ᠯᠠᠪᠯᠠᠬᠤ ᠠᠭᠤᠯᠭ᠎ᠠ᠄ ᠲᠠ ᠰᠠᠶᠢᠨ ᠦᠦ᠂ S22 ᠬᠥᠬᠡᠬᠤᠲᠠ ᠠᠴᠠ ᠪᠠᠶᠠᠨᠴᠠᠭᠠᠨ ᠬᠦᠷᠲᠡᠯᠡᠬᠢ ᠳᠡᠭᠡᠳᠦ | ᠬᠤᠷᠳᠤ ᠶᠢᠨ ᠵᠠᠰᠠᠮᠠᠯ ᠵᠠᠮ ᠢ ᠨᠢᠭᠡᠨᠲᠡ ᠣᠯᠠᠨ ᠵᠢᠯ ᠪᠥᠲᠥᠭᠡᠨ ᠪᠠᠶᠢᠭᠤᠯᠵᠤ᠂ ᠳᠠᠭᠠᠭᠠᠴᠢᠯᠠᠨ ᠪᠠᠶᠢᠭᠤᠯᠬᠤ ᠨᠢᠭᠡᠴᠢ | ᠨᠢ ᠣᠯᠠᠨ ᠤᠳᠠᠭ᠎ᠠ ᠰᠣᠯᠢᠭᠳᠠᠵᠤ᠂ ᠬᠡᠲᠦ ᠤᠳᠠᠭ᠎ᠠ ᠠᠵᠢᠯ ᠵᠣᠭᠰᠣᠬᠤ᠂ ᠦᠷᠭᠦᠯᠵᠢᠯᠡᠨ ᠪᠥᠲᠥᠭᠡᠨ ᠪᠠᠶᠢᠭᠤᠯᠬᠤ | ᠪᠠᠷ ᠳᠠᠮᠵᠢᠭᠠᠳ᠂ ᠥᠪᠡᠷᠲᠡᠭᠡᠨ ᠵᠠᠰᠠᠬᠤ ᠣᠷᠣᠨ ᠤ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠶᠢ | ᠬᠡᠷᠡᠭᠵᠢᠭᠦᠯᠦᠭᠰᠡᠨ ᠤ ᠳᠠᠷᠠᠭ᠎ᠠ᠂ ᠳᠡᠭᠡᠷ᠎ᠡ ᠳᠤᠷᠠᠳᠤᠭᠰᠠᠨ ᠲᠥᠷᠥᠯ ᠵᠦᠶᠯ ᠨᠢ ︽ᠲᠠᠪᠤ ᠶᠢ ᠲᠤᠶᠢᠯᠪᠤᠷᠢᠲᠠᠢ | ᠪᠠᠶᠢᠴᠠᠭᠠᠬᠤ︾ ᠶᠢᠨ ᠳᠣᠲᠣᠷᠠᠬᠢ ︽ᠳᠤᠲᠠᠭᠤ ᠳᠣᠷᠭᠤᠨ︾ ᠢᠨᠵᠧᠨᠧᠷᠢᠩ ᠳᠤ ᠵᠢᠭᠰᠠᠭᠠᠭᠳᠠᠵᠤ ᠪᠠᠶᠢᠨ᠎ᠠ ᠦᠦ︖ | ᠤᠯᠠᠮ ᠨᠢᠭᠡ ᠠᠯᠬᠤᠮ ᠦᠷᠭᠦᠯᠵᠢᠯᠡᠨ ᠪᠠᠶᠢᠭᠤᠯᠤᠨ᠎ᠠ ᠦᠦ︖ ᠬᠡᠷᠪᠡ ᠦᠷᠭᠦᠯᠵᠢᠯᠡᠨ ᠪᠠᠶᠢᠭᠤᠯᠬᠤ ᠪᠠᠷ ᠲᠣᠭᠲᠠᠪᠠᠯ᠂ | ᠵᠢᠱᠢᠯᠲᠡ ᠪᠠᠷ ᠬᠡᠵᠢᠶ᠎ᠡ ᠲᠡᠷᠭᠡ ᠨᠡᠪᠲᠡᠷᠡᠬᠦ ᠪᠤᠢ︖ ᠬᠠᠷᠢᠭᠤᠯᠲᠠ ᠥᠭᠬᠦ ᠳᠤ ᠲᠠᠯᠠᠷᠬᠠᠵᠤ ᠪᠠᠶᠢᠨ᠎ᠠ᠂ ᠬᠠᠷᠢᠭᠤᠯᠲᠠ | ᠥᠭᠬᠦ ᠶᠢ ᠬᠦᠰᠡᠵᠦ ᠪᠠᠶᠢᠨ᠎ᠠ︕ | | ᠬᠠᠷᠢᠭᠤᠯᠲᠠ᠄ S22 ᠪᠠᠶᠠᠨᠴᠠᠭᠠᠨ ᠠᠴᠠ ᠶᠦᠩ ᠲᠠᠢ ᠭᠦᠩ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ | ᠵᠠᠮ ᠪᠣᠯ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠤᠭᠰᠠᠨ | ᠡᠵᠡᠩᠨᠡᠯᠲᠡ ᠶᠢᠨ ᠴᠢᠨᠠᠷᠲᠠᠢ ᠵᠠᠰᠠᠮᠠᠯ ᠵᠠᠮ ᠤᠨ ᠲᠦᠷᠦᠯ ᠵᠦᠢᠯ ᠪᠠᠶᠢᠵᠤ᠂ ᠠᠵᠤ ᠠᠬᠤᠶᠢᠯᠠᠯ ᠤᠨ ᠪᠡᠯᠡ | ᠣᠷᠣᠭᠤᠯᠤᠭᠰᠠᠨ ᠲᠦᠷᠦᠯ ᠵᠦᠢᠯ ᠳᠤ ᠬᠠᠷᠢᠶᠠᠯᠠᠭᠳᠠᠨ᠎ᠠ᠂ ᠥᠪᠡᠷᠲᠡᠭᠡᠨ ᠵᠠᠰᠠᠬᠤ ᠣᠷᠣᠨ ᠤ ︽ᠲᠠᠪᠤ ᠶᠢ | ᠲᠤᠶᠢᠯᠪᠤᠷᠢᠲᠠᠢ ᠪᠠᠶᠢᠴᠠᠭᠠᠬᠤ︾ ᠳᠤᠮᠳᠠᠬᠢ ︽ᠳᠤᠲᠠᠭᠤ ᠳᠣᠷᠭᠤᠨ︾ ᠢᠨᠵᠧᠨᠧᠷᠢᠩ ᠤᠨ ᠪᠠᠶᠢᠴᠠᠭᠠᠬᠤ ᠬᠡᠪᠴᠢᠶᠡᠨ | ᠳᠤ ᠬᠠᠷᠢᠶᠠᠯᠠᠭᠳᠠᠬᠤ ᠦᠭᠡᠢ᠃ ᠤᠯᠠᠭᠠᠨᠴᠠᠪ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠠᠴᠠ | ᠣᠶᠢᠯᠠᠭᠠᠭᠰᠠᠨ ᠢᠶᠠᠷ᠂ ᠲᠣᠰ ᠲᠥᠷᠥᠯ ᠵᠦᠶᠯ ᠳᠤ ᠶᠠᠭ ᠰᠢᠨ᠎ᠡ ᠪᠠᠯᠠ ᠣᠷᠣᠭᠤᠯᠤᠭᠴᠢ ᠶᠢ ᠣᠷᠣᠭᠤᠯᠤᠨ ᠰᠲ᠋ᠣᠺ | ᠤᠨ ᠡᠷᠬᠡ ᠶᠢ ᠬᠤᠳᠠᠯᠳᠤᠨ ᠠᠪᠬᠤ ᠪᠠ ᠥᠷᠢ ᠥᠭᠴᠡᠭᠡ ᠶᠢ ᠰᠲ᠋ᠣᠺ ᠪᠣᠯᠭᠠᠨ ᠬᠤᠪᠢᠷᠠᠭᠤᠯᠬᠤ ᠵᠡᠷᠭᠡ ᠠᠵᠢᠯ ᠢ | ᠥᠷᠨᠢᠭᠦᠯᠵᠦ ᠪᠣᠢ᠂ 2023 ᠣᠨ ᠳᠤ ᠠᠵᠢᠯ ᠢᠶᠠᠨ ᠰᠡᠷᠭᠦᠭᠡᠵᠦ ᠪᠥᠲᠥᠭᠡᠨ ᠪᠠᠶᠢᠭᠤᠯᠬᠤ ᠪᠣᠯᠤᠮᠵᠢ ᠲᠠᠢ ᠪᠠᠶᠢᠨ᠎ᠠ᠃ | |