ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ 2020 ᠣᠨ ᠤ ᠲᠣᠰᠣᠨ ᠤ ᠨᠥᠬᠦᠪᠥᠷᠢ ᠶᠢ ᠪᠠᠰᠠ ᠲᠠᠷᠬᠠᠭᠠᠨ᠎ᠠ ᠦᠦ
ᠨᠡᠶᠢᠲᠡᠯᠡᠭᠰᠡᠨ ᠴᠠᠭ᠄
2022/3/22
     ᠯᠠᠪᠯᠠᠬᠤ ᠠᠭᠤᠯᠭ᠎ᠠ᠄ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠲᠦᠷᠢᠶᠡᠰᠦᠨ ᠮᠠᠰᠢᠨ ᠲᠡᠷᠭᠡᠨ ᠤ ᠲᠣᠰᠣᠨ ᠤ ᠨᠥᠬᠦᠪᠥᠷᠢ ᠶᠢ ᠪᠠᠰᠠ ᠲᠠᠷᠬᠠᠭᠠᠨ᠎ᠠ ᠦᠦ︖ ᠰᠢᠨ᠎ᠡ ᠲᠥᠷᠥ ᠶᠢᠨ ᠪᠣᠳᠣᠯᠭ᠎ᠠ ᠲᠠᠢ ᠪᠣᠯᠤᠭᠰᠠᠨ ᠪᠢᠰᠢ ᠤᠤ︖ ᠡᠳ᠋ ᠤᠨ ᠵᠠᠰᠠᠭ ᠤᠨ ᠪᠥᠲᠥᠭᠡᠨ ᠪᠠᠶᠢᠭᠤᠯᠤᠯᠲᠠ ᠶᠢᠨ 2022 ︵1︶ ᠳ᠋ᠦ᠋ᠭᠡᠷ ᠲᠣᠭᠠᠲᠤ ᠪᠢᠴᠢᠭ ᠮᠠᠲ᠋ᠧᠷᠢᠶᠠᠯ ᠢ ᠮᠠᠨ ᠤ ᠥᠪᠡᠷᠲᠡᠭᠡᠨ ᠵᠠᠰᠠᠬᠤ ᠣᠷᠣᠨ ᠬᠡᠷᠬᠢᠨ ᠨᠠᠶᠢᠳᠠᠪᠤᠷᠢᠵᠢᠭᠤᠯᠤᠭᠰᠠᠨ ᠪᠣᠶ︖ ᠪᠠᠰᠠ ᠲᠠᠷᠬᠠᠭᠠᠨ᠎ᠠ ᠦᠦ︖      ᠬᠠᠷᠢᠭᠤᠯᠲᠠ᠄ ︽ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ᠂ ᠲᠦᠷᠢᠶᠡᠰᠦᠨ ᠮᠠᠰᠢᠨ ᠲᠡᠷᠭᠡᠨ ᠤ ᠲᠣᠰᠣᠨ ᠤ ᠦᠨ᠎ᠡ ᠶᠢᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠬᠦ ᠲᠤᠬᠠᠶ ᠡᠳ᠋ ᠤᠨ ᠵᠠᠰᠠᠭ ᠤᠨ ᠶᠠᠮᠤᠨ  ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠮᠡᠳᠡᠭᠳᠡᠯ︾ ︵ᠡᠳ᠋ ᠤᠨ ᠵᠠᠰᠠᠭ ᠤᠨ ᠪᠥᠲᠥᠭᠡᠨ ᠪᠠᠶᠢᠭᠤᠯᠤᠯᠲᠠ ᠶᠢᠨ 2022 ︵1︶ ᠳ᠋ᠦ᠋ᠭᠡᠷ ᠲᠣᠭᠠᠲᠤ︶᠎ ᠳᠠᠬᠢ ︽2020 ᠣᠨ ᠤ ᠬᠦᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ᠂ ᠲᠦᠷᠢᠶᠡᠰᠦᠨ ᠮᠠᠰᠢᠨ ᠲᠡᠷᠭᠡᠨ ᠤ ᠲᠣᠰᠣᠨ ᠤ ᠦᠨ᠎ᠡ ᠶᠢᠨ ᠨᠥᠬᠦᠪᠥᠷᠢ ᠶᠢᠨ ᠲᠥᠷᠥ ᠎ ᠶᠢᠨ ᠪᠣᠳᠣᠯᠭ᠎ᠠ ᠨᠢ 2015 - 2019 ᠣᠨ ᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠯᠡᠬᠦ︾ ᠱᠠᠭᠠᠷᠳᠠᠯᠭ᠎ᠠ ᠶᠣᠰᠣᠭᠠᠷ᠂ 2020 ᠣᠨ ᠤ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ᠂ ᠲᠦᠷᠢᠶᠡᠰᠦᠨ ᠮᠠᠰᠢᠨ ᠲᠡᠷᠭᠡᠨ ᠤ ᠲᠣᠰᠣᠨ ᠤ ᠦᠨ᠎ᠡ ᠶᠢᠨ ᠨᠥᠬᠦᠪᠥᠷᠢ ᠶᠢ ᠣᠶᠢᠷ᠎ᠠ ᠳᠤ ᠡᠯ᠎ᠡ ᠠᠶᠢᠮᠠᠭ ᠬᠤᠲᠠ ᠳᠤ ᠪᠠᠭᠤᠯᠭᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号