2022 ᠣᠨ ᠳᠤ ᠲᠣᠭᠲᠠᠭᠤᠨ ᠪᠠᠶᠢᠯᠭᠠᠬᠤ ᠶᠢᠨ ᠵᠡᠷᠭᠡ ᠳᠤ ᠢᠯᠠᠯᠲᠠ ᠤᠯᠬᠤ ᠶᠢ ᠪᠠᠷᠢᠮᠲᠠᠯᠠᠬᠤ ᠴᠢᠨᠠᠷ ᠰᠠᠶᠢᠲᠠᠶ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠯᠠᠪᠯᠠᠭ᠎ᠠ
ᠨᠡᠶᠢᠲᠡᠯᠡᠭᠰᠡᠨ ᠴᠠᠭ᠄
2022/3/24
     ᠯᠠᠪᠯᠠᠬᠤ ᠠᠭᠤᠯᠭ᠎ᠠ᠄ ᠮᠠᠨ ᠤ ᠺᠣᠮᠫᠠᠨᠢ ᠪᠣᠯ ᠪᠤᠭᠤᠲᠤ ᠶᠢᠨ ᠤᠮᠠᠷᠠᠲᠤ ᠶᠢᠨ ᠠᠳᠠᠯ ᠦᠶᠯᠡᠰ ᠴᠣᠭᠴᠠᠯᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠭᠤᠤᠯ ᠡᠵᠡᠩᠨᠡᠯᠲᠡ ᠶᠢᠨ ᠦᠶᠯᠡᠳᠬᠦᠨ ᠨᠢ ᠲᠡᠮᠦᠷ ᠵᠠᠮ ᠤᠨ ᠲᠡᠷᠭᠡ ᠬᠥᠰᠬᠡ᠂ ᠴᠢᠩᠭᠡᠯᠢᠭ᠂ ᠳᠠᠷᠤᠯᠲᠠᠲᠤ ᠰᠠᠪᠠ ᠵᠡᠷᠭᠡ ᠦᠶᠯᠡᠳᠬᠦᠨ ᠪᠣᠯᠤᠨ᠎ᠠ᠃ ᠴᠢᠨᠠᠷ ᠰᠠᠶᠢᠲᠠᠶ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠨᠠᠷᠢᠨ ᠳᠠᠩᠰᠠ ᠶᠢᠨ᠂ 75 ᠳ᠋ᠤᠭᠠᠷ ᠵᠦᠶᠯ ᠳᠤ᠄ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ︽ᠨᠢᠭᠡ ᠬᠠᠭᠤᠳᠠᠰᠤ ᠶᠢᠨ ᠲᠦᠷᠢᠮ︾᠎ ᠤᠨ ᠲᠤᠷᠰᠢᠯᠲᠠ ᠶᠢᠨ ᠴᠡᠭ ᠤᠨ ᠪᠠᠷᠢᠯᠭ᠎ᠠ ᠶᠢ ᠥᠷᠨᠢᠭᠦᠯᠬᠦ ᠲᠤᠬᠠᠶ᠂ ᠲᠣᠰ ᠲᠥᠷᠥ ᠶᠢᠨ ᠪᠣᠳᠣᠯᠭ᠎ᠠ ᠳᠤ᠂ ᠮᠠᠨ ᠤ ᠺᠣᠮᠫᠠᠨᠢ ᠨᠢ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠲᠣᠨᠤᠭ ᠲᠥᠬᠦᠭᠡᠷᠦᠮᠵᠢ ᠶᠢ ᠦᠶᠯᠡᠳᠪᠦᠷᠢᠯᠡᠵᠦ ᠦᠶᠯᠡᠳᠬᠦ ᠶᠢ ᠪᠦᠷᠢᠯᠳᠦᠭᠦᠯᠦᠭᠰᠡᠨ ᠪᠣᠯᠪᠠᠴᠤ ︽ᠨᠢᠭᠡ ᠬᠠᠭᠤᠳᠠᠰᠤ ᠶᠢᠨ ᠲᠦᠷᠢᠮ︾᠎ ᠤᠨ ᠪᠠᠷᠠᠭᠠᠨ ᠤ ᠭᠦᠶᠯᠭᠡᠭᠡᠨ ᠤ ᠰᠢᠰᠲ᠋ᠧᠮ ᠲᠠᠢ ᠬᠤᠯᠪᠣᠭᠳᠠᠬᠤ ᠥᠬᠡᠶ᠂ ᠲᠡᠭᠡᠪᠡᠯ ᠪᠢᠳᠡ ᠲᠣᠰ ᠲᠥᠷᠥ ᠶᠢᠨ ᠪᠣᠳᠣᠯᠭ᠎ᠠ ᠳᠤ ᠨᠡᠶᠢᠴᠡᠨ᠎ᠡ ᠦᠦ᠂ ᠱᠠᠩᠨᠠᠯ ᠨᠥᠬᠦᠪᠥᠷᠢ ᠶᠢᠨ ᠪᠠᠯᠠ ᠮᠥᠩᠭᠦ ᠶᠢ ᠭᠤᠶᠤᠴᠢᠯᠠᠨ ᠮᠡᠳᠡᠭᠦᠯᠵᠦ ᠪᠣᠯᠤᠨ᠎ᠠ ᠦᠦ ᠥᠬᠡᠶ ᠤᠤ︖ ᠠᠯᠢ ᠬᠤᠷᠳᠤᠨ ᠢᠶᠠᠷ ᠬᠠᠷᠢᠭᠤ ᠥᠭᠬᠦ ᠶᠢ ᠬᠦᠰᠡᠵᠦ ᠪᠠᠶᠢᠨ᠎ᠠ᠃      ᠬᠠᠷᠢᠭᠤᠯᠲᠠ᠄ ᠮᠠᠨ ᠤ ᠲᠢᠩᠬᠢᠮ ᠶᠠᠭ ᠬᠡᠷᠡᠭᠵᠢᠭᠦᠯᠬᠦ ᠲᠥᠰᠦᠯ ᠲᠣᠭᠲᠠᠭᠠᠵᠤ ᠪᠠᠶᠢᠨ᠎ᠠ᠂ ᠪᠣᠳᠠᠲᠠᠶ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠬᠠᠷᠠᠬᠠᠨ ᠲᠣᠳᠣᠷᠬᠠᠶᠢᠯᠠᠭᠠᠳᠤᠶ ᠪᠠᠶᠢᠭᠰᠠᠭᠠᠷ᠃ ᠲᠥᠰᠦᠯ ᠢ ᠲᠣᠷᠤᠭᠰᠢ ᠲᠠᠷᠬᠠᠭᠠᠭᠰᠠᠨ ᠤ ᠳᠠᠷᠠᠭ᠎ᠠ᠂ ᠳᠠᠬᠢᠨ ᠯᠠᠪᠯᠠᠭᠠᠷᠠᠢ᠃ ᠬᠠᠷᠢᠯᠴᠠᠬᠤ ᠤᠲᠠᠰᠤ᠄ 0471-6284550
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号