ᠵᠢᠯᠣᠭᠤᠴᠢ ᠶᠢᠨ ᠪᠣᠯᠪᠠᠰᠤᠷᠠᠯ ᠤᠨ ᠰᠤᠷᠭᠠᠭᠤᠯᠢ ᠨᠢ ᠦᠶᠯᠡᠳᠪᠦᠷᠢᠯᠡᠯ ᠡᠵᠡᠩᠨᠡᠯᠲᠡ ᠶᠢᠨ ᠨᠢᠭᠡᠴᠢ ᠳᠤ ᠬᠠᠷᠢᠶᠠᠯᠠᠭᠳᠠᠬᠤ ᠡᠰᠡᠬᠦ
ᠨᠡᠶᠢᠲᠡᠯᠡᠭᠰᠡᠨ ᠴᠠᠭ᠄
2022/3/24
     ᠯᠠᠪᠯᠠᠬᠤ ᠠᠭᠤᠯᠭ᠎ᠠ᠄ ᠵᠢᠯᠣᠭᠤᠴᠢ ᠶᠢᠨ ᠪᠣᠯᠪᠠᠰᠤᠷᠠᠯ ᠤᠨ ᠰᠤᠷᠭᠠᠭᠤᠯᠢ ᠨᠢ ᠦᠶᠯᠡᠳᠪᠦᠷᠢᠯᠡᠯ ᠡᠵᠡᠩᠨᠡᠯᠲᠡ ᠎ ᠶᠢᠨ ᠨᠢᠭᠡᠴᠢ ᠳᠤ ᠬᠠᠷᠢᠶᠠᠯᠠᠭᠳᠠᠬᠤ ᠦᠦ︖ ᠠᠶᠤᠯᠭᠦᠢ ᠦᠢᠯᠡᠳᠪᠦᠷᠢᠯᠡᠯ ᠤᠨ ᠬᠠᠤᠯᠢ ᠶᠢ ᠠᠰᠢᠭᠯᠠᠨ ᠲᠣᠷᠭᠠᠵᠤ ᠪᠣᠯᠤᠨ᠎ᠠ ᠤᠤ ᠦᠭᠡᠢ ᠤᠤ︖     ᠬᠠᠷᠢᠭᠤᠯᠲᠠ᠄ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ︾᠎ ᠶᠢᠨ ᠲᠠᠶᠢᠯᠪᠤᠷᠢᠯᠠᠯᠲᠠ ᠶᠢ ᠦᠨᠳᠦᠰᠦᠯᠡᠪᠡᠯ᠂ ᠲᠤᠰ ᠬᠠᠤᠯᠢ ᠶᠢ ᠬᠡᠷᠡᠭᠯᠡᠵᠦ ᠪᠣᠯᠬᠤ ᠪᠡᠶᠡᠴᠢ ᠴᠣᠭᠴᠠ ᠎ ᠶᠢᠨ ᠬᠡᠪᠴᠢᠶ᠎ᠡ ᠪᠣᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠳᠡᠪᠢᠰᠬᠡᠷ ᠳᠡᠭᠡᠷ᠎ᠡ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠬᠢᠵᠦ ᠪᠠᠶᠢᠭ᠎ᠠ ᠨᠢᠭᠡᠴᠢ᠂ ᠠᠯᠢᠪᠠ ᠬᠠᠤᠯᠢ ᠶᠣᠰᠣᠨ ᠤ ᠪᠤᠶᠤ ᠬᠠᠤᠯᠢ ᠪᠤᠰᠤ ᠪᠠᠷ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠬᠢᠵᠦ ᠪᠠᠶᠢᠭ᠎ᠠ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠪᠠ ᠬᠤᠪᠢ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠵᠢᠴᠢ ᠪᠤᠰᠤᠳ ᠵᠣᠬᠢᠶᠠᠨ ᠪᠠᠶᠢᠭᠤᠯᠤᠯᠲᠠ ᠶᠢ ᠵᠢᠭᠠᠵᠤ ᠪᠠᠶᠢᠨ᠎ᠠ᠃ ᠡᠭᠦᠨ ᠳᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠠᠵᠢᠯ ᠦᠢᠯᠡᠰ ᠎ ᠤᠨ ᠨᠢᠭᠡᠴᠢ᠂ ᠬᠠᠮᠲᠤ ᠶᠢᠨ ᠥᠮᠴᠢᠯᠡᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠬᠤᠪᠢᠴᠠᠭᠠᠲᠤ ᠳᠦᠷᠢᠮ ᠤᠨ ᠠᠵᠤ ᠠᠬᠤᠶᠢᠯᠠᠯ᠂ ᠳᠤᠮᠳᠠᠳᠤ ᠭᠠᠳᠠᠭᠠᠳᠤ ᠶᠢᠨ ᠪᠡᠯᠠ ᠨᠡᠶᠢᠯᠡᠭᠦᠯᠦᠨ ᠡᠵᠡᠩᠨᠡᠭᠰᠡᠨ ᠠᠵᠤ ᠠᠬᠤᠶᠢᠯᠠᠯ᠂ ᠳᠤᠮᠳᠠᠳᠤ ᠭᠠᠳᠠᠭᠠᠳᠤ ᠶᠢᠨ ᠬᠤᠷᠰᠢᠠ ᠡᠵᠡᠩᠨᠡᠭᠰᠡᠨ ᠠᠵᠤ ᠠᠬᠤᠶᠢᠯᠠᠯ᠂ ᠭᠠᠳᠠᠭᠠᠳᠤ ᠪᠡᠯᠠ ᠶᠢᠨ ᠠᠵᠤ ᠠᠬᠤᠶᠢᠯᠠᠯ᠂ ᠬᠤᠷᠰᠢᠬᠰᠡᠠ ᠠᠵᠤ ᠠᠬᠤᠶᠢᠯᠠᠯ᠂ ᠬᠤᠪᠢ ᠬᠥᠮᠦᠨ ᠤ ᠲᠤᠰᠠᠭᠠᠷ ᠪᠡᠯᠠ ᠣᠷᠣᠭᠤᠯᠤᠭᠰᠠᠨ ᠠᠵᠤ ᠠᠬᠤᠶᠢᠯᠠᠯ ᠵᠡᠷᠭᠡ ᠪᠠᠭᠲᠠᠨ᠎ᠠ᠂ ᠲᠡᠭᠦᠨ ᠤ ᠰᠢᠨᠵᠢ ᠴᠢᠨᠠᠷ ᠨᠢ ᠶᠠᠮᠠᠷ ᠪᠠᠶᠢᠭᠰᠠᠨ ᠴᠤ ᠲᠡᠷᠡ᠂ ᠬᠡᠪᠴᠢᠶ᠎ᠡ ᠨᠢ ᠶᠡᠭᠡ ᠪᠠᠭ᠎ᠠ ᠪᠠᠶᠢᠭᠰᠠᠨ ᠴᠤ ᠲᠡᠷᠡ᠂ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠳᠡᠪᠢᠰᠬᠡᠷ ᠳᠡᠭᠡᠷ᠎ᠡ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠬᠢᠳᠡᠭ ᠯᠡ ᠶᠤᠮ ᠪᠣᠯ᠂ ᠴᠥᠮ ᠲᠤᠰ ᠬᠠᠤᠯᠢ ᠶᠢᠨ ᠡᠯ᠎ᠡ ᠵᠦᠢᠯ ᠤᠨ ᠲᠣᠭᠲᠠᠭᠠᠯ ᠢ ᠵᠢᠷᠤᠮᠯᠠᠬᠤ ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号