ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ  ᠨᠢ 2022 ᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠨᠠᠶᠢᠳᠠᠪᠤᠷᠢᠵᠢᠭᠤᠯᠵᠤ ᠬᠠᠤᠯᠢ ᠪᠠᠷ ᠵᠠᠰᠠᠬᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠶ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2022/4/13
     ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠳᠦᠰᠦᠨ ᠱᠠᠲᠤᠨ ᠤ ᠰᠠᠭᠤᠷᠢ ᠦᠨᠳᠦᠰᠦᠨ ᠮᠡᠷᠭᠡᠵᠢᠯ ᠢ ᠪᠠᠬᠢᠵᠢᠭᠦᠯᠦᠨ᠂ ᠠᠵᠢᠯᠯᠠᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠨᠠᠶᠢᠳᠠᠪᠤᠷᠢᠵᠢᠭᠤᠯᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠬᠦᠷᠢᠶᠡᠨ ᠳᠠᠬᠢ ᠲᠣᠭᠲᠠᠭᠤᠨ ᠪᠠᠶᠢᠳᠠᠯ ᠢ ᠪᠠᠲᠤᠯᠠᠬᠤ ᠶᠢᠨ ᠲᠥᠯᠦᠭᠡ᠂ ︽2022 ᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠨᠠᠶᠢᠳᠠᠪᠤᠷᠢᠵᠢᠭᠤᠯᠬᠤ ᠭᠤᠤᠯᠳᠠᠯᠭ᠎ᠠ ᠲᠠᠢ ᠠᠵᠢᠯ ᠤᠨ ᠡᠭᠦᠷᠭᠡ ᠶᠢᠨ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠶᠯᠡ ᠠᠵᠢᠯᠯᠠᠭ᠎ᠠ ᠶᠢ ᠵᠢᠷᠤᠮᠵᠢᠭᠤᠯᠵᠤ ᠬᠠᠤᠯᠢ ᠪᠠᠷ ᠵᠠᠰᠠᠬᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠶ ᠠᠵᠢᠯᠯᠠᠭ᠎ᠠ ᠶᠢᠨ ᠲᠥᠰᠦᠯ︾ ᠤᠨ ᠲᠤᠰᠬᠠᠢ ᠪᠠᠶᠢᠷᠢᠯᠠᠭᠤᠯᠤᠯᠲᠠ ᠶᠢ ᠦᠨᠳᠦᠰᠦᠯᠡᠨ᠂ ᠮᠠᠨ ᠤ ᠲᠢᠩᠬᠢᠮ ᠤᠨ ᠠᠵᠢᠯ ᠤᠨ ᠪᠣᠳᠠᠲᠠᠶ ᠲᠠᠢ ᠤᠶᠠᠯᠳᠤᠭᠤᠯᠵᠤ᠂ ︽2022 ᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠨᠠᠶᠢᠳᠠᠪᠤᠷᠢᠵᠢᠭᠤᠯᠵᠤ ᠬᠠᠤᠯᠢ ᠪᠠᠷ ᠵᠠᠰᠠᠬᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠶ ᠠᠵᠢᠯᠯᠠᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠡᠳᠡᠭᠳᠡᠯ︾ ︵ᠥᠪᠥᠷ ᠵᠠᠮ ᠲᠠᠷᠬᠠᠭᠠᠭᠰᠠᠨ〔2022〕184 ᠳ᠋ᠦ᠋ᠭᠡᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ 2022 ᠣᠨ ᠤ ᠮᠠᠨ ᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠪᠠᠷ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠶ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠭᠦᠯᠪᠡ᠃ ᠲᠤᠰᠬᠠᠶ ᠠᠵᠢᠯᠯᠠᠭ᠎ᠠ ᠨᠢ ︽ᠪᠠᠶᠢᠩᠭᠤᠵᠢᠭᠰᠠᠨ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠶᠢ ᠥᠷᠨᠢᠭᠦᠯᠬᠦ︾᠂ ︽ᠬᠠᠤᠯᠢ ᠬᠡᠷᠡᠭᠵᠢᠭᠦᠯᠬᠦ ᠠᠷᠭ᠎ᠠ ᠬᠡᠯᠪᠡᠷᠢ ᠶᠢ ᠰᠢᠯᠢᠳᠡᠭᠵᠢᠭᠦᠯᠦᠨ ᠰᠠᠶᠢᠵᠢᠷᠠᠭᠤᠯᠬᠤ︾᠂ ︽ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ︾᠂ ︽ᠠᠵᠢᠯ ᠤᠨ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠬᠦ︾ ᠵᠡᠷᠭᠡ ᠳᠥᠷᠪᠡᠨ ᠲᠠᠯ᠎ᠠ  ᠶᠢᠨ 18 ᠲᠤᠰᠬᠠᠶ ᠠᠵᠢᠯᠯᠠᠭ᠎ᠠ ᠪᠠᠷ ᠪᠦᠷᠢᠯᠳᠦᠵᠦ᠂ ᠲᠤᠰᠬᠠᠶ ᠵᠦᠶᠯ ᠨᠢᠭᠡᠪᠦᠷᠢ ᠳᠤ ᠴᠥᠮ ᠠᠵᠢᠯ ᠤᠨ ᠱᠠᠭᠠᠷᠳᠠᠯᠭ᠎ᠠ᠂ ᠪᠣᠳᠠᠲᠠᠶ ᠬᠠᠷᠢᠭᠤᠴᠠᠯᠭᠠᠲᠤ ᠰᠠᠯᠠᠭ᠎ᠠ ᠮᠥᠴᠢᠷ ᠢ ᠲᠣᠳᠣᠷᠬᠠᠶᠢᠯᠠᠪᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号