ᠭᠠᠵᠠᠷ᠂ ᠣᠶ ᠮᠣᠳᠣᠨ ᠤ ᠭᠠᠵᠠᠷ᠂ ᠪᠡᠯᠴᠢᠭᠡᠷ | ᠪᠣᠯᠤᠨ ᠤᠰᠤᠷᠬᠠᠭ ᠭᠠᠵᠠᠷ ᠢ ᠴᠢᠩᠭ᠎ᠠ ᠬᠠᠮᠠᠭᠠᠯᠠᠵᠤ᠂ ᠣᠳᠣ ᠪᠠᠶᠢᠭ᠎ᠠ ᠵᠠᠰᠠᠮᠠᠯ ᠵᠠᠮ ᠢ ᠭᠦᠶᠴᠡᠳ ᠠᠰᠢᠭᠯᠠᠨ | ᠥᠭᠡᠷᠡᠴᠢᠯᠡᠨ ᠪᠠᠶᠢᠭᠤᠯᠬᠤ ᠪᠤᠶᠤ ᠥᠷᠭᠡᠳᠬᠡᠨ ᠪᠠᠶᠢᠭᠤᠯᠬᠤ ᠬᠡᠷᠡᠭᠲᠡᠶ᠃ | ᠠᠷᠪᠠᠨ ᠨᠠᠶᠮᠠᠳᠤᠭᠠᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠶᠯ ᠳᠤ ᠪᠠᠷᠢᠯᠭ᠎ᠠ ᠶᠢᠨ ᠶᠠᠰᠤ ᠴᠢᠨᠠᠷ ᠤᠨ ᠪᠠᠲᠤᠯᠠᠭ᠎ᠠ ᠶᠢᠨ ᠮᠥᠩᠭᠦ ᠶᠢᠨ ᠳᠦᠷᠢᠮ ᠪᠣᠯᠤᠨ ᠬᠦᠯᠦᠰᠦᠨ | ᠠᠵᠢᠯᠴᠢᠳ ᠤᠨ ᠴᠠᠯᠢᠩ ᠤᠨ ᠪᠠᠲᠤᠯᠠᠭ᠎ᠠ ᠶᠢᠨ ᠮᠥᠩᠭᠦ ᠶᠢᠨ ᠳᠦᠷᠢᠮ ᠢ ᠬᠡᠷᠡᠭᠵᠢᠭᠦᠯᠦᠨ᠎ᠡ᠃ | ᠠᠷᠪᠠ ᠶᠢᠰᠦᠳᠦᠭᠡᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠳᠤ | ᠲᠥᠷᠥᠯ ᠵᠦᠶᠯ ᠤᠨ ᠥᠮᠴᠢᠲᠡᠨ ᠤ ᠬᠠᠷᠢᠭᠤᠴᠠᠯᠭ᠎ᠠ ᠶᠢᠨ ᠳᠦᠷᠢᠮ᠂ ᠠᠶᠤᠯᠭᠦᠢ ᠦᠶᠯᠡᠳᠪᠦᠷᠢᠯᠡᠯ ᠤᠨ | ᠬᠠᠷᠢᠭᠤᠴᠠᠯᠭ᠎ᠠ ᠶᠢᠨ ᠳᠦᠷᠢᠮ ᠪᠣᠯᠤᠨ ᠶᠠᠰᠤ ᠴᠢᠨᠠᠷ ᠤᠨ ᠬᠠᠷᠢᠭᠤᠴᠠᠯᠭ᠎ᠠ ᠶᠢᠨ ᠨᠠᠰᠤᠨ ᠲᠤᠷᠰᠢ ᠶᠢᠨ ᠳᠦᠷᠢᠮ ᠢ | ᠬᠡᠷᠡᠭᠵᠢᠭᠦᠯᠦᠨ᠎ᠡ᠃ | ᠲᠥᠷᠥᠯ ᠵᠦᠢᠯ ᠤᠨ ᠥᠮᠴᠢᠲᠡᠨ ᠨᠢ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠶᠠᠰᠤ ᠴᠢᠨᠠᠷ ᠲᠤ | ᠶᠡᠷᠦᠩᠬᠡᠶ ᠬᠠᠷᠢᠭᠤᠴᠠᠯᠭ᠎ᠠ ᠶᠢ ᠬᠠᠷᠢᠭᠤᠴᠠᠵᠤ᠂ ᠪᠦᠲᠦᠭᠡᠨ ᠪᠠᠶᠢᠭᠤᠯᠬᠤ ᠲᠥᠷᠥᠯ ᠵᠦᠢᠯ ᠤᠨ ᠵᠣᠬᠢᠴᠠᠩᠭᠤᠶ ᠪᠦᠬᠦᠢ | ᠬᠠᠮᠢᠶᠠᠷᠤᠯᠲᠠ ᠪᠣᠯᠤᠨ ᠮᠡᠷᠭᠡᠵᠢᠯ ᠤᠨ ᠴᠢᠳᠠᠪᠤᠷᠢ ᠶᠢ ᠪᠦᠷᠢᠯᠳᠦᠭᠦᠯᠬᠦ ᠬᠡᠷᠡᠭᠲᠡᠶ᠃ | ᠲᠥᠷᠥᠯ ᠵᠦᠢᠯ ᠤᠨ ᠥᠮᠴᠢᠲᠡᠨ᠂ ᠬᠠᠶᠢᠨ ᠪᠠᠶᠢᠴᠠᠭᠠᠬᠤ᠂ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ | ᠬᠠᠮᠢᠶᠠᠷᠬᠤ᠂ ᠲᠤᠷᠰᠢᠯᠲᠠ ᠬᠢᠵᠦ ᠪᠠᠶᠢᠴᠠᠭᠠᠨ ᠬᠡᠮᠵᠢᠬᠦ ᠵᠡᠷᠭᠡ ᠨᠢᠭᠡᠴᠢ ᠨᠦᠭᠦᠳ ᠵᠣᠬᠢᠴᠠᠩᠭᠤᠶ ᠶᠠᠰᠤ ᠴᠢᠨᠠᠷ ᠤᠨ | ᠠᠮᠤᠷ ᠲᠥᠪᠰᠢᠨ ᠤ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠶ᠃ | ᠬᠤᠷᠢᠳᠤᠭᠠᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠶᠯ ᠳᠤ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠳᠦᠷᠢᠮ ᠢ ᠬᠡᠷᠡᠭᠵᠢᠭᠦᠯᠦᠨ᠎ᠡ᠃ | ᠬᠠᠶᠢᠨ ᠪᠠᠶᠢᠴᠠᠭᠠᠬᠤ᠂ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠵᠢᠴᠢ ᠪᠠᠷᠢᠯᠭ᠎ᠠ ᠶᠢᠨ | ᠪᠦᠳᠦᠭᠡᠨ ᠪᠠᠶᠢᠭᠤᠯᠤᠯᠲᠠ ᠳᠤ ᠬᠤᠯᠪᠣᠭᠳᠠᠬᠤ ᠴᠢᠬᠤᠯᠠ ᠲᠤᠨᠤᠭ ᠲᠥᠬᠦᠭᠡᠷᠦᠮᠵᠢ᠂ ᠮᠠᠲ᠋ᠧᠷᠢᠶᠠᠯ ᠢ ᠬᠤᠳᠠᠯᠳᠤᠨ | ᠠᠪᠬᠤ ᠵᠡᠷᠭᠡ ᠨᠢ ᠬᠠᠤᠯᠢ ᠪᠠᠷ ᠲᠣᠭᠲᠠᠭᠠᠭᠰᠠᠨ ᠳᠠᠭᠠᠭᠠᠴᠢᠯᠠᠯᠲᠠ ᠵᠠᠷᠯᠠᠬᠤ ᠪᠠᠷᠢᠮᠵᠢᠶ᠎ᠠ ᠳᠤ ᠨᠡᠶᠢᠴᠡᠭᠰᠡᠨ ᠪᠠᠶᠢᠪᠠᠯ᠂ | ᠬᠠᠤᠯᠢ ᠶᠣᠰᠣᠭᠠᠷ ᠳᠠᠭᠠᠭᠠᠴᠢᠯᠠᠯᠲᠠ ᠵᠠᠷᠯᠠᠬᠤ ᠬᠡᠷᠡᠭᠲᠡᠢ᠃ | ᠬᠠᠤᠯᠢ ᠪᠠᠷ ᠲᠣᠭᠲᠠᠭᠠᠭᠰᠠᠨ ᠳᠠᠭᠠᠭᠠᠴᠢᠯᠠᠯᠲᠠ ᠵᠠᠷᠯᠠᠬᠤ ᠪᠠᠷᠢᠮᠵᠢᠶ᠎ᠠ ᠳᠤ ᠬᠦᠷᠦᠭᠰᠡᠨ ᠡᠩ ᠤᠨ ᠲᠠᠷᠢᠶᠠᠯᠠᠬᠤ | ᠮᠠᠯᠵᠢᠬᠤ ᠣᠷᠣᠨ ᠤ ᠵᠠᠰᠠᠮᠠᠯ ᠵᠠᠮ ᠤᠨ ᠡᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠳᠤ ᠣᠯᠠᠨ | ᠲᠥᠷᠥᠯ ᠵᠦᠶᠯ ᠢ ᠬᠠᠮᠲᠤ ᠳᠤ ᠨᠢ ᠳᠠᠭᠠᠭᠠᠴᠢᠯᠠᠯᠲᠠ ᠵᠠᠷᠯᠠᠵᠤ ᠪᠣᠯᠤᠨ᠎ᠠ᠃ | ᠨᠡᠶᠢᠭᠡᠮ ᠠᠴᠠ ᠡᠳ᠋ ᠮᠦᠩᠭᠦ ᠪᠠᠷ ᠲᠤᠰᠠᠯᠠᠬᠤ᠂ ᠣᠯᠠᠨ ᠲᠦᠮᠡᠨ ᠬᠦᠴᠦ ᠬᠥᠳᠡᠯᠮᠦᠷᠢ ᠣᠷᠣᠭᠤᠯᠬᠤ ᠪᠠᠷ ᠭᠤᠣᠯ | ᠪᠣᠯᠭᠠᠭᠰᠠᠨ ᠲᠣᠰᠬᠤᠨ ᠤ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ᠂ ᠳᠠᠭᠠᠭᠠᠴᠢᠯᠠᠯᠲᠠ | ᠵᠠᠷᠯᠠᠬᠤ ᠦᠭᠡᠶ ᠪᠠᠶᠢᠵᠤ ᠪᠣᠯᠤᠨ᠎ᠠ᠂ ᠭᠠᠴᠠᠭ᠎ᠠ ᠲᠣᠰᠬᠤᠨ ᠤ ᠠᠷᠠᠳ ᠤᠨ ᠬᠤᠷᠠᠯ ᠪᠤᠶᠤ ᠭᠠᠴᠠᠭ᠎ᠠ ᠲᠣᠰᠬᠤᠨ ᠤ | ᠠᠷᠠᠳ ᠤᠨ ᠲᠥᠯᠥᠭᠡᠯᠡᠭᠴᠢᠳ ᠤᠨ ᠬᠤᠷᠠᠯ ᠠᠴᠠ ᠡᠵᠡᠨ ᠮᠡᠳᠡᠨ ᠲᠣᠭᠲᠠᠭᠠᠵᠤ ᠪᠣᠯᠤᠨ᠎ᠠ᠃ | ᠬᠤᠷᠢᠨ ᠨᠢᠭᠡᠳᠦᠭᠡᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠶᠯ ᠤᠨ ᠵᠢᠷᠤᠭ ᠲᠥᠯᠥᠪᠯᠡᠭᠡ ᠶᠢ ᠵᠣᠬᠢᠴᠠᠩᠭᠤᠶ ᠬᠢᠷᠢ ᠬᠡᠮ ᠲᠠᠢ ᠵᠢᠷᠤᠭ ᠲᠥᠯᠥᠪᠯᠡᠭᠡᠨ ᠤ ᠨᠢᠭᠡᠴᠢ | ᠠᠴᠠ ᠡᠭᠦᠷᠭᠡᠯᠡᠬᠦ ᠬᠡᠷᠡᠭᠲᠡᠶ᠃ | ᠴᠢᠬᠤᠯᠠ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠳᠤ | ᠠᠩᠬ᠎ᠠ ᠠᠯᠬᠤᠮ ᠤᠨ ᠵᠢᠷᠤᠭ ᠲᠥᠯᠥᠪᠯᠡᠭᠡ ᠬᠢᠬᠦ ᠪᠠ ᠪᠠᠷᠢᠯᠭ᠎ᠠ ᠶᠢᠨ ᠠᠵᠢᠯ ᠤᠨ ᠵᠢᠷᠤᠭ ᠤᠨ ᠵᠢᠷᠤᠭ ᠲᠥᠯᠥᠪᠯᠡᠭᠡ | ᠬᠢᠬᠦ ᠬᠡᠷᠡᠭᠲᠡᠶ᠃ ᠡᠩ ᠤᠨ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠶᠯ ᠳᠤ ᠪᠠᠷᠢᠯᠭ᠎ᠠ ᠶᠢᠨ ᠠᠵᠢᠯ ᠤᠨ ᠵᠢᠷᠤᠭ ᠤᠨ ᠵᠢᠷᠤᠭ ᠲᠥᠯᠥᠪᠯᠡᠭᠡ ᠶᠢ ᠰᠢᠭᠤᠳ ᠬᠢᠵᠦ ᠪᠣᠯᠬᠤ | ᠪᠦᠭᠡᠳ ᠣᠯᠠᠨ ᠲᠥᠷᠥᠯ ᠵᠦᠶᠯ ᠢ ᠬᠠᠮᠲᠤ ᠳᠤ ᠨᠢ ᠬᠢᠵᠦ ᠪᠣᠯᠤᠨ᠎ᠠ᠃ | ᠨᠡᠶᠢᠭᠡᠮ ᠠᠴᠠ ᠡᠳ᠋ ᠮᠥᠩᠭᠦ ᠪᠠᠷ ᠲᠤᠰᠠᠯᠠᠬᠤ᠂ ᠣᠯᠠᠨ ᠲᠦᠮᠡᠨ ᠬᠦᠴᠦ ᠬᠥᠳᠡᠯᠮᠦᠷᠢ ᠣᠷᠣᠭᠤᠯᠬᠤ ᠪᠠᠷ ᠭᠤᠣᠯ | ᠪᠣᠯᠭᠠᠭᠰᠠᠨ ᠲᠣᠰᠬᠤᠨ ᠤ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ᠂ ᠬᠤᠰᠢᠭᠤ ᠰᠢᠶᠠᠨ ᠤ | ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ | ᠰᠠᠯᠠᠭ᠎ᠠ ᠮᠥᠴᠢᠷ ᠠᠴᠠ ᠪᠠᠷᠢᠯᠭ᠎ᠠ ᠶᠢᠨ ᠠᠵᠢᠯ ᠤᠨ ᠵᠢᠷᠤᠭ ᠤᠨ ᠵᠢᠷᠤᠭ ᠲᠥᠯᠦᠪᠯᠡᠭᠡᠨ ᠤ ᠪᠢᠴᠢᠭ ᠮᠠᠲ᠋ᠧᠷᠢᠶᠠᠯ ᠢ | ᠬᠠᠩᠭᠠᠵᠤ ᠪᠣᠯᠤᠨ᠎ᠠ᠃ | ᠬᠤᠷᠢᠨ ᠬᠤᠶᠠᠳᠤᠭᠠᠷ ᠵᠦᠶᠯ᠂ ᠴᠢᠬᠤᠯᠠ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠶᠯ ᠤᠨ ᠪᠠᠷᠢᠯᠭ᠎ᠠ ᠶᠢᠨ ᠠᠵᠢᠯ ᠤᠨ ᠵᠢᠷᠤᠭ ᠤᠨ ᠵᠢᠷᠤᠭ ᠲᠥᠯᠥᠪᠯᠡᠭᠡᠨ ᠤ ᠪᠢᠴᠢᠭ | ᠮᠠᠲ᠋ᠧᠷᠢᠶᠠᠯ ᠢ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠ ᠬᠤᠲᠠ ᠶᠢᠨ ᠠᠷᠠᠳ ᠤᠨ ᠵᠠᠰᠠᠭ ᠤᠨ ᠣᠷᠳᠣᠨ | ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠥᠪᠰᠢᠶᠡᠷᠡᠵᠦ᠂ ᠡᠩ ᠤᠨ | ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠤᠨ | ᠪᠠᠷᠢᠯᠭ᠎ᠠ ᠶᠢᠨ ᠠᠵᠢᠯ ᠤᠨ ᠵᠢᠷᠤᠭ ᠤᠨ ᠵᠢᠷᠤᠭ ᠲᠥᠯᠥᠪᠯᠡᠭᠡᠨ ᠤ ᠪᠢᠴᠢᠭ ᠮᠠᠲ᠋ᠧᠷᠢᠶᠠᠯ ᠢ ᠬᠤᠰᠢᠭᠤ ᠰᠢᠶᠠᠨ ᠤ | ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ | ᠰᠠᠯᠠᠭ᠎ᠠ ᠮᠥᠴᠢᠷ ᠠᠴᠠ ᠵᠥᠪᠰᠢᠶᠡᠷᠡᠬᠦ ᠬᠡᠷᠡᠭᠲᠡᠶ᠃ | ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠴᠢᠬᠤᠯᠠ ᠶᠡᠭᠡ ᠪᠤᠶᠤ ᠨᠡᠯᠢᠶᠡᠳ ᠶᠡᠭᠡ ᠵᠢᠷᠤᠭ ᠲᠥᠯᠥᠪᠯᠡᠭᠡ ᠶᠢ | ᠬᠤᠪᠢᠷᠠᠭᠠᠬᠤ ᠳᠤ ᠤᠤᠯ ᠤᠨ ᠵᠥᠪᠰᠢᠶᠡᠷᠡᠭᠰᠡᠨ ᠪᠠᠶᠢᠭᠤᠯᠭ᠎ᠠ ᠳᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ᠃ | ᠬᠤᠷᠢᠨ ᠭᠤᠷᠪᠠᠳᠤᠭᠠᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ | ᠶᠢᠨ ᠲᠥᠷᠥᠯ ᠵᠦᠶᠯ ᠨᠢ ᠵᠣᠬᠢᠴᠠᠩᠭᠤᠶ ᠬᠢᠷᠢ ᠬᠡᠮ ᠢ ᠪᠦᠷᠢᠳᠦᠭᠦᠯᠦᠭᠰᠡᠨ ᠨᠢᠭᠡᠴᠢ ᠶᠢ ᠰᠣᠩᠭᠤᠨ ᠪᠠᠷᠢᠯᠭ᠎ᠠ ᠶᠢᠨ | ᠠᠵᠢᠯ ᠬᠢᠯᠭᠡᠬᠦ ᠬᠡᠷᠡᠭᠲᠡᠶ᠃ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠭᠰᠠᠨ ᠨᠥᠬᠦᠴᠡᠯ ᠳᠣᠣᠷ᠎ᠠ᠂ ᠲᠤᠰᠬᠠᠶ ᠮᠡᠷᠭᠡᠵᠢᠯ | ᠤᠨ ᠠᠵᠢᠯᠲᠠᠨ ᠤ ᠵᠢᠯᠣᠭᠤᠳᠤᠯᠭ᠎ᠠ ᠳᠣᠣᠷ᠎ᠠ ᠵᠠᠮ ᠳᠠᠭᠠᠤ ᠶᠢᠨ ᠭᠠᠴᠠᠭ᠎ᠠ ᠲᠣᠰᠬᠤᠨ ᠤ ᠠᠷᠠᠳ ᠢ ᠵᠣᠬᠢᠶᠠᠨ | ᠪᠠᠶᠢᠭᠤᠯᠤᠨ ᠲᠣᠰᠬᠤᠨ ᠤ ᠵᠠᠮ ᠤᠨ ᠪᠦᠲᠦᠭᠡᠨ ᠪᠠᠶᠢᠭᠤᠯᠤᠯᠲᠠ ᠳᠤ ᠮᠡᠷᠭᠡᠵᠢᠯ ᠤᠨ ᠬᠦᠴᠢᠷᠳᠡᠯ ᠢᠶᠠᠷ ᠳᠣᠣᠷ᠎ᠠ ᠵᠠᠮ | ᠤᠨ ᠰᠠᠭᠤᠷᠢ ᠪᠠ ᠳᠠᠭᠠᠯᠲᠠ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠵᠤ ᠪᠣᠯᠤᠨ᠎ᠠ᠃ | ᠬᠤᠷᠢᠨ ᠳᠥᠷᠪᠡᠳᠦᠭᠡᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ | ᠶᠢᠨ ᠲᠥᠷᠥᠯ ᠵᠦᠶᠯ ᠢ ᠵᠣᠬᠢᠴᠠᠩᠭᠤᠶ ᠪᠦᠬᠦᠢ ᠬᠢᠷᠢ ᠬᠡᠮ ᠲᠠᠢ ᠬᠢᠨᠠᠨ ᠬᠠᠮᠢᠶᠠᠷᠬᠤ ᠨᠢᠭᠡᠴᠢ ᠠᠴᠠ ᠬᠠᠤᠯᠢ ᠴᠠᠭᠠᠵᠠ᠂ | ᠬᠠᠤᠯᠢ ᠲᠣᠭᠲᠠᠭᠠᠯ ᠪᠣᠯᠤᠨ ᠬᠤᠯᠪᠣᠭᠳᠠᠯ ᠪᠦᠬᠦᠢ ᠮᠡᠷᠭᠡᠵᠢᠯ ᠤᠨ ᠪᠠᠷᠢᠮᠵᠢᠶ᠎ᠠ᠂ ᠵᠢᠷᠤᠭ ᠲᠥᠯᠥᠪᠯᠡᠭᠡ ᠶᠢᠨ ᠪᠢᠴᠢᠭ | ᠮᠠᠲ᠋ᠧᠷᠢᠶᠠᠯ ᠵᠡᠷᠭᠡ ᠶᠣᠰᠣᠭᠠᠷ ᠬᠢᠨᠠᠨ ᠬᠠᠮᠢᠶᠠᠷᠬᠤ ᠶᠢ ᠬᠡᠷᠡᠭᠵᠢᠭᠦᠯᠬᠦ ᠬᠡᠷᠡᠭᠲᠡᠶ᠃ | ᠬᠤᠷᠢᠨ ᠲᠠᠪᠤᠳᠤᠭᠠᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠶᠯ ᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠰᠢᠯᠭᠠᠨ ᠠᠪᠬᠤ ᠬᠡᠷᠡᠭᠲᠡᠶ᠃ ᠰᠢᠯᠭᠠᠨ ᠠᠪᠤᠭᠰᠠᠨ ᠤᠢᠭᠡᠢ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ ᠤᠢᠭᠡᠢ | ᠪᠠᠶᠢᠪᠠᠯ᠂ ᠲᠤᠰᠢᠶᠠᠨ ᠥᠭᠴᠦ ᠬᠡᠷᠡᠭᠯᠡᠭᠦᠯᠵᠦ ᠪᠣᠯᠬᠤ ᠤᠢᠭᠡᠢ᠃ ᠡᠩ ᠤᠨ ᠲᠠᠷᠢᠶᠠᠯᠠᠬᠤ ᠮᠠᠯᠵᠢᠬᠤ ᠣᠷᠣᠨ ᠤ | ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠵᠢᠯ ᠲᠤᠰᠢᠶᠠᠬᠤ᠂ ᠠᠵᠢᠯ ᠳᠠᠭᠤᠰᠤᠭᠰᠠᠨ | ᠢ ᠰᠢᠯᠭᠠᠨ ᠠᠪᠬᠤ ᠶᠢ ᠨᠡᠶᠢᠯᠡᠭᠦᠯᠦᠨ ᠶᠠᠪᠤᠭᠳᠠᠭᠤᠯᠵᠤ ᠪᠣᠯᠬᠤ ᠪᠦᠭᠡᠳ ᠣᠯᠠᠨ ᠲᠥᠷᠥᠯ ᠵᠦᠢᠯ ᠢ ᠬᠠᠮᠲᠤ ᠳᠤ ᠨᠢ | ᠰᠢᠯᠭᠠᠨ ᠬᠤᠷᠢᠶᠠᠵᠤ ᠪᠣᠯᠤᠨ᠎ᠠ᠃ | ᠬᠤᠷᠢᠨ ᠵᠢᠷᠭᠤᠳᠤᠭᠠᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ | ᠶᠢᠨ ᠲᠥᠷᠥᠯ ᠵᠦᠶᠯ ᠳᠤ ᠬᠤᠯᠪᠣᠭᠳᠠᠯ ᠪᠦᠬᠦᠢ ᠪᠠᠷᠢᠮᠵᠢᠶ᠎ᠠ ᠶᠣᠰᠣᠭᠠᠷ ᠵᠠᠮ ᠬᠠᠷᠢᠯᠴᠠᠭᠠᠨ ᠤ ᠠᠮᠤᠷ ᠲᠦᠪᠰᠢᠨ᠂ | ᠰᠡᠷᠭᠡᠶᠢᠯᠡᠨ ᠬᠠᠮᠠᠭᠠᠯᠠᠬᠤ᠂ ᠤᠰᠤ ᠵᠠᠯᠠᠬᠤ᠂ ᠪᠡᠯᠭᠡ ᠲᠡᠮᠳᠡᠭ᠂ ᠲᠡᠮᠳᠡᠭ ᠵᠢᠷᠤᠭᠠᠰᠤ᠂ ᠲᠡᠷᠭᠡ ᠬᠦᠯᠢᠶᠡᠬᠦ ᠮᠤᠬᠤᠯᠠᠭ᠂ | ᠬᠠᠮᠢᠶᠠᠷᠴᠤ ᠠᠷᠠᠴᠢᠯᠠᠨ ᠬᠠᠮᠠᠭᠠᠯᠠᠬᠤ ᠥᠷᠲᠡᠭᠡ ᠵᠡᠷᠭᠡ ᠳᠠᠭᠠᠯᠲᠠ ᠲᠦᠬᠦᠭᠡᠷᠦᠮᠵᠢ ᠲᠣᠬᠢᠷᠠᠭᠤᠯᠬᠤ ᠶᠢᠨ ᠬᠠᠮᠲᠤ᠂ | ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢᠨ ᠥᠪᠡᠷ ᠤᠨ ᠥᠷᠲᠡᠭ ᠲᠤ ᠣᠷᠣᠭᠤᠯᠵᠤ᠂ ᠭᠤᠤᠯ ᠴᠣᠭᠴᠠ | ᠪᠠᠷᠢᠯᠭ᠎ᠠ ᠯᠤᠭ᠎ᠠ ᠵᠡᠷᠭᠡ ᠳᠤ ᠨᠢ ᠵᠢᠷᠤᠭᠯᠠᠨ ᠲᠥᠯᠥᠪᠯᠡᠵᠦ᠂ ᠵᠡᠷᠭᠡ ᠳᠤ ᠨᠢ ᠪᠠᠷᠢᠯᠭ᠎ᠠ ᠪᠠᠷᠢᠵᠤ᠂ ᠵᠡᠷᠭᠡ ᠳᠤ ᠨᠢ | ᠠᠰᠢᠭᠯᠠᠯᠲᠠ ᠳᠤ ᠣᠷᠣᠭᠤᠯᠬᠤ ᠬᠡᠷᠡᠭᠲᠡᠶ᠃ ᠨᠢᠭᠡᠨᠲᠡ ᠪᠠᠶᠢᠭᠤᠯᠤᠭᠰᠠᠨ ᠰᠢᠶᠠᠨ ᠤ ᠵᠠᠮ᠂ ᠰᠢᠶᠠᠩ ᠤᠨ ᠵᠠᠮ ᠪᠣᠯᠤᠨ | ᠠᠶᠠᠨᠴᠢᠳ ᠤᠨ ᠲᠡᠭᠡᠭᠡᠪᠦᠷᠢ ᠨᠡᠪᠲᠡᠷᠡᠬᠦ ᠲᠣᠰᠬᠤᠨ ᠤ ᠵᠠᠮ ᠢ᠂ ᠠᠯᠬᠤᠮ ᠠᠯᠬᠤᠮ ᠢᠶᠠᠷ ᠲᠡᠭᠦᠯᠳᠡᠷᠵᠢᠭᠦᠯᠬᠦ ᠬᠡᠷᠡᠭᠲᠡᠶ᠃ | | ᠬᠤᠷᠢᠨ ᠳᠣᠯᠣᠳᠤᠭᠠᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ ᠲᠣᠭᠲᠠᠭᠠᠯ ᠶᠣᠰᠣᠭᠠᠷ | ᠨᠡᠷᠡᠶᠢᠳᠬᠦ ᠪᠠ ᠳ᠋ᠤᠭᠠᠷᠯᠠᠬᠤ ᠬᠡᠷᠡᠭᠲᠡᠶ᠃ | ᠰᠢᠶᠠᠨ ᠤ ᠵᠠᠮ ᠪᠣᠯᠤᠨ ᠰᠢᠶᠠᠩ ᠤᠨ ᠵᠠᠮ ᠤᠨ ᠨᠡᠷᠡᠶᠢᠳᠦᠯ ᠪᠣᠯᠤᠨ ᠳ᠋ᠤᠭᠠᠷ ᠢ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ | ᠠᠴᠠ ᠲᠥᠷᠥ ᠶᠢᠨ ᠶᠠᠪᠤᠳᠠᠯ ᠤᠨ ᠬᠤᠷᠢᠶᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ | ᠮᠥᠴᠢᠷ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠣᠭᠲᠠᠭᠠᠨ᠎ᠠ᠃ | ᠲᠣᠰᠬᠤᠨ ᠤ ᠵᠠᠮ ᠤᠨ ᠨᠡᠷᠡᠶᠢᠳᠦᠯ ᠪᠣᠯᠤᠨ ᠳ᠋ᠤᠭᠠᠷ ᠢ᠂ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ | ᠰᠠᠯᠠᠭ᠎ᠠ ᠮᠥᠴᠢᠷ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠯ ᠶᠣᠰᠣᠭᠠᠷ ᠲᠣᠭᠲᠠᠭᠠᠨ᠎ᠠ᠃ | ᠬᠤᠷᠢᠨ ᠨᠠᠶᠮᠠᠳᠤᠭᠠᠷ ᠵᠦᠶᠯ᠂ ᠲᠥᠷᠥᠯ ᠵᠦᠶᠯ ᠤᠨ ᠥᠮᠴᠢᠲᠡᠨ ᠨᠢ ᠳᠠᠩᠰᠠ ᠡᠪᠬᠡᠮᠡᠯ ᠤᠨ ᠬᠠᠮᠢᠶᠠᠷᠤᠯᠲᠠ ᠶᠢᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠪᠠᠷᠢᠯᠭ᠎ᠠ ᠶᠢᠨ ᠮᠠᠲ᠋ᠧᠷᠢᠶᠠᠯ ᠢ ᠴᠤᠭᠯᠠᠭᠤᠯᠵᠤ᠂ ᠡᠮᠬᠢᠯᠡᠵᠦ᠂ | ᠬᠠᠳᠠᠭᠠᠯᠠᠨ᠂ ᠪᠠᠷᠢᠯᠭ᠎ᠠ ᠶᠢᠨ ᠳᠠᠩᠰᠠ ᠡᠪᠬᠡᠮᠡᠯ ᠪᠠᠶᠢᠭᠤᠯᠵᠤ᠂ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ | ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ ᠬᠠᠳᠠᠭᠠᠯᠠᠭᠤᠯᠬᠤ ᠬᠡᠷᠡᠭᠲᠡᠶ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ | ᠳᠣᠲᠣᠷᠠᠬᠢ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠰᠠᠭᠤᠷᠢ ᠳ᠋ᠠᠶᠢᠲ᠋ᠠ ᠬᠥᠮᠥᠷᠭᠡ᠂ ᠡᠯᠧᠺᠲᠷᠣᠨ | ᠭᠠᠵᠠᠷ ᠤᠨ ᠵᠢᠷᠤᠭ ᠵᠡᠷᠭᠡ ᠮᠡᠳᠡᠭᠡ ᠵᠠᠩᠭᠢ ᠶᠢ ᠲᠣᠭᠲᠠᠭᠠᠯ ᠶᠣᠰᠣᠭᠠᠷ ᠬᠢᠨᠠᠨ ᠪᠠᠶᠢᠴᠠᠭᠠᠬᠤ ᠪᠠ ᠰᠢᠨᠡᠳᠬᠡᠵᠦ᠂ | ᠳ᠋ᠠᠶᠢᠲ᠋ᠠ ᠶᠢᠨ ᠦᠨᠡᠨ ᠪᠣᠳᠠᠲᠠᠶ ᠪᠥᠭᠡᠳ ᠣᠨᠣᠪᠴᠢᠲᠠᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ | ᠬᠤᠷᠢ ᠶᠢᠰᠦᠳᠦᠭᠡᠷ ᠵᠦᠶᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠲᠠᠷᠢᠶᠠᠯᠠᠬᠤ ᠮᠠᠯᠵᠢᠬᠤ ᠣᠷᠣᠨ ᠤ | ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠢᠲᠡᠭᠡᠮᠵᠢ ᠶᠢᠨ ᠦᠨᠡᠯᠡᠬᠦ ᠰᠢᠰᠲ᠋ᠧᠮᠵᠢ ᠶᠢ ᠪᠠᠶᠢᠭᠤᠯᠵᠤ᠂ | ᠪᠦᠲᠦᠭᠡᠨ ᠪᠠᠶᠢᠭᠤᠯᠬᠤ᠂ ᠬᠠᠮᠢᠶᠠᠷᠬᠤ᠂ ᠠᠷᠠᠴᠢᠯᠠᠨ ᠬᠠᠮᠠᠭᠠᠯᠠᠬᠤ᠂ ᠡᠵᠡᠩᠨᠡᠬᠦ ᠭᠤᠤᠯ ᠴᠣᠭᠴᠠ ᠶᠢᠨ ᠭᠡᠷ᠎ᠡ ᠪᠠᠨ | ᠭᠦᠶᠴᠡᠳᠬᠡᠭᠰᠡᠨ ᠪᠠᠶᠢᠳᠠᠯ ᠢ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠪᠴᠠᠩ ᠳᠤ | ᠣᠷᠣᠭᠤᠯᠬᠤ ᠶᠢᠨ ᠬᠠᠮᠲᠤ᠂ ᠢᠲᠡᠭᠡᠮᠵᠢ ᠲᠠᠢ ᠪᠠᠶᠢᠬᠤ ᠶᠢ ᠬᠠᠮᠲᠤᠷᠠᠨ ᠤᠷᠮᠠᠰᠢᠭᠤᠯᠬᠤ ᠪᠠ ᠢᠲᠡᠭᠡᠮᠵᠢ ᠠᠯᠳᠠᠭᠰᠠᠨ ᠢ | ᠬᠠᠮᠲᠤᠷᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠬᠦ ᠬᠡᠷᠡᠭᠲᠡᠶ᠃ | ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠪᠣᠯᠤᠨ ᠬᠤᠰᠢᠭᠤ ᠰᠢᠶᠠᠨ ᠤ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ | ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠢᠲᠡᠭᠡᠮᠵᠢ ᠶᠢᠨ ᠦᠨᠡᠯᠡᠯᠲᠡ | ᠬᠢᠬᠦ ᠠᠵᠢᠯ ᠢ ᠬᠠᠷᠢᠭᠤᠴᠠᠵᠤ᠂ ᠢᠲᠡᠭᠡᠮᠵᠢ ᠶᠢᠨ ᠦᠨᠡᠯᠡᠯᠲᠡ ᠬᠢᠭᠰᠡᠨ ᠪᠠᠶᠢᠳᠠᠯ ᠢ ᠲᠡᠮᠳᠡᠭᠯᠡᠬᠦ ᠶᠢᠨ ᠬᠠᠮᠲᠤ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠨᠡᠶᠢᠭᠡᠮ ᠳᠤ ᠨᠡᠶᠢᠲᠡᠯᠡᠬᠦ ᠬᠡᠷᠡᠭᠲᠡᠶ᠃ | ᠳᠥᠷᠪᠡᠳᠦᠭᠡᠷ ᠪᠦᠯᠦᠭ ᠬᠠᠮᠢᠶᠠᠷᠤᠯᠲᠠ | ᠭᠤᠴᠢᠳᠤᠭᠠᠷ ᠵᠦᠶᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ | ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠰᠢᠰᠲ᠋ᠧᠮᠵᠢ ᠪᠣᠯᠤᠨ | ᠠᠵᠢᠯᠯᠠᠭᠠᠨ ᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠳᠤ | ᠬᠢᠨᠠᠯᠲᠠ ᠲᠠᠯᠪᠢᠵᠤ ᠬᠠᠮᠢᠶᠠᠷᠬᠤ ᠪᠠᠨ ᠴᠢᠩᠭᠠᠳᠬᠠᠬᠤ ᠬᠡᠷᠡᠭᠲᠡᠶ᠃ | ᠭᠤᠴᠢᠨ ᠨᠢᠭᠡᠳᠦᠭᠡᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ ᠳᠤ ᠵᠠᠮ ᠤᠨ | ᠳᠠᠷᠤᠭ᠎ᠠ ᠶᠢᠨ ᠳᠦᠷᠢᠮ ᠢ ᠬᠡᠷᠡᠭᠵᠢᠭᠦᠯᠦᠨ᠎ᠡ᠃ ᠡᠯ᠎ᠡ ᠱᠠᠲᠤᠨ ᠤ ᠵᠠᠮ ᠤᠨ ᠳᠠᠷᠤᠭ᠎ᠠ ᠨᠢ ᠡᠭᠦᠷᠭᠡ ᠬᠠᠷᠢᠭᠤᠴᠠᠯᠭ᠎ᠠ | ᠪᠠᠨ ᠦᠨᠳᠦᠰᠦᠯᠡᠨ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠨ ᠬᠠᠮᠠᠭᠠᠯᠠᠬᠤ | ᠵᠣᠬᠢᠴᠠᠩᠭᠤᠶ ᠪᠦᠬᠦᠢ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠵᠤ ᠤᠳᠤᠷᠢᠳᠤᠨ᠎ᠠ᠃ | ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠨᠢ ᠲᠣᠰ ᠵᠠᠰᠠᠭ | ᠵᠠᠬᠢᠷᠭᠠᠨ ᠤ ᠣᠷᠣᠨ ᠤ ᠳᠣᠲᠣᠷᠠᠬᠢ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠶᠡᠷᠦᠩᠬᠡᠶ ᠵᠠᠮ ᠤᠨ | ᠳᠠᠷᠤᠭ᠎ᠠ ᠶᠢᠨ ᠲᠤᠰᠢᠶᠠᠯ ᠢ ᠡᠭᠦᠷᠭᠡᠯᠡᠨ᠎ᠡ᠃ | ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠢ ᠲᠤᠰ ᠵᠠᠰᠠᠭ ᠵᠠᠬᠢᠷᠭᠠᠨ ᠤ ᠣᠷᠣᠨ ᠤ | ᠳᠣᠲᠣᠷᠠᠬᠢ ᠰᠢᠶᠠᠨ ᠤ ᠵᠠᠮ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠨ᠎ᠡ᠃ | ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠨᠢ ᠲᠤᠰ ᠵᠠᠰᠠᠭ | ᠵᠠᠬᠢᠷᠭᠠᠨ ᠤ ᠣᠷᠣᠨ ᠤ ᠳᠣᠲᠣᠷᠠᠬᠢ ᠰᠢᠶᠠᠩ ᠤᠨ ᠵᠠᠮ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠨ᠎ᠡ᠃ | ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ ᠭᠤᠣᠯ ᠬᠠᠷᠢᠭᠤᠴᠠᠯᠭᠠᠲᠠᠨ ᠨᠢ ᠲᠣᠰᠬᠤᠨ ᠤ ᠵᠠᠮ ᠤᠨ ᠳᠠᠷᠤᠭ᠎ᠠ | ᠶᠢᠨ ᠲᠤᠰᠢᠶᠠᠯ ᠢ ᠡᠭᠦᠷᠭᠡᠯᠡᠨ᠎ᠡ᠃ | ᠭᠤᠴᠢᠨ ᠬᠤᠶᠠᠳᠤᠭᠠᠷ ᠵᠦᠶᠯ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠲᠠᠷᠢᠶᠠᠯᠠᠬᠤ ᠮᠠᠯᠵᠢᠬᠤ ᠣᠷᠣᠨ ᠤ | ᠵᠠᠰᠠᠮᠠᠯ ᠵᠠᠮ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠬᠤ ᠪᠠᠨ | ᠴᠢᠩᠭᠠᠳᠬᠠᠬᠤ ᠬᠡᠷᠡᠭᠲᠡᠶ᠃ | ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠨᠢ | ᠲᠤᠬᠠᠶ ᠶᠢᠨ ᠭᠠᠵᠠᠷ ᠤᠨ ᠲᠠᠷᠢᠶᠠᠴᠢᠨ ᠮᠠᠯᠴᠢᠨ ᠢ ᠤᠷᠢᠨ ᠬᠡᠷᠡᠭᠯᠡᠵᠦ ᠬᠠᠪᠰᠤᠷᠤᠨ ᠬᠠᠮᠢᠶᠠᠷᠤᠭᠴᠢ ᠪᠣᠯᠭᠠᠵᠤ᠂ | ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠬᠠᠮᠠᠭᠠᠯᠠᠯᠲᠠ ᠶᠢᠨ ᠠᠵᠢᠯ ᠢ ᠬᠠᠮᠵᠢᠨ ᠦᠷᠨᠢᠭᠦᠯᠵᠦ ᠪᠣᠯᠤᠨ᠎ᠠ᠃ | | ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠨᠢ | ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠲᠠᠢ ᠬᠠᠮᠵᠢᠯᠴᠠᠨ ᠰᠢᠶᠠᠩ ᠤᠨ ᠵᠠᠮ᠂ ᠲᠣᠰᠬᠤᠨ | ᠤ ᠵᠠᠮ ᠢ ᠡᠪᠳᠡᠭᠰᠡᠨ ᠦᠢᠯᠡ ᠠᠵᠢᠯᠯᠠᠭ᠎ᠠ ᠳᠤ ᠲᠥᠯᠥᠪᠦᠷᠢ ᠨᠡᠬᠡᠬᠦ ᠬᠡᠷᠡᠭᠲᠡᠶ᠃ | ᠭᠤᠴᠢᠨ ᠭᠤᠷᠪᠠᠳᠤᠭᠠᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠬᠤᠶᠠᠷ ᠲᠠᠯ᠎ᠠ ᠶᠢᠨ ᠬᠠᠵᠠᠭᠤ | ᠶᠢᠨ ᠭᠤᠤ ︵ᠤᠰᠤ ᠬᠤᠷᠢᠬᠤ ᠭᠤᠤ᠂ ᠪᠠᠯ ᠤᠨ ᠬᠤᠷᠮᠣᠢ ᠬᠠᠮᠠᠭᠠᠯᠠᠬᠤ ᠨᠠᠯᠠᠤ ᠵᠠᠮ︶ ᠶᠢᠨ ᠭᠠᠳᠠᠷ ᠬᠥᠪᠡᠭᠡ ᠠᠴᠠ | ᠡᠬᠢᠯᠡᠨ 1 ᠮᠧᠲᠷ ᠠᠴᠠ ᠳᠤᠲᠠᠭᠤ ᠦᠭᠡᠢ ᠪᠣᠯ ᠵᠠᠰᠠᠮᠠᠯ ᠵᠠᠮ ᠤᠨ ᠬᠡᠷᠡᠭᠯᠡᠬᠦ ᠭᠠᠵᠠᠷ ᠪᠣᠯᠤᠨ᠎ᠠ︔ ᠵᠠᠰᠠᠮᠠᠯ ᠵᠠᠮ ᠤᠨ | ᠬᠡᠷᠡᠭᠯᠡᠬᠦ ᠭᠠᠵᠠᠷ ᠤᠨ ᠭᠠᠳᠠᠷ ᠬᠦᠪᠡᠭᠡ ᠠᠴᠠ ᠡᠬᠢᠯᠡᠨ᠂ ᠰᠢᠶᠠᠨ ᠤ ᠵᠠᠮ ᠢ 10 ᠮᠧᠲᠷ ᠠᠴᠠ ᠳᠤᠲᠠᠭᠤ ᠦᠭᠡᠶ᠂ | ᠰᠢᠶᠠᠩ ᠤᠨ ᠵᠠᠮ ᠢ 5 ᠮᠧᠲᠷ ᠠᠴᠠ ᠳᠤᠲᠠᠭᠤ ᠦᠭᠡᠶ᠂ ᠲᠣᠰᠬᠤᠨ ᠤ ᠵᠠᠮ ᠢ 3 ᠮᠧᠲᠷ ᠠᠴᠠ ᠳᠤᠲᠠᠭᠤ ᠦᠭᠡᠶ | ᠪᠠᠷᠢᠮᠵᠢᠶ᠎ᠠ ᠶᠣᠰᠤᠭᠠᠷ ᠵᠠᠰᠠᠮᠠᠯ ᠵᠠᠮ ᠤᠨ ᠪᠠᠷᠢᠯᠭ᠎ᠠ ᠶᠢᠨ ᠡᠵᠡᠮᠳᠡᠬᠦ ᠲᠣᠭᠤᠷᠢᠭ ᠢ ᠬᠤᠪᠢᠶᠠᠷᠢᠯᠠᠨ ᠲᠣᠭᠲᠠᠭᠠᠨ᠎ᠠ᠃ | ᠭᠤᠴᠢᠨ ᠳᠥᠷᠪᠡᠳᠦᠭᠡᠷ ᠵᠦᠶᠯ᠂ ᠳᠣᠤᠷᠠᠬᠢ ᠮᠡᠲᠦ ᠪᠠᠷᠢᠯᠭ᠎ᠠ ᠶᠢᠨ ᠠᠵᠢᠯ ᠬᠢᠬᠦ ᠳᠤ ᠲᠣᠰᠬᠤᠨ ᠤ ᠵᠠᠮ ᠳᠤ | ᠬᠤᠯᠪᠣᠭᠳᠠᠪᠠᠯ᠂ ᠪᠦᠲᠦᠭᠡᠨ ᠪᠠᠶᠢᠭᠤᠯᠬᠤ ᠨᠢᠭᠡᠴᠢ ᠨᠢ ᠤᠷᠢᠳᠠᠪᠠᠷ ᠬᠤᠯᠪᠣᠭᠳᠠᠯ ᠪᠦᠬᠦᠢ ᠰᠤᠮᠤ ᠰᠢᠶᠠᠩ ᠪᠠᠯᠭᠠᠰᠤ | ᠶᠢᠨ ᠠᠷᠠᠳ ᠤᠨ ᠵᠠᠰᠠᠭ ᠤᠨ ᠣᠷᠳᠣᠨ ᠪᠣᠯᠤᠨ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ ᠰᠠᠨᠠᠯ ᠢ | ᠬᠤᠷᠢᠶᠠᠬᠤ ᠶᠢᠨ ᠬᠠᠮᠲᠤ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠬᠡᠷᠡᠭᠲᠡᠶ᠄ | ︵ᠨᠢᠭᠡ︶ ᠲᠡᠮᠦᠷ ᠵᠠᠮ᠂ ᠨᠢᠰᠬᠡᠯ ᠤᠨ ᠪᠠᠭᠤᠳᠠᠯ᠂ ᠴᠠᠬᠢᠯᠭᠠᠨ ᠬᠠᠩᠭᠠᠬᠤ᠂ ᠤᠰᠤᠨ ᠠᠰᠢᠭᠯᠠᠯᠲᠠ᠂ ᠰᠢᠲᠠᠮᠠᠬᠠᠶ | ᠬᠡᠢ᠂ ᠴᠢᠮᠡᠭᠡ ᠬᠤᠯᠪᠣᠭ᠎ᠠ ᠵᠡᠷᠭᠡ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢ ᠪᠠᠶᠢᠭᠤᠯᠬᠤ ᠠᠴᠠ ᠪᠣᠯᠵᠤ | ᠲᠣᠰᠬᠤᠨ ᠤ ᠵᠠᠮ ᠵᠢᠴᠢ ᠬᠡᠷᠡᠭᠯᠡᠬᠦ ᠭᠠᠵᠠᠷ ᠢ ᠨᠢ ᠡᠵᠡᠯᠡᠨ ᠬᠡᠷᠡᠭᠯᠡᠬᠦ᠂ ᠮᠠᠯᠲᠠᠬᠤ ᠪᠤᠶᠤ ᠲᠣᠰᠬᠤᠨ ᠤ ᠵᠠᠮ ᠢ | ᠬᠤᠪᠢᠷᠠᠭᠤᠯᠬᠤ︔ | ︵ᠬᠤᠶᠠᠷ︶ ᠲᠣᠰᠬᠤᠨ ᠤ ᠵᠠᠮ ᠢ ᠳᠠᠪᠠᠵᠤ ᠬᠥᠭᠦᠷᠭᠡ᠂ ᠰᠤᠪᠠᠭ ᠵᠠᠰᠠᠬᠤ ᠪᠤᠶᠤ ᠬᠤᠭᠤᠯᠠᠶ᠂ ᠴᠠᠬᠢᠯᠭᠠᠨ ᠳᠡᠭᠡᠰᠦ | ᠵᠡᠷᠭᠡ ᠲᠦᠬᠦᠭᠡᠷᠦᠮᠵᠢ ᠶᠢ ᠲᠠᠲᠠᠬᠤ᠂ ᠪᠤᠯᠠᠵᠤ ᠲᠠᠯᠪᠢᠬᠤ︔ | ︵ᠭᠤᠷᠪᠠ︶ ᠲᠤᠰᠬᠤᠨ ᠤ ᠵᠠᠮ ᠤᠨ ᠬᠡᠷᠡᠭᠯᠡᠬᠦ ᠭᠠᠵᠠᠷ ᠤᠨ ᠬᠡᠪᠴᠢᠶᠡᠨ ᠳᠣᠲᠣᠷ᠎ᠠ ᠬᠤᠭᠤᠯᠠᠢ᠂ ᠴᠠᠬᠢᠯᠭᠠᠨ ᠳᠡᠭᠡᠰᠦ | ᠵᠡᠷᠭᠡ ᠲᠥᠬᠦᠭᠡᠷᠦᠮᠵᠢ ᠶᠢ ᠲᠠᠲᠠᠬᠤ᠂ ᠪᠤᠯᠠᠵᠤ ᠲᠠᠯᠪᠢᠬᠤ︔ | ︵ᠳᠥᠷᠪᠡ︶ ᠲᠣᠰᠬᠤᠨ ᠤ ᠵᠠᠮ ᠤᠨ ᠬᠥᠭᠦᠷᠭᠡ᠂ ᠨᠦᠬᠡᠨ ᠵᠠᠮ᠂ ᠭᠤᠯᠳᠤᠩ ᠢ ᠠᠰᠢᠭᠯᠠᠨ ᠴᠠᠬᠢᠯᠭᠠᠨ ᠳᠡᠭᠡᠰᠦ | ᠵᠡᠷᠭᠡ ᠲᠦᠬᠦᠭᠡᠷᠦᠮᠵᠢ ᠶᠢ ᠳᠡᠪᠢᠰᠬᠦ︔ | ︵ᠲᠠᠪᠤ︶ ᠲᠣᠰᠬᠤᠨ ᠤ ᠵᠠᠮ ᠠᠯᠤᠰᠯᠠᠭᠰᠠᠨ ᠲᠦᠬᠦᠭᠡᠷᠦᠮᠵᠢ ᠶᠢ ᠠᠰᠢᠭᠯᠠᠨ ᠵᠠᠰᠠᠮᠠᠯ ᠵᠠᠮ ᠤᠨ ᠪᠤᠰᠤ ᠲᠡᠮᠳᠡᠭ ᠢ | ᠡᠯᠭᠦᠬᠦ︔ | ︵ᠵᠢᠷᠭᠤᠭ᠎ᠠ︶ ᠲᠣᠰᠬᠤᠨ ᠤ ᠵᠠᠮ ᠤᠨ ᠪᠠᠷᠢᠯᠭ᠎ᠠ ᠶᠢᠨ ᠡᠵᠡᠮᠰᠢᠯ ᠤᠨ ᠣᠷᠣᠨ ᠳᠣᠲᠣᠷ᠎ᠠ ᠬᠤᠭᠤᠯᠠᠶ᠂ ᠴᠠᠬᠢᠯᠭᠠᠨ | ᠳᠡᠭᠡᠰᠦ ᠵᠡᠷᠭᠡ ᠲᠦᠬᠦᠭᠡᠷᠦᠮᠵᠢ ᠶᠢ ᠪᠤᠯᠠᠵᠤ ᠲᠠᠯᠪᠢᠬᠤ︔ | ︵ᠳᠣᠯᠤᠭ᠎ᠠ︶ ᠬᠠᠪᠲᠠᠭᠠᠶ ᠵᠠᠮ ᠤᠨ ᠠᠭᠤᠯᠵᠠᠷ ᠢ ᠥᠭᠡᠷᠡᠴᠢᠯᠡᠬᠦ᠃ | ᠡᠮᠦᠨᠡᠬᠢ ᠪᠠᠳᠠᠭ ᠲᠤ ᠲᠣᠭᠲᠠᠭᠠᠭᠰᠠᠨ ᠠᠵᠢᠯᠯᠠᠭ᠎ᠠ ᠨᠢ ᠵᠠᠮ ᠬᠠᠷᠢᠯᠴᠠᠭᠠᠨ ᠤ ᠠᠮᠤᠷ ᠲᠦᠪᠰᠢᠨ ᠢ ᠨᠥᠯᠥᠭᠡᠯᠡᠬᠦ ᠳᠤ | ᠬᠦᠷᠪᠡᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠠᠬᠢ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠨ ᠵᠥᠪᠰᠢᠶᠡᠷᠡᠯ ᠢ ᠤᠯᠬᠤ ᠬᠡᠷᠡᠭᠲᠡᠢ᠃ | ᠭᠤᠴᠢᠨ ᠲᠠᠪᠤᠳᠤᠭᠠᠷ ᠵᠦᠶᠯ᠂ ᠲᠣᠰᠬᠤᠨ ᠤ ᠵᠠᠮ ᠵᠢᠴᠢ ᠪᠣᠰᠤᠳ ᠬᠡᠷᠡᠭᠯᠡᠬᠦ ᠭᠠᠵᠠᠷ ᠤᠨ ᠬᠡᠪᠴᠢᠶᠡᠨ ᠳᠤ ᠳᠣᠤᠷᠠᠬᠢ | ᠮᠡᠲᠦ ᠦᠢᠯᠡ ᠠᠵᠢᠯᠯᠠᠭ᠎ᠠ ᠶᠢ ᠬᠢᠵᠦ ᠪᠣᠯᠬᠤ ᠦᠭᠡᠶ᠄ | ︵ᠨᠢᠭᠡ︶ ᠬᠠᠷᠰᠢ ᠰᠠᠭᠠᠳ ᠲᠠᠯᠪᠢᠬᠤ᠂ ᠳᠠᠭᠠᠯᠲᠠ ᠲᠥᠬᠦᠭᠡᠷᠦᠮᠵᠢ ᠶᠢ ᠡᠪᠳᠡᠬᠦ ᠪᠤᠶᠤ ᠳᠤᠷ᠎ᠠ ᠪᠠᠷ ᠢᠶᠠᠨ | ᠰᠢᠯᠵᠢᠭᠦᠯᠬᠦ᠂ ᠪᠠᠯᠠᠯᠤᠨ ᠵᠠᠰᠠᠬᠤ︔ | ︵ᠬᠤᠶᠠᠷ︶ ᠤᠰᠤ ᠨᠡᠮᠡᠬᠦ ᠥᠷᠲᠡᠭᠡ᠂ ᠲᠣᠰᠣ ᠨᠡᠮᠡᠬᠦ ᠥᠷᠲᠡᠭᠡ᠂ ᠲᠡᠷᠭᠡᠨ ᠵᠣᠭᠰᠣᠭᠠᠯ᠂ ᠲᠡᠷᠭᠡ ᠤᠬᠢᠶᠠᠬᠤ | ᠲᠠᠯᠠᠪᠠᠶ᠂ ᠲᠡᠷᠭᠡ ᠵᠠᠰᠠᠬᠤ ᠦᠶᠯᠡᠳᠪᠦᠷᠢ ᠪᠣᠯᠤᠨ ᠵᠠᠷ ᠮᠡᠳᠡᠭᠡ ᠶᠢᠨ ᠫᠠᠶᠢᠰᠠ ᠵᠡᠷᠭᠡ ᠲᠦᠬᠦᠭᠡᠷᠦᠮᠵᠢ ᠪᠠᠶᠢᠷᠢᠯᠠᠭᠤᠯᠬᠤ | ︔ | ︵ᠭᠤᠷᠪᠠ︶ ᠰᠦᠢᠳᠬᠡᠯ ᠬᠤᠷᠢᠶᠠᠬᠤ᠂ ᠬᠠᠤᠯᠢ ᠪᠤᠰᠤ ᠪᠠᠷ ᠬᠤᠷᠢᠭ᠎ᠠ ᠲᠠᠯᠪᠢᠬᠤ︔ | ︵ᠳᠥᠷᠪᠡ︶ ᠵᠠᠮ ᠳᠠᠭᠠᠤ ᠶᠢᠨ ᠨᠣᠭᠤᠭᠠᠷᠠᠭᠤᠯᠤᠯᠲᠠ ᠶᠢᠨ ᠮᠣᠳᠣ ᠶᠢ ᠳᠤᠷ᠎ᠠ ᠪᠠᠷ ᠢᠶᠠᠨ ᠣᠭᠲᠣᠯᠬᠤ︔ | ︵ᠲᠠᠪᠤ︶ ᠲᠡᠮᠦᠷ ᠬᠦᠷᠳᠦᠲᠦ ᠲᠡᠷᠭᠡ᠂ ᠭᠢᠨᠵᠢᠲᠦ ᠲᠡᠷᠭᠡ ᠪᠠ ᠵᠠᠰᠠᠮᠠᠯ ᠵᠠᠮ ᠤᠨ ᠭᠠᠳᠠᠷᠭᠤ ᠶᠢ ᠡᠪᠳᠡᠵᠦ ᠮᠡᠳᠡᠬᠦ | ᠪᠤᠰᠤᠳ ᠮᠠᠰᠢᠨ ᠪᠠᠭᠠᠵᠢ ᠪᠠᠷ ᠲᠣᠰᠬᠤᠨ ᠤ ᠵᠠᠮ ᠳᠡᠭᠡᠷ᠎ᠡ ᠶᠠᠪᠤᠬᠤ︔ | ︵ᠵᠢᠷᠭᠤᠭ᠎ᠠ︶ ᠲᠣᠰᠬᠤᠨ ᠤ ᠵᠠᠮ ᠤᠨ ᠵᠠᠰᠠᠮᠠᠯ ᠵᠠᠮ ᠤᠨ ᠬᠡᠷᠡᠭᠯᠡᠬᠦ ᠭᠠᠵᠠᠷ ᠤᠨ ᠭᠠᠳᠠᠷ ᠬᠦᠪᠡᠭᠡ ᠠᠴᠠ ᠡᠬᠢᠯᠡᠨ | ᠭᠠᠳᠠᠭᠰᠢ 50 ᠮᠧᠲᠷ ᠤᠨ ᠬᠡᠪᠴᠢᠶᠡᠨ ᠳᠣᠲᠣᠷ᠎ᠠ ᠬᠠᠶᠢᠷ ᠮᠠᠯᠲᠠᠬᠤ᠂ ᠠᠭᠤᠷᠬᠠᠶ ᠮᠠᠯᠲᠠᠬᠤ᠂ ᠴᠢᠯᠠᠭᠤ ᠭᠠᠷᠭᠠᠬᠤ᠂ | ᠰᠢᠷᠣᠶ ᠠᠪᠬᠤ᠂ ᠬᠠᠶᠠᠭᠳᠠᠮᠠᠯ ᠡᠳ᠋ ᠴᠢᠳᠬᠤᠬᠤ᠂ ᠳᠡᠯᠪᠡᠴᠢᠬᠦ ᠠᠵᠢᠯ ᠬᠢᠬᠦ ᠪᠠ ᠪᠣᠰᠤᠳ ᠵᠠᠰᠠᠮᠠᠯ ᠵᠠᠮ ᠤᠨ ᠠᠮᠤᠷ | ᠲᠥᠪᠰᠢᠨ ᠳᠤ ᠬᠥᠨᠥᠭᠡᠯ ᠤᠴᠠᠷᠠᠭᠤᠯᠬᠤ ᠠᠵᠢᠯᠯᠠᠭ᠎ᠠ ᠬᠢᠬᠦ︔ | ︵ᠳᠣᠯᠤᠭ᠎ᠠ︶ ᠳᠡᠯᠭᠡᠨ ᠬᠤᠳᠠᠯᠳᠤᠬᠤ ᠴᠡᠭ ᠪᠠᠶᠢᠭᠤᠯᠬᠤ᠂ ᠡᠳ᠋ ᠪᠣᠳᠠᠰ ᠣᠪᠣᠭᠠᠯᠠᠬᠤ᠂ ᠬᠤᠭ ᠨᠣᠪᠰᠢ ᠬᠠᠶᠠᠬᠤ᠂ | ᠰᠤᠪᠠᠭ ᠮᠠᠯᠲᠠᠵᠤ ᠤᠰᠤ ᠲᠠᠲᠠᠬᠤ᠂ ᠦᠲᠦᠷᠮ᠎ᠡ ᠠᠪᠴᠤ ᠠᠮᠤ ᠪᠤᠳᠠᠭ᠎ᠠ ᠬᠠᠳᠠᠭᠠᠬᠤ᠂ ᠲᠠᠷᠢᠮᠠᠯ ᠲᠠᠷᠢᠬᠤ᠂ ᠮᠠᠯ | ᠬᠠᠷᠢᠭᠤᠯᠬᠤ᠂ ᠡᠳ᠋ ᠪᠣᠳᠠᠰ ᠰᠢᠲᠠᠭᠠᠬᠤ᠂ ᠵᠠᠰᠠᠮᠠᠯ ᠵᠠᠮ ᠤᠨ ᠬᠠᠵᠠᠭᠤ ᠶᠢᠨ ᠭᠤᠤ ᠶᠢ ᠠᠰᠢᠭᠯᠠᠨ ᠪᠣᠬᠢᠷ ᠪᠣᠳᠠᠰ | ᠭᠠᠳᠠᠭᠰᠢᠯᠠᠭᠤᠯᠬᠤ︔ | ︵ᠨᠠᠶᠮᠠ︶ ᠲᠣᠰᠬᠤᠨ ᠤ ᠵᠠᠮ ᠢ ᠲᠡᠷᠭᠡᠨ ᠤ ᠲᠣᠷᠮᠣᠰᠯᠠᠬᠤ ᠴᠢᠳᠠᠮᠵᠢ ᠶᠢ ᠰᠢᠯᠭᠠᠬᠤ ᠲᠡᠷᠭᠡ ᠲᠤᠷᠰᠢᠬᠤ ᠲᠠᠯᠠᠪᠤᠷ | ᠪᠣᠯᠭᠠᠬᠤ︔ | ︵ᠶᠢᠰᠦ︶ ᠲᠣᠰᠬᠤᠨ ᠤ ᠵᠠᠮ ᠢ ᠡᠵᠡᠯᠡᠬᠦ᠂ ᠡᠪᠳᠡᠬᠦ᠂ ᠡᠪᠳᠡᠯᠡᠬᠦ᠂ ᠲᠣᠰᠬᠤᠨ ᠤ ᠵᠠᠮ ᠤᠨ ᠠᠮᠤᠷ ᠲᠦᠪᠰᠢᠨ ᠳᠤ | ᠠᠶᠤᠯ ᠤᠴᠠᠷᠠᠭᠤᠯᠬᠤ ᠪᠤᠰᠤᠳ ᠦᠢᠯᠡ ᠠᠵᠢᠯᠯᠠᠭ᠎ᠠ᠃ | ᠲᠠᠷᠢᠶᠠᠯᠠᠩ ᠤᠨ ᠮᠧᠬᠠᠨᠢᠭ ᠨᠢ ᠲᠤᠬᠠᠢ ᠶᠢᠨ ᠭᠠᠵᠠᠷ ᠤᠨ ᠲᠠᠷᠢᠶᠠᠨ ᠠᠵᠢᠯ ᠤᠨ ᠬᠡᠷᠡᠭᠴᠡᠭᠡ ᠠᠴᠠ ᠪᠤᠯᠵᠤ ᠲᠣᠰᠬᠤᠨ | ᠤ ᠵᠠᠮ ᠢᠶᠠᠷ ᠤᠢᠢᠷ᠎ᠠ ᠵᠠᠢ ᠳᠤ ᠶᠠᠪᠤᠬᠤ ᠪᠤᠶᠤ ᠴᠡᠷᠢᠭ ᠤᠨ ᠬᠡᠷᠡᠭᠯᠡᠭᠡᠨ ᠤ ᠲᠡᠷᠭᠡ ᠬᠦᠰᠬᠡ ᠨᠢ ᠡᠭᠦᠷᠭᠡ | ᠭᠦᠢᠴᠡᠳᠬᠡᠬᠦ ᠳᠤ ᠲᠣᠰᠬᠤᠨ ᠤ ᠵᠠᠮ ᠢᠶᠠᠷ ᠶᠠᠪᠤᠬᠤ ᠴᠢᠬᠤᠯᠠᠲᠠᠢ ᠪᠠᠶᠢᠪᠠᠯ᠂ ᠡᠮᠦᠨᠡᠬᠢ ᠪᠠᠳᠠᠭ ᠤᠨ ᠲᠠᠪᠤᠳᠤᠭᠠᠷ | ᠵᠤᠷᠪᠤᠰ ᠲᠤ ᠬᠢᠵᠠᠭᠠᠷᠯᠠᠭᠳᠠᠬᠤ ᠦᠭᠡᠢ ᠪᠠᠶᠢᠵᠤ ᠪᠣᠯᠤᠨ᠎ᠠ᠂ ᠭᠡᠪᠡᠴᠦ ᠠᠶᠤᠯᠭᠦᠢ ᠶᠢᠨ ᠬᠠᠮᠠᠭᠠᠯᠠᠯᠲᠠ ᠶᠢᠨ ᠠᠷᠭ᠎ᠠ | ᠬᠡᠮᠵᠢᠶ᠎ᠡ ᠠᠪᠬᠤ ᠬᠡᠷᠡᠭᠲᠡᠢ᠃ ᠲᠣᠰᠬᠤᠨ ᠤ ᠵᠠᠮ ᠳᠤ ᠬᠤᠬᠢᠷᠠᠯ ᠤᠴᠠᠷᠠᠭᠤᠯᠤᠭᠰᠠᠨ ᠪᠣᠯ ᠬᠤᠬᠢᠷᠠᠭᠰᠠᠨ ᠬᠡᠮᠵᠢᠶ᠎ᠡ | ᠪᠠᠷ ᠨᠢ ᠨᠥᠬᠦᠪᠥᠷᠢ ᠥᠭᠴᠦ᠂ ᠬᠠᠮᠢᠶ᠎ᠠ ᠪᠦᠬᠦᠢ ᠨᠥᠬᠦᠪᠥᠷᠢ ᠵᠠᠷᠤᠳᠠᠯ ᠢ ᠲᠣᠰᠬᠤᠨ ᠤ ᠵᠠᠮ ᠢ ᠰᠡᠷᠭᠦᠭᠡᠬᠦ ᠳᠤ | ᠬᠡᠷᠡᠭᠯᠡᠬᠦ ᠬᠡᠷᠡᠭᠲᠡᠶ᠃ | ᠭᠤᠴᠢᠨ ᠵᠢᠷᠭᠤᠳᠤᠭᠠᠷ ᠵᠦᠶᠯ᠂ ᠬᠠᠤᠯᠢ ᠠᠴᠠ ᠵᠥᠷᠢᠴᠡᠨ ᠬᠡᠮᠵᠢᠶ᠎ᠡ ᠠᠴᠠ ᠬᠡᠲᠦᠷᠡᠭᠦᠯᠦᠭᠰᠡᠨ ᠲᠡᠭᠡᠭᠡᠪᠦᠷᠢ ᠶᠢᠨ | ᠲᠡᠷᠭᠡ ᠬᠥᠰᠬᠡ ᠪᠣᠯᠤᠨ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠲᠠᠭᠠᠭᠠᠴᠠ ᠶᠢ ᠬᠢᠵᠠᠭᠠᠷᠯᠠᠬᠤ᠂ | ᠥᠨᠳᠥᠷ ᠢ ᠬᠢᠵᠠᠭᠠᠷᠯᠠᠬᠤ᠂ ᠥᠷᠭᠡᠨ ᠢ ᠬᠢᠵᠠᠭᠠᠷᠯᠠᠬᠤ᠂ ᠤᠷᠲᠤ ᠶᠢ ᠬᠢᠵᠠᠭᠠᠷᠯᠠᠬᠤ ᠪᠠᠷᠢᠮᠵᠢᠶ᠎ᠠ ᠠᠴᠠ | ᠬᠡᠲᠦᠷᠡᠭᠦᠯᠦᠭᠰᠡᠨ ᠲᠡᠷᠭᠡ ᠬᠥᠰᠬᠡ ᠨᠢ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢᠶᠠᠷ ᠶᠠᠪᠤᠵᠤ ᠪᠣᠯᠬᠤ | ᠦᠭᠡᠶ᠃ | ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠦᠨᠳᠦ ᠠᠴᠢᠶᠠᠯᠠᠬᠤ ᠲᠡᠷᠭᠡ ᠬᠥᠰᠬᠡ ᠨᠢ ᠲᠠᠷᠢᠶᠠᠯᠠᠬᠤ ᠮᠠᠯᠵᠢᠬᠤ | ᠣᠷᠣᠨ ᠤ ᠵᠠᠰᠠᠮᠠᠯ ᠵᠠᠮ ᠢᠶᠠᠷ ᠨᠡᠪᠲᠡᠷᠡᠬᠦ ᠴᠢᠬᠤᠯᠠᠲᠠᠢ ᠪᠣᠯ᠂ ᠪᠦᠲᠦᠭᠡᠨ ᠪᠠᠶᠢᠭᠤᠯᠤᠯᠲᠠ ᠶᠢᠨ ᠨᠢᠭᠡᠴᠢ ᠨᠢ ᠲᠡᠷᠭᠡ | ᠶᠠᠪᠤᠭᠤᠯᠬᠤ ᠵᠠᠮ ᠱᠤᠭᠤᠮ ᠢ ᠵᠦᠢ ᠵᠣᠬᠢᠰᠲᠠᠶ ᠲᠥᠯᠥᠪᠵᠢᠭᠦᠯᠵᠦ᠂ ᠲᠡᠷᠭᠡ ᠬᠥᠰᠬᠡ ᠶᠢᠨ ᠳᠠᠭᠠᠭᠠᠴᠠ ᠶᠢ | ᠬᠢᠵᠠᠭᠠᠷᠯᠠᠨ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠶᠠᠰᠤ ᠴᠢᠨᠠᠷ ᠤᠨ ᠠᠮᠤᠷ ᠲᠥᠪᠰᠢᠨ ᠤ ᠲᠠᠯ᠎ᠠ | ᠪᠠᠷ ᠬᠢ ᠨᠥᠯᠥᠭᠡ ᠶᠢ ᠪᠠᠭᠠᠰᠬᠠᠵᠤ᠂ ᠪᠠᠷᠢᠯᠭ᠎ᠠ ᠪᠠᠷᠢᠬᠤ ᠠᠴᠠ ᠡᠮᠦᠨ᠎ᠡ ᠨᠡᠪᠲᠡᠷᠡᠬᠦ ᠵᠠᠮ ᠤᠨ ᠬᠡᠰᠡᠭ ᠤᠨ | ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠬᠠᠷᠢᠭᠤᠴᠠᠯᠭ᠎ᠠ ᠶᠢᠨ ᠭᠤᠣᠯ ᠴᠣᠭᠴᠠ | ᠯᠤᠭ᠎ᠠ ᠵᠠᠰᠠᠵᠤ ᠰᠡᠷᠭᠦᠭᠡᠬᠦ᠂ ᠨᠥᠬᠦᠪᠥᠷᠢ ᠥᠭᠬᠦ ᠵᠡᠷᠭᠡ ᠵᠥᠪᠯᠡᠯᠴᠡᠭᠡᠷ ᠲᠣᠭᠲᠠᠬᠤ ᠬᠡᠷᠡᠭᠲᠡᠶ᠃ | ᠭᠤᠴᠢᠨ ᠳᠣᠯᠣᠳᠤᠭᠠᠷ ᠵᠦᠶᠯ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ | ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠠᠷᠠᠭ᠎ᠠ ᠶᠢᠨ ᠲᠡᠭᠡᠭᠡᠪᠦᠷᠢ ᠶᠢᠨ ᠢᠷᠡᠯᠲᠡ ᠶᠢᠨ ᠬᠡᠮᠵᠢᠶ᠎ᠡ | ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠢ ᠴᠢᠩᠭᠠᠳᠬᠠᠨ᠂ ᠵᠠᠮ ᠬᠠᠷᠢᠯᠴᠠᠭ᠎ᠠ ᠲᠡᠭᠡᠭᠡᠪᠦᠷᠢ᠂ | ᠳᠣᠲᠣᠭᠠᠳᠤ ᠶᠢ ᠬᠠᠮᠠᠭᠠᠯᠠᠬᠤ᠂ ᠠᠵᠤ ᠦᠶᠯᠡᠳᠪᠦᠷᠢ ᠪᠣᠯᠤᠨ ᠮᠡᠳᠡᠭᠡ ᠵᠠᠩᠭᠢᠴᠢᠯᠠᠯᠲᠠ᠂ ᠣᠷᠣᠨ ᠰᠠᠭᠤᠴᠠ ᠪᠣᠯᠤᠨ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ᠂ ᠤᠰᠤᠨ ᠤ ᠵᠠᠰᠠᠭ ᠵᠠᠬᠢᠷᠭᠠᠨ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠢ ᠵᠣᠬᠢᠶᠠᠨ | ᠪᠠᠶᠢᠭᠤᠯᠤᠨ ᠪᠠᠷᠠᠭ᠎ᠠ ᠶᠢᠨ ᠲᠡᠭᠡᠭᠡᠪᠦᠷᠢ ᠶᠢᠨ ᠢᠷᠡᠯᠲᠡ ᠶᠢᠨ ᠨᠢᠭᠡᠴᠢ ᠶᠢᠨ ᠪᠠᠷᠠᠭ᠎ᠠ ᠠᠴᠢᠶᠠᠯᠠᠬᠤ ᠭᠤᠭᠴᠤᠭ᠎ᠠ ᠳᠤ | ᠬᠢᠨᠠᠯᠲᠠ ᠲᠠᠯᠪᠢᠵᠤ ᠪᠠᠶᠢᠴᠠᠭᠠᠬᠤ ᠬᠡᠷᠡᠭᠲᠡᠶ᠃ | ᠭᠤᠴᠢᠨ ᠨᠠᠶᠮᠠᠳᠤᠭᠠᠷ ᠵᠦᠶᠯ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ ᠶᠢᠨ ᠠᠷᠠᠳ | ᠤᠨ ᠵᠠᠰᠠᠭ ᠤᠨ ᠣᠷᠳᠣᠨ ᠨᠢ ᠰᠢᠶᠠᠩ ᠤᠨ ᠵᠠᠮ᠂ ᠲᠣᠰᠬᠤᠨ ᠤ ᠵᠠᠮ ᠤᠨ ᠬᠡᠷᠡᠭᠴᠡᠭᠡ ᠶᠢ ᠦᠨᠳᠦᠰᠦᠯᠡᠨ᠂ ᠠᠮᠤᠷ | ᠲᠦᠪᠰᠢᠨ ᠨᠡᠪᠲᠡᠷᠡᠬᠦ ᠪᠠ ᠭᠠᠯ ᠤᠨᠲᠠᠷᠠᠭᠠᠬᠤ᠂ ᠡᠷᠡᠭᠦᠯ ᠬᠠᠮᠠᠭᠠᠯᠠᠯ ᠤᠨ ᠲᠦᠷᠭᠡᠨ ᠠᠪᠤᠷᠠᠬᠤ ᠵᠡᠷᠭᠡ ᠪᠠᠴᠢᠮ | ᠪᠠᠶᠢᠳᠠᠯ ᠢ ᠠᠷᠭᠠᠴᠠᠭᠠᠬᠤ ᠬᠡᠷᠡᠭᠴᠡᠭᠡ ᠶᠢ ᠪᠠᠲᠤᠯᠠᠭᠰᠠᠨ ᠤᠷᠢᠲᠠᠯ ᠳᠣᠤᠷ᠎ᠠ᠂ ᠰᠢᠶᠠᠩ ᠤᠨ ᠵᠠᠮ᠂ ᠲᠣᠰᠬᠤᠨ ᠤ ᠵᠠᠮ | ᠤᠨ ᠣᠷᠤᠴᠠ ᠭᠠᠷᠴᠠ ᠳᠤ ᠬᠠᠤᠯᠢ ᠶᠣᠰᠣᠭᠠᠷ ᠴᠢᠬᠤᠯᠠ ᠪᠦᠬᠦᠢ ᠥᠨᠳᠥᠷ ᠢ ᠬᠢᠵᠠᠭᠠᠷᠯᠠᠬᠤ᠂ ᠥᠷᠭᠡᠨ ᠢ | ᠬᠢᠵᠠᠭᠠᠷᠯᠠᠬᠤ ᠲᠦᠬᠦᠭᠡᠷᠦᠮᠵᠢ ᠶᠢ ᠲᠣᠬᠢᠷᠠᠭᠤᠯᠵᠤ ᠪᠣᠯᠤᠨ᠎ᠠ᠃ ᠥᠨᠳᠥᠷ ᠢ ᠬᠢᠵᠠᠭᠠᠷᠯᠠᠬᠤ᠂ ᠥᠷᠭᠡᠨ ᠢ | ᠬᠢᠵᠠᠭᠠᠷᠯᠠᠬᠤ ᠲᠥᠬᠦᠭᠡᠷᠦᠮᠵᠢ ᠨᠢ ᠢᠯᠡᠷᠬᠡᠢ ᠲᠡᠮᠳᠡᠭ ᠪᠠ ᠰᠥᠨᠢ ᠪᠠᠷ ᠭᠡᠷᠡᠯ ᠣᠶᠢᠯᠠᠭᠠᠭᠴᠢ ᠲᠠᠢ ᠪᠠᠶᠢᠬᠤ ᠬᠡᠷᠡᠭᠲᠡᠢ᠃ | | ᠥᠨᠳᠥᠷ ᠢ ᠬᠢᠵᠠᠭᠠᠷᠯᠠᠬᠤ᠂ ᠥᠷᠭᠡᠨ ᠢ ᠬᠢᠵᠠᠭᠠᠷᠯᠠᠬᠤ ᠤᠶᠤᠨᠲᠤ ᠲᠦᠬᠦᠭᠡᠷᠦᠮᠵᠢ ᠪᠠᠶᠢᠷᠢᠯᠠᠭᠤᠯᠬᠤ ᠶᠢ | ᠵᠣᠷᠢᠭᠵᠢᠭᠤᠯᠤᠨ᠎ᠠ ᠃ | ᠲᠠᠪᠤᠳᠤᠭᠠᠷ ᠪᠦᠯᠦᠭ ᠠᠷᠠᠴᠢᠯᠠᠨ ᠬᠠᠮᠠᠭᠠᠯᠠᠬᠤ | ᠭᠤᠴᠢ ᠶᠢᠰᠦᠳᠦᠭᠡᠷ ᠵᠦᠶᠯ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ︽ᠰᠢᠶᠠᠨ ᠤ | ᠵᠠᠮ ᠢ ᠰᠢᠶᠠᠨ ᠠᠴᠠ ᠬᠠᠮᠢᠶᠠᠷᠬᠤ᠂ ᠰᠢᠶᠠᠩ ᠲᠣᠰᠬᠤᠨ ᠤ ᠵᠠᠮ ᠢ ᠰᠢᠶᠠᠩ ᠲᠣᠰᠬᠤᠨ ᠠᠴᠠ ᠬᠠᠮᠢᠶᠠᠷᠬᠤ︾ ᠵᠠᠷᠴᠢᠮ | ᠤᠨ ᠶᠣᠰᠣᠭᠠᠷ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠬᠠᠷᠢᠭᠤᠴᠠᠯᠭ᠎ᠠ ᠶᠢᠨ | ᠳᠦᠷᠢᠮ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ | ᠳᠥᠴᠢᠳᠦᠭᠡᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠳᠤ ᠬᠠᠮᠢᠶ᠎ᠠ | ᠪᠦᠬᠦᠢ ᠮᠡᠷᠭᠡᠵᠢᠯ ᠤᠨ ᠵᠢᠷᠤᠮᠵᠢᠯ ᠪᠣᠯᠤᠨ ᠠᠵᠢᠯᠯᠠᠬᠤ ᠳᠦᠷᠢᠮ ᠤᠨ ᠶᠣᠰᠣᠭᠠᠷ ᠶᠠᠪᠤᠭᠳᠠᠭᠤᠯᠵᠤ᠂ ᠵᠠᠮ ᠤᠨ | ᠰᠠᠭᠤᠷᠢ᠂ ᠬᠦᠪᠡᠭᠡᠨ ᠨᠠᠯᠠᠤ ᠤᠨ ᠲᠣᠭᠲᠠᠭᠤᠨ ᠪᠠᠶᠢᠬᠤ᠂ ᠵᠠᠮ ᠤᠨ ᠭᠠᠳᠠᠷᠭᠤ᠂ ᠪᠦᠲᠦᠴᠡ ᠡᠳ᠋ ᠪᠦᠷᠢᠨ ᠪᠦᠲᠦᠨ | ᠪᠠᠶᠢᠬᠤ ᠶᠢ ᠪᠠᠲᠤᠯᠠᠵᠤ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠮᠡᠷᠭᠡᠵᠢᠯ ᠤᠨ ᠰᠠᠶᠢᠨ ᠰᠠᠶᠢᠬᠠᠨ | ᠪᠠᠶᠢᠳᠠᠯ ᠲᠠᠢ ᠪᠠᠶᠢᠬᠤ ᠶᠢ ᠪᠠᠲᠤᠯᠠᠬᠤ ᠬᠡᠷᠡᠭᠲᠡᠶ᠃ | ᠳᠥᠴᠢᠨ ᠨᠢᠭᠡᠳᠦᠭᠡᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠳᠤ | ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠬᠢᠭᠡᠳ ᠲᠥᠪᠯᠡᠷᠡᠭᠦᠯᠦᠨ ᠠᠷᠠᠴᠢᠯᠠᠨ ᠬᠠᠮᠠᠭᠠᠯᠠᠬᠤ᠂ ᠣᠯᠠᠨ ᠲᠦᠮᠡᠨ | ᠠᠷᠠᠴᠢᠯᠠᠨ ᠬᠠᠮᠠᠭᠠᠯᠠᠬᠤ ᠬᠢᠭᠡᠳ ᠲᠤᠰᠬᠠᠶ ᠠᠷᠠᠴᠢᠯᠠᠨ ᠬᠠᠮᠠᠭᠠᠯᠠᠬᠤ ᠶᠢ ᠬᠠᠷᠢᠯᠴᠠᠨ ᠤᠶᠠᠯᠳᠤᠭᠤᠯᠬᠤ ᠶᠢ | ᠪᠠᠷᠢᠮᠲᠠᠯᠠᠵᠤ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠶᠢ ᠲᠤᠰᠬᠠᠶᠢᠵᠢᠭᠤᠯᠬᠤ᠂ | ᠵᠠᠬ᠎ᠠ ᠳᠡᠯᠭᠡᠭᠦᠷᠴᠢᠯᠡᠬᠦ ᠶᠢ ᠲᠦᠯᠬᠢᠨ ᠠᠬᠢᠭᠤᠯᠬᠤ ᠬᠡᠷᠡᠭᠲᠡᠶ᠃ | ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠲᠤᠰᠬᠠᠶ ᠠᠵᠢᠯ ᠤᠨ ᠮᠡᠷᠭᠡᠵᠢᠯ ᠤᠨ | ᠴᠢᠳᠠᠪᠤᠷᠢ ᠶᠢᠨ ᠪᠣᠯᠪᠠᠰᠤᠷᠠᠭᠤᠯᠤᠯ ᠥᠷᠨᠢᠭᠦᠯᠬᠦ ᠶᠢ ᠵᠣᠷᠢᠭᠵᠢᠭᠤᠯᠤᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ | ᠠᠵᠢᠯ ᠤᠨ ᠪᠠᠶᠢᠷᠢ ᠲᠣᠬᠢᠷᠠᠭᠤᠯᠬᠤ᠂ ᠬᠤᠪᠢ ᠬᠥᠮᠦᠨ ᠪᠤᠶᠤ ᠭᠡᠷ ᠪᠦᠯᠢ ᠬᠡᠰᠡᠭ ᠬᠤᠪᠢᠶᠠᠨ ᠳᠠᠭᠠᠭᠠᠴᠢᠯᠠᠬᠤ ᠵᠡᠷᠭᠡ | ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠲᠤᠬᠠᠶ ᠶᠢᠨ ᠭᠠᠵᠠᠷ ᠤᠨ ᠲᠠᠷᠢᠶᠠᠴᠢᠨ ᠮᠠᠯᠴᠢᠳ ᠢ | ᠰᠢᠩᠭᠡᠭᠡᠨ ᠠᠪᠴᠤ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠳᠤ ᠣᠷᠣᠯᠴᠠᠭᠤᠯᠬᠤ | ᠬᠡᠷᠡᠭᠲᠡᠶ᠃ | ᠳᠥᠴᠢᠨ ᠬᠤᠶᠠᠳᠤᠭᠠᠷ ᠵᠦᠶᠯ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠲᠠᠷᠢᠶᠠᠯᠠᠬᠤ ᠮᠠᠯᠵᠢᠬᠤ ᠣᠷᠣᠨ ᠤ | ᠵᠠᠰᠠᠮᠠᠯ ᠵᠠᠮ᠂ ᠬᠥᠭᠦᠷᠭᠡ ᠪᠣᠯᠤᠨ ᠨᠦᠬᠡᠨ ᠵᠠᠮ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠬᠡᠮᠵᠢᠬᠦ ᠪᠠ | ᠦᠨᠡᠯᠡᠨ ᠲᠣᠭᠲᠠᠭᠠᠬᠤ ᠶᠢᠨ ᠬᠠᠮᠲᠤ᠂ ᠪᠠᠶᠢᠴᠠᠭᠠᠨ ᠬᠡᠮᠵᠢᠭᠰᠡᠨ ᠪᠠ ᠦᠨᠡᠯᠡᠨ ᠲᠣᠭᠲᠠᠭᠠᠭᠰᠠᠨ ᠦᠷ᠎ᠡ ᠳ᠋ᠦᠩ ᠲᠠᠢ | ᠪᠠᠨ ᠤᠶᠠᠯᠳᠤᠭᠤᠯᠤᠨ᠂ ᠠᠷᠠᠴᠢᠯᠠᠨ ᠬᠠᠮᠠᠭᠠᠯᠠᠬᠤ ᠲᠥᠯᠥᠪᠯᠡᠭᠡ ᠪᠣᠯᠤᠨ ᠠᠷᠠᠴᠢᠯᠠᠨ ᠬᠠᠮᠠᠭᠠᠯᠠᠬᠤ ᠲᠥᠰᠦᠯ ᠢᠶᠠᠨ | ᠳᠤᠷᠠᠳᠬᠤ ᠬᠡᠷᠡᠭᠲᠡᠶ᠃ | ᠪᠠᠶᠢᠴᠠᠭᠠᠨ ᠰᠢᠯᠭᠠᠬᠤ ᠪᠠᠷ ᠳᠠᠮᠵᠢᠭᠠᠳ ᠠᠮᠤᠷ ᠲᠥᠪᠰᠢᠨ ᠤ ᠮᠡᠷᠭᠡᠵᠢᠯ ᠤᠨ ᠱᠠᠭᠠᠷᠳᠠᠯᠭ᠎ᠠ ᠳᠤ ᠬᠦᠷᠦᠭᠡᠳᠦᠶ | ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠬᠥᠭᠦᠷᠭᠡ ᠪᠣᠯᠤᠨ ᠨᠦᠬᠡᠨ ᠵᠠᠮ ᠢ ᠣᠯᠵᠤ ᠮᠡᠳᠡᠪᠡᠯ᠂ | ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠢ | ᠵᠣᠬᠢᠶᠠᠨ ᠪᠠᠶᠢᠭᠤᠯᠤᠨ ᠨᠡᠪᠲᠡᠷᠡᠬᠦ ᠶᠢ ᠬᠢᠵᠠᠭᠠᠷᠯᠠᠬᠤ ᠪᠤᠶᠤ ᠵᠠᠮ ᠬᠠᠷᠢᠯᠴᠠᠭ᠎ᠠ ᠶᠢ ᠪᠢᠲᠡᠭᠦᠮᠵᠢᠯᠡᠬᠦ ᠵᠡᠷᠭᠡ ᠠᠷᠭ᠎ᠠ | ᠬᠡᠮᠵᠢᠶ᠎ᠡ ᠠᠪᠴᠤ ᠂ ᠵᠢᠷᠤᠮ ᠶᠣᠰᠣᠭᠠᠷ ᠴᠠᠭ ᠲᠤᠬᠠᠶ ᠳᠤ ᠨᠢ ᠰᠡᠯᠪᠢᠨ ᠵᠠᠰᠠᠵᠤ ᠪᠠᠬᠢᠵᠢᠭᠦᠯᠬᠦ ᠪᠤᠶᠤ ᠳᠠᠬᠢᠨ | ᠪᠠᠶᠢᠭᠤᠯᠬᠤ ᠶᠢᠨ ᠬᠠᠮᠲᠤ ᠨᠡᠶᠢᠭᠡᠮ ᠳᠤ ᠨᠡᠶᠢᠲᠡᠯᠡᠬᠦ ᠬᠡᠷᠡᠭᠲᠡᠶ᠃ | ᠳᠥᠴᠢᠨ ᠭᠤᠷᠪᠠᠳᠤᠭᠠᠷ ᠵᠦᠶᠯ᠂ ᠰᠢᠶᠠᠨ ᠤ ᠵᠠᠮ ᠠᠷᠠᠴᠢᠯᠠᠨ ᠬᠠᠮᠠᠭᠠᠯᠠᠬᠤ ᠶᠢ ᠬᠤᠰᠢᠭᠤ ᠰᠢᠶᠠᠨ ᠤ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ | ᠪᠤᠶᠤ ᠲᠡᠭᠦᠨ ᠤ ᠨᠠᠶᠢᠳᠠᠭᠰᠠᠨ ᠬᠠᠮᠢᠶ᠎ᠠ ᠪᠦᠬᠦᠢ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠪᠠᠶᠢᠭᠤᠯᠤᠮᠵᠢ ᠠᠴᠠ | ᠬᠠᠷᠢᠭᠤᠴᠠᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ᠰᠢᠶᠠᠩ ᠤᠨ ᠵᠠᠮ᠂ ᠲᠣᠰᠬᠤᠨ ᠤ ᠵᠠᠮ ᠤᠨ ᠠᠷᠠᠴᠢᠯᠠᠨ ᠬᠠᠮᠠᠭᠠᠯᠠᠬᠤ ᠶᠢ ᠰᠤᠮᠤ ᠰᠢᠶᠠᠩ ᠪᠠᠯᠭᠠᠰᠤ ᠶᠢᠨ ᠠᠷᠠᠳ ᠤᠨ | ᠵᠠᠰᠠᠭ ᠤᠨ ᠣᠷᠳᠣᠨ ᠠᠴᠠ ᠬᠠᠷᠢᠭᠤᠴᠠᠨ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠰᠢᠶᠠᠩ ᠤᠨ ᠵᠠᠮ᠂ | ᠲᠣᠰᠬᠤᠨ ᠤ ᠵᠠᠮ ᠤᠨ ᠠᠷᠠᠴᠢᠯᠠᠨ ᠬᠠᠮᠠᠭᠠᠯᠠᠬᠤ ᠪᠠᠷᠢᠯᠭ᠎ᠠ ᠶᠢ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ | ᠤᠨ ᠣᠷᠳᠣᠨ ᠠᠴᠠ ᠵᠣᠬᠢᠴᠠᠩᠭᠤᠶ ᠨᠥᠬᠦᠴᠡᠯ ᠢ ᠪᠦᠷᠢᠯᠳᠦᠭᠦᠯᠦᠭᠰᠡᠨ ᠪᠠᠶᠢᠭᠤᠯᠤᠮᠵᠢ ᠳᠤ ᠨᠠᠶᠢᠳᠠᠵᠤ ᠵᠣᠬᠢᠶᠠᠨ | ᠪᠠᠶᠢᠭᠤᠯᠤᠨ ᠬᠡᠷᠡᠭᠵᠢᠭᠦᠯᠵᠦ ᠪᠣᠯᠤᠨ᠎ᠠ᠃ | ᠳᠥᠴᠢᠨ ᠳᠥᠷᠪᠡᠳᠦᠭᠡᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠳᠤ | ᠬᠠᠶᠢᠷ ᠮᠠᠯᠲᠠᠬᠤ᠂ ᠴᠢᠯᠠᠭᠤ ᠭᠠᠷᠭᠠᠬᠤ᠂ ᠰᠢᠷᠣᠶ ᠠᠪᠬᠤ᠂ ᠤᠰᠤ ᠠᠪᠬᠤ ᠴᠢᠬᠤᠯᠠ ᠲᠠᠢ ᠪᠣᠯ᠂ ᠬᠤᠰᠢᠭᠤ ᠰᠢᠶᠠᠨ | ᠤ ᠱᠠᠲᠤᠨ ᠤ ᠠᠷᠠᠳ ᠤᠨ ᠵᠠᠰᠠᠭ ᠤᠨ ᠣᠷᠳᠣᠨ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ | ᠣᠷᠳᠣᠨ ᠠᠴᠠ ᠳᠡᠮᠵᠢᠯᠭᠡ ᠪᠠ ᠬᠠᠪᠰᠤᠷᠤᠯᠭ᠎ᠠ ᠦᠵᠡᠭᠦᠯᠬᠦ ᠬᠡᠷᠡᠭᠲᠡᠶ᠃ | ᠠᠷᠠᠴᠢᠯᠠᠨ ᠬᠠᠮᠠᠭᠠᠯᠠᠬᠤ ᠪᠠᠷᠢᠯᠭ᠎ᠠ ᠶᠢ ᠬᠡᠷᠡᠭᠵᠢᠭᠦᠯᠬᠦ ᠶᠠᠪᠤᠴᠠ ᠳᠤ᠂ ᠬᠥᠷᠥᠰᠥ ᠰᠢᠷᠣᠶ ᠶᠢ ᠬᠠᠮᠠᠭᠠᠯᠠᠬᠤ ᠪᠠ ᠲᠦᠷ | ᠴᠠᠭ ᠤᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠴᠢᠩᠭᠠᠳᠬᠠᠬᠤ ᠬᠡᠷᠡᠭᠲᠡᠶ᠃ ᠵᠠᠮ ᠬᠠᠮᠠᠭᠠᠯᠠᠬᠤ ᠮᠣᠳᠣ ᠶᠢ | ᠲᠦᠷ ᠴᠠᠭ ᠰᠢᠯᠵᠢᠭᠦᠯᠦᠨ ᠵᠠᠶᠢᠯᠠᠬᠤ ᠴᠢᠬᠤᠯᠠ ᠲᠠᠢ ᠪᠣᠯ᠂ ᠪᠠᠷᠢᠯᠭ᠎ᠠ ᠳᠠᠭᠤᠰᠤᠭᠰᠠᠨ ᠤ ᠳᠠᠷᠠᠭ᠎ᠠ ᠴᠠᠭ ᠲᠤᠬᠠᠶ ᠳᠤ | ᠨᠢ ᠰᠡᠷᠭᠦᠭᠡᠬᠦ ᠬᠡᠷᠡᠭᠲᠡᠶ︔ ᠵᠠᠮ ᠬᠠᠮᠠᠭᠠᠯᠠᠬᠤ ᠮᠣᠳᠣ ᠶᠢ ᠰᠢᠨᠡᠳᠬᠡᠨ ᠣᠭᠲᠣᠯᠬᠤ ᠴᠢᠬᠤᠯᠠ ᠲᠠᠢ ᠪᠣᠯ ᠬᠤᠯᠪᠣᠭᠳᠠᠯ | ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠶ᠃ | ᠳᠥᠴᠢᠨ ᠲᠠᠪᠤᠳᠤᠭᠠᠷ ᠵᠦᠶᠯ᠂ ᠪᠠᠶᠢᠭᠠᠯᠢ ᠶᠢᠨ ᠭᠠᠮᠰᠢᠭ ᠵᠡᠷᠭᠡ ᠰᠢᠯᠲᠠᠭᠠᠨ ᠠᠴᠠ ᠪᠣᠯᠵᠤ ᠲᠠᠷᠢᠶᠠᠯᠠᠬᠤ ᠮᠠᠯᠵᠢᠬᠤ | ᠣᠷᠣᠨ ᠤ ᠵᠠᠰᠠᠮᠠᠯ ᠵᠠᠮ ᠤᠨ ᠵᠠᠮ ᠬᠠᠷᠢᠯᠴᠠᠭ᠎ᠠ ᠶᠢ ᠬᠠᠷᠰᠢᠯᠠᠭᠰᠠᠨ ᠪᠤᠶᠤ ᠲᠠᠰᠤᠯᠳᠠᠭᠤᠯᠤᠭᠰᠠᠨ ᠪᠣᠯ᠂ ᠬᠤᠰᠢᠭᠤ | ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ | ᠣᠷᠳᠣᠨ ᠠᠴᠠ ᠭᠠᠮᠰᠢᠭ ᠤᠨ ᠪᠠᠶᠢᠳᠠᠯ ᠢ ᠴᠠᠭ ᠲᠤᠬᠠᠶ ᠳᠤ ᠨᠢ ᠱᠠᠲᠤ ᠳᠠᠷᠠᠭᠠᠯᠠᠨ ᠳᠡᠭᠡᠭᠰᠢ ᠮᠡᠳᠡᠭᠦᠯᠬᠦ ᠶᠢᠨ ᠬᠠᠮᠲᠤ | ᠂ ᠳᠠᠷᠤᠶᠢᠬᠠᠨ ᠵᠣᠬᠢᠶᠠᠨ ᠪᠠᠶᠢᠭᠤᠯᠤᠨ ᠱᠠᠯᠠᠪᠳᠠᠨ ᠵᠠᠰᠠᠵᠤ᠂ ᠪᠠᠶᠢᠳᠠᠯ ᠢ ᠨᠢ ᠦᠵᠡᠵᠦ ᠪᠠᠶᠢᠭᠠᠳ ᠣᠶᠢᠷ᠎ᠠ ᠬᠠᠪᠢ | ᠶᠢᠨ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠶᠯᠡᠰ ᠤᠨ ᠨᠢᠭᠡᠴᠢ ᠵᠢᠴᠢ ᠵᠠᠮ ᠳᠠᠭᠠᠤ ᠶᠢᠨ ᠣᠯᠠᠨ | ᠲᠦᠮᠡᠨ ᠢ ᠳᠠᠶᠢᠴᠢᠯᠠᠨ ᠵᠣᠬᠢᠶᠠᠨ ᠪᠠᠶᠢᠭᠤᠯᠵᠤ ᠬᠠᠮᠲᠤ ᠪᠠᠷ ᠣᠷᠣᠯᠴᠠᠭᠤᠯᠬᠤ ᠬᠡᠷᠡᠭᠲᠡᠶ᠃ | ᠣᠬᠤᠷ ᠬᠤᠭᠤᠴᠠᠭᠠᠨ ᠳᠣᠲᠣᠷ᠎ᠠ ᠰᠡᠯᠪᠢᠨ ᠵᠠᠰᠠᠬᠤ ᠳᠤ ᠬᠦᠴᠢᠷᠲᠡᠶ ᠪᠣᠯ᠂ ᠲᠦᠷ ᠴᠠᠭ ᠤᠨ ᠵᠦᠷᠢᠭ ᠵᠠᠮ᠂ | ᠳᠥᠭᠦᠮ ᠬᠥᠭᠦᠷᠭᠡ ᠪᠠᠶᠢᠭᠤᠯᠬᠤ ᠪᠤᠶᠤ ᠲᠣᠭᠤᠷᠢᠵᠤ ᠭᠠᠷᠬᠤ ᠵᠠᠮ ᠱᠤᠭᠤᠮ ᠢ ᠵᠢᠭᠠᠨ ᠲᠣᠳᠣᠷᠬᠠᠶᠢᠯᠠᠵᠤ᠂ | ᠳᠤᠷᠠᠶᠢᠮ᠎ᠠ ᠰᠡᠷᠡᠮᠵᠢᠯᠡᠭᠦᠯᠬᠦ ᠲᠡᠮᠳᠡᠭ ᠫᠠᠶᠢᠰᠠ ᠪᠠᠶᠢᠷᠢᠯᠠᠭᠤᠯᠬᠤ ᠬᠡᠷᠡᠭᠲᠡᠶ᠃ | ᠳᠥᠴᠢᠨ ᠵᠢᠷᠭᠤᠳᠤᠭᠠᠷ ᠵᠦᠶᠯ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ | ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠣᠷᠴᠢᠨ | ᠲᠣᠭᠤᠷᠢᠨ ᠳᠤ ᠶᠡᠷᠦᠩᠬᠡᠶᠢᠯᠡᠭᠰᠡᠨ ᠵᠠᠰᠠᠯᠲᠠ ᠬᠢᠵᠦ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ | ᠨᠣᠭᠤᠭᠠᠷᠠᠭᠤᠯᠬᠤ ᠪᠠ ᠭᠤᠶᠤᠵᠢᠭᠤᠯᠬᠤ ᠶᠢ ᠲᠦᠯᠬᠢᠨ ᠠᠬᠢᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ | ᠵᠠᠮ ᠬᠢᠭᠡᠳ ᠠᠮᠢ ᠠᠬᠤᠶ ᠶᠢᠨ ᠣᠷᠴᠢᠨ ᠲᠣᠭᠤᠷᠢᠨ ᠤ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠶᠢᠬᠤ ᠶᠢ ᠠᠬᠢᠭᠤᠯᠬᠤ | ᠬᠡᠷᠡᠭᠲᠡᠶ᠃ | ᠵᠢᠷᠭᠤᠳᠤᠭᠠᠷ ᠪᠦᠯᠦᠭ ᠡᠵᠡᠩᠨᠡᠯᠲᠡ | ᠳᠥᠴᠢᠨ ᠳᠣᠯᠣᠳᠤᠭᠠᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠲᠡᠭᠡᠭᠡᠪᠦᠷᠢ ᠡᠵᠡᠩᠨᠡᠬᠦ ᠳᠤ | ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠬᠦ᠂ ᠬᠤᠲᠠ ᠪᠠᠷ ᠬᠥᠳᠡᠭᠡ ᠶᠢ ᠳᠠᠶᠢᠴᠢᠯᠠᠬᠤ᠂ ᠬᠤᠲᠠ ᠬᠥᠳᠡᠭᠡ ᠶᠢ | ᠨᠢᠭᠡ ᠴᠣᠭᠴᠠᠵᠢᠭᠤᠯᠬᠤ᠂ ᠠᠶᠠᠨᠴᠢᠳ ᠪᠠ ᠪᠠᠷᠠᠭ᠎ᠠ ᠶᠢ ᠵᠡᠷᠭᠡ ᠳᠤ ᠨᠢ ᠴᠢᠬᠤᠯᠠᠴᠢᠯᠠᠬᠤ᠂ ᠲᠡᠭᠡᠭᠡᠪᠦᠷᠢ ᠪᠠ ᠰᠢᠦᠳᠠᠨ | ᠢ ᠤᠶᠠᠯᠳᠤᠭᠤᠯᠬᠤ ᠵᠠᠷᠴᠢᠮ ᠢ ᠪᠠᠷᠢᠮᠲᠠᠯᠠᠵᠤ᠂ ᠲᠤᠰ ᠭᠠᠵᠠᠷ ᠣᠷᠣᠨ ᠤ ᠪᠠᠨ ᠠᠵᠤ ᠠᠬᠤᠶ ᠨᠡᠶᠢᠭᠡᠮ ᠤᠨ | ᠬᠥᠭᠵᠢᠯᠲᠡ᠂ ᠵᠠᠮ ᠬᠠᠷᠢᠯᠴᠠᠭᠠᠨ ᠤ ᠬᠡᠷᠡᠭᠴᠡᠭᠡ ᠱᠠᠭᠠᠷᠳᠠᠯᠭ᠎ᠠ ᠯᠤᠭ᠎ᠠ ᠬᠠᠷᠢᠯᠴᠠᠨ ᠵᠣᠬᠢᠴᠠᠭᠤᠯᠵᠤ᠂ ᠲᠠᠷᠢᠶᠠᠯᠠᠬᠤ | ᠮᠠᠯᠵᠢᠬᠤ ᠣᠷᠣᠨ ᠤ ᠠᠶᠠᠨᠴᠢᠳ ᠤᠨ ᠲᠡᠭᠡᠭᠡᠪᠦᠷᠢ ᠪᠣᠯᠤᠨ ᠪᠠᠷᠠᠭᠠᠨ ᠤ ᠭᠦᠶᠯᠭᠡᠭᠡᠨ ᠤ ᠬᠢᠷᠢ ᠬᠡᠮᠵᠢᠶ᠎ᠡ ᠶᠢ | ᠳᠡᠭᠡᠭᠰᠢᠯᠡᠭᠦᠯᠬᠦ ᠬᠡᠷᠡᠭᠲᠡᠶ᠃ | ᠳᠥᠴᠢᠨ ᠨᠠᠶᠮᠠᠳᠤᠭᠠᠷ ᠵᠦᠶᠯ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ | ᠲᠠᠷᠢᠶᠠᠯᠠᠬᠤ ᠮᠠᠯᠵᠢᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠲᠣᠤᠷ ᠤᠨ ᠰᠢᠰᠲ᠋ᠧᠮᠵᠢ ᠶᠢ ᠪᠠᠶᠢᠭᠤᠯᠤᠨ | ᠪᠦᠷᠢᠨᠰᠢᠭᠦᠯᠵᠦ᠂ ᠲᠤᠬᠠᠶ ᠶᠢᠨ ᠭᠠᠵᠠᠷ ᠤᠨ ᠣᠯᠠᠨ ᠲᠦᠮᠡᠨ ᠤ ᠦᠶᠯᠡᠳᠪᠦᠷᠢᠯᠡᠯ ᠠᠮᠢᠳᠤᠷᠠᠯ ᠤᠨ ᠶᠠᠪᠤᠵᠤ ᠰᠠᠭᠤᠬᠤ | ᠬᠡᠷᠡᠭᠴᠡᠭᠡ ᠱᠠᠭᠠᠷᠳᠠᠯᠭ᠎ᠠ᠂ ᠵᠠᠰᠠᠮᠠᠯ ᠵᠠᠮ ᠤᠨ ᠨᠡᠪᠲᠡᠷᠡᠬᠦ ᠨᠥᠬᠦᠴᠡᠯ ᠵᠡᠷᠭᠡ ᠬᠦᠴᠦᠨ ᠵᠦᠶᠯ ᠢ ᠦᠨᠳᠦᠰᠦᠯᠡᠨ᠂ | ᠬᠤᠲᠠ ᠬᠥᠳᠡᠭᠡ ᠶᠢᠨ ᠣᠯᠠᠨ ᠨᠡᠶᠢᠲᠡ ᠶᠢᠨ ᠵᠠᠮ ᠬᠠᠷᠢᠯᠴᠠᠭ᠎ᠠ᠂ ᠱᠤᠭᠤᠮ ᠲᠣᠭᠲᠠᠭᠠᠬᠤ ᠡᠭᠡᠯᠵᠢ ᠶᠢᠨ ᠲᠡᠷᠭᠡ᠂ | ᠣᠷᠣᠨ ᠪᠦᠰᠡ ᠶᠢᠨ ᠡᠵᠡᠩᠨᠡᠯᠲᠡ᠂ ᠪᠣᠯᠵᠣᠨ ᠳᠠᠭᠠᠬᠤ ᠵᠡᠷᠭᠡ ᠡᠵᠡᠩᠨᠡᠬᠦ ᠠᠷᠭ᠎ᠠ ᠮᠠᠶ᠋ᠢᠭ ᠢ ᠠᠪᠴᠤ ᠲᠠᠷᠢᠶᠠᠯᠠᠬᠤ | ᠮᠠᠯᠵᠢᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠦᠶᠯᠡᠴᠢᠯᠡᠭᠡᠨ ᠢ ᠥᠷᠨᠢᠭᠦᠯᠬᠦ ᠬᠡᠷᠡᠭᠲᠡᠶ᠃ | ᠳᠥᠴᠢ ᠶᠢᠰᠦᠳᠦᠭᠡᠷ ᠵᠦᠶᠯ᠂ ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠲᠣᠤᠷ ᠲᠤ ᠲᠦᠰᠢᠭᠯᠡᠨ᠂ | ᠪᠠᠷᠠᠭ᠎ᠠ ᠲᠡᠭᠡᠭᠡᠪᠦᠷᠢᠯᠡᠬᠦ ᠡᠭᠡᠯᠵᠢ ᠶᠢᠨ ᠱᠤᠭᠤᠮ᠂ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠲᠡᠷᠭᠡ ᠶᠢᠨ | ᠰᠢᠦᠳᠠᠨ ᠤ ᠵᠦᠶᠯ ᠢ ᠣᠷᠣᠯᠠᠨ ᠲᠡᠭᠡᠭᠡᠪᠦᠷᠢᠯᠡᠬᠦ ᠵᠡᠷᠭᠡ ᠲᠠᠷᠢᠶᠠᠯᠠᠬᠤ ᠮᠠᠯᠵᠢᠬᠤ ᠣᠷᠣᠨ ᠤ ᠪᠠᠷᠠᠭᠠᠨ ᠤ ᠭᠦᠶᠯᠭᠡᠭᠡᠨ ᠤ | ᠵᠣᠬᠢᠶᠠᠨ ᠪᠠᠶᠢᠭᠤᠯᠤᠯᠲᠠ ᠶᠢᠨ ᠵᠠᠭᠪᠤᠷ ᠢ ᠬᠡᠷᠡᠭᠵᠢᠭᠦᠯᠬᠦ ᠶᠢ ᠵᠣᠷᠢᠭᠵᠢᠭᠤᠯᠤᠨ᠎ᠠ᠃ ᠲᠠᠷᠢᠶᠠᠯᠠᠬᠤ ᠮᠠᠯᠵᠢᠬᠤ ᠣᠷᠣᠨ ᠤ | ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠡᠳ᠋ ᠪᠠᠷᠠᠭ᠎ᠠ ᠲᠡᠭᠡᠭᠡᠪᠦᠷᠢᠯᠡᠬᠦ ᠦᠶᠯᠡᠴᠢᠯᠡᠭᠡᠨ ᠤ ᠴᠢᠳᠠᠮᠵᠢ ᠪᠠᠨ | ᠥᠷᠭᠡᠳᠬᠡᠬᠦ ᠶᠢ ᠵᠣᠷᠢᠭᠵᠢᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠶᠡᠷᠦᠩᠬᠡᠶᠢᠯᠡᠭᠰᠡᠨ ᠲᠡᠭᠡᠭᠡᠪᠦᠷᠢ ᠶᠢᠨ | ᠦᠶᠯᠡᠴᠢᠯᠡᠭᠡᠨ ᠤ ᠥᠷᠲᠡᠭᠡ ᠶᠢ ᠪᠠᠶᠢᠭᠤᠯᠤᠨ᠂ ᠲᠠᠷᠢᠶᠠᠯᠠᠩ ᠮᠠᠯ ᠤᠨ ᠪᠦᠲᠦᠭᠡᠭᠳᠡᠬᠦᠨ ᠤ ᠲᠡᠭᠡᠭᠡᠪᠦᠷᠢ᠂ ᠲᠦᠷᠭᠡᠨ | ᠬᠦᠷᠭᠡᠯᠲᠡ᠂ ᠪᠠᠷᠠᠭᠠᠨ ᠤ ᠭᠦᠶᠯᠭᠡᠭᠡᠨ ᠤ ᠳᠣᠭᠢᠷᠠᠭᠤᠯᠤᠨ ᠬᠦᠷᠭᠡᠬᠦ ᠵᠡᠷᠭᠡ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ | | ᠲᠠᠪᠢᠳᠤᠭᠠᠷ ᠵᠦᠶᠯ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠳᠣᠲᠣᠭᠠᠳᠤ ᠶᠢ | ᠬᠠᠮᠠᠭᠠᠯᠠᠬᠤ᠂ ᠵᠠᠮ ᠬᠠᠷᠢᠯᠴᠠᠭ᠎ᠠ ᠲᠡᠭᠡᠭᠡᠪᠦᠷᠢ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠡᠷᠭᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠣᠷᠣᠯᠴᠠᠭᠰᠠᠨ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ | ᠠᠶᠠᠨᠴᠢᠳ ᠤᠨ ᠲᠡᠭᠡᠭᠡᠪᠦᠷᠢ ᠶᠢᠨ ᠠᠮᠤᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ | ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠢ ᠰᠢᠮᠳᠠᠭᠤᠯᠵᠤ ᠪᠠᠶᠢᠭᠠᠳ ᠠᠮᠤᠷ ᠲᠥᠪᠰᠢᠨ ᠤ | ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ︔ ᠬᠠᠮᠢᠶ᠎ᠠ ᠪᠦᠬᠦᠢ ᠰᠠᠯᠠᠭ᠎ᠠ | ᠮᠥᠴᠢᠷ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠠᠷᠢᠶᠠᠯᠠᠬᠤ ᠮᠠᠯᠵᠢᠬᠤ ᠣᠷᠣᠨ ᠤ | ᠠᠶᠠᠨᠴᠢᠳ ᠤᠨ ᠲᠡᠭᠡᠭᠡᠪᠦᠷᠢ ᠶᠢᠨ ᠡᠵᠡᠩᠨᠡᠭᠴᠢ ᠶᠢᠨ ᠠᠮᠤᠷ ᠲᠥᠪᠰᠢᠨ ᠤ ᠬᠢᠨᠠᠯᠲᠠ ᠬᠠᠮᠢᠶᠠᠷᠤᠯᠲᠠ ᠪᠠᠨ | ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ | ᠶᠢ ᠰᠢᠮᠳᠠᠭᠤᠯᠬᠤ ᠬᠡᠷᠡᠭᠲᠡᠶ᠃ | ᠲᠠᠷᠢᠶᠠᠯᠠᠬᠤ ᠮᠠᠯᠵᠢᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠡᠵᠡᠩᠨᠡᠭᠴᠢ ᠨᠢ ᠠᠶᠤᠯᠭᠦᠢ ᠦᠢᠯᠡᠳᠪᠦᠷᠢᠯᠡᠯ | ᠤᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠬᠠᠮᠢᠶ᠎ᠠ ᠪᠦᠬᠦᠢ ᠪᠠᠴᠢᠮ ᠪᠠᠶᠢᠳᠠᠯ ᠢ | ᠠᠷᠭᠠᠴᠠᠭᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠦᠨ᠂ ᠲᠠᠷᠢᠶᠠᠯᠠᠬᠤ ᠮᠠᠯᠵᠢᠬᠤ ᠣᠷᠣᠨ ᠤ ᠠᠶᠠᠨᠴᠢᠳ ᠤᠨ | ᠲᠡᠭᠡᠭᠡᠪᠦᠷᠢ ᠶᠢᠨ ᠲᠡᠷᠭᠡ ᠬᠥᠰᠬᠡ ᠶᠢᠨ ᠬᠥᠳᠡᠯᠦᠩᠭᠦᠶ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ | ᠳᠣᠯᠣᠳᠤᠭᠠᠷ ᠪᠦᠯᠦᠭ ᠪᠡᠯᠡ ᠮᠥᠩᠭᠦ | ᠲᠠᠪᠢᠨ ᠨᠢᠭᠡᠳᠦᠭᠡᠷ ᠵᠦᠶᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ | ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠬᠤ᠂ ᠬᠠᠮᠢᠶᠠᠷᠬᠤ᠂ ᠠᠷᠠᠴᠢᠯᠠᠨ | ᠬᠠᠮᠠᠭᠠᠯᠠᠬᠤ ᠪᠠ ᠡᠵᠡᠩᠨᠡᠬᠦ ᠳᠤ ᠬᠡᠷᠡᠭᠰᠡᠬᠦ ᠵᠠᠷᠤᠳᠠᠯ ᠢ ᠲᠤᠰ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠪᠠᠨ | ᠣᠷᠣᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠳᠤ ᠣᠷᠣᠭᠤᠯᠬᠤ ᠪᠡᠯᠡ | ᠮᠥᠩᠭᠦ ᠶᠢ ᠤᠯᠤᠰ ᠤᠨ ᠲᠣᠭᠲᠠᠭᠠᠭᠰᠠᠨ ᠪᠠᠷᠢᠮᠵᠢᠶ᠎ᠠ ᠠᠴᠠ ᠳᠤᠲᠠᠭᠤ ᠪᠠᠶᠢᠯᠭᠠᠵᠤ ᠪᠣᠯᠬᠤ ᠦᠭᠡᠶ ᠪᠥᠭᠡᠳ᠂ ᠲᠤᠰ | ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠪᠣᠯᠤᠨ ᠲᠠᠷᠢᠶᠠᠯᠠᠬᠤ ᠮᠠᠯᠵᠢᠬᠤ | ᠣᠷᠣᠨ ᠤ ᠵᠠᠰᠠᠮᠠᠯ ᠵᠠᠮ ᠤᠨ ᠬᠡᠪᠴᠢᠶ᠎ᠡ ᠯᠦᠭᠡ ᠬᠠᠷᠢᠯᠴᠠᠨ ᠲᠣᠬᠢᠷᠠᠯᠴᠠᠭᠰᠠᠨ᠂ ᠠᠷᠠᠴᠢᠯᠠᠨ ᠬᠠᠮᠠᠭᠠᠯᠠᠬᠤ ᠥᠪᠡᠷ ᠤᠨ | ᠥᠷᠲᠡᠭ ᠤᠨ ᠬᠤᠪᠢᠷᠠᠯᠲᠠ ᠵᠡᠷᠭᠡ ᠬᠦᠴᠦᠨ ᠵᠦᠶᠯ ᠯᠦᠭᠡ ᠬᠤᠯᠪᠣᠭᠳᠠᠬᠤ ᠬᠥᠳᠡᠯᠦᠩᠭᠦᠶ ᠲᠣᠬᠢᠷᠠᠭᠤᠯᠬᠤ ᠲᠣᠭᠲᠠᠴᠠ | ᠶᠢ ᠪᠠᠶᠢᠭᠤᠯᠬᠤ ᠬᠡᠷᠡᠭᠲᠡᠶ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠬᠤᠯᠪᠣᠭᠳᠠᠯ ᠪᠥᠬᠦᠶ ᠡᠳ᠋ | ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠᠨ ᠦᠨᠳᠦᠰᠦᠯᠡᠨ ᠵᠠᠷᠤᠯᠭ᠎ᠠ ᠶᠢᠨ ᠬᠠᠷᠢᠭᠤᠴᠠᠯᠭ᠎ᠠ ᠪᠠᠨ | ᠬᠤᠪᠢᠶᠠᠷᠢᠯᠠᠨ ᠨᠠᠶᠢᠳᠠᠪᠤᠷᠢᠵᠢᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠥᠲᠥᠭᠡᠨ | ᠪᠠᠶᠢᠭᠤᠯᠤᠯᠲᠠ ᠪᠠ ᠠᠷᠠᠴᠢᠯᠠᠨ ᠬᠠᠮᠠᠭᠠᠯᠠᠬᠤ ᠳᠤ ᠬᠡᠷᠡᠭᠰᠡᠬᠦ ᠪᠠᠯᠠ ᠮᠥᠩᠭᠦ ᠶᠢ ᠪᠠᠲᠤᠯᠠᠬᠤ ᠬᠡᠷᠡᠭᠲᠡᠶ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠪᠦᠬᠦ ᠣᠷᠣᠨ ᠤ ᠲᠠᠷᠢᠶᠠᠯᠠᠬᠤ ᠮᠠᠯᠵᠢᠬᠤ | ᠣᠷᠣᠨ ᠤ ᠵᠠᠰᠠᠮᠠᠯ ᠵᠠᠮ ᠤᠨ ᠬᠥᠭᠵᠢᠯᠲᠡ ᠶᠢᠨ ᠪᠠᠶᠢᠳᠠᠯ ᠢ ᠦᠨᠳᠦᠰᠦᠯᠡᠨ᠂ ᠵᠣᠬᠢᠬᠤ ᠲᠤᠭ᠎ᠠ ᠬᠡᠮᠵᠢᠶᠡᠨ ᠤ ᠲᠤᠰᠬᠠᠶ | ᠵᠦᠢᠯ ᠤᠨ ᠲᠤᠰᠠᠯᠠᠮᠵᠢ ᠶᠢᠨ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ ᠲᠠᠷᠢᠶᠠᠯᠠᠬᠤ ᠮᠠᠯᠵᠢᠬᠤ | ᠣᠷᠣᠨ ᠤ ᠵᠠᠰᠠᠮᠠᠯ ᠵᠠᠮ ᠤᠨ ᠠᠵᠢᠯ ᠳᠤ ᠬᠡᠷᠡᠭᠯᠡᠬᠦ ᠬᠡᠷᠡᠭᠲᠡᠶ᠃ | ᠲᠠᠪᠢᠨ ᠬᠤᠶᠠᠳᠤᠭᠠᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ ᠪᠦᠲᠦᠭᠡᠨ ᠪᠠᠶᠢᠭᠤᠯᠬᠤ᠂ | ᠬᠠᠮᠢᠶᠠᠷᠬᠤ᠂ ᠠᠷᠠᠴᠢᠯᠠᠨ ᠬᠠᠮᠠᠭᠠᠯᠠᠬᠤ ᠪᠠ ᠡᠵᠡᠩᠨᠡᠬᠦ ᠪᠡᠯᠡ ᠮᠥᠩᠭᠦ ᠶᠢᠨ ᠭᠤᠤᠯ ᠢᠷᠡᠯᠲᠡ ᠪᠣᠯ᠄ | ︵ᠨᠢᠭᠡ︶ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠣᠬᠢᠷᠠᠭᠤᠯᠤᠭᠰᠠᠨ ᠡᠳ᠋ ᠤᠨ ᠵᠠᠰᠠᠭ ᠤᠨ | ᠲᠥᠰᠦᠪ ᠤᠨ ᠪᠡᠯᠡ ᠮᠥᠩᠭᠦ︔ | ︵ᠬᠤᠶᠠᠷ︶ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠤ ᠨᠥᠬᠦᠪᠥᠷᠢ ᠪᠡᠯᠡ ᠮᠥᠩᠭᠦ︔ | ︵ᠭᠤᠷᠪᠠ︶ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ︔ | ︵ᠳᠥᠷᠪᠡ︶ ᠱᠠᠩᠨᠠᠬᠤ ᠪᠠᠷ ᠲᠤᠰᠠᠯᠠᠬᠤ ᠶᠢ ᠣᠷᠣᠯᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ | ᠴᠤᠭᠯᠠᠭᠤᠯᠤᠭᠰᠠᠨ ᠪᠡᠯᠡ ᠮᠥᠩᠭᠦ︔ | ︵ᠲᠠᠪᠤ︶ ᠶᠠᠳᠠᠭᠤ ᠶᠢ ᠲᠡᠳᠬᠦᠬᠦ᠂ ᠲᠠᠷᠢᠶᠠᠯᠠᠩ ᠳᠤ ᠬᠤᠯᠪᠣᠭᠳᠠᠬᠤ᠂ ᠮᠠᠯ ᠠᠵᠤ ᠠᠬᠤᠶ ᠳᠤ ᠬᠤᠯᠪᠣᠭᠳᠠᠬᠤ ᠡᠯ᠎ᠡ | ᠲᠥᠷᠥᠯ ᠤᠨ ᠲᠥᠷᠥᠯ ᠵᠦᠶᠯ ᠳᠠᠬᠢ ᠲᠣᠭᠲᠠᠭᠠᠯ ᠶᠣᠰᠣᠭᠠᠷ ᠵᠠᠮ ᠬᠠᠷᠢᠯᠴᠠᠭᠠᠨ ᠤ ᠬᠥᠭᠵᠢᠯᠲᠡ ᠳᠤ ᠬᠡᠷᠡᠭᠯᠡᠵᠦ | ᠪᠣᠯᠬᠤ ᠪᠡᠯᠡ ᠮᠥᠩᠭᠦ ᠶᠢ ᠡᠮᠬᠢᠯᠡᠨ ᠨᠡᠶᠢᠯᠡᠭᠦᠯᠬᠦ︔ | ︵ᠵᠢᠷᠭᠤᠭ᠎ᠠ︶ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠨᠡᠷ᠎ᠡ ᠬᠠᠳᠠᠬᠤ ᠡᠷᠬᠡ᠂ ᠵᠠᠮ ᠤᠨ ᠡᠬᠢ | ᠪᠠᠶᠠᠯᠢᠭ ᠢ ᠨᠡᠭᠡᠭᠡᠨ ᠠᠰᠢᠭᠯᠠᠬᠤ ᠡᠷᠬᠡ ᠶᠢ ᠦᠨ᠎ᠡ ᠬᠠᠶᠠᠯᠴᠠᠨ ᠬᠤᠳᠠᠯᠳᠤᠬᠤ᠂ ᠰᠢᠯᠵᠢᠭᠦᠯᠦᠨ ᠥᠭᠬᠦ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ ᠴᠤᠭᠯᠠᠭᠤᠯᠤᠭᠰᠠᠨ ᠪᠠᠯᠠ ᠮᠥᠩᠭᠦ︔ | ︵ᠳᠣᠯᠤᠭ᠎ᠠ︶ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠨᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ︽ᠨᠢᠭᠡ ᠶᠠᠪᠤᠳᠠᠯ ᠢ ᠨᠢᠭᠡ ᠵᠥᠪᠯᠡᠬᠦ︾ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠴᠤᠭᠯᠠᠭᠤᠯᠤᠭᠰᠠᠨ | ᠲᠣᠰᠬᠤᠨ ᠤ ᠵᠠᠮ ᠤᠨ ᠪᠦᠲᠦᠭᠡᠨ ᠪᠠᠶᠢᠭᠤᠯᠬᠤ ᠪᠠ ᠠᠷᠠᠴᠢᠯᠠᠨ ᠬᠠᠮᠠᠭᠠᠯᠠᠬᠤ ᠪᠡᠯᠡ ᠮᠥᠩᠭᠦ︔ | ︵ᠨᠠᠶᠮᠠ︶ ᠨᠡᠶᠢᠭᠡᠮ ᠤᠨ ᠬᠦᠴᠦᠨ ᠤ ᠲᠤᠰᠠᠯᠠᠭᠰᠠᠨ ᠪᠡᠯᠡ ᠮᠥᠩᠭᠦ︔ | ︵ᠶᠢᠰᠦ︶ ᠪᠤᠰᠤᠳ ᠠᠷᠭ᠎ᠠ ᠮᠠᠶ᠋ᠢᠭ ᠢᠶᠠᠷ ᠳᠠᠮᠵᠢᠭᠤᠯᠤᠨ ᠴᠤᠭᠯᠠᠭᠤᠯᠤᠭᠰᠠᠨ ᠪᠡᠯᠡ ᠮᠥᠩᠭᠦ᠃ | ᠲᠠᠪᠢᠨ ᠭᠤᠷᠪᠠᠳᠤᠭᠠᠷ ᠵᠦᠶᠯ᠂ ᠳᠠᠭᠠᠳᠬᠠᠯ ᠤᠨ ᠦᠶᠯᠡᠰ ᠤᠨ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ | ᠦᠶᠯᠡᠰ ᠲᠤ ᠣᠷᠣᠯᠴᠠᠬᠤ ᠶᠢ ᠵᠣᠷᠢᠭᠵᠢᠭᠤᠯᠤᠨ᠎ᠠ︔ ᠨᠢᠭᠡᠴᠢ᠂ ᠨᠡᠶᠢᠭᠡᠮ ᠤᠨ ᠪᠦᠯᠬᠦᠮ ᠪᠣᠯᠤᠨ ᠬᠤᠪᠢ | ᠬᠥᠮᠦᠨ ᠠᠴᠠ ᠡᠳ᠋ ᠬᠥᠷᠥᠩᠭᠡ ᠪᠡᠯᠡᠭᠯᠡᠨ ᠬᠦᠷᠭᠡᠬᠦ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠦᠢᠯᠡᠰ | ᠤᠨ ᠬᠥᠭᠵᠢᠯᠲᠡ ᠳᠤ ᠲᠤᠰᠠᠯᠠᠨ ᠳᠡᠮᠵᠢᠬᠦ ᠶᠢ ᠵᠣᠷᠢᠭᠵᠢᠭᠤᠯᠤᠨ᠎ᠠ︔ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ | ᠬᠢᠭᠡᠳ ᠠᠵᠤ ᠦᠢᠯᠡᠰ᠂ ᠬᠦᠷᠢᠶᠡᠯᠡᠩ ᠲᠣᠭᠤᠷᠢᠭ᠂ ᠬᠥᠳᠡᠭᠡ ᠲᠣᠰᠬᠤᠨ ᠤ ᠵᠢᠭᠤᠯᠴᠢᠯᠠᠯ ᠵᠡᠷᠭᠡ ᠡᠵᠡᠩᠨᠡᠯᠲᠡ ᠶᠢᠨ | ᠴᠢᠨᠠᠷᠲᠠᠶ ᠲᠥᠷᠥᠯ ᠵᠦᠢᠯ ᠳᠤ ᠨᠢᠭᠡ ᠴᠣᠭᠴᠠᠵᠢᠭᠤᠯᠤᠨ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠤᠨ᠎ᠠ᠃ | ᠲᠠᠪᠢᠨ ᠳᠥᠷᠪᠡᠳᠦᠭᠡᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ ᠪᠦᠲᠦᠭᠡᠨ ᠪᠠᠶᠢᠭᠤᠯᠬᠤ᠂ | ᠬᠠᠮᠢᠶᠠᠷᠬᠤ᠂ ᠠᠷᠠᠴᠢᠯᠠᠨ ᠬᠠᠮᠠᠭᠠᠯᠠᠬᠤ ᠪᠠ ᠡᠵᠡᠩᠨᠡᠬᠦ ᠪᠡᠯᠡ ᠮᠥᠩᠭᠦ ᠶᠢ ᠲᠤᠰᠬᠠᠶ ᠵᠦᠶᠯ ᠳᠤ ᠨᠢ ᠬᠡᠷᠡᠭᠯᠡᠬᠦ ᠶᠢ | ᠬᠡᠷᠡᠭᠵᠢᠭᠦᠯᠵᠦ᠂ ᠶᠠᠮᠠᠷᠪᠠ ᠨᠢᠭᠡᠴᠢ ᠪᠣᠯᠤᠨ ᠬᠤᠪᠢ ᠬᠥᠮᠦᠨ ᠳᠤᠮᠳᠠ ᠠᠴᠠ ᠨᠢ ᠦᠯᠡᠳᠡᠭᠡᠵᠦ᠂ ᠰᠢᠬᠠᠨ ᠡᠵᠡᠯᠡᠬᠦ ᠪᠠ | ᠨᠡᠭᠦᠯᠭᠡᠨ ᠬᠡᠷᠡᠭᠯᠡᠵᠦ ᠪᠣᠯᠬᠤ ᠦᠭᠡᠶ᠃ | ᠡᠳ᠋ ᠤᠨ ᠵᠠᠰᠠᠭ᠂ ᠬᠢᠨᠠᠨ ᠪᠣᠳᠣᠬᠤ ᠵᠡᠷᠭᠡ ᠰᠠᠯᠠᠭ᠎ᠠ ᠮᠥᠴᠢᠷ ᠨᠢ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ | ᠤᠨ ᠪᠦᠲᠦᠭᠡᠨ ᠪᠠᠶᠢᠭᠤᠯᠬᠤ᠂ ᠬᠠᠮᠢᠶᠠᠷᠬᠤ᠂ ᠠᠷᠠᠴᠢᠯᠠᠨ ᠬᠠᠮᠠᠭᠠᠯᠠᠬᠤ ᠪᠠ ᠡᠵᠡᠩᠨᠡᠬᠦ ᠪᠡᠯᠡ ᠮᠥᠩᠭᠦ ᠶᠢᠨ ᠬᠡᠷᠡᠭᠯᠡᠯᠲᠡ | ᠶᠢᠨ ᠪᠠᠶᠢᠳᠠᠯ ᠳᠤ ᠬᠠᠤᠯᠢ ᠶᠣᠰᠣᠭᠠᠷ ᠬᠢᠨᠠᠯᠲᠠ ᠪᠠᠶᠢᠴᠠᠭᠠᠯᠲᠠ ᠬᠢᠬᠦ ᠬᠡᠷᠡᠭᠲᠡᠶ᠃ | ᠲᠠᠪᠢᠨ ᠲᠠᠪᠤᠳᠤᠭᠠᠷ ᠵᠦᠢᠯ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠨᠢ ᠲᠣᠰᠬᠤᠨ ᠤ ᠵᠠᠮ ᠤᠨ ᠪᠦᠲᠦᠭᠡᠨ | ᠪᠠᠶᠢᠭᠤᠯᠬᠤ᠂ ᠠᠷᠠᠴᠢᠯᠠᠨ ᠬᠠᠮᠠᠭᠠᠯᠠᠬᠤ ᠪᠡᠯᠡ ᠮᠥᠩᠭᠦ ᠶᠢ ᠥᠪᠡᠷ ᠲᠤ ᠪᠠᠨ ᠴᠤᠭᠯᠠᠭᠤᠯᠬᠤ ᠳᠤ᠂ ᠬᠤᠪᠢ ᠶᠢᠨ ᠬᠢᠨ | ᠰᠠᠶᠢᠨ ᠳᠤᠷ᠎ᠠ ᠠᠴᠠ ᠪᠠᠨ ᠪᠠᠶᠢᠬᠤ᠂ ᠴᠢᠳᠠᠯ ᠤᠨ ᠬᠢᠷᠢ ᠪᠠᠷ ᠢᠶᠠᠨ ᠬᠢᠬᠦ ᠵᠠᠷᠴᠢᠮ ᠢ ᠵᠢᠷᠤᠮᠯᠠᠬᠤ ᠶᠢᠨ ᠬᠠᠮᠲᠤ᠂ | ᠪᠡᠯᠡ ᠮᠥᠩᠭᠦ ᠶᠢᠨ ᠬᠡᠷᠡᠭᠯᠡᠭᠰᠡᠨ ᠪᠠᠶᠢᠳᠠᠯ ᠢᠶᠠᠨ ᠨᠡᠶᠢᠲᠡᠯᠡᠵᠦ᠂ ᠲᠠᠷᠢᠶᠠᠴᠢᠨ ᠮᠠᠯᠴᠢᠳ ᠤᠨ ᠬᠢᠨᠠᠯᠲᠠ ᠲᠠᠯᠪᠢᠬᠤ ᠶᠢ | ᠬᠦᠯᠢᠶᠡᠬᠦ ᠬᠡᠷᠡᠭᠲᠡᠶ᠃ | ᠨᠠᠢᠮᠠᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | ᠲᠠᠪᠢᠨ ᠵᠢᠷᠭᠤᠳᠤᠭᠠᠷ ᠵᠦᠶᠯ᠂ ᠲᠤᠰ ᠳᠦᠷᠢᠮ ᠤᠨ ᠭᠤᠴᠢᠨ ᠳᠥᠷᠪᠡᠳᠦᠭᠡᠷ ᠵᠦᠶᠯ ᠤᠨ ᠨᠢᠭᠡᠳᠦᠭᠡᠷ ᠪᠠᠳᠠᠭ ᠤᠨ | ᠨᠢᠭᠡᠳᠦᠭᠡᠷ ᠵᠤᠷᠪᠤᠰ ᠠᠴᠠ ᠲᠠᠪᠤᠳᠤᠭᠠᠷ ᠵᠤᠷᠪᠤᠰ ᠬᠦᠷᠲᠡᠯᠡᠬᠢ ᠲᠣᠭᠲᠠᠭᠠᠯ ᠢ ᠵᠥᠷᠢᠴᠡᠵᠦ᠂ ᠵᠥᠪᠰᠢᠶᠡᠷᠡᠭᠦᠯᠦᠭᠡᠳᠦᠶ | ᠪᠠᠷ ᠲᠣᠰᠬᠤᠨ ᠤ ᠵᠠᠮ ᠤᠨ ᠪᠠᠷᠢᠯᠭ᠎ᠠ ᠶᠢᠨ ᠠᠵᠢᠯᠯᠠᠭ᠎ᠠ ᠳᠤ ᠬᠤᠯᠪᠣᠭᠳᠠᠭᠰᠠᠨ ᠪᠣᠯ᠂ ᠬᠤᠰᠢᠭᠤ ᠰᠢᠶᠠᠨ ᠤ ᠱᠠᠲᠤᠨ | ᠤ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠵᠠᠷᠯᠢᠭᠳᠠᠵᠤ ᠪᠠᠶᠢᠭᠠᠳ ᠵᠠᠯᠠᠷᠠᠭᠤᠯᠵᠤ᠂ 3 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ | ᠲᠣᠷᠭᠠᠵᠤ ᠪᠣᠯᠤᠨ᠎ᠠ᠃ | ᠲᠤᠰ ᠳᠦᠷᠢᠮ ᠤᠨ ᠭᠤᠴᠢᠨ ᠳᠥᠷᠪᠡᠳᠦᠭᠡᠷ ᠵᠦᠢᠯ ᠤᠨ ᠨᠢᠭᠡᠳᠦᠭᠡᠷ ᠪᠠᠳᠠᠭ ᠤᠨ ᠵᠢᠷᠭᠤᠳᠤᠭᠠᠷ ᠵᠤᠷᠪᠤᠰ ᠤᠨ | ᠲᠣᠭᠲᠠᠭᠠᠯ ᠠᠴᠠ ᠵᠥᠷᠢᠴᠡᠨ᠂ ᠵᠥᠪᠰᠢᠶᠡᠷᠡᠭᠦᠯᠦᠭᠡᠳᠦᠶ ᠪᠠᠷ ᠲᠣᠰᠬᠤᠨ ᠤ ᠵᠠᠮ ᠤᠨ ᠪᠠᠷᠢᠯᠭ᠎ᠠ ᠶᠢᠨ ᠠᠵᠢᠯᠯᠠᠭ᠎ᠠ ᠳᠤ | ᠬᠤᠯᠪᠣᠭᠳᠠᠭᠰᠠᠨ ᠪᠣᠯ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ | ᠬᠢᠵᠠᠭᠠᠷᠯᠠᠨ ᠨᠤᠷᠠᠭᠠᠯᠭᠠᠵᠤ᠂ 5 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ ᠪᠣᠯᠤᠨ᠎ᠠ᠃ | ᠲᠤᠰ ᠳᠦᠷᠢᠮ ᠤᠨ ᠭᠤᠴᠢᠨ ᠳᠥᠷᠪᠡᠳᠦᠭᠡᠷ ᠵᠦᠢᠯ ᠤᠨ ᠨᠢᠭᠡᠳᠦᠭᠡᠷ ᠪᠠᠳᠠᠭ ᠤᠨ ᠳᠣᠯᠣᠳᠤᠭᠠᠷ ᠵᠤᠷᠪᠤᠰ ᠤᠨ | ᠲᠣᠭᠲᠠᠭᠠᠯ ᠠᠴᠠ ᠵᠥᠷᠢᠴᠡᠨ᠂ ᠵᠥᠪᠰᠢᠶᠡᠷᠡᠭᠦᠯᠦᠭᠡᠳᠦᠶ ᠪᠠᠷ ᠲᠣᠰᠬᠤᠨ ᠤ ᠵᠠᠮ ᠤᠨ ᠪᠠᠷᠢᠯᠭ᠎ᠠ ᠶᠢᠨ ᠠᠵᠢᠯᠯᠠᠭ᠎ᠠ ᠳᠤ | ᠬᠤᠯᠪᠣᠭᠳᠠᠭᠰᠠᠨ ᠪᠣᠯ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠵᠠᠯᠠᠷᠠᠭᠤᠯᠬᠤ ᠶᠢᠨ | ᠬᠠᠮᠲᠤ᠂ 5 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ | ᠲᠠᠪᠢᠨ ᠳᠣᠯᠣᠳᠤᠭᠠᠷ ᠵᠦᠢᠯ᠂ ᠲᠤᠰ ᠳᠦᠷᠢᠮ ᠤᠨ ᠭᠤᠴᠢᠨ ᠲᠠᠪᠤᠳᠤᠭᠠᠷ ᠵᠦᠢᠯ ᠤᠨ ᠨᠢᠭᠡᠳᠦᠭᠡᠷ ᠪᠠᠳᠠᠭ ᠤᠨ | ᠲᠣᠭᠲᠠᠭᠠᠯ ᠠᠴᠠ ᠵᠦᠷᠢᠴᠡᠨ᠂ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠬᠤᠰᠢᠭᠤ ᠰᠢᠶᠠᠨ ᠤ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ | ᠠᠴᠠ ᠰᠢᠢᠳᠬᠡᠵᠦ᠂ ᠲᠣᠰᠬᠤᠨ ᠤ ᠵᠠᠮ ᠵᠢᠴᠢ ᠳᠠᠭᠠᠯᠲᠠ ᠲᠦᠬᠦᠭᠡᠷᠦᠮᠵᠢ ᠶᠢ ᠡᠪᠳᠡᠭᠰᠡᠨ ᠪᠣᠯ᠂ ᠬᠠᠤᠯᠢ ᠶᠣᠰᠣᠭᠠᠷ | ᠲᠥᠯᠥᠬᠦ ᠬᠠᠷᠢᠭᠤᠴᠠᠯᠭ᠎ᠠ ᠡᠭᠦᠷᠭᠡᠯᠡᠨ᠎ᠡ᠄ | ︵ᠨᠢᠭᠡ︶ ᠤᠰᠤ ᠨᠡᠮᠡᠬᠦ ᠥᠷᠲᠡᠭᠡ᠂ ᠲᠣᠰᠣ ᠨᠡᠮᠡᠬᠦ ᠥᠷᠲᠡᠭᠡ᠂ ᠲᠡᠷᠭᠡᠨ ᠵᠣᠭᠰᠣᠭᠠᠯ᠂ ᠲᠡᠷᠭᠡ ᠤᠬᠢᠶᠠᠬᠤ ᠲᠠᠯᠠᠪᠠᠶ | ᠂ ᠲᠡᠷᠭᠡ ᠵᠠᠰᠠᠬᠤ ᠦᠢᠯᠡᠳᠪᠦᠷᠢ ᠪᠣᠯᠤᠨ ᠵᠠᠷ ᠮᠡᠳᠡᠭᠡ ᠶᠢᠨ ᠫᠠᠶᠢᠰᠠ ᠵᠡᠷᠭᠡ ᠲᠦᠬᠦᠭᠡᠷᠦᠮᠵᠢ ᠭᠠᠷᠭᠠᠭᠰᠠᠨ ᠪᠣᠯ᠂ | ᠵᠠᠷᠯᠢᠭᠳᠠᠵᠤ ᠪᠠᠶᠢᠭᠠᠳ ᠵᠠᠯᠠᠷᠠᠭᠤᠯᠵᠤ᠂ 2000 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ ᠪᠣᠯᠤᠨ᠎ᠠ︔ | | ︵ᠬᠤᠶᠠᠷ︶ ᠲᠣᠰᠬᠤᠨ ᠤ ᠵᠠᠮ ᠤᠨ ᠵᠠᠰᠠᠮᠠᠯ ᠵᠠᠮ ᠤᠨ ᠬᠡᠷᠡᠭᠯᠡᠬᠦ ᠭᠠᠵᠠᠷ ᠤᠨ ᠭᠠᠳᠠᠷ ᠬᠦᠪᠡᠭᠡ ᠠᠴᠠ ᠡᠬᠢᠯᠡᠨ | ᠭᠠᠳᠠᠭᠰᠢ 50 ᠮᠧᠲᠷ ᠤᠨ ᠬᠡᠪᠴᠢᠶᠡᠨ ᠳᠣᠲᠣᠷ᠎ᠠ ᠬᠠᠶᠢᠷ ᠮᠠᠯᠲᠠᠭᠰᠠᠨ᠂ ᠠᠭᠤᠷᠬᠠᠶ ᠮᠠᠯᠲᠠᠭᠰᠠᠨ᠂ ᠴᠢᠯᠠᠭᠤ | ᠭᠠᠷᠭᠠᠭᠰᠠᠨ᠂ ᠰᠢᠷᠣᠶ ᠠᠪᠤᠭᠰᠠᠨ᠂ ᠬᠠᠶᠠᠭᠳᠠᠮᠠᠯ ᠡᠳ᠋ ᠬᠠᠶᠠᠭᠰᠠᠨ᠂ ᠳᠡᠯᠪᠡᠴᠢᠬᠦ ᠠᠵᠢᠯ ᠬᠢᠭᠰᠡᠨ ᠪᠠ ᠵᠠᠰᠠᠮᠠᠯ ᠵᠠᠮ | ᠤᠨ ᠠᠮᠤᠷ ᠲᠦᠪᠰᠢᠨ ᠳᠤ ᠬᠥᠨᠥᠭᠡᠯ ᠤᠴᠠᠷᠠᠭᠤᠯᠬᠤ ᠪᠤᠰᠤᠳ ᠠᠵᠢᠯᠯᠠᠭ᠎ᠠ ᠬᠢᠭᠰᠡᠨ ᠪᠣᠯ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ 3 ᠲᠦᠮᠡᠨ ᠲᠥᠭᠦᠷᠢᠭ ᠠᠴᠠ ᠳᠣᠷᠣᠭᠰᠢ | ᠵᠣᠭᠤᠰ ᠢᠶᠠᠷ ᠲᠣᠷᠭᠠᠵᠤ ᠪᠣᠯᠤᠨ᠎ᠠ᠃ | ᠲᠠᠪᠢᠨ ᠨᠠᠶᠮᠠᠳᠤᠭᠠᠷ ᠵᠦᠶᠯ᠂ ᠲᠤᠰ ᠳᠦᠷᠢᠮ ᠤᠨ ᠲᠣᠭᠲᠠᠭᠠᠯ ᠠᠴᠠ ᠵᠥᠷᠢᠴᠡᠨ᠂ ᠲᠠᠷᠢᠶᠠᠯᠠᠬᠤ ᠮᠠᠯᠵᠢᠬᠤ ᠣᠷᠣᠨ | ᠤ ᠵᠠᠰᠠᠮᠠᠯ ᠵᠠᠮ ᠬᠢᠭᠡᠳ ᠲᠡᠭᠦᠨ ᠤ ᠳᠠᠭᠠᠯᠲᠠ ᠲᠦᠬᠦᠭᠡᠷᠦᠮᠵᠢ ᠶᠢ ᠡᠪᠳᠡᠭᠰᠡᠨ ᠪᠣᠯ᠂ ᠤᠤᠯ ᠤᠨ ᠮᠡᠷᠭᠡᠵᠢᠯ ᠤᠨ | ᠪᠠᠷᠢᠮᠵᠢᠶ᠎ᠠ ᠠᠴᠠ ᠳᠣᠤᠷ᠎ᠠ ᠦᠭᠡᠶ ᠬᠡᠮᠵᠢᠶ᠎ᠡ ᠪᠠᠷ ᠰᠡᠯᠪᠢᠨ ᠵᠠᠰᠠᠬᠤ ᠪᠤᠶᠤ ᠡᠪᠳᠡᠭᠰᠡᠨ ᠬᠡᠮᠵᠢᠶ᠎ᠡ ᠪᠠᠷ ᠨᠢ ᠲᠥᠯᠥᠪᠦᠷᠢ | ᠥᠭᠬᠦ ᠬᠡᠷᠡᠭᠲᠡᠶ᠃ | ᠲᠠᠪᠢ ᠶᠢᠰᠦᠳᠦᠭᠡᠷ ᠵᠦᠶᠯ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠲᠠᠷᠢᠶᠠᠯᠠᠬᠤ ᠮᠠᠯᠵᠢᠬᠤ | ᠣᠷᠣᠨ ᠤ ᠵᠠᠰᠠᠮᠠᠯ ᠵᠠᠮ ᠳᠤ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠲᠠᠢ ᠰᠠᠯᠠᠭ᠎ᠠ ᠮᠥᠴᠢᠷ᠂ | ᠪᠠᠶᠢᠭᠤᠯᠤᠮᠵᠢ ᠳᠤ ᠳᠣᠤᠷᠠᠬᠢ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ | ᠭᠤᠣᠯᠯᠠᠨ ᠬᠠᠮᠢᠶᠠᠷᠴᠤ ᠪᠦᠬᠦᠢ ᠬᠥᠮᠦᠰ ᠪᠣᠯᠤᠨ ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠦᠰ ᠲᠤ ᠬᠠᠤᠯᠢ | ᠶᠣᠰᠣᠭᠠᠷ ᠰᠢᠢᠳᠬᠡᠯ ᠣᠯᠭᠤᠨ᠎ᠠ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ | ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠢ | ᠳᠠᠭᠠᠭᠠᠴᠢᠯᠠᠯᠲᠠ ᠵᠠᠷᠯᠠᠬᠤ ᠬᠡᠷᠡᠭᠲᠡᠶ ᠪᠠᠶᠢᠲᠠᠯ᠎ᠠ ᠳᠠᠭᠠᠭᠠᠴᠢᠯᠠᠯᠲᠠ ᠵᠠᠷᠯᠠᠭᠰᠠᠨ ᠦᠭᠡᠶ︔ | ︵ᠬᠤᠶᠠᠷ︶ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ | ᠤᠨ ᠶᠠᠰᠤ ᠴᠢᠨᠠᠷ ᠪᠣᠯᠤᠨ ᠠᠮᠤᠷ ᠲᠥᠪᠰᠢᠨ ᠳᠤ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ | ᠬᠠᠤᠯᠢ ᠶᠣᠰᠣᠭᠠᠷ ᠭᠦᠢᠴᠡᠳᠬᠡᠭᠰᠡᠨ ᠦᠭᠡᠶ ᠠᠴᠠ ᠪᠣᠯᠵᠤ᠂ ᠶᠠᠰᠤ ᠴᠢᠨᠠᠷ ᠤᠨ ᠬᠦᠨᠳᠦ ᠶᠡᠭᠡ ᠠᠰᠠᠭᠤᠳᠠᠯ | ᠭᠠᠷᠭᠠᠭᠰᠠᠨ︔ | ︵ᠭᠤᠷᠪᠠ︶ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ | ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠭᠰᠡᠨ ᠦᠭᠡᠶ ᠠᠴᠠ ᠪᠣᠯᠵᠤ᠂ ᠬᠦᠨᠳᠦ ᠨᠣᠴᠢᠲᠠᠶ | ᠦᠷ᠎ᠡ ᠤᠷᠰᠢᠭ ᠭᠠᠷᠭᠠᠭᠰᠠᠨ︔ | ︵ᠳᠥᠷᠪᠡ︶ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠬᠤ᠂ ᠬᠠᠮᠢᠶᠠᠷᠬᠤ᠂ | ᠠᠷᠠᠴᠢᠯᠠᠨ ᠬᠠᠮᠠᠭᠠᠯᠠᠬᠤ ᠪᠠ ᠡᠵᠡᠩᠨᠡᠬᠦ ᠪᠡᠯᠡ ᠮᠥᠩᠭᠦ ᠶᠢ ᠳᠤᠮᠳᠠ ᠠᠴᠠ ᠨᠢ ᠦᠯᠡᠳᠡᠭᠡᠭᠰᠡᠨ᠂ ᠰᠢᠬᠠᠨ ᠡᠵᠡᠯᠡᠭᠰᠡᠨ᠂ | ᠨᠡᠭᠦᠯᠭᠡᠨ ᠬᠡᠷᠡᠭᠯᠡᠭᠰᠡᠨ︔ | ︵ᠲᠠᠪᠤ︶ ᠠᠯᠪᠠᠨ ᠲᠤᠰᠢᠶᠠᠯ ᠳᠤ ᠪᠠᠨ ᠠᠯᠮᠠᠶᠢᠷᠠᠨ ᠣᠰᠣᠯᠳᠠᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ | ᠬᠡᠷᠡᠭᠯᠡᠭᠰᠡᠨ᠂ ᠭᠤᠶᠠᠴᠢᠯᠠᠨ ᠬᠠᠤᠯᠢ ᠶᠣᠰᠣ ᠶᠢ ᠵᠥᠷᠢᠴᠡᠭᠰᠡᠨ ᠪᠤᠰᠤᠳ ᠦᠶᠯᠡ ᠠᠵᠢᠯᠯᠠᠭ᠎ᠠ᠃ | ᠶᠢᠰᠦᠳᠦᠭᠡᠷ ᠪᠦᠯᠦᠭ ᠳᠠᠭᠠᠯᠳᠤᠭᠤᠯᠤᠭᠰᠠᠨ ᠳᠦᠷᠢᠮ | ᠵᠢᠷᠠᠳᠤᠭᠠᠷ ᠵᠦᠶᠯ᠂ ᠲᠤᠰ ᠲᠦᠷᠢᠮ ᠢ 2021 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ | ᠬᠡᠷᠡᠭᠵᠢᠭᠦᠯᠦᠨ᠎ᠡ᠃ | ᠪᠢᠴᠢᠭ ᠮᠠᠲ᠋ᠧᠷᠢᠶᠠᠯ ᠤᠨ ᠢᠷᠡᠯᠲᠡ᠄ ᠥᠪᠥᠷ ᠮᠣᠩᠭᠤᠯ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠰᠦᠯᠵᠢᠶ᠎ᠡ | ᠪᠢᠴᠢᠭ ᠮᠠᠲ᠋ᠧᠷᠢᠶᠠᠯ ᠢ ᠪᠠᠭᠤᠯᠭᠠᠬᠤ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ | ᠮᠠᠯᠵᠢᠬᠤ ᠣᠷᠣᠨ ᠤ ᠵᠠᠰᠠᠮᠠᠯ ᠵᠠᠮ ᠤᠨ ᠲᠦᠷᠢᠮ.doc | ᠬᠠᠮᠢᠶ᠎ᠠ ᠪᠥᠬᠦᠶ ᠲᠠᠶᠢᠯᠤᠮᠵᠢ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ | ᠮᠠᠯᠵᠢᠬᠤ ᠣᠷᠣᠨ ᠤ ᠵᠠᠰᠠᠮᠠᠯ ᠵᠠᠮ ᠤᠨ ᠲᠦᠷᠢᠮ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ |