ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ— ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠢᠵᠢᠭ ᠤᠨ ᠪᠠᠶᠢᠳᠠᠯ  ᠢ ᠰᠡᠷᠭᠡᠶᠢᠯᠡᠨ ᠡᠵᠡᠮᠳᠡᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2022/3/25
ᠬᠦᠨᠳᠦᠲᠦ ᠥᠷᠭᠡᠨ ᠤᠯᠠᠨ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠪᠠ ᠠᠵᠤ ᠠᠬᠤᠶᠢᠯᠠᠯ ᠤᠳ᠄      ᠤᠯᠤᠰ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠥᠬᠦᠶ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠵᠦ᠂ ᠠᠵᠤ ᠠᠬᠤᠶᠢᠯᠠᠯ ᠪᠠ ᠣᠯᠠᠨ ᠲᠦᠮᠡᠨ ᠳᠤ ᠪᠥᠬᠦ ᠬᠦᠴᠦᠨ ᠢᠶᠠᠷ ᠢᠶᠠᠨ ᠦᠶᠯᠡᠴᠢᠯᠡᠬᠦ ᠶᠢᠨ ᠲᠤᠰᠠᠳᠠ᠂ ᠡᠳᠦᠭᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠤᠯᠪᠣᠭᠳᠠᠯ ᠪᠥᠬᠦᠶ ᠠᠵᠢᠯ ᠢ ᠳᠣᠤᠷᠠᠬᠢ ᠮᠡᠲᠦ ᠵᠠᠷᠯᠠᠪᠠ᠄      ᠨᠢᠭᠡ᠂ ᠰᠦᠯᠵᠢᠶᠡᠨ ᠳᠡᠭᠡᠷ᠎ᠡ ᠭᠦᠶᠴᠡᠳᠬᠡᠬᠦ ᠦᠶᠯᠡᠴᠢᠯᠡᠭᠡ ᠶᠢ ᠰᠠᠨᠠᠭᠠᠴᠢᠯᠠᠨ᠎ᠠ᠃ ᠬᠥᠮᠦᠰ ᠴᠤᠭᠯᠠᠷᠠᠬᠤ  ᠠᠴᠠ ᠵᠠᠶᠢᠯᠠᠰᠬᠢᠬᠦ ᠶᠢᠨ ᠲᠤᠰᠠᠳᠠ᠂ ᠲᠠᠨ ᠢ ᠰᠦᠯᠵᠢᠶᠡᠨ ᠳᠡᠭᠡᠷ᠎ᠡ ᠭᠦᠶᠴᠡᠳᠬᠡᠬᠦ᠂ ︽ᠠᠯᠠᠭᠠᠨ ᠳᠡᠭᠡᠷ᠎ᠡ ᠭᠦᠶᠴᠡᠳᠬᠡᠬᠦ︾ ᠶᠢ ᠰᠠᠨᠠᠭᠠᠴᠢᠯᠠᠵᠤ᠂ ᠠᠭᠤᠯᠵᠠᠬᠤ ᠥᠬᠡᠶ ᠪᠠᠷ ᠭᠦᠶᠴᠡᠳᠬᠡᠬᠦ ᠦᠶᠯᠡᠴᠢᠯᠡᠭᠡ ᠶᠢ ᠪᠡᠶᠡᠯᠡᠭᠦᠯᠦᠨ᠎ᠡ᠂ ᠲᠠ ︽ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠦᠯᠵᠢᠶ᠎ᠡ︾ ᠪᠤᠶᠤ ︽ᠮᠥᠩᠬᠡ ᠰᠤᠪᠠᠭ︾ APP ᠳᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠤᠨ ᠨᠠᠷᠢᠨ ᠳᠠᠩᠰᠠ ᠪᠤᠶᠤ ᠬᠠᠶᠢᠬᠤ ᠪᠤᠯᠤᠩ  ᠢᠶᠠᠷ ᠳᠠᠮᠵᠢᠨ ᠬᠠᠮᠢᠶ᠎ᠠ ᠪᠥᠬᠦᠶ ᠦᠶᠯᠡᠴᠢᠯᠡᠭᠡ ᠶᠢ ᠬᠠᠶᠢᠵᠤ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ᠂ ᠠᠰᠠᠭᠤᠨ ᠯᠠᠪᠯᠠᠬᠤ ᠪᠠ ᠭᠦᠶᠴᠡᠳᠬᠡᠵᠦ ᠪᠣᠯᠤᠨ᠎ᠠ᠃      ᠬᠤᠶᠠᠷ᠂ ᠠᠵᠢᠯ ᠶᠠᠪᠤᠳᠠᠯ ᠭᠦᠶᠴᠡᠳᠬᠡᠬᠦ ᠳᠤ ᠰᠦᠯᠵᠢᠶᠡᠨ ᠳᠡᠭᠡᠷ᠎ᠡ ᠠᠰᠠᠭᠤᠨ ᠯᠠᠪᠯᠠᠵᠤ ᠪᠣᠯᠤᠨ᠎ᠠ᠂ ᠠᠵᠢᠯ ᠶᠠᠪᠤᠳᠠᠯ ᠭᠦᠶᠴᠡᠳᠬᠡᠬᠦ ᠣᠯᠠᠨ ᠲᠦᠮᠡᠨ ᠪᠠ ᠠᠵᠤ ᠠᠬᠤᠶᠢᠯᠠᠯ ᠨᠢ ᠠᠵᠢᠯ ᠤᠨ ᠡᠳᠦᠷ ᠲᠤ ᠮᠠᠨ ᠤ ᠦᠶᠯᠡᠴᠢᠯᠡᠭᠡᠨ  ᠤ ᠤᠲᠠᠰᠤ ᠶᠢ ᠤᠲᠠᠰᠤᠳᠠᠵᠤ ᠪᠣᠯᠤᠨ᠎ᠠ᠂ ᠪᠢᠳᠡ ᠤᠲᠠᠰᠤ᠂ ᠸᠢᠴᠠᠲ᠂ ᠬᠠᠷᠠᠭᠠᠨ ᠳᠠᠪᠲᠠᠮᠵᠢ ᠵᠡᠷᠭᠡ ᠠᠷᠭ᠎ᠠ ᠮᠠᠶ᠋ᠢᠭ  ᠢᠶᠠᠷ ᠮᠠᠳᠠᠭ ᠢ ᠲᠠᠶᠢᠯᠬᠤ ᠪᠣᠯᠤᠨ ᠵᠢᠯᠣᠭᠤᠳᠣᠯᠭ᠎ᠠ ᠬᠠᠩᠭᠠᠨ᠎ᠠ᠃      ᠭᠤᠷᠪᠠ᠂ ᠬᠡᠷᠪᠡ ᠲᠠ ᠦᠨᠡᠬᠡᠷ ᠪᠠᠴᠢᠮ ᠵᠦᠶᠯᠡᠰ ᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠶᠡᠭᠡ ᠲᠢᠩᠬᠢᠮ ᠳᠤ ᠬᠦᠷᠴᠦ ᠲᠤᠬᠠᠶ ᠶᠢᠨ ᠲᠠᠯᠠᠪᠠᠶ ᠳᠤ ᠭᠦᠶᠴᠡᠳᠬᠡᠬᠦ ᠴᠢᠬᠤᠯᠠᠲᠠᠶ ᠪᠣᠯ᠂ ᠶᠡᠭᠡ ᠲᠢᠩᠬᠢᠮ ᠳᠤ ᠣᠷᠣᠬᠤ ᠠᠴᠠ ᠡᠮᠦᠨ᠎ᠡ᠂ ᠬᠡᠷ ᠲᠤ ᠪᠠᠨ ᠪᠡᠶ᠎ᠡ ᠶᠢᠨ ᠳᠤᠯᠠᠭᠠᠨ ᠢᠶᠠᠨ ᠥᠪᠡᠷ  ᠢᠶᠠᠨ ᠬᠡᠮᠵᠢᠵᠦ᠂ ᠬᠠᠯᠠᠭᠤᠷᠠᠬᠤ ᠥᠬᠡᠶ᠂ ᠪᠡᠶ᠎ᠡ ᠮᠠᠬᠠᠪᠣᠳ ᠡᠷᠡᠭᠦᠯ ᠴᠢᠭᠢᠷᠠᠭ ᠪᠠᠶᠢᠬᠤ ᠶᠢ ᠪᠠᠲᠤᠯᠠᠭᠰᠠᠨ ᠤ ᠳᠠᠷᠠᠭ᠎ᠠ᠂ ︽ᠡᠷᠡᠭᠦᠯ ᠮᠡᠨᠳᠦ ᠶᠢᠨ ᠺᠣᠳ᠋︾ ᠤᠨ ᠨᠣᠭᠤᠭᠠᠨ ᠺᠣᠳ᠋᠂ 48 ᠴᠠᠭ ᠤᠨ ᠳᠣᠲᠤᠷᠠᠬᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠮᠡᠳᠡᠭᠦᠯᠦᠯᠲᠡ ᠪᠠᠨ ᠠᠪᠴᠤ᠂ ᠨᠢᠭᠡ ᠯᠡ ᠤᠳᠠᠭ᠎ᠠ ᠬᠡᠷᠡᠭᠯᠡᠬᠦ ᠡᠮᠴᠢᠯᠡᠭᠡᠨ ᠳᠤ ᠬᠡᠷᠡᠭᠯᠡᠬᠦ ᠠᠮᠠᠪᠴᠢ ᠵᠡᠭᠦᠪᠡᠯ ᠰᠠᠶ᠋ᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠶᠡᠭᠡ ᠲᠢᠩᠬᠢᠮ ᠳᠤ ᠣᠷᠣᠵᠤ ᠪᠣᠯᠤᠨ᠎ᠠ᠃      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠯ ᠪᠢᠳᠡᠨ ᠤ ᠬᠠᠮᠲᠤ ᠶᠢᠨ ᠬᠠᠷᠢᠭᠤᠴᠠᠯᠭ᠎ᠠ ᠮᠥᠨ᠂ ᠲᠠᠨ  ᠳᠤ ᠶᠠᠷᠰᠢᠭ ᠠᠪᠴᠢᠷᠠᠭᠰᠠᠨ ᠢ ᠠᠭᠤᠴᠢᠯᠠᠭᠠᠷᠠᠶ᠃ ᠲᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠵᠢᠯ ᠢ ᠣᠶᠢᠯᠭᠠᠭᠰᠠᠨ ᠪᠠ ᠳᠡᠮᠵᠢᠭᠰᠡᠨ ᠳᠤ ᠪᠠᠶᠠᠷᠯᠠᠯ᠎ᠠ︕      ᠡᠭᠦᠨ ᠤ ᠲᠤᠯᠠ ᠣᠨᠴᠠᠭᠠᠶᠢᠯᠠᠨ ᠵᠠᠷᠯᠠᠪᠠ᠂ ᠥᠷᠭᠡᠨ ᠤᠯᠠᠨ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠪᠠ ᠠᠵᠤ ᠠᠬᠤᠶᠢᠯᠠᠯ ᠤᠳ ᠮᠡᠳᠡᠬᠦ ᠶᠢ ᠬᠦᠰᠡᠵᠦ ᠪᠠᠶᠢᠨ᠎ᠠ᠃      ᠬᠠᠷᠢᠯᠴᠠᠬᠤ ᠬᠥᠮᠦᠨ᠄ ᠶᠤᠸᠠᠨ ᠯᠸᠢ      ᠠᠰᠠᠭᠤᠨ ᠯᠠᠪᠯᠠᠬᠤ ᠤᠲᠠᠰᠤ᠄ 0471 - 5332404᠂ 53232405᠂ 0471 - 2841111                 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ                 2022 ᠣᠨ ᠤ 2 ᠳ᠋ᠤᠭᠠᠷ ᠰᠠᠷ᠎ᠠ ᠶᠢᠨ 21 ᠤ ᠡᠳᠦᠷ
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号