ᠬᠦᠨᠳᠦᠲᠦ ᠥᠷᠭᠡᠨ ᠤᠯᠠᠨ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠪᠠ ᠠᠵᠤ ᠠᠬᠤᠶᠢᠯᠠᠯ ᠤᠳ᠄ | ᠤᠯᠤᠰ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ | ᠪᠥᠬᠦᠶ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠵᠢᠭ | ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠵᠢᠯ ᠢ ᠨᠢᠭᠡᠳᠦᠯᠲᠡᠶ | ᠲᠥᠯᠥᠪᠵᠢᠭᠦᠯᠦᠨ ᠰᠠᠶᠢᠲᠤᠷ ᠬᠢᠵᠦ᠂ ᠠᠵᠤ ᠠᠬᠤᠶᠢᠯᠠᠯ ᠪᠠ ᠣᠯᠠᠨ ᠲᠦᠮᠡᠨ ᠳᠤ ᠪᠥᠬᠦ ᠬᠦᠴᠦᠨ ᠢᠶᠠᠷ ᠢᠶᠠᠨ | ᠦᠶᠯᠡᠴᠢᠯᠡᠬᠦ ᠶᠢᠨ ᠲᠤᠰᠠᠳᠠ᠂ ᠡᠳᠦᠭᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠢᠩᠬᠢᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠵᠠᠰᠠᠭ ᠤᠨ | ᠶᠠᠪᠤᠳᠠᠯ ᠤᠨ ᠦᠶᠯᠡᠴᠢᠯᠡᠭᠡᠨ ᠤ ᠬᠤᠯᠪᠣᠭᠳᠠᠯ ᠪᠥᠬᠦᠶ ᠠᠵᠢᠯ ᠢ ᠳᠣᠤᠷᠠᠬᠢ ᠮᠡᠲᠦ ᠵᠠᠷᠯᠠᠪᠠ᠄ | ᠨᠢᠭᠡ᠂ ᠰᠦᠯᠵᠢᠶᠡᠨ ᠳᠡᠭᠡᠷ᠎ᠡ ᠭᠦᠶᠴᠡᠳᠬᠡᠬᠦ ᠦᠶᠯᠡᠴᠢᠯᠡᠭᠡ ᠶᠢ ᠰᠠᠨᠠᠭᠠᠴᠢᠯᠠᠨ᠎ᠠ᠃ ᠬᠥᠮᠦᠰ ᠴᠤᠭᠯᠠᠷᠠᠬᠤ | ᠠᠴᠠ ᠵᠠᠶᠢᠯᠠᠰᠬᠢᠬᠦ ᠶᠢᠨ ᠲᠤᠰᠠᠳᠠ᠂ ᠲᠠᠨ ᠢ ᠰᠦᠯᠵᠢᠶᠡᠨ ᠳᠡᠭᠡᠷ᠎ᠡ ᠭᠦᠶᠴᠡᠳᠬᠡᠬᠦ᠂ ︽ᠠᠯᠠᠭᠠᠨ ᠳᠡᠭᠡᠷ᠎ᠡ | ᠭᠦᠶᠴᠡᠳᠬᠡᠬᠦ︾ ᠶᠢ ᠰᠠᠨᠠᠭᠠᠴᠢᠯᠠᠵᠤ᠂ ᠠᠭᠤᠯᠵᠠᠬᠤ ᠥᠬᠡᠶ ᠪᠠᠷ ᠭᠦᠶᠴᠡᠳᠬᠡᠬᠦ ᠦᠶᠯᠡᠴᠢᠯᠡᠭᠡ ᠶᠢ ᠪᠡᠶᠡᠯᠡᠭᠦᠯᠦᠨ᠎ᠡ᠂ | ᠲᠠ ︽ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠦᠯᠵᠢᠶ᠎ᠡ︾ ᠪᠤᠶᠤ ︽ᠮᠥᠩᠬᠡ | ᠰᠤᠪᠠᠭ︾ APP ᠳᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠬᠢᠮ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠤᠨ ᠨᠠᠷᠢᠨ ᠳᠠᠩᠰᠠ ᠪᠤᠶᠤ ᠬᠠᠶᠢᠬᠤ ᠪᠤᠯᠤᠩ | ᠢᠶᠠᠷ ᠳᠠᠮᠵᠢᠨ ᠬᠠᠮᠢᠶ᠎ᠠ ᠪᠥᠬᠦᠶ ᠦᠶᠯᠡᠴᠢᠯᠡᠭᠡ ᠶᠢ ᠬᠠᠶᠢᠵᠤ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ᠂ | ᠠᠰᠠᠭᠤᠨ ᠯᠠᠪᠯᠠᠬᠤ ᠪᠠ ᠭᠦᠶᠴᠡᠳᠬᠡᠵᠦ ᠪᠣᠯᠤᠨ᠎ᠠ᠃ | ᠬᠤᠶᠠᠷ᠂ ᠠᠵᠢᠯ ᠶᠠᠪᠤᠳᠠᠯ ᠭᠦᠶᠴᠡᠳᠬᠡᠬᠦ ᠳᠤ ᠰᠦᠯᠵᠢᠶᠡᠨ ᠳᠡᠭᠡᠷ᠎ᠡ ᠠᠰᠠᠭᠤᠨ ᠯᠠᠪᠯᠠᠵᠤ ᠪᠣᠯᠤᠨ᠎ᠠ᠂ ᠠᠵᠢᠯ | ᠶᠠᠪᠤᠳᠠᠯ ᠭᠦᠶᠴᠡᠳᠬᠡᠬᠦ ᠣᠯᠠᠨ ᠲᠦᠮᠡᠨ ᠪᠠ ᠠᠵᠤ ᠠᠬᠤᠶᠢᠯᠠᠯ ᠨᠢ ᠠᠵᠢᠯ ᠤᠨ ᠡᠳᠦᠷ ᠲᠤ ᠮᠠᠨ ᠤ ᠦᠶᠯᠡᠴᠢᠯᠡᠭᠡᠨ | ᠤ ᠤᠲᠠᠰᠤ ᠶᠢ ᠤᠲᠠᠰᠤᠳᠠᠵᠤ ᠪᠣᠯᠤᠨ᠎ᠠ᠂ ᠪᠢᠳᠡ ᠤᠲᠠᠰᠤ᠂ ᠸᠢᠴᠠᠲ᠂ ᠬᠠᠷᠠᠭᠠᠨ ᠳᠠᠪᠲᠠᠮᠵᠢ ᠵᠡᠷᠭᠡ ᠠᠷᠭ᠎ᠠ ᠮᠠᠶ᠋ᠢᠭ | ᠢᠶᠠᠷ ᠮᠠᠳᠠᠭ ᠢ ᠲᠠᠶᠢᠯᠬᠤ ᠪᠣᠯᠤᠨ ᠵᠢᠯᠣᠭᠤᠳᠣᠯᠭ᠎ᠠ ᠬᠠᠩᠭᠠᠨ᠎ᠠ᠃ | ᠭᠤᠷᠪᠠ᠂ ᠬᠡᠷᠪᠡ ᠲᠠ ᠦᠨᠡᠬᠡᠷ ᠪᠠᠴᠢᠮ ᠵᠦᠶᠯᠡᠰ ᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ | ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠶᠡᠭᠡ ᠲᠢᠩᠬᠢᠮ ᠳᠤ ᠬᠦᠷᠴᠦ ᠲᠤᠬᠠᠶ ᠶᠢᠨ ᠲᠠᠯᠠᠪᠠᠶ ᠳᠤ ᠭᠦᠶᠴᠡᠳᠬᠡᠬᠦ | ᠴᠢᠬᠤᠯᠠᠲᠠᠶ ᠪᠣᠯ᠂ ᠶᠡᠭᠡ ᠲᠢᠩᠬᠢᠮ ᠳᠤ ᠣᠷᠣᠬᠤ ᠠᠴᠠ ᠡᠮᠦᠨ᠎ᠡ᠂ ᠬᠡᠷ ᠲᠤ ᠪᠠᠨ ᠪᠡᠶ᠎ᠡ ᠶᠢᠨ ᠳᠤᠯᠠᠭᠠᠨ ᠢᠶᠠᠨ ᠥᠪᠡᠷ | ᠢᠶᠠᠨ ᠬᠡᠮᠵᠢᠵᠦ᠂ ᠬᠠᠯᠠᠭᠤᠷᠠᠬᠤ ᠥᠬᠡᠶ᠂ ᠪᠡᠶ᠎ᠡ ᠮᠠᠬᠠᠪᠣᠳ ᠡᠷᠡᠭᠦᠯ ᠴᠢᠭᠢᠷᠠᠭ ᠪᠠᠶᠢᠬᠤ ᠶᠢ ᠪᠠᠲᠤᠯᠠᠭᠰᠠᠨ ᠤ ᠳᠠᠷᠠᠭ᠎ᠠ᠂ | ︽ᠡᠷᠡᠭᠦᠯ ᠮᠡᠨᠳᠦ ᠶᠢᠨ ᠺᠣᠳ᠋︾ ᠤᠨ ᠨᠣᠭᠤᠭᠠᠨ ᠺᠣᠳ᠋᠂ 48 ᠴᠠᠭ ᠤᠨ ᠳᠣᠲᠤᠷᠠᠬᠢ ᠪᠥᠭᠡᠮ ᠬᠦᠴᠢᠯ ᠤᠨ | ᠰᠢᠯᠭᠠᠨ ᠪᠠᠶᠢᠴᠠᠭᠠᠯᠲᠠ ᠶᠢᠨ ᠮᠡᠳᠡᠭᠦᠯᠦᠯᠲᠡ ᠪᠠᠨ ᠠᠪᠴᠤ᠂ ᠨᠢᠭᠡ ᠯᠡ ᠤᠳᠠᠭ᠎ᠠ ᠬᠡᠷᠡᠭᠯᠡᠬᠦ ᠡᠮᠴᠢᠯᠡᠭᠡᠨ ᠳᠤ ᠬᠡᠷᠡᠭᠯᠡᠬᠦ | ᠠᠮᠠᠪᠴᠢ ᠵᠡᠭᠦᠪᠡᠯ ᠰᠠᠶ᠋ᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠶᠡᠭᠡ ᠲᠢᠩᠬᠢᠮ ᠳᠤ ᠣᠷᠣᠵᠤ ᠪᠣᠯᠤᠨ᠎ᠠ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠯ ᠪᠢᠳᠡᠨ ᠤ ᠬᠠᠮᠲᠤ ᠶᠢᠨ ᠬᠠᠷᠢᠭᠤᠴᠠᠯᠭ᠎ᠠ ᠮᠥᠨ᠂ ᠲᠠᠨ | ᠳᠤ ᠶᠠᠷᠰᠢᠭ ᠠᠪᠴᠢᠷᠠᠭᠰᠠᠨ ᠢ ᠠᠭᠤᠴᠢᠯᠠᠭᠠᠷᠠᠶ᠃ ᠲᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ | ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠵᠢᠯ ᠢ ᠣᠶᠢᠯᠭᠠᠭᠰᠠᠨ ᠪᠠ ᠳᠡᠮᠵᠢᠭᠰᠡᠨ ᠳᠤ ᠪᠠᠶᠠᠷᠯᠠᠯ᠎ᠠ︕ | ᠡᠭᠦᠨ ᠤ ᠲᠤᠯᠠ ᠣᠨᠴᠠᠭᠠᠶᠢᠯᠠᠨ ᠵᠠᠷᠯᠠᠪᠠ᠂ ᠥᠷᠭᠡᠨ ᠤᠯᠠᠨ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ | ᠪᠠ ᠠᠵᠤ ᠠᠬᠤᠶᠢᠯᠠᠯ ᠤᠳ ᠮᠡᠳᠡᠬᠦ ᠶᠢ ᠬᠦᠰᠡᠵᠦ ᠪᠠᠶᠢᠨ᠎ᠠ᠃ | ᠬᠠᠷᠢᠯᠴᠠᠬᠤ ᠬᠥᠮᠦᠨ᠄ ᠶᠤᠸᠠᠨ ᠯᠸᠢ | ᠠᠰᠠᠭᠤᠨ ᠯᠠᠪᠯᠠᠬᠤ ᠤᠲᠠᠰᠤ᠄ 0471 - 5332404᠂ 53232405᠂ 0471 - | 2841111 | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠬᠢᠮ | 2022 ᠣᠨ ᠤ 2 ᠳ᠋ᠤᠭᠠᠷ ᠰᠠᠷ᠎ᠠ ᠶᠢᠨ 21 ᠤ ᠡᠳᠦᠷ |