2021 ᠣᠨ ᠳᠤ᠂ ᠮᠠᠨ ᠤ ᠲᠢᠩᠬᠢᠮ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠪᠣᠯᠤᠨ | ᠲᠥᠪ ᠤᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠵᠥᠪᠯᠡᠯ ᠤᠨ ᠠᠩᠬᠠᠳᠤᠭᠠᠷ᠂ ᠬᠤᠶᠠᠳᠤᠭᠠᠷ᠂ | ᠭᠤᠷᠪᠠᠳᠤᠭᠠᠷ᠂ ᠳᠥᠷᠪᠡᠳᠦᠭᠡᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ︽ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ | ᠬᠥᠲᠥᠯᠪᠦᠷᠢ ︵2021-2025 ᠣᠨ︶︾ ᠪᠣᠯᠤᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ | ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠮᠠᠨ ᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠠᠵᠢᠯ ᠳᠤ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠪᠠ᠃ ᠡᠳᠦᠭᠡ ᠮᠠᠨ ᠤ | ᠲᠢᠩᠬᠢᠮ ᠤᠨ 2021 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ | ᠪᠠᠶᠢᠭᠤᠯᠤᠯᠲᠠ ᠶᠢᠨ ᠠᠵᠢᠯ ᠤᠨ ᠪᠠᠶᠢᠳᠠᠯ ᠢ ᠳᠤᠤᠷᠠᠬᠢ ᠮᠡᠲᠦ ᠮᠡᠳᠡᠭᠦᠯᠦᠶ᠎ᠡ᠄ | ᠨᠢᠭᠡ᠂ ᠬᠠᠤᠯᠢ ᠪᠠᠷ ᠵᠠᠰᠠᠬᠤ ᠪᠠᠶᠢᠭᠤᠯᠤᠯᠲᠠ ᠳᠠᠬᠢ ᠨᠠᠮ ᠤᠨ ᠭᠤᠣᠯᠯᠠᠬᠤ ᠤᠳᠤᠷᠢᠳᠬᠤ ᠦᠢᠯᠡᠳᠦᠯ ᠢ | ᠴᠢᠩᠭᠠᠳᠬᠠᠪᠠ | ︵ᠨᠢᠭᠡ︶ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠪᠠ ᠲᠥᠪ ᠬᠤᠷᠢᠶᠠᠨ ᠤ ᠬᠠᠤᠯᠢ | ᠶᠣᠰᠣᠭᠠᠷ ᠤᠯᠤᠰ ᠢᠶᠠᠨ ᠵᠠᠰᠠᠬᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠣᠭᠤᠰᠢᠯᠠᠭᠤᠯᠪᠠ᠃ | ᠮᠠᠨ ᠤ ᠲᠢᠩᠬᠢᠮ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠲᠤᠰᠬᠠᠶ ᠰᠡᠳᠦᠪᠲᠦ ᠰᠤᠷᠤᠯᠴᠠᠯᠭ᠎ᠠ ᠶᠢ ᠴᠠᠭ | ᠲᠤᠬᠠᠶ ᠳᠤ ᠨᠢ ᠲᠣᠬᠢᠷᠠᠭᠤᠯᠵᠤ᠂ ᠣᠨᠣᠯ ᠰᠤᠷᠤᠯᠴᠠᠬᠤ ᠭᠤᠤᠯ ᠳᠤᠭᠤᠶᠢᠯᠠᠩ ᠢ ᠲᠣᠭᠲᠠᠮᠠᠯ ᠬᠤᠭᠤᠴᠠᠭ᠎ᠠ ᠲᠠᠢ ᠪᠠᠷ | ᠵᠣᠬᠢᠶᠠᠨ ᠪᠠᠶᠢᠭᠤᠯᠵᠤ ᠲᠤᠰᠬᠠᠶ ᠰᠡᠳᠦᠪᠲᠦ ᠰᠤᠷᠤᠯᠴᠠᠯᠭ᠎ᠠ ᠬᠢᠪᠠ᠃ ᠤᠷᠢᠳ ᠬᠤᠵᠢᠳ ᠲᠢᠩᠬᠢᠮ ᠤᠨ ᠰᠢᠭᠤᠳ | ᠬᠠᠷᠢᠶ᠎ᠠ ᠰᠢᠰᠲ᠋ᠧᠮ ᠤᠨ ᠭᠠᠵᠠᠷ ᠤᠨ ᠲᠠᠰ ᠤᠨ ᠺᠠᠳ᠋ᠷ ᠤᠨ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ | ᠰᠠᠨᠠᠭ᠎ᠠ ᠶᠢ ᠰᠤᠷᠤᠯᠴᠠᠬᠤ ᠵᠢᠴᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠪᠣᠶ ᠪᠣᠯᠭᠠᠬᠤ︾ ᠪᠣᠯᠪᠠᠰᠤᠷᠠᠯ ᠤᠨ ᠠᠩᠭᠢ ᠪᠠ ᠪᠥᠬᠦ ᠰᠢᠰᠲ᠋ᠧᠮ ᠤᠨ ᠬᠠᠤᠯᠢ ᠪᠠᠷ ᠵᠠᠰᠠᠬᠤ | ᠪᠠᠶᠢᠭᠤᠯᠤᠯᠲᠠ ᠶᠢᠨ ᠸᠢᠳᠢᠣ᠋ ᠪᠣᠯᠪᠠᠰᠤᠷᠠᠯ ᠤᠨ ᠠᠩᠭᠢ ᠡᠷᠭᠢᠯᠡᠪᠡ᠃ ︽ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ 2021 ᠣᠨ ᠤ ᠬᠠᠤᠯᠢ ᠪᠠᠷ ᠵᠠᠰᠠᠬᠤ ᠠᠵᠢᠯ ᠤᠨ ᠭᠤᠤᠯᠳᠠᠯᠭ᠎ᠠ︾᠂ ︽ᠲᠢᠩᠬᠢᠮ ᠤᠨ 2021 | ᠣᠨ ᠤ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠤᠨ ᠭᠤᠤᠯᠳᠠᠯᠭ᠎ᠠ︾᠂ ︽2021 ᠣᠨ ᠤ | ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ | ᠠᠵᠢᠯ ᠤᠨ ᠭᠤᠤᠯᠳᠠᠯᠭ᠎ᠠ︾᠂ ︽ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯᠯᠠᠭᠠᠨ ᠤ ᠲᠥᠰᠦᠯ︾ ᠵᠢᠴᠢ ᠬᠠᠮᠢᠶ᠎ᠠ ᠪᠥᠬᠦᠶ ᠡᠬᠡ | ᠲᠠᠩᠰᠠ ᠶᠢ ᠲᠣᠭᠲᠠᠭᠠᠵᠤ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠬᠠᠮᠢᠶ᠎ᠠ ᠪᠥᠬᠦᠶ ᠠᠵᠢᠯ ᠢ ᠰᠠᠷ᠎ᠠ ᠪᠠᠷ | ᠲᠣᠬᠢᠷᠠᠭᠤᠯᠵᠤ᠂ ᠰᠠᠷ᠎ᠠ ᠪᠠᠷ ᠵᠠᠷᠯᠠᠨ ᠮᠡᠳᠡᠭᠳᠡᠪᠡ᠃ | ︵ᠬᠤᠶᠠᠷ︶ ︽ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ | ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠲᠤᠬᠠᠢ ᠲᠣᠭᠲᠠᠭᠠᠯ︾ ᠢ ᠤᠯᠠᠮ | ᠨᠢᠭᠡ ᠠᠯᠬᠤᠮ ᠨᠠᠶᠢᠳᠠᠪᠤᠷᠢᠵᠢᠭᠤᠯᠪᠠ᠃ ᠲᠢᠩᠬᠢᠮ ᠤᠨ ᠭᠤᠣᠯ ᠬᠠᠷᠢᠭᠤᠴᠠᠯᠭᠠᠲᠠᠨ ᠬᠠᠤᠯᠢ ᠪᠠᠷ ᠵᠠᠰᠠᠬᠤ | ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ | ᠭᠤᠣᠯᠳᠠᠯᠭ᠎ᠠ ᠲᠠᠢ ᠠᠵᠢᠯ ᠢ ᠴᠥᠮ ᠬᠢᠨᠠᠮᠠᠭᠠᠢ ᠰᠤᠳᠤᠯᠤᠨ ᠪᠣᠳᠠᠲᠠᠢ ᠱᠠᠭᠠᠷᠳᠠᠯᠭ᠎ᠠ ᠳᠤᠷᠠᠳᠬᠤ ᠶᠢᠨ ᠬᠠᠮᠲᠤ | ᠪᠡᠶ᠎ᠡ ᠪᠠᠷ ᠢᠶᠠᠨ ᠰᠢᠪᠠᠳᠠᠨ ᠰᠢᠢᠳᠪᠦᠷᠢᠯᠡᠭᠦᠯᠪᠡ᠃ ᠲᠢᠩᠬᠢᠮ ᠤᠨ ᠬᠠᠤᠯᠢ ᠶᠣᠰᠣᠭᠠᠷ ᠵᠠᠰᠠᠭ ᠶᠠᠪᠤᠭᠤᠯᠬᠤ | ᠪᠠᠶᠢᠭᠤᠯᠤᠯᠲᠠ ᠶᠢ ᠲᠥᠯᠬᠢᠨ ᠠᠬᠢᠭᠤᠯᠬᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ | ᠳᠤᠭᠤᠶᠢᠯᠠᠩ ᠳᠤ ᠴᠠᠭ ᠲᠤᠬᠠᠢ ᠳᠤ ᠨᠢ ᠲᠣᠬᠢᠷᠠᠭᠤᠯᠣᠯᠳᠠ ᠬᠢᠵᠦ᠂ ᠨᠠᠮ ᠤᠨ ᠤᠳᠤᠷᠢᠳᠬᠤ ᠳᠤᠭᠤᠶᠢᠯᠠᠩ ᠤᠨ | ᠬᠤᠷᠠᠯ 2 ᠤᠳᠠᠭ᠎ᠠ᠂ ᠤᠳᠤᠷᠢᠳᠬᠤ ᠳᠤᠭᠤᠶᠢᠯᠠᠩ ᠤᠨ ᠬᠤᠷᠠᠯ ᠢ 2 ᠤᠳᠠᠭ᠎ᠠ ᠬᠤᠷᠠᠯᠳᠤᠭᠤᠯᠵᠤ᠂ ᠬᠠᠤᠯᠢ ᠪᠠᠷ | ᠵᠠᠰᠠᠬᠤ ᠠᠵᠢᠯ ᠤᠨ ᠬᠠᠷᠢᠭᠤ ᠮᠡᠳᠡᠭᠦᠯᠦᠯᠲᠡ ᠶᠢ ᠲᠤᠰᠬᠠᠢ ᠰᠡᠳᠦᠪ ᠢᠶᠠᠷ ᠰᠣᠨᠣᠰᠴᠤ᠂ ᠬᠠᠤᠯᠢ ᠪᠠᠷ ᠵᠠᠰᠠᠬᠤ | ᠪᠠᠶᠢᠭᠤᠯᠤᠯᠲᠠ ᠶᠢᠨ ᠠᠰᠠᠭᠤᠳᠠᠯ ᠢ ᠰᠤᠳᠤᠯᠪᠠ᠃ ︽ᠲᠢᠩᠬᠢᠮ ᠤᠨ ᠨᠠᠮ ᠵᠠᠰᠠᠭ ᠤᠨ ᠭᠤᠤᠯ ᠬᠠᠷᠢᠭᠤᠴᠠᠯᠭᠠᠲᠠᠨ ᠤ | ᠬᠠᠤᠯᠢ ᠪᠠᠷ ᠵᠠᠰᠠᠬᠤ ᠪᠠᠶᠢᠭᠤᠯᠤᠯᠲᠠ ᠶᠢ ᠳᠥᠯᠭᠢᠨ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠭᠡᠬᠦ ᠲᠣᠭᠲᠠᠭᠠᠯ ᠢ ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠬᠡᠷᠡᠭᠵᠢᠭᠦᠯᠬᠦ | ᠰᠠᠨᠠᠯ︾ ︽ᠲᠢᠩᠬᠢᠮ ᠤᠨ ᠨᠠᠮ ᠵᠠᠰᠠᠭ ᠤᠨ ᠭᠤᠤᠯ ᠬᠠᠷᠢᠭᠤᠴᠠᠯᠭᠠᠲᠠᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢ | ᠳᠥᠯᠭᠢᠨ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠲᠤᠬᠠᠶ | ᠵᠢᠯᠣᠭᠤᠳᠤᠮᠵᠢ ᠶᠢᠨ ᠨᠠᠷᠢᠨ ᠬᠠᠭᠤᠳᠠᠰᠤ︾ ︽ᠲᠢᠩᠬᠢᠮ ᠤᠨ ᠦᠨᠳᠦᠰᠦᠨ ᠬᠠᠤᠯᠢ ᠳᠤ ᠲᠠᠩᠭᠠᠷᠢᠭᠯᠠᠬᠤ ᠲᠦᠷᠢᠮ︾ | ᠵᠡᠷᠭᠡ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠨᠢᠭᠡᠳᠦᠭᠡᠷ | ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠶᠢᠳᠠᠯ ᠢ ᠲᠤᠰᠢᠶᠠᠯ ᠤᠨ | ᠮᠡᠳᠡᠭᠦᠯᠦᠯᠲᠡ ᠶᠢᠨ ᠴᠢᠬᠤᠯᠠ ᠠᠭᠤᠯᠭ᠎ᠠ ᠪᠣᠯᠭᠠᠪᠠ᠃ | ᠬᠤᠶᠠᠷ᠂ ᠬᠠᠤᠯᠢᠵᠢᠭᠰᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠲᠦᠷᠭᠡᠳᠬᠡᠨ ᠪᠠᠶᠢᠭᠤᠯᠪᠠ | ︵ᠨᠢᠭᠡ︶ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠶᠡᠭᠡ ᠪᠠᠷ ᠰᠢᠯᠢᠳᠡᠭᠵᠢᠭᠦᠯᠪᠡ᠃ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ︽ᠳᠥᠷᠪᠡᠨ ᠭᠦᠢᠴᠡᠳᠭᠡᠬᠦ︾ ᠪᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ︽ | ᠳᠥᠷᠪᠡᠨ ᠬᠠᠰᠤᠯᠲᠠ︾ ᠶᠢ ᠭᠦᠨᠵᠡᠭᠡᠶ ᠠᠬᠢᠭᠤᠯᠵᠤ᠂ ᠨᠢᠭᠡ ᠪᠦᠯᠦᠭ ᠵᠠᠰᠠᠭ ᠵᠠᠬᠢᠷᠭᠠᠨ ᠤ ᠡᠷᠬᠡ ᠶᠢ ᠬᠦᠴᠦᠨ | ᠥᠬᠡᠶ ᠪᠣᠯᠭᠠᠭᠰᠠᠨ ᠪᠠ ᠳᠣᠷᠣᠭᠰᠢ ᠪᠠᠭᠤᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠣᠶ ᠪᠥᠬᠦᠶ | ᠵᠦᠢᠯᠡᠰ ᠢ ᠴᠥᠮ ᠶᠡᠭᠡ ᠲᠢᠩᠬᠢᠮ ᠳᠤ ᠣᠷᠣᠭᠤᠯᠤᠨ ᠭᠦᠢᠴᠡᠳᠭᠡᠵᠦ᠂ ᠭᠦᠢᠴᠡᠳᠭᠡᠬᠦ ᠴᠠᠭ ᠤᠨ ᠬᠢᠵᠠᠭᠠᠷ ᠢ | ᠬᠠᠤᠯᠢ ᠪᠠᠷ ᠲᠣᠭᠲᠠᠭᠠᠭᠰᠠᠨ ᠴᠠᠭ ᠤᠨ ᠬᠢᠵᠠᠭᠠᠷ ᠤᠨ ᠰᠠᠭᠤᠷᠢᠨ ᠳᠡᠭᠡᠷ᠎ᠡ 20% ᠠᠴᠠ ᠳᠡᠭᠡᠭᠰᠢ ᠪᠠᠭᠠᠰᠬᠠᠬᠤ ᠶᠢᠨ | ᠬᠠᠮᠲᠤ᠂ ᠡᠯᠧᠺᠲᠷᠣᠨ ᠭᠡᠷᠡᠴᠢ ᠦᠨᠡᠮᠯᠡᠯ ᠤᠨ ᠳ᠋ᠠᠶᠢᠲ᠋ᠠ ᠶᠢ ᠬᠠᠮᠲᠤ ᠪᠠᠷ ᠭᠥᠷᠳᠡᠬᠦ ᠪᠠᠷ ᠳᠠᠮᠵᠢᠭᠤᠯᠤᠨ ᠭᠡᠷᠡᠴᠢ | ᠦᠨᠡᠮᠯᠡᠯ ᠤᠨ ᠲᠥᠷᠥᠯ ᠤᠨ ᠠᠵᠢᠯ ᠶᠠᠪᠤᠳᠠᠯ ᠭᠦᠢᠴᠡᠳᠭᠡᠬᠦ ᠮᠠᠲ᠋ᠧᠷᠢᠶᠠᠯ ᠢ ᠲᠤᠰᠢᠶᠠᠬᠤ ᠥᠬᠡᠶ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ 45 ᠵᠦᠢᠯ ᠤᠨ ᠵᠦᠢᠯᠡᠰ ᠢ ᠪᠥᠬᠦ ᠶᠠᠪᠤᠴᠠ ᠳᠤ ᠰᠦᠯᠵᠢᠶ᠎ᠡ ᠪᠠᠷ ᠭᠦᠢᠴᠡᠳᠭᠡᠬᠦ ᠶᠢ | ᠪᠡᠶᠡᠯᠡᠭᠦᠯᠪᠡ᠃ ︽ᠪᠢ ᠰᠦᠯᠵᠢᠶ᠎ᠡ ᠪᠠᠷ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠬᠢᠷᠢ | ᠬᠡᠮ ᠤᠨ ᠦᠨᠡᠮᠯᠡᠯ ᠭᠦᠢᠴᠡᠳᠭᠡᠬᠦ︾ ᠪᠠ ︽ᠪᠢ ᠪᠠᠷᠠᠭ᠎ᠠ ᠲᠡᠭᠡᠭᠡᠪᠦᠷᠢᠯᠡᠬᠦ ᠶᠢ ᠡᠵᠡᠩᠨᠡᠬᠦ︾ ᠵᠡᠷᠭᠡ ᠵᠦᠢᠯᠡᠰ ᠢ ᠣᠯᠠᠨ | ᠲᠦᠮᠡᠨ ᠳᠤ ᠦᠢᠯᠡᠴᠢᠯᠡᠬᠦ ︽ᠨᠢᠭᠡ ᠶᠠᠪᠤᠳᠠᠯ︾ ᠪᠣᠯᠭᠠᠨ ᠬᠤᠪᠢᠷᠠᠭᠤᠯᠵᠤ᠂ ᠲᠣᠮᠣ ᠵᠦᠢᠯᠡᠰ ᠢ ᠲᠡᠭᠡᠭᠡᠪᠦᠷᠢᠯᠡᠬᠦ ᠪᠠ | ᠵᠠᠮ ᠲᠡᠭᠡᠭᠡᠪᠦᠷᠢ ᠶᠢᠨ ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠮᠤᠵᠢ | ᠠᠯᠤᠰᠯᠠᠨ ᠨᠡᠶᠢᠳᠡᠮ ᠭᠦᠢᠴᠡᠳᠭᠡᠬᠦ︾ ᠶᠢ ᠪᠡᠶᠡᠯᠡᠭᠦᠯᠪᠡ᠃ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠵᠢᠷᠤᠭ | ᠲᠥᠯᠥᠪᠯᠡᠭᠡ ᠶᠢ ᠬᠢᠨᠠᠨ ᠵᠥᠪᠰᠢᠶᠡᠷᠡᠬᠦ ᠳᠤ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠬᠤᠲᠠ ᠶᠢᠨ ︽ᠬᠤᠶᠠᠷ | ᠬᠢᠨᠠᠬᠤ ᠶᠢ ᠨᠢᠭᠡᠳᠬᠡᠬᠦ︾ ᠶᠢ ᠪᠡᠶᠡᠯᠡᠭᠦᠯᠪᠡ᠃ ︽ᠢᠲᠡᠭᠡᠮᠵᠢᠲᠦ ᠵᠠᠮ ᠬᠠᠷᠢᠯᠴᠠᠭᠠᠨ ᠤ ᠮᠤᠵᠢ︾ ᠶᠢ ᠡᠭᠦᠳᠦᠨ | ᠪᠠᠶᠢᠭᠤᠯᠬᠤ ᠶᠢ ᠭᠦᠨᠵᠡᠭᠡᠶ ᠠᠬᠢᠭᠤᠯᠵᠤ᠂ ᠭᠡᠷᠡᠴᠢᠯᠡᠬᠦ ᠵᠦᠢᠯᠡᠰ ᠪᠠ ᠠᠵᠤ ᠠᠬᠤᠶᠢᠯᠠᠯ ᠳᠤ ᠬᠤᠯᠪᠣᠭᠳᠠᠬᠤ | ᠡᠵᠡᠩᠨᠡᠯᠲᠡ ᠶᠢᠨ ᠵᠥᠪᠰᠢᠶᠡᠷᠡᠯ ᠤᠨ ᠵᠦᠢᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠢ ᠶᠡᠭᠡ ᠪᠠᠷ ᠬᠡᠷᠡᠭᠵᠢᠭᠦᠯᠬᠦ ᠶᠢᠨ | ᠬᠠᠮᠲᠤ᠂ ᠵᠠᠰᠠᠭ ᠤᠨ ᠶᠠᠪᠤᠳᠠᠯ ᠤᠨ ᠭᠡᠷ᠎ᠡ ᠪᠠᠨ ᠭᠦᠢᠴᠡᠳᠭᠡᠬᠦ ᠪᠠ ᠠᠮᠠᠯᠠᠯᠲᠠ ᠪᠠᠨ ᠭᠦᠢᠴᠡᠳᠭᠡᠬᠦ ᠦᠢᠯᠡᠴᠢᠯᠡᠭᠡ ᠶᠢ | ᠣᠨ ᠤ ᠰᠢᠯᠭᠠᠨ ᠬᠢᠨᠠᠬᠤ ᠭᠦᠢᠴᠡᠳᠭᠡᠯ ᠲᠤᠭ᠎ᠠ ᠳᠤ ᠣᠷᠤᠭᠤᠯᠪᠠ᠃ | ︵ᠬᠤᠶᠠᠷ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠶᠢᠨ ᠲᠤᠰᠬᠠᠶ ᠴᠡᠭᠴᠡᠯᠡᠨ ᠵᠠᠰᠠᠯᠲᠠ ᠶᠢ ᠦᠷᠨᠢᠭᠦᠯᠪᠡ | ᠃ ᠪᠥᠬᠦ ᠰᠢᠰᠲ᠋ᠧᠮ ᠳᠤ ᠬᠢᠨᠠᠨ ᠵᠥᠪᠰᠢᠶᠡᠷᠡᠬᠦ ᠪᠠᠷᠢᠮᠵᠢᠶ᠎ᠠ ᠶᠢ ᠳᠤᠷ᠎ᠠ ᠪᠠᠷ ᠢᠶᠠᠨ ᠳᠡᠭᠡᠭᠰᠢᠯᠡᠭᠦᠯᠬᠦ᠂ ᠡᠰᠡ ᠦᠢᠯᠡᠳᠬᠦᠢ | ᠂ ᠳᠤᠷ᠎ᠠ ᠪᠠᠷ ᠦᠢᠯᠡᠳᠬᠦᠢ ᠵᠡᠷᠭᠡ ᠶᠢ ᠬᠤᠷᠢᠭᠯᠠᠬᠤ ᠪᠠᠷ ᠭᠤᠤᠯᠳᠠᠯᠭ᠎ᠠ ᠪᠣᠯᠭᠠᠭᠰᠠᠨ ᠲᠤᠰᠬᠠᠶ ᠴᠡᠭᠴᠡᠯᠡᠨ | ᠵᠠᠰᠠᠯᠲᠠ ᠶᠢ ᠥᠷᠨᠢᠭᠦᠯᠵᠦ᠂ ᠪᠤᠰᠤᠳ ᠭᠤᠤᠯᠳᠠᠯᠭ᠎ᠠ ᠲᠠᠢ ᠠᠵᠢᠯ ᠲᠠᠢ ᠤᠶᠠᠯᠳᠤᠭᠤᠯᠤᠨ ᠲᠢᠩᠬᠢᠮ ᠤᠨ | ᠤᠳᠤᠷᠢᠳᠤᠯᠭ᠎ᠠ ᠪᠥᠬᠦ ᠰᠢᠰᠲ᠋ᠧᠮ ᠢ ᠬᠠᠮᠤᠷᠤᠭᠰᠠᠨ ᠰᠢᠮᠳᠠᠭᠤᠯᠤᠨ ᠪᠠᠶᠢᠴᠠᠭᠠᠯᠲᠠ ᠶᠢ ᠥᠷᠨᠢᠭᠦᠯᠪᠡ᠃ ᠪᠥᠬᠦ | ᠰᠢᠰᠲ᠋ᠧᠮ ᠢᠶᠠᠷ ᠢᠶᠠᠨ ᠬᠢᠨᠠᠨ ᠵᠥᠪᠰᠢᠶᠡᠷᠡᠬᠦ ᠪᠠᠷᠢᠮᠵᠢᠶ᠎ᠠ ᠶᠢ ᠳᠤᠷ᠎ᠠ ᠪᠠᠷ ᠢᠶᠠᠨ ᠳᠡᠭᠡᠭᠰᠢᠯᠡᠭᠦᠯᠬᠦ᠂ ᠡᠰᠡ ᠦᠢᠯᠡᠳᠬᠦᠢ᠂ | ᠳᠤᠷ᠎ᠠ ᠪᠠᠷ ᠦᠢᠯᠡᠳᠬᠦᠢ ᠳᠤ ᠬᠤᠯᠪᠣᠭᠳᠠᠭᠰᠠᠨ ᠨᠡᠶᠢᠲᠡ 185 ᠠᠰᠠᠭᠤᠳᠠᠯ ᠢ ᠤᠶᠢᠯᠠᠭᠠᠨ ᠵᠢᠭᠰᠠᠭᠠᠬᠤ ᠪᠤᠶᠤ | ᠳᠡᠭᠡᠭᠰᠢ ᠮᠡᠳᠡᠭᠦᠯᠵᠦ᠂ ᠡᠮᠬᠢᠯᠡᠨ ᠨᠡᠶᠢᠯᠡᠭᠦᠯᠦᠭᠰᠡᠨ ᠤ ᠳᠠᠷᠠᠭ᠎ᠠ ᠨᠠᠷᠢᠨ ᠬᠠᠭᠤᠳᠠᠰᠤ ᠳᠤ ᠣᠷᠣᠭᠤᠯᠤᠭᠰᠠᠨ 59 | ᠠᠰᠠᠭᠤᠳᠠᠯ ᠢ ᠨᠢᠭᠡᠨᠲᠡ ᠪᠦᠬᠦᠨ ᠢ ᠴᠡᠭᠴᠡᠯᠡᠨ ᠰᠠᠶᠢᠵᠢᠷᠠᠭᠤᠯᠵᠤ ᠳᠠᠭᠤᠰᠬᠠᠪᠠ᠃ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠳᠤ ᠭᠤᠶᠤᠴᠢᠯᠠᠭᠰᠠᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠢ ᠭᠦᠢᠴᠡᠳᠭᠡᠬᠦ ᠪᠠᠷ ᠯᠠᠪᠯᠠᠯᠲᠠ ᠪᠣᠯᠭᠠᠬᠤ ᠵᠦᠭᠯᠡᠭᠦᠷ︾ ᠢ ᠵᠣᠬᠢᠶᠠᠨ ᠪᠠᠶᠢᠭᠤᠯᠤᠨ | ᠨᠠᠶᠢᠷᠠᠭᠤᠯᠤᠨ ᠵᠣᠬᠢᠶᠠᠵᠤ᠂ 12328 ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠴᠢᠯᠡᠭᠡ ᠳᠤ ᠬᠢᠨᠠᠯᠲᠠ ᠲᠠᠯᠪᠢᠬᠤ | ᠤᠲᠠᠰᠤ ᠶᠢᠨ ᠠᠵᠢᠯ ᠤᠨ ᠲᠤᠰᠬᠠᠶ ᠠᠩᠭᠢ ᠶᠢ ᠪᠠᠶᠢᠭᠤᠯᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠢ | ᠰᠢᠢᠳᠪᠦᠷᠢᠯᠡᠬᠦ ᠪᠠᠷ ᠭᠤᠤᠯ ᠪᠣᠯᠭᠠᠭᠰᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ | ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠰᠢᠮᠳᠠᠭᠤᠯᠤᠨ ᠭᠦᠢᠴᠡᠳᠭᠡᠬᠦ ᠲᠣᠭᠲᠠᠴᠠ ᠶᠢ ᠪᠠᠶᠢᠭᠤᠯᠪᠠ᠃ | ︵ᠭᠤᠷᠪᠠ︶ ᠲᠥᠪ ᠭᠤᠣᠯᠴᠢ ᠡᠷᠬᠡ ᠲᠡᠭᠰᠢ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠠᠶᠢᠭᠤᠯᠪᠠ᠃ | ︽ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠠᠷᠠᠳ ᠠᠴᠠ | ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠲᠤᠬᠠᠶ ᠲᠢᠩᠬᠢᠮ ᠤᠨ ᠮᠡᠳᠡᠭᠳᠡᠯ︾ ᠢ ᠳᠠᠷᠤᠮᠠᠯᠯᠠᠨ | ᠲᠠᠷᠬᠠᠭᠠᠵᠤ᠂ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ ︵PPP︶ ᠶᠢᠨ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢ ᠵᠢᠷᠤᠮᠵᠢᠭᠤᠨ ᠪᠥᠭᠡᠳ ᠡᠮᠬᠢ ᠵᠢᠷᠤᠮ ᠲᠠᠢ ᠳᠥᠯᠭᠢᠨ ᠠᠬᠢᠭᠤᠯᠪᠠ᠃ ︽ | ᠰᠢᠦᠳᠠᠨ ᠤ ᠡᠩ ᠤᠨ ᠦᠢᠯᠡᠴᠢᠯᠡᠭᠡᠨ ᠤ ᠲᠤᠰᠬᠠᠢ ᠬᠡᠷᠡᠭᠯᠡᠬᠦ ᠲᠡᠷᠭᠡ ᠬᠥᠰᠬᠡ ᠶᠢᠨ ᠨᠡᠪᠲᠡᠷᠡᠬᠦ ᠰᠦᠢᠳᠬᠡᠯ ᠬᠤᠷᠢᠶᠠᠬᠤ | ᠪᠠᠷᠢᠮᠵᠢᠶ᠎ᠠ ᠳᠤ ᠲᠤᠬᠢᠷᠠᠭᠤᠯᠤᠯᠳᠠ ᠬᠢᠬᠦ ᠲᠤᠬᠠᠢ ᠲᠢᠩᠬᠢᠮ ᠤᠨ ᠮᠡᠳᠡᠭᠳᠡᠯ︾ ᠵᠡᠷᠭᠡ ᠵᠢᠷᠤᠮᠵᠢᠯ ᠤᠨ ᠴᠢᠨᠠᠷᠲᠠᠢ ᠪᠢᠴᠢᠭ | ᠮᠠᠲ᠋ᠧᠷᠢᠶᠠᠯ ᠳᠤ ᠢᠯᠭᠠᠷᠠᠭᠤᠯᠬᠤ ᠠᠵᠢᠯ ᠥᠷᠨᠢᠭᠦᠯᠵᠦ᠂ 1 ᠬᠤᠪᠢ ᠶᠢ ᠬᠦᠴᠦᠨ ᠦᠭᠡᠢ ᠪᠣᠯᠭᠠᠵᠤ᠂ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠬᠠᠮᠢᠶᠠᠷᠤᠯᠲᠠ ᠲᠠᠢ ᠬᠤᠯᠪᠤᠭᠳᠠᠬᠤ ᠵᠡᠷᠭᠡ ᠲᠠᠯ᠎ᠠ ᠶᠢᠨ 42 ᠬᠤᠪᠢ | ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠨᠡᠶᠢᠲᠡᠯᠡᠵᠤ ᠬᠦᠴᠦᠨ ᠦᠭᠡᠢ ᠪᠣᠯᠭᠠᠪᠠ᠃ ᠬᠠᠤᠯᠢ ᠶᠣᠰᠣᠴᠢ | ᠴᠢᠨᠠᠷ ᠤᠨ ᠬᠢᠨᠠᠨ ᠪᠠᠶᠢᠴᠠᠭᠠᠯᠲᠠ ᠪᠠ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢ ᠴᠢᠩᠭᠠᠳᠬᠠᠵᠤ᠂ | ᠨᠡᠶᠢᠲᠡ 39 ᠬᠤᠪᠢ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢᠨ ᠰᠠᠨᠠᠯ ᠪᠠ 13 ᠬᠤᠪᠢ ᠭᠤᠤᠯᠴᠢ | ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢᠨ ᠰᠠᠨᠠᠯ ᠢ ᠭᠠᠷᠭᠠᠪᠠ᠃ | ᠭᠤᠷᠪᠠ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠰᠢᠨᠵᠢᠯᠡᠬᠦ ᠤᠬᠠᠭᠠᠨᠴᠢᠯᠠᠬᠤ | ᠠᠷᠠᠳᠴᠢᠯᠠᠬᠤ ᠬᠠᠤᠯᠢᠵᠢᠭᠤᠯᠬᠤ ᠶᠢ ᠦᠷᠭᠦᠯᠵᠢᠯᠡᠨ ᠲᠦᠯᠬᠢᠨ ᠠᠬᠢᠭᠤᠯᠪᠠ | ︵ᠨᠢᠭᠡ︶ ᠡᠷᠬᠡ ᠶᠢᠨ ᠬᠢᠵᠠᠭᠠᠷᠯᠠᠯ ᠢ ᠴᠢᠩᠭᠠᠳᠬᠠᠪᠠ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ | ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ | ᠲᠢᠩᠬᠢᠮ ᠤᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ | ᠵᠢᠯᠣᠭᠤᠳᠤᠮᠵᠢ︾ ᠶᠢ ᠨᠠᠶᠢᠷᠠᠭᠤᠯᠤᠨ ᠵᠣᠬᠢᠶᠠᠵᠤ᠂ ︽ᠲᠢᠩᠬᠢᠮ ᠤᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ | ᠪᠢᠴᠢᠭ ᠮᠠᠲ᠋ᠧᠷᠢᠶᠠᠯ ᠤᠨ ᠲᠠᠰ ᠳᠠᠷᠠᠭᠠᠯᠠᠯ ᠤᠨ ᠵᠢᠯᠣᠭᠤᠳᠤᠮᠵᠢ︾ ︽ᠵᠠᠰᠠᠭ ᠠᠵᠤ ᠠᠬᠤᠶᠢᠯᠠᠯ ᠯᠤᠭ᠎ᠠ ᠨᠡᠪᠲᠡᠷᠡᠯᠴᠡᠬᠦ | ᠪᠠ ᠪᠠᠶᠢᠩᠭᠤ ᠬᠠᠷᠢᠯᠴᠠᠬᠤ ᠶᠢ ᠴᠢᠩᠭᠠᠳᠬᠠᠵᠤ ᠠᠵᠤ ᠠᠬᠤᠶᠢᠯᠠᠯ ᠳᠤ ᠬᠤᠯᠪᠣᠭᠳᠠᠭᠰᠠᠨ ᠲᠥᠷᠥ ᠶᠢᠨ ᠪᠣᠳᠣᠯᠭ᠎ᠠ ᠶᠢ | ᠲᠣᠭᠲᠠᠭᠠᠬᠤ ᠶᠠᠪᠤᠴᠠ ᠳᠤ ᠠᠵᠢᠯ ᠲᠥᠷᠥᠯ ᠤᠨ ᠠᠵᠤ ᠠᠬᠤᠶᠢᠯᠠᠯ ᠪᠠ ᠨᠡᠶᠢᠭᠡᠮᠯᠢᠭ ᠤᠨ ᠰᠠᠨᠠᠯ ᠢ ᠭᠦᠢᠴᠡᠳ | ᠰᠣᠨᠣᠰᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠪᠢᠴᠢᠭ ᠮᠠᠲ᠋ᠧᠷᠢᠶᠠᠯ ᠤᠨ ᠶᠠᠰᠤ ᠴᠢᠨᠠᠷ ᠪᠠ ᠪᠣᠳᠠᠲᠤ | ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠬᠠᠤᠯᠢ ᠴᠠᠭᠠᠵᠠ ᠶᠢᠨ ᠵᠥᠪᠯᠡᠭᠴᠢ ᠶᠢ ᠵᠢᠯ ᠲᠤᠷᠰᠢ ᠤᠷᠢᠨ ᠬᠡᠷᠡᠭᠯᠡᠬᠦ ᠶᠢ | ᠤᠯᠠᠮ ᠨᠢᠭᠡ ᠠᠯᠬᠤᠮ ᠵᠢᠷᠤᠮᠵᠢᠭᠤᠯᠵᠤ᠂ ᠠᠯᠪᠠᠨ ᠲᠤᠰᠢᠶᠠᠯᠲᠤ ᠬᠠᠤᠯᠢᠴᠢ ᠶᠢᠨ ᠡᠩᠨᠡᠭᠡ ᠶᠢ ᠪᠠᠶᠢᠭᠤᠯᠵᠤ᠂ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠪᠠ ᠲᠢᠩᠬᠢᠮ ᠤᠨ ᠶᠠᠪᠤᠳᠠᠯ ᠤᠨ ᠬᠤᠷᠠᠯ ᠵᠡᠷᠭᠡ | ᠬᠠᠮᠢᠶ᠎ᠠ ᠪᠦᠬᠦᠢ ᠬᠤᠷᠠᠯ ᠳᠤ ᠰᠤᠯᠠ ᠣᠷᠣᠯᠴᠠᠬᠤ ᠶᠢ ᠲᠣᠳᠣᠷᠬᠠᠢ ᠱᠠᠭᠠᠷᠳᠠᠪᠠ᠃ | ︵ᠬᠤᠶᠠᠷ︶ ᠬᠠᠤᠯᠢ ᠶᠣᠰᠣᠭᠠᠷ ᠵᠠᠰᠠᠭ ᠶᠠᠪᠤᠭᠤᠯᠬᠤ ᠳᠦᠷᠢᠮ ᠤᠨ ᠰᠢᠰᠲ᠋ᠧᠮᠵᠢ ᠶᠢ ᠪᠦᠷᠢᠨᠰᠢᠭᠦᠯᠦᠨ | ᠲᠡᠭᠦᠯᠳᠡᠷᠵᠢᠭᠦᠯᠪᠡ᠃ ︽ᠥᠪᠡᠷᠲᠡᠭᠡᠨ ᠵᠠᠰᠠᠬᠤ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠳᠦᠷᠢᠮ︾ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ | ᠲᠠᠯᠪᠢᠬᠤ ᠳᠦᠷᠢᠮ︾ ᠤᠨ ᠬᠠᠤᠯᠢ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠯᠲᠡ ᠶᠢ ᠥᠷᠨᠢᠭᠦᠯᠵᠦ᠂ ︽ | ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠳᠦᠷᠢᠮ︾ ︽ᠥᠪᠡᠷᠲᠡᠭᠡᠨ ᠵᠠᠰᠠᠬᠤ ᠣᠷᠣᠨ ᠤ ᠵᠠᠮ | ᠲᠡᠭᠡᠭᠡᠪᠦᠷᠢ ᠶᠢᠨ ᠳᠦᠷᠢᠮ︾ ︽ᠥᠪᠡᠷᠲᠡᠭᠡᠨ ᠵᠠᠰᠠᠬᠤ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠳᠦᠷᠢᠮ | ︾ ︽ᠥᠪᠡᠷᠲᠡᠭᠡᠨ ᠵᠠᠰᠠᠬᠤ ᠣᠷᠣᠨ ᠤ ᠪᠠᠷᠠᠭ᠎ᠠ ᠶᠢᠨ ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ | ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠷᠭ᠎ᠠ︾ ᠳᠤ ᠵᠠᠰᠠᠪᠤᠷᠢ ᠣᠷᠣᠭᠤᠯᠬᠤ ᠰᠠᠨᠠᠭᠤᠯᠭ᠎ᠠ ᠶᠢ ᠮᠡᠳᠡᠭᠦᠯᠦᠨ | ᠬᠦᠷᠭᠡᠵᠦ᠂ ᠵᠦᠢ ᠵᠣᠬᠢᠰ ᠦᠭᠡᠶ ᠵᠣᠭᠤᠰ ᠢᠶᠠᠷ ᠲᠣᠷᠭᠠᠬᠤ ᠲᠣᠭᠲᠠᠭᠠᠯ ᠢ ᠢᠯᠭᠠᠷᠠᠭᠤᠯᠬᠤ ᠶᠢ ᠦᠷᠨᠢᠭᠦᠯᠪᠡ᠃ | ︵ᠭᠤᠷᠪᠠ︶ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠲᠣᠬᠢᠷᠠᠭᠤᠯᠪᠠ᠃ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠮᠠᠨ ᠤ ᠲᠢᠩᠬᠢᠮ ᠤᠨ ᠡᠷᠬᠡ | ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠳᠤ ᠲᠣᠬᠢᠷᠠᠭᠤᠯᠤᠯᠲᠠ ᠬᠢᠵᠦ᠂ ᠲᠣᠰ ᠤᠳᠠᠭ᠎ᠠ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠦᠨᠳᠦᠰᠦᠯᠡᠯ ᠢ ᠳᠣᠭᠢᠷᠠᠭᠤᠯᠤᠨ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠡᠷᠬᠡ ᠲᠤᠰᠢᠶᠠᠯ ᠢ ᠵᠠᠳᠠᠯᠤᠭᠰᠠᠨ ᠪᠥᠭᠡᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠬᠠᠷᠢᠭᠤᠴᠠᠯᠭ᠎ᠠ ᠶᠢ ᠲᠣᠭᠲᠠᠭᠠᠪᠠ᠃ ᠨᠡᠶᠢᠲᠡ 35 ᠵᠦᠢᠯ ᠢ ᠰᠢᠨ᠎ᠡ ᠪᠠᠷ ᠨᠡᠮᠡᠭᠳᠡᠭᠦᠯᠵᠦ᠂ 26 ᠵᠦᠢᠯ ᠢ | ᠨᠡᠶᠢᠯᠡᠭᠦᠯᠦᠨ᠂ 3 ᠵᠦᠢᠯ ᠢ ᠨᠢ ᠬᠦᠴᠦᠨ ᠦᠭᠡᠶ ᠪᠣᠯᠭᠠᠵᠤ᠂ 1 ᠵᠦᠢᠯ ᠢ ᠳᠣᠷᠣᠭᠰᠢ ᠪᠠᠭᠤᠯᠭᠠᠨ᠂ ᠬᠠᠤᠯᠢ | ᠬᠡᠷᠡᠭᠵᠢᠭᠦᠯᠬᠦ ᠭᠤᠣᠯᠳᠠᠯᠭ᠎ᠠ ᠪᠠᠨ 6 ᠵᠦᠢᠯ ᠢ ᠳᠣᠷᠣᠭᠰᠢ ᠰᠢᠯᠵᠢᠭᠦᠯᠪᠡ᠃ ᠲᠣᠬᠢᠷᠠᠭᠤᠯᠤᠯᠲᠠ ᠬᠢᠭᠰᠡᠨ ᠤ ᠳᠠᠷᠠᠭ᠎ᠠ | ᠨᠡᠶᠢᠲᠡ 118 ᠵᠦᠢᠯ ᠢ ᠦᠯᠡᠳᠡᠭᠡᠵᠦ᠂ ᠡᠭᠦᠨ ᠳᠤ ᠵᠠᠰᠠᠭ ᠵᠠᠬᠢᠷᠭᠠᠨ ᠤ ᠵᠥᠪᠰᠢᠶᠡᠷᠡᠯ ᠤᠨ ᠲᠥᠷᠥᠯ 14 ᠵᠦᠢᠯ᠂ | ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠲᠥᠷᠥᠯ 71 ᠵᠦᠢᠯ᠂ ᠵᠠᠰᠠᠭ ᠵᠠᠬᠢᠷᠭᠠᠨ ᠤ ᠠᠯᠪᠠᠳᠠᠯᠭ᠎ᠠ ᠶᠢᠨ | ᠲᠥᠷᠥᠯ 4 ᠵᠦᠢᠯ᠂ ᠵᠠᠰᠠᠭ ᠵᠠᠬᠢᠷᠭᠠᠨ ᠤ ᠨᠤᠲᠠᠯᠠᠯᠲᠠ ᠶᠢᠨ ᠲᠥᠷᠥᠯ 11 ᠵᠦᠢᠯ᠂ ᠵᠠᠰᠠᠭ ᠵᠠᠬᠢᠷᠭᠠᠨ ᠤ | ᠲᠠᠲᠠᠪᠤᠷᠢᠯᠠᠬᠤ ᠲᠥᠷᠥᠯ 1 ᠵᠦᠢᠯ᠂ ᠵᠠᠰᠠᠭ ᠵᠠᠬᠢᠷᠭᠠᠨ ᠤ ᠬᠢᠨᠠᠯᠲᠠ ᠲᠠᠯᠪᠢᠵᠤ ᠪᠠᠶᠢᠴᠠᠭᠠᠬᠤ ᠲᠥᠷᠥᠯ 8 ᠵᠦᠢᠯ᠂ | ᠵᠠᠰᠠᠭ ᠵᠠᠬᠢᠷᠭᠠᠨ ᠤ ᠳᠠᠩᠰᠠᠯᠠᠭᠤᠯᠬᠤ ᠲᠥᠷᠥᠯ 5 ᠵᠦᠢᠯ᠂ ᠪᠤᠰᠤᠳ ᠵᠠᠰᠠᠭ ᠵᠠᠬᠢᠷᠭᠠᠨ ᠤ ᠡᠷᠬᠡ ᠶᠢᠨ ᠲᠥᠷᠥᠯ 4 | ᠵᠦᠢᠯ ᠪᠣᠶ᠃ | ᠳᠥᠷᠪᠡ᠂ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠪᠠᠷᠢᠮᠲᠠᠯᠠᠪᠠ | | ︵ᠨᠢᠭᠡ︶ ᠬᠠᠤᠯᠢ ᠬᠡᠷᠡᠭᠵᠢᠭᠦᠯᠬᠦ ᠠᠵᠢᠯᠲᠠᠳ ᠤᠨ ᠬᠡᠪ ᠴᠢᠨᠠᠷ ᠪᠣᠯᠤᠨ ᠬᠠᠤᠯᠢ ᠬᠡᠷᠡᠭᠵᠢᠭᠦᠯᠬᠦ ᠬᠢᠷᠢ | ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠪᠡ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ | ᠰᠤᠷᠤᠯᠴᠠᠬᠤ ᠶᠢ ︽2021 ᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ | ᠳᠤᠭᠤᠶᠢᠯᠠᠩ ᠤᠨ ᠰᠤᠷᠤᠯᠴᠠᠬᠤ ᠲᠥᠯᠥᠪᠯᠡᠭᠡ︾ ᠪᠣᠯᠤᠨ ᠲᠢᠩᠬᠢᠮ ᠤᠨ ᠰᠢᠭᠤᠳ ᠬᠠᠷᠢᠶ᠎ᠠ ᠰᠢᠰᠲ᠋ᠧᠮ ᠤᠨ | ᠤᠳᠤᠷᠢᠳᠬᠤ ᠺᠠᠳ᠋ᠷ ᠵᠢᠴᠢ ᠬᠠᠤᠯᠢ ᠬᠡᠷᠡᠭᠵᠢᠭᠦᠯᠬᠦ ᠠᠵᠢᠯᠲᠠᠨ ᠢ ᠪᠣᠯᠪᠠᠰᠤᠷᠠᠭᠤᠯᠬᠤ ᠭᠤᠤᠯ ᠠᠭᠤᠯᠭ᠎ᠠ ᠳᠤ | ᠣᠷᠤᠭᠤᠯᠪᠠ᠃ ᠪᠥᠬᠦ ᠰᠢᠰᠲ᠋ᠧᠮ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠤᠯᠢᠵᠢᠭᠤᠯᠤᠭᠰᠠᠨ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠤᠨ ᠪᠠᠶᠢᠭᠤᠯᠤᠯᠲᠠ ᠶᠢᠨ ᠪᠣᠯᠪᠠᠰᠤᠷᠠᠯ ᠤᠨ ᠠᠩᠭᠢ ᠶᠢ ᠡᠷᠭᠢᠯᠡᠪᠡ᠃ ᠪᠥᠬᠦ | ᠰᠢᠰᠲ᠋ᠧᠮ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠩᠨᠡᠭᠡ ᠶᠢᠨ ᠬᠡᠪ ᠴᠢᠨᠠᠷ ᠢ | ᠳᠡᠭᠡᠭᠰᠢᠯᠡᠭᠦᠯᠬᠦ ᠪᠠ ᠬᠡᠷᠡᠭ ᠤᠨ ᠳᠤᠮᠳᠠᠬᠢ ᠪᠠ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠬᠤᠶᠠᠷ ᠤᠨ ᠭᠤᠷᠪᠠᠨ | ᠵᠢᠯ ᠤᠨ ᠠᠵᠢᠯᠯᠠᠭ᠎ᠠ ᠶᠢ ᠪᠠᠶᠢᠷᠢᠯᠠᠭᠤᠯᠵᠤ᠂ ︽ᠤᠯᠤᠰ ᠲᠥᠷᠥ ᠶᠢ ᠡᠷᠬᠢᠮᠯᠡᠬᠦ᠂ ᠣᠪᠤᠷ ᠰᠤᠷᠲᠠᠯ ᠢ ᠰᠢᠯᠢᠳᠡᠭᠵᠢᠭᠦᠯᠬᠦ | ᠂ ᠦᠢᠯᠡᠴᠢᠯᠡᠭᠡ ᠶᠢ ᠴᠢᠩᠭᠠᠳᠬᠠᠬᠤ︾ ᠲᠤᠰᠬᠠᠶ ᠰᠡᠳᠦᠪᠲᠦ ᠬᠥᠮᠦᠵᠢᠯ ᠪᠠ ᠬᠠᠤᠯᠢ ᠬᠡᠷᠡᠭᠵᠢᠭᠦᠯᠬᠦ ᠠᠵᠢᠯᠲᠠᠨ ᠢ | ᠡᠭᠡᠯᠵᠢᠯᠡᠨ ᠪᠣᠯᠪᠠᠰᠤᠷᠠᠭᠤᠯᠬᠤ ᠠᠵᠢᠯ ᠢ ᠱᠠᠲᠤ ᠬᠤᠪᠢᠶᠠᠨ ᠥᠷᠨᠢᠭᠦᠯᠪᠡ᠃ ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ | ᠂ ᠬᠡᠷᠡᠭ ᠢᠶᠠᠷ ᠰᠡᠷᠡᠮᠵᠢᠯᠡᠭᠦᠯᠬᠦ ᠠᠵᠢᠯ ᠪᠠ ᠬᠠᠤᠯᠢ ᠴᠠᠭᠠᠵᠠ ᠰᠠᠬᠢᠯᠭ᠎ᠠ ᠪᠠᠲᠤ ᠶᠢ ᠵᠥᠷᠢᠴᠡᠬᠦ ᠶᠢᠨ ᠰᠡᠷᠡᠮᠵᠢᠯᠡᠭᠦᠯᠬᠦ | ᠬᠥᠮᠦᠵᠢᠯ ᠢ ᠥᠷᠨᠢᠭᠦᠯᠵᠦ᠂ ᠲᠢᠩᠬᠢᠮ ᠤᠨ ᠰᠢᠭᠤᠳ ᠬᠠᠷᠢᠶ᠎ᠠ ᠬᠠᠤᠯᠢ ᠬᠡᠷᠡᠭᠵᠢᠭᠦᠯᠬᠦ ᠨᠢᠭᠡᠴᠢ ᠶᠢᠨ ︽ᠶᠡᠭᠡ | ᠮᠥᠷᠦ᠋ᠢᠴᠡᠭᠡᠨ︾ ᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠪᠥᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠬᠠᠤᠯᠢ ᠬᠡᠷᠡᠭᠵᠢᠭᠦᠯᠬᠦ ᠡᠩᠨᠡᠭᠡ ᠶᠢᠨ ᠶᠡᠭᠡ ᠪᠣᠯᠪᠠᠰᠤᠷᠠᠭᠤᠯᠬᠤ ᠶᠡᠭᠡ ᠮᠥᠷᠦ᠋ᠢᠴᠡᠭᠡᠨ ᠤ ᠴᠤᠪᠤᠷᠠᠯ ᠪᠠ ᠪᠠᠷᠢᠮᠵᠢᠶ᠎ᠠ ᠶᠢ | ᠲᠣᠭᠲᠠᠭᠠᠪᠠ᠃ | ︵ᠬᠤᠶᠠᠷ︶ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠲᠦᠯᠬᠢᠨ | ᠠᠬᠢᠭᠤᠯᠪᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠵᠠᠷᠯᠠᠯ | ᠵᠡᠷᠭᠡ ᠭᠤᠷᠪᠠᠨ ᠵᠦᠢᠯ ᠤᠨ ᠲᠦᠷᠢᠮ ᠢ ᠨᠠᠷᠢᠯᠢᠬᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠤᠯᠢ | ᠬᠡᠷᠡᠭᠵᠢᠭᠦᠯᠦᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠪᠡ᠃ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠡᠷᠬᠡ ︵ᠶᠡᠷᠦᠩᠬᠡᠶᠢᠯᠡᠭᠰᠡᠨ | ᠬᠠᠤᠯᠢ ᠬᠡᠷᠡᠭᠵᠢᠭᠦᠯᠬᠦ︶ ᠶᠢᠨ ᠵᠦᠢᠯᠡᠰ ᠤᠨ ᠵᠢᠯᠣᠭᠤᠳᠬᠤ ᠭᠠᠷᠴᠠᠭ︾ ᠢ ᠰᠤᠳᠤᠯᠤᠨ ᠲᠤᠭᠤᠷᠪᠢᠵᠤ᠂ ︽ᠴᠢᠩᠭ᠎ᠠ | ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠲᠤᠬᠠᠶ ᠬᠡᠷᠡᠭᠵᠢᠭᠦᠯᠬᠦ ᠰᠠᠨᠠᠯ︾ ᠢ | ᠲᠣᠭᠲᠠᠭᠠᠵᠤ᠂ ᠬᠠᠤᠯᠢ ᠬᠡᠷᠡᠭᠵᠢᠭᠦᠯᠬᠦ ᠲᠠᠰ ᠳᠠᠷᠠᠭᠠᠯᠠᠯ᠂ ᠬᠢᠨᠠᠯᠲᠠ ᠲᠠᠯᠪᠢᠵᠤ ᠬᠠᠷᠢᠭᠤᠴᠠᠯᠭ᠎ᠠ ᠬᠡᠯᠡᠯᠴᠡᠬᠦ᠂ ᠠᠷᠭ᠎ᠠ | ᠮᠠᠶ᠋ᠢᠭ ᠲᠤ ᠰᠢᠨ᠎ᠡ ᠶᠢ ᠡᠭᠦᠳᠬᠦ᠂ ᠠᠷᠠᠳ ᠲᠤ ᠲᠥᠬᠦᠮ ᠦᠵᠡᠭᠦᠯᠬᠦ ᠳᠤ ᠦᠢᠯᠡᠴᠢᠯᠡᠬᠦ ᠵᠡᠷᠭᠡ ᠠᠷᠭ᠎ᠠ ᠪᠠᠷᠢᠯ ᠶᠢ | ᠲᠣᠳᠣᠷᠬᠠᠶᠢᠯᠠᠪᠠ᠃ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠶᠢ ᠵᠠᠰᠠᠬᠤ ᠬᠠᠮᠲᠤᠷᠠᠭᠰᠠᠨ ᠬᠠᠤᠯᠢ | ᠬᠡᠷᠡᠭᠵᠢᠭᠦᠯᠬᠦ ᠪᠠ ᠲᠤᠬᠠᠶ ᠶᠢᠨ ᠲᠠᠯᠠᠪᠠᠢ ᠶᠢᠨ ᠪᠤᠰᠤ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ | ᠪᠠᠷᠠᠭᠠᠨ ᠤ ᠲᠡᠷᠭᠡ ᠶᠢ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ ᠶᠢ ᠲᠤᠰᠬᠠᠶ ᠴᠡᠭᠴᠡᠯᠡᠨ ᠵᠠᠰᠠᠬᠤ ᠠᠵᠢᠯ ᠢ | ᠬᠠᠮᠵᠢᠯᠴᠠᠨ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠨᠢᠭᠡ ᠴᠣᠭᠴᠠᠵᠢᠭᠤᠯᠤᠭᠰᠠᠨ ᠲᠠᠪᠴᠠᠩ ᠯᠤᠭ᠎ᠠ | ᠵᠣᠯᠭᠠᠭᠤᠯᠬᠤ ᠶᠢ ᠪᠡᠶᠡᠯᠡᠭᠦᠯᠵᠦ᠂ ᠵᠠᠮ ᠲᠡᠭᠡᠭᠡᠪᠦᠷᠢ ᠶᠢᠨ ᠬᠢᠷᠢ ᠬᠡᠮ ᠤᠨ ᠬᠠᠮᠢᠶᠠᠷᠤᠯᠲᠠ ᠬᠢᠭᠡᠳ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠪᠠ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠵᠣᠯᠭᠠᠭᠤᠯᠬᠤ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠪᠥᠬᠦ ᠰᠢᠰᠲ᠋ᠧᠮ ᠤᠨ ︽ᠨᠢᠭᠡ ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ︾ | ᠬᠠᠤᠯᠢ ᠬᠡᠷᠡᠭᠵᠢᠭᠦᠯᠬᠦ ᠲᠠᠪᠴᠠᠩ ᠤᠨ ᠪᠠᠶᠢᠭᠤᠯᠤᠯᠲᠠ ᠶᠢ ᠡᠬᠢᠯᠡᠭᠦᠯᠪᠡ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠭᠲᠠᠭᠠᠮᠵᠢᠲᠠᠶ ᠪᠥᠭᠡᠳ ᠪᠣᠯᠭᠤᠮᠵᠢᠲᠠᠶ ᠬᠢᠨᠠᠨ ᠬᠠᠮᠢᠶᠠᠷᠬᠤ ᠶᠢ ᠪᠠᠷᠢᠮᠲᠠᠯᠠᠵᠤ᠂ | ᠣᠯᠠᠨ ᠭᠠᠵᠠᠷ ᠤᠨ ᠬᠢᠨ ᠰᠦᠯᠵᠢᠶ᠎ᠡ ᠪᠠᠷ ᠲᠡᠷᠭᠡ ᠪᠣᠯᠵᠣᠬᠤ ᠶᠢ ᠡᠨᠡ ᠵᠢᠯ ᠵᠢᠷᠤᠮᠵᠢᠭᠤᠯᠤᠭᠰᠠᠨ ᠰᠠᠭᠤᠷᠢᠨ ᠳᠡᠭᠡᠷᠡᠬᠢ | ᠰᠢᠪᠲᠤᠯᠤᠯᠲᠠ ᠲᠠᠢ ᠬᠥᠭᠵᠢᠯᠲᠡ ᠶᠢ ᠪᠡᠶᠡᠯᠡᠭᠦᠯᠪᠡ᠃ | ︵ᠭᠤᠷᠪᠠ︶ ᠬᠡᠷᠡᠭ ᠤᠨ ᠳᠤᠮᠳᠠᠬᠢ ᠪᠠ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ᠃ | ︽ᠬᠡᠷᠡᠭ ᠤᠨ ᠳᠤᠮᠳᠠᠬᠢ ᠪᠠ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠵᠢᠷᠤᠮᠵᠢᠭᠤᠯᠬᠤ | ᠲᠤᠬᠠᠶ ᠲᠢᠩᠬᠢᠮ ᠤᠨ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠬᠢᠨᠠᠬᠤ ᠬᠠᠮᠢᠶᠠᠷᠬᠤ ᠶᠢ ᠵᠣᠯᠭᠠᠯᠳᠤᠭᠤᠯᠬᠤ ᠶᠢ | ᠴᠢᠩᠭᠠᠳᠬᠠᠬᠤ᠂ ᠬᠠᠤᠯᠢ ᠬᠡᠷᠡᠭᠵᠢᠭᠦᠯᠬᠦ ᠶᠠᠪᠤᠴᠠ ᠶᠢ ᠰᠢᠯᠢᠳᠡᠭᠵᠢᠭᠦᠯᠬᠦ ᠪᠠᠷ ᠳᠠᠮᠵᠢᠭᠤᠯᠤᠨ᠂ ᠬᠡᠷᠡᠭ ᠤᠨ ᠡᠮᠦᠨᠡᠬᠢ᠂ | ᠬᠡᠷᠡᠭ ᠤᠨ ᠳᠤᠮᠳᠠᠬᠢ᠂ ᠬᠡᠷᠡᠭ ᠤᠨ ᠳᠠᠷᠠᠭᠠᠬᠢ ᠡᠯ᠎ᠡ ᠬᠦᠷᠢᠶᠡᠨ ᠤ ᠲᠤᠰᠢᠶᠠᠯ ᠬᠠᠷᠢᠭᠤᠴᠠᠯᠭ᠎ᠠ ᠶᠢ ᠪᠦᠲᠦᠮᠵᠢᠲᠡᠶ | ᠵᠠᠭᠠᠭᠯᠠᠨ ᠲᠣᠭᠲᠠᠭᠠᠪᠠ᠃ ︽ᠬᠤᠶᠠᠷ ᠢ ᠲᠠᠰᠢᠷᠠᠮ ᠳᠠᠭᠠᠤ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ | ᠬᠠᠮᠢᠶᠠᠷᠤᠯᠲᠠ ᠶᠢ ᠭᠦᠨᠵᠡᠭᠡᠶ ᠨᠠᠶᠢᠳᠠᠪᠤᠷᠢᠵᠢᠭᠤᠯᠤᠨ᠂ ︽ᠨᠢᠭᠡ ᠬᠠᠭᠤᠳᠠᠰᠤ ᠬᠤᠶᠠᠷ ᠬᠥᠮᠥᠷᠭᠡ︾ ᠶᠢ | ᠬᠥᠳᠡᠯᠦᠩᠭᠦᠶ ᠪᠠᠷ ᠳᠣᠭᠢᠷᠠᠭᠤᠯᠵᠤ᠂ ᠲᠢᠩᠬᠢᠮ ᠤᠨ ᠲᠣᠰ ᠱᠠᠲᠤᠨ ᠤ 2021 ᠣᠨ ᠤ ︽ᠬᠤᠶᠠᠷ ᠢ ᠲᠠᠰᠢᠷᠠᠮ | ᠳᠠᠭᠠᠤ ᠬᠢᠬᠦ︾ ᠬᠢᠨᠠᠯᠲᠠ ᠬᠠᠮᠢᠶᠠᠷᠤᠯᠲᠠ ᠶᠢᠨ ᠲᠥᠯᠥᠪᠯᠡᠭᠡ ᠶᠢᠨ ᠡᠭᠦᠷᠭᠡ ᠶᠢ ᠪᠡᠶᠡᠯᠡᠭᠦᠯᠬᠦ ᠶᠢᠨ ᠬᠠᠮᠲᠤ᠂ | ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ | ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠳᠬᠦᠨ ᠤ ᠶᠠᠰᠤ ᠴᠢᠨᠠᠷ ᠤᠨ ᠪᠠᠶᠢᠴᠠᠭᠠᠯᠲᠠ ᠶᠢ ᠦᠷᠨᠢᠭᠦᠯᠦᠭᠰᠡᠨ ᠪᠦᠭᠡᠳ | ᠲᠢᠩᠬᠢᠮ ᠤᠨ ᠫᠤᠷᠲ᠋ᠧᠯ ᠰᠦᠯᠵᠢᠶ᠎ᠡ ᠳᠤ ᠬᠢᠨᠠᠯᠲᠠ ᠲᠠᠯᠪᠢᠵᠤ ᠪᠠᠶᠢᠴᠠᠭᠠᠭᠰᠠᠨ ᠦᠷ᠎ᠡ ᠳ᠋ᠦᠩ ᠢᠶᠠᠨ ᠵᠠᠷᠯᠠᠨ ᠨᠡᠶᠢᠲᠡᠯᠡᠪᠡ | ᠃ | ︵ᠳᠥᠷᠪᠡ︶ ᠭᠤᠤᠯᠳᠠᠯᠭ᠎ᠠ ᠲᠠᠢ ᠬᠦᠷᠢᠶᠡᠨ ᠤ ᠲᠤᠰᠬᠠᠶ ᠴᠡᠭᠴᠡᠯᠡᠨ ᠵᠠᠰᠠᠯᠲᠠ ᠶᠢ ᠴᠢᠩᠭ᠎ᠠ ᠠᠩᠬᠠᠷᠪᠠ᠃ | ᠮᠠᠨ ᠤ ᠲᠢᠩᠬᠢᠮ ᠨᠢ 2021 ᠣᠨ ᠤ 5 ᠳ᠋ᠤᠭᠠᠷ ᠰᠠᠷ᠎ᠠ ᠠᠴᠠ 10 ᠳ᠋ᠤᠭᠠᠷ ᠰᠠᠷ᠎ᠠ ᠪᠣᠯᠲᠠᠯ᠎ᠠ ᠪᠥᠬᠦ ᠰᠢᠰᠲ᠋ᠧᠮ ᠳᠤ | ᠬᠠᠤᠯᠢ ᠬᠡᠷᠡᠭᠵᠢᠭᠦᠯᠬᠦ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ | ᠥᠷᠨᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠣᠲᠣᠭᠠᠳᠤ ᠬᠢᠵᠠᠭᠠᠷᠯᠠᠯ ᠪᠠ ᠭᠠᠳᠠᠭᠠᠳᠤ ᠬᠢᠨᠠᠯᠲᠠ ᠶᠢᠨ | ᠲᠠᠯ᠎ᠠ ᠪᠠᠷ ᠰᠢᠨ᠎ᠡ ᠠᠷᠭ᠎ᠠ ᠵᠠᠮ ᠢ ᠰᠤᠳᠤᠯᠪᠠ᠃ ︽ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ | ᠠᠵᠢᠯᠯᠠᠭ᠎ᠠ ᠶᠢᠨ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠬᠠᠭᠤᠳᠠᠰᠤ︾᠂ ︽ᠠᠷᠬᠠᠭ ᠬᠡᠮ ᠢ ᠴᠡᠭᠴᠡᠯᠡᠨ ᠵᠠᠰᠠᠬᠤ | ᠨᠠᠷᠢᠨ ᠬᠠᠭᠤᠳᠠᠰᠤ︾᠂ ︽ᠴᠡᠭᠴᠡᠯᠡᠨ ᠵᠠᠰᠠᠬᠤ ᠠᠵᠢᠯ ᠤᠨ ᠡᠬᠡ ᠲᠠᠩᠰᠠ︾ ᠶᠢ ᠨᠠᠶᠢᠷᠠᠭᠤᠯᠤᠨ ᠵᠣᠬᠢᠶᠠᠵᠤ᠂ ᠰᠠᠷ᠎ᠠ | ᠪᠦᠷᠢ ᠬᠤᠶᠠᠷ ᠤᠳᠠᠭ᠎ᠠ ᠲᠣᠬᠢᠷᠠᠭᠤᠯᠤᠯᠲᠠ ᠬᠢᠵᠦ᠂ ᠲᠢᠩᠬᠢᠮ ᠤᠨ ᠭᠤᠤᠯ ᠤᠳᠤᠷᠢᠳᠤᠯᠭ᠎ᠠ ᠪᠠ ᠬᠤᠪᠢᠳᠠᠨ | ᠬᠠᠮᠢᠶᠠᠷᠬᠤ ᠤᠳᠤᠷᠢᠳᠤᠯᠭ᠎ᠠ ᠠᠴᠠ ᠤᠷᠢᠳ ᠬᠤᠵᠢᠳ ᠦᠨᠳᠦᠰᠦᠨ ᠱᠠᠲᠤᠨ ᠳᠤ ᠬᠦᠷᠴᠦ ᠳᠠᠯᠳᠠᠭᠤᠷ | ᠰᠤᠷᠪᠤᠯᠵᠢᠯᠠᠨ ᠰᠢᠮᠳᠠᠭᠤᠯᠤᠨ ᠵᠢᠯᠣᠭᠤᠳᠴᠤ᠂ ᠲᠤᠰᠬᠠᠶ ᠬᠥᠮᠦᠨ ᠲᠣᠭᠲᠠᠭᠠᠵᠤ ᠲᠣᠭᠲᠠᠭᠰᠠᠨ ᠬᠤᠭᠤᠴᠠᠭᠠᠨ ᠳᠤ | ᠴᠡᠭᠴᠡᠯᠡᠨ ᠵᠠᠰᠠᠪᠠ᠃ ︽ᠡᠷᠭᠢᠵᠦ ᠬᠠᠷᠠᠬᠤ︾ ᠠᠵᠢᠯ ᠤᠨ ᠳᠤᠭᠤᠶᠢᠯᠠᠩ 125 ᠶᠢ ᠪᠦᠷᠢᠯᠳᠦᠭᠦᠯᠵᠦ᠂ ᠡᠯ᠎ᠡ | ᠬᠦᠷᠢᠶᠡᠨ ᠳᠠᠬᠢ ᠵᠦᠶ ᠵᠣᠬᠢᠰ ᠥᠬᠡᠶ ᠲᠣᠭᠲᠠᠭᠠᠯ ᠢ ᠱᠠᠯᠠᠪᠳᠠᠨ ᠢᠯᠭᠠᠷᠠᠭᠤᠯᠤᠨ ᠳᠢᠭᠯᠡᠬᠦ᠂ ᠳᠤᠷ᠎ᠠ ᠪᠠᠷ ᠢᠶᠠᠨ | ᠵᠣᠭᠤᠰ ᠢᠶᠠᠷ ᠲᠣᠷᠭᠠᠬᠤ ᠶᠢ ᠴᠢᠩᠭ᠎ᠠ ᠴᠠᠭᠠᠵᠠᠯᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ | ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠥᠨᠳᠥᠷ ᠳᠠᠪᠲᠠᠮᠵᠢ ᠲᠠᠢ᠂ ᠥᠨᠳᠥᠷ ᠲᠤᠭ᠎ᠠ ᠬᠡᠮᠵᠢᠶ᠎ᠡ ᠲᠠᠢ᠂ ᠥᠨᠳᠥᠷ | ᠵᠠᠭᠠᠯᠳᠤᠯᠭ᠎ᠠ ᠲᠠᠢ᠂ ᠥᠨᠳᠥᠷ ᠶᠠᠷᠢᠶ᠎ᠠ ᠬᠡᠯᠡᠯᠴᠡᠭᠡᠨ ᠤ ᠪᠠᠶᠢᠳᠠᠯ ᠲᠠᠢ ᠵᠦᠢᠯᠡᠰ ᠢ ᠲᠥᠪᠯᠡᠷᠡᠭᠦᠯᠦᠨ᠂ ᠭᠦᠨᠵᠡᠭᠡᠶ | ᠤᠶᠢᠯᠠᠭᠠᠨ ᠪᠠᠶᠢᠴᠠᠭᠠᠵᠤ ᠵᠠᠯᠠᠷᠠᠭᠤᠯᠤᠨ᠂ ᠠᠵᠢᠯᠯᠠᠵᠤ ᠪᠠᠶᠢᠭ᠎ᠠ ᠬᠥᠮᠦᠰ ᠤᠨ ᠬᠠᠤᠯᠢ ᠶᠣᠰᠣᠨ ᠤ ᠡᠷᠬᠡ ᠠᠰᠢᠭ ᠢ | ᠦᠨᠡᠨ ᠬᠦ ᠬᠠᠮᠠᠭᠠᠯᠠᠪᠠ᠃ ︽ᠡᠷᠬᠢᠨ ᠬᠠᠷᠠᠬᠤ︾ ᠳᠤ ᠢᠯᠡᠷᠡᠭᠦᠯᠦᠭᠰᠡᠨ ᠴᠡᠭᠴᠡᠯᠡᠨ ᠰᠠᠶᠢᠵᠢᠷᠠᠭᠤᠯᠤᠭᠠᠳ | ᠪᠠᠷᠢᠮᠵᠢᠶ᠎ᠠ ᠳᠤ ᠭᠦᠷᠦᠭᠰᠡᠨ ᠥᠬᠡᠶ ᠠᠰᠠᠭᠤᠳᠠᠯ ᠢ ᠣᠲᠣ ᠨᠢᠭᠡᠨᠲᠡ ᠪᠦᠬᠦᠨ ᠢ ᠴᠡᠭᠴᠡᠯᠡᠨ ᠰᠠᠶᠢᠵᠢᠷᠠᠭᠤᠯᠪᠠ᠃ | ᠲᠠᠪᠤ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ | ᠤᠬᠠᠭᠤᠯᠭ᠎ᠠ ᠬᠥᠮᠦᠵᠢᠯ ᠢ ᠡᠬᠢᠯᠡᠭᠦᠯᠪᠡ | ︽ᠲᠢᠩᠬᠢᠮ ᠤᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠨᠠᠢᠮᠠᠳᠤᠭᠠᠷ ᠲᠠᠪᠤᠨ ᠵᠢᠯ ᠤᠨ | ᠲᠥᠯᠥᠪᠵᠢᠭᠦᠯᠭᠡ ᠶᠢᠨ ᠬᠡᠷᠡᠭᠵᠢᠭᠦᠯᠬᠦ ᠰᠠᠨᠠᠯ ︵2021-2025︶︾ ᠪᠠ ︽ᠲᠢᠩᠬᠢᠮ ᠤᠨ ᠬᠠᠤᠯᠢ ᠴᠠᠭᠠᠵᠠ ᠶᠢᠨ | ᠮᠡᠳᠡᠯᠭᠡ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠨᠠᠷᠢᠨ ᠬᠠᠭᠤᠳᠠᠰᠤ︾ ᠶᠢ ᠲᠣᠭᠲᠠᠭᠠᠭᠰᠠᠨ ᠪᠥᠭᠡᠳ ︽︿ᠬᠡᠨ | ᠬᠠᠤᠯᠢ ᠬᠡᠷᠡᠭᠵᠢᠭᠦᠯᠪᠡᠯ ᠬᠡᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ﹀ ᠬᠠᠤᠯᠢ ᠴᠠᠭᠠᠵᠠ ᠶᠢᠨ | ᠮᠡᠳᠡᠯᠭᠡ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠲᠦᠷᠢᠮ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ | ᠲᠤᠬᠠᠶ ᠲᠢᠩᠬᠢᠮ ᠤᠨ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ | ᠰᠠᠨᠠᠭ᠎ᠠ᠂ ᠦᠨᠳᠦᠰᠦᠨ ᠬᠠᠤᠯᠢ᠂ ᠢᠷᠭᠡᠨ ᠤ ᠬᠠᠤᠯᠢ ᠶᠢᠨ ᠪᠢᠴᠢᠭ ᠵᠡᠷᠭᠡ ᠶᠢ ᠭᠤᠤᠯᠳᠠᠯᠭ᠎ᠠ ᠲᠠᠢ ᠰᠤᠷᠤᠯᠴᠠᠨ | ᠤᠬᠠᠭᠤᠯᠬᠤ ᠠᠭᠤᠯᠭ᠎ᠠ ᠳᠤ ᠣᠷᠣᠭᠤᠯᠵᠤ᠂ ᠭᠠᠵᠠᠷ ᠤᠨ ᠲᠠᠰ ᠤᠨ ᠺᠠᠳ᠋ᠷ ᠤᠨ ᠪᠣᠯᠪᠠᠰᠤᠷᠠᠯ ᠤᠨ ᠠᠩᠭᠢ᠂ ᠵᠠᠯᠠᠭᠤ | ᠺᠠᠳ᠋ᠷ ᠤᠨ ᠪᠣᠯᠪᠠᠰᠤᠷᠠᠯ ᠤᠨ ᠠᠩᠭᠢ᠂ ᠬᠠᠤᠯᠢ ᠪᠠᠷ ᠵᠠᠰᠠᠬᠤ ᠭᠤᠤᠯᠯᠠᠭᠴᠢ ᠶᠢᠨ ᠪᠣᠯᠪᠠᠰᠤᠷᠠᠯ ᠤᠨ ᠠᠩᠭᠢ ᠪᠠ ᠵᠠᠮ | ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠥᠪᠥᠷ ᠮᠣᠩᠭᠤᠯ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠰᠠᠯᠠᠭ᠎ᠠ ᠮᠥᠴᠢᠷ ᠤᠨ ᠪᠠᠶᠢᠭᠤᠯᠤᠯᠲᠠ ᠶᠢᠨ ᠪᠣᠯᠪᠠᠰᠤᠷᠠᠯ ᠤᠨ ᠠᠩᠭᠢ ᠶᠢ ᠵᠣᠬᠢᠶᠠᠨ ᠪᠠᠶᠢᠭᠤᠯᠤᠭᠰᠠᠨ ᠪᠥᠭᠡᠳ ︽ | ᠦᠨᠳᠦᠰᠦᠨ ᠬᠠᠤᠯᠢ ᠳᠤ ᠵᠠᠰᠠᠪᠤᠷᠢ ᠣᠷᠣᠭᠤᠯᠬᠤ ᠲᠥᠰᠦᠯ︾ ᠪᠣᠯᠤᠨ ︽ᠢᠷᠭᠡᠨ ᠤ ᠬᠠᠤᠯᠢ ᠶᠢᠨ ᠪᠢᠴᠢᠭ︾ ᠤᠨ | ᠲᠤᠰᠬᠠᠶ ᠰᠡᠳᠦᠪᠲᠦ ᠲᠠᠶᠢᠯᠤᠮᠵᠢ ᠶᠢ ᠦᠷᠨᠢᠭᠦᠯᠪᠡ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ ︽12.4 | ︾ ᠤ ᠤᠯᠤᠰ ᠤᠨ ᠦᠨᠳᠦᠰᠦᠨ ᠬᠠᠤᠯᠢ ᠶᠢᠨ ᠡᠳᠦᠷ ᠪᠠ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ᠂ | ᠵᠠᠮ ᠤᠨ ᠶᠠᠪᠤᠳᠠᠯ ᠤᠨ ᠤᠬᠠᠭᠤᠯᠭ᠎ᠠ ᠶᠢᠨ ᠰᠠᠷ᠎ᠠ᠂ ︽4.15︾ ᠤ ᠪᠦᠬᠦ ᠠᠷᠠᠳ ᠤᠨ ᠤᠯᠤᠰ ᠤᠨ ᠠᠮᠤᠷ | ᠲᠦᠪᠰᠢᠨ ᠤ ᠬᠥᠮᠦᠵᠢᠯ ᠤᠨ ᠡᠳᠦᠷ᠂ ᠦᠨᠡᠨᠴᠢ ᠢᠲᠡᠭᠡᠮᠵᠢᠲᠡᠢ ᠪᠠᠷ ᠬᠤᠳᠠᠯᠳᠤᠭ᠎ᠠ ᠶᠢ ᠬᠥᠭᠵᠢᠭᠦᠯᠬᠦ | ᠤᠬᠠᠭᠤᠯᠭ᠎ᠠ ᠶᠢᠨ ᠰᠠᠷ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠯᠠᠨ ᠵᠦᠢᠯ ᠤᠨ ᠬᠡᠯᠪᠡᠷᠢ ᠪᠠᠷ ᠬᠠᠤᠯᠢ ᠪᠠᠷ | ᠵᠠᠰᠠᠬᠤ ᠤᠬᠠᠭᠤᠯᠭ᠎ᠠ ᠶᠢ ᠦᠷᠨᠢᠭᠦᠯᠪᠡ᠃ | ᠵᠢᠷᠭᠤᠭ᠎ᠠ᠂ ᠣᠷᠣᠰᠢᠵᠤ ᠪᠠᠶᠢᠬᠤ ᠬᠦᠷᠦᠯᠴᠡᠬᠦ ᠥᠬᠡᠶ ᠲᠠᠯ᠎ᠠ ᠵᠢᠴᠢ ᠲᠠᠷᠠᠭᠠᠴᠢ ᠶᠢᠨ ᠠᠯᠬᠤᠮ ᠤᠨ | ᠲᠣᠬᠢᠷᠠᠭᠤᠯᠤᠯᠲᠠ | ᠮᠠᠨ ᠤ ᠲᠢᠩᠬᠢᠮ ᠨᠢ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠪᠠᠶᠢᠭᠤᠯᠤᠯᠲᠠ | ᠶᠢᠨ ᠲᠠᠯ᠎ᠠ ᠪᠠᠷ ᠬᠡᠳᠦ᠋ᠢᠪᠡᠷ ᠵᠣᠬᠢᠬᠤ ᠦᠷ᠎ᠡ ᠪᠦᠲᠦᠮᠵᠢ ᠣᠯᠤᠭᠰᠠᠨ ᠪᠣᠯᠪᠠᠴᠤ᠂ ᠬᠠᠤᠯᠢ ᠪᠠᠷ ᠵᠠᠰᠠᠬᠤ ᠳᠤᠮᠳᠠᠳᠤ | ᠤᠯᠤᠰ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠬᠠᠷᠢᠭᠤᠴᠠᠯᠭ᠎ᠠ ᠶᠢᠨ ᠲᠦᠷᠢᠮ ᠤᠨ ᠡᠯ᠎ᠡ ᠵᠦᠢᠯ ᠤᠨ ᠱᠠᠭᠠᠷᠳᠠᠯᠭ᠎ᠠ ᠲᠠᠢ ᠵᠦᠢᠯ ᠳᠠᠷᠠᠭᠠᠯᠠᠨ ᠬᠠᠷᠢᠴᠠᠭᠤᠯᠵᠤ᠂ | ᠬᠥᠭᠵᠢᠭᠰᠡᠨ ᠭᠠᠵᠠᠷ ᠣᠷᠣᠨ ᠤ ᠠᠵᠢᠯ ᠤᠨ ᠪᠠᠷᠢᠮᠵᠢᠶ᠎ᠠ ᠪᠠᠷ ᠪᠠᠷᠢᠮᠵᠢᠶᠠᠯᠠᠨ ᠵᠢᠭᠰᠠᠭᠠᠨ ᠪᠠᠶᠢᠴᠠᠭᠠᠵᠤ ᠡᠮᠬᠢᠯᠡᠭᠰᠡᠨ ᠤ | ᠳᠠᠷᠠᠭ᠎ᠠ᠂ ᠣᠳᠣᠬᠠᠨ ᠳᠤ ᠮᠠᠨ ᠤ ᠲᠢᠩᠬᠢᠮ ᠳᠤ ᠮᠥᠨ ᠬᠦ ᠠᠰᠠᠭᠤᠳᠠᠯ ᠪᠠ ᠵᠥᠷᠢᠶ᠎ᠡ ᠣᠷᠣᠰᠢᠵᠤ ᠪᠠᠶᠢᠨ᠎ᠠ᠂ | ᠵᠢᠱᠢᠶᠡᠯᠡᠪᠡᠯ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠲᠤᠰᠬᠠᠶ | ᠮᠡᠷᠭᠡᠵᠢᠯᠲᠡᠨ ᠨᠤᠲᠠᠯᠠᠬᠤ ᠪᠠ ᠠᠶᠤᠯ ᠲᠦᠭᠰᠢᠭᠦᠷᠢ ᠶᠢᠨ ᠦᠨᠡᠯᠡᠨ ᠵᠢᠱᠢᠯᠲᠡ ᠬᠢᠬᠦ ᠶᠢ ᠮᠥᠨ ᠬᠦ ᠪᠦᠷᠢᠨ | ᠪᠥᠷᠬᠦᠭᠦᠯᠬᠦ ᠶᠢ ᠪᠡᠶᠡᠯᠡᠭᠦᠯᠦᠭᠡᠳᠦᠶ ᠪᠠᠶᠢᠨ᠎ᠠ︔ ᠬᠠᠤᠯᠢ ᠴᠠᠭᠠᠵᠠ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠤ | ᠨᠡᠶᠢᠳᠡᠮ ᠤᠨ ᠳᠤᠲᠠᠭᠤᠳᠠᠯ ᠨᠡᠯᠢᠶᠡᠳ ᠶᠡᠭᠡ ᠪᠠᠶᠢᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠡᠷᠡᠭᠯᠡᠬᠦ | ᠡᠷᠴᠢᠮ ᠢ ᠪᠠᠰᠠ ᠴᠢᠩᠭᠠᠷᠠᠭᠤᠯᠬᠤ ᠴᠢᠬᠤᠯᠠᠲᠠᠢ ᠪᠠᠶᠢᠨ᠎ᠠ︔ ᠨᠢᠭᠡᠳᠦᠭᠡᠷ ᠹᠷᠣᠨᠲ ᠤᠨ ᠬᠠᠤᠯᠢ ᠬᠡᠷᠡᠭᠵᠢᠭᠦᠯᠬᠦ | ᠠᠵᠢᠯᠲᠠᠨ ᠤ ᠨᠠᠰᠤ ᠨᠢ ᠨᠡᠶᠢᠳᠡᠮ ᠳᠤ ᠪᠠᠨ ᠶᠡᠭᠡ ᠰᠢᠭ ᠪᠠᠶᠢᠵᠤ᠂ ᠬᠡᠰᠡᠭ ᠨᠢᠭᠡᠴᠢ ᠨᠢ ᠲᠤᠰᠠᠯᠠᠬᠤ ᠬᠠᠤᠯᠢ | ᠬᠡᠷᠡᠭᠵᠢᠭᠦᠯᠬᠦ ᠠᠵᠢᠯᠲᠠᠨ ᠤ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠭᠤᠯᠤᠯ ᠪᠠ | ᠦᠷᠭᠦᠯᠵᠢᠯᠡᠭᠰᠡᠨ ᠰᠤᠷᠭᠠᠨ ᠬᠥᠮᠦᠵᠢᠯ ᠳᠤ ᠮᠦᠨ ᠬᠦ ᠳᠤᠲᠠᠮᠠᠭ ᠪᠠᠶᠢᠵᠤ᠂ ᠠᠵᠢᠯᠲᠠᠨ ᠤ ᠮᠡᠳᠡᠯᠭᠡ ᠶᠢᠨ ᠨᠥᠭᠡᠴᠡ | ᠪᠠ ᠬᠠᠤᠯᠢ ᠬᠡᠷᠡᠭᠵᠢᠭᠦᠯᠬᠦ ᠱᠠᠭᠠᠷᠳᠠᠯᠭ᠎ᠠ ᠨᠢ ᠵᠣᠬᠢᠴᠠᠯᠳᠤᠬᠤ ᠥᠬᠡᠶ᠂ ᠬᠠᠤᠯᠢ ᠬᠡᠷᠡᠭᠵᠢᠭᠦᠯᠬᠦ ᠠᠵᠢᠯᠲᠠᠨ ᠤ ᠤᠯᠤᠰ | ᠲᠥᠷᠥ ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠮᠥᠨ ᠬᠦ ᠳᠡᠭᠡᠭᠰᠢᠯᠡᠭᠦᠯᠬᠦ ᠴᠢᠬᠤᠯᠠᠲᠠᠶ ᠪᠠᠶᠢᠵᠤ᠂ ᠬᠠᠤᠯᠢ | ᠴᠠᠭᠠᠵᠠ ᠶᠢᠨ ᠮᠡᠳᠡᠯᠭᠡ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠬᠡᠯᠪᠡᠷᠢ ᠨᠢ ᠨᠡᠯᠢᠶᠡᠳ ᠲᠠᠩ ᠴᠤᠯᠭᠤᠶ᠂ | ᠤᠬᠠᠭᠤᠯᠤᠨ ᠲᠣᠭᠤᠰᠢᠯᠠᠭᠤᠯᠬᠤ ᠨᠢ ᠪᠠᠰᠠ ᠲᠡᠶᠢᠮᠦ ᠭᠦᠨᠵᠡᠭᠡᠶ ᠪᠤᠰᠤ ᠪᠠᠶᠢᠬᠤ ᠵᠡᠷᠭᠡ ᠪᠣᠯᠤᠨ᠎ᠠ᠃ | ᠲᠠᠷᠠᠭᠠᠴᠢ ᠶᠢᠨ ᠠᠯᠬᠤᠮ ᠳᠤ᠂ ᠮᠠᠨ ᠤ ᠲᠢᠩᠬᠢᠮ ᠦᠷᠭᠦᠯᠵᠢᠯᠡᠨ ᠠᠵᠢᠯ ᠤᠨ ᠳᠤᠲᠠᠭᠤᠳᠠᠯ ᠪᠠᠭᠤᠷᠠᠶ ᠲᠠᠯ᠎ᠠ | ᠪᠠ ᠣᠯᠠᠨ ᠲᠦᠮᠡᠨ ᠤ ᠪᠠᠴᠢᠮ ᠬᠦᠴᠢᠷᠳᠡᠯ ᠵᠣᠪᠠᠨᠢᠯ ᠡᠷᠡᠮᠡᠯᠵᠡᠯ ᠢ ᠴᠢᠩᠭ᠎ᠠ ᠠᠩᠬᠠᠷᠴᠤ᠂ ᠬᠠᠤᠯᠢ ᠪᠠᠷ ᠵᠠᠰᠠᠬᠤ | ᠵᠢᠯᠣᠭᠤᠳᠤᠮᠵᠢ ᠶᠢ ᠴᠢᠩᠭᠠᠳᠬᠠᠵᠤ᠂ ᠤᠳᠤᠷᠢᠳᠬᠤ ᠺᠠᠳ᠋ᠷ ᠤᠨ ᠡᠨᠡ ᠬᠦ ︽ᠵᠠᠩᠭᠢᠯᠠᠭ᠎ᠠ ᠶᠢᠨ ᠴᠥᠭᠡᠨ ᠲᠣᠭᠠᠲᠠᠨ︾ | ᠢ ᠠᠳᠬᠤᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠢᠲᠡᠭᠡᠮᠵᠢ ᠶᠢᠨ | ᠰᠢᠰᠲ᠋ᠧᠮᠵᠢ ᠶᠢᠨ ᠪᠠᠶᠢᠭᠤᠯᠤᠯᠲᠠ ᠵᠡᠷᠭᠡ ᠠᠵᠢᠯ ᠢ ᠨᠢᠭᠡ ᠴᠤᠭᠴᠠᠵᠢᠭᠤᠯᠤᠨ ᠠᠬᠢᠭᠤᠯᠵᠤ᠂ ᠣᠷᠳᠣ ᠬᠤᠭᠤᠴᠠᠭᠠᠨ ᠤ | ᠪᠦᠲᠦᠮᠵᠢᠲᠡᠶ᠂ ᠬᠡᠪ ᠤᠨ ᠪᠠᠶᠢᠳᠠᠯ ᠳᠡᠭᠡᠷ᠎ᠡ ᠬᠦᠴᠦᠯᠡᠵᠦ᠂ ᠥᠩᠭᠡᠨ ᠲᠠᠯ᠎ᠠ ᠶᠢ ᠵᠠᠰᠠᠬᠤ ᠪᠠ ᠦᠨᠳᠦᠰᠦ | ᠰᠤᠷᠪᠤᠯᠵᠢ ᠶᠢ ᠵᠠᠰᠠᠬᠤ ᠶᠢ ᠵᠡᠷᠭᠡ ᠪᠠᠷ ᠬᠠᠷᠠᠭᠠᠯᠵᠠᠬᠤ ᠲᠠᠯ᠎ᠠ ᠪᠠᠷ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠬᠡᠷᠡᠭ ᠤᠨ ᠡᠮᠦᠨᠡᠬᠢ᠂ ᠬᠡᠷᠡᠭ ᠤᠨ ᠲᠤᠮᠳᠠᠬᠢ᠂ ᠬᠡᠷᠡᠭ ᠤᠨ ᠳᠠᠷᠠᠭᠠᠬᠢ ᠬᠢᠨᠠᠯᠲᠠ | ᠬᠠᠮᠢᠶᠠᠷᠤᠯᠲᠠ ᠶᠢ ᠣᠷᠭᠠᠨᠢᠭ ᠢᠶᠠᠷ ᠵᠣᠯᠭᠠᠭᠤᠯᠵᠤ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠥᠬᠦ ᠶᠠᠪᠤᠴᠠ ᠶᠢᠨ | ᠬᠢᠨᠠᠯᠲᠠ ᠬᠠᠮᠢᠶᠠᠷᠤᠯᠲᠠ ᠶᠢᠨ ︽ᠨᠢᠭᠡ ᠬᠥᠯᠭᠡ ᠰᠢᠲᠠᠷ᠎ᠠ︾ ᠶᠢ ᠪᠡᠶᠡᠯᠡᠭᠦᠯᠵᠦ᠂ ᠬᠠᠤᠯᠢ ᠪᠠᠷ ᠵᠠᠰᠠᠬᠤ ᠪᠠᠶᠢᠭᠤᠯᠤᠯᠲᠠ | ᠶᠢ ᠳᠠᠬᠢᠨ ᠰᠢᠨ᠎ᠡ ᠳᠡᠭᠲᠡᠷ ᠲᠤ ᠭᠠᠷᠭᠠᠬᠤ ᠪᠠᠷ ᠴᠢᠷᠮᠠᠶᠢᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠴᠢᠨᠠᠷ ᠰᠠᠶᠢᠲᠠᠶ | ᠬᠥᠭᠵᠢᠯᠲᠡ ᠶᠢᠨ ᠬᠡᠷᠡᠭᠴᠡᠭᠡ ᠶᠢ ᠬᠠᠩᠭᠠᠨ᠎ᠠ᠃ |