︽ᠵᠠᠮ ᠬᠠᠷᠢᠯᠴᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠥᠳᠡᠯᠦᠩᠭᠦᠶ ᠪᠠᠶᠢᠳᠠᠯ ᠤᠨ ᠬᠢᠨᠠᠯᠲᠠ | ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ ᠣᠷᠣᠭᠤᠯᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ | ᠳᠣᠲᠣᠭᠠᠳᠤ ᠶᠢ ᠬᠠᠮᠠᠭᠠᠯᠠᠬᠤ ᠶᠠᠮᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠲᠣᠭᠲᠠᠭᠠᠯ | ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠣᠲᠣᠭᠠᠳᠤ ᠶᠢ ᠬᠠᠮᠠᠭᠠᠯᠠᠬᠤ ᠶᠠᠮᠤᠨ ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠵᠠᠷᠯᠢᠭ 2022 | ᠣᠨ ᠤ 10 ᠳ᠋ᠤᠭᠠᠷ ᠲᠣᠭᠠᠲᠤ︶ | ︽︿ᠵᠠᠮ ᠬᠠᠷᠢᠯᠴᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ ᠬᠥᠳᠡᠯᠦᠩᠭᠦᠶ ᠪᠠᠶᠢᠳᠠᠯ ᠤᠨ ᠬᠢᠨᠠᠯᠲᠠ | ᠬᠠᠮᠢᠶᠠᠷᠤᠯᠲᠠ ᠶᠢᠨ ᠠᠷᠭ᠎ᠠ﹀ ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭᠠᠯ︾ ᠢ 2021 ᠣᠨ ᠤ 9 ᠳ᠋ᠦ᠋ᠭᠡᠷ | ᠰᠠᠷ᠎ᠠ ᠶᠢᠨ 1 ᠤ ᠡᠳᠦᠷ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ 23 ᠳ᠋ᠤᠭᠠᠷ ᠤᠳᠠᠭᠠᠨ ᠤ ᠶᠠᠮᠤᠨ ᠤ | ᠶᠠᠪᠤᠳᠠᠯ ᠤᠨ ᠬᠤᠷᠠᠯ ᠢᠶᠠᠷ ᠪᠠᠲᠤᠯᠠᠭᠰᠠᠨ ᠪᠥᠭᠡᠳ ᠳᠣᠲᠣᠭᠠᠳᠤ ᠶᠢ ᠬᠠᠮᠠᠭᠠᠯᠠᠬᠤ ᠶᠠᠮᠤᠨ᠂ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠢᠶᠠᠷ ᠵᠥᠪᠰᠢᠶᠡᠷᠡᠭᠦᠯᠦᠭᠡᠳ᠂ ᠡᠳᠦᠭᠡ ᠨᠡᠶᠢᠲᠡᠯᠡᠪᠡ᠂ ᠨᠡᠶᠢᠲᠡᠯᠡᠭᠰᠡᠨ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠰᠠᠶᠢᠳ ᠯᠢ ᠰᠢᠶᠤᠤ ᠫᠧᠩ | ᠳᠣᠲᠣᠭᠠᠳᠤ ᠶᠢ ᠬᠠᠮᠠᠭᠠᠯᠠᠬᠤ ᠶᠠᠮᠤᠨ ᠤ ᠰᠠᠶᠢᠳ ᠵᠣᠣ ᠺᠧ ᡁᠢ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠰᠠᠶᠢᠳ | ᠬᠤᠸᠠᠩ ᠮᠢᠩ | 2022 ᠣᠨ ᠤ 2 ᠳ᠋ᠤᠭᠠᠷ ᠰᠠᠷ᠎ᠠ ᠶᠢᠨ 14 ᠤ ᠡᠳᠦᠷ | ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠳᠣᠲᠣᠭᠠᠳᠤ ᠶᠢ ᠬᠠᠮᠠᠭᠠᠯᠠᠬᠤ ᠶᠠᠮᠤᠨ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ︽ᠵᠠᠮ ᠬᠠᠷᠢᠯᠴᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ | ᠬᠥᠳᠡᠯᠦᠩᠭᠦᠶ ᠪᠠᠶᠢᠳᠠᠯ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ ᠣᠷᠣᠭᠤᠯᠬᠤ ᠲᠤᠬᠠᠶ | ᠲᠣᠭᠲᠠᠭᠠᠯ | ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠳᠣᠲᠣᠭᠠᠳᠤ ᠶᠢ ᠬᠠᠮᠠᠭᠠᠯᠠᠬᠤ ᠶᠠᠮᠤᠨ᠂ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠠᠴᠠ ︽ᠵᠠᠮ ᠬᠠᠷᠢᠯᠴᠠᠭ᠎ᠠ ᠲᠡᠭᠡᠭᠡᠪᠦᠷᠢ ᠶᠢᠨ ᠲᠡᠷᠭᠡ ᠬᠥᠰᠬᠡ ᠶᠢᠨ | ᠬᠥᠳᠡᠯᠦᠩᠭᠦᠶ ᠪᠠᠶᠢᠳᠠᠯ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ | ᠳᠣᠲᠣᠭᠠᠳᠤ ᠶᠢ ᠬᠠᠮᠠᠭᠠᠯᠠᠬᠤ ᠶᠠᠮᠤᠨ ᠤᠯᠤᠰ ᠤᠨ ᠠᠶᠤᠯᠭᠦᠢ ᠦᠶᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ | ᠶᠡᠷᠦᠩᠬᠡᠶ ᠲᠣᠪᠴᠢᠶ᠎ᠠ ᠶᠢᠨ ᠵᠠᠷᠯᠢᠭ 2016 ᠣᠨ ᠤ 55 ᠳ᠋ᠤᠭᠠᠷ ᠲᠣᠭᠠᠲᠤ︶ ᠳᠤ ᠳᠣᠤᠷᠠᠬᠢ ᠮᠡᠲᠦ ᠵᠠᠰᠠᠪᠤᠷᠢ | ᠣᠷᠣᠭᠤᠯᠬᠤ ᠪᠠᠷ ᠲᠣᠭᠲᠠᠭᠠᠪᠠ᠄ | ᠨᠢᠭᠡ᠂ ᠵᠢᠷᠭᠤᠳᠤᠭᠠᠷ ᠵᠦᠢᠯ ᠤᠨ ᠨᠢᠭᠡᠳᠦᠭᠡᠷ ᠵᠤᠷᠪᠤᠰ ᠲᠠᠬᠢ ︽JT/T 796︾ ᠭᠡᠳᠡᠭ ᠢ ︽GB/T | 35658︾ ᠭᠡᠵᠦ ᠵᠠᠰᠠᠪᠠ᠃ | ᠬᠤᠶᠠᠷ᠂ ᠵᠢᠷᠭᠤᠳᠤᠭᠠᠷ ᠵᠦᠶᠯ᠂ ᠳᠣᠯᠣᠳᠤᠭᠠᠷ ᠵᠦᠶᠯ ᠳᠠᠬᠢ ︽ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ | ᠳᠠᠭᠠᠭᠤᠯᠢ ᠣᠳᠣᠨ ᠤ ᠣᠷᠣᠨ ᠲᠣᠭᠲᠠᠭᠠᠬᠤ ᠰᠢᠰᠲ᠋ᠧᠮ ᠤᠨ ᠦᠵᠦᠭᠦᠷ ᠤᠨ ᠮᠡᠳᠡᠭᠡᠯᠡᠯ ᠤᠨ ᠵᠥᠪᠯᠡᠯᠴᠡᠭᠡᠷ ᠬᠢᠭᠡᠳ | ᠲᠤᠭ᠎ᠠ ᠪᠠᠷᠢᠮᠲᠠ ᠶᠢᠨ ᠵᠠᠭᠪᠤᠷ︾ ᠢ ︽ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠳᠠᠭᠠᠭᠤᠯᠢ ᠣᠳᠣᠨ ᠤ ᠣᠷᠣᠨ | ᠲᠣᠭᠲᠠᠭᠠᠬᠤ ᠰᠢᠰᠲ᠋ᠧᠮ ᠤᠨ ᠦᠵᠦᠭᠦᠷ ᠤᠨ ᠬᠤᠯᠪᠣᠭᠠᠨ ᠤ ᠵᠥᠪᠯᠡᠯᠴᠡᠭᠡᠷ ᠬᠢᠭᠡᠳ ᠲᠤᠭ᠎ᠠ ᠪᠠᠷᠢᠮᠲᠠ ᠶᠢᠨ ᠵᠠᠭᠪᠤᠷ︾ | ᠭᠡᠵᠦ ᠵᠠᠰᠠᠪᠤᠷᠢ ᠣᠷᠤᠭᠤᠯᠪᠠ᠃ | ᠭᠤᠷᠪᠠ᠂ ᠨᠠᠢᠮᠠᠳᠤᠭᠠᠷ ᠵᠦᠢᠯ ᠢ ᠬᠠᠰᠤᠪᠠ᠃ | ᠳᠥᠷᠪᠡ᠂ ᠠᠷᠪᠠᠳᠤᠭᠠᠷ ᠵᠦᠶᠯ ᠢ ᠶᠢᠰᠦᠳᠦᠭᠡᠷ ᠵᠦᠶᠯ ᠪᠣᠯᠭᠠᠵᠤ᠄ ︽ᠵᠠᠮ ᠲᠡᠭᠡᠭᠡᠪᠦᠷᠢ ᠶᠢᠨ ᠠᠵᠤ | ᠠᠬᠤᠶᠢᠯᠠᠯ ᠤᠨ ᠰᠢᠨ᠎ᠡ ᠪᠠᠷ ᠪᠠᠶᠢᠭᠤᠯᠬᠤ ᠪᠤᠶᠤ ᠬᠢᠨᠠᠨ ᠡᠵᠡᠮᠳᠡᠬᠦ ᠲᠠᠪᠴᠠᠩ ᠢᠶᠠᠨ ᠬᠤᠪᠢᠷᠠᠭᠤᠯᠬᠤ ᠳᠤ᠂ | ᠠᠰᠢᠭᠯᠠᠯᠲᠠ ᠳᠤ ᠣᠷᠣᠭᠤᠯᠬᠤ ᠠᠴᠠ ᠡᠮᠦᠨ᠎ᠡ ᠤᠤᠯ ᠤᠨ ︿ᠵᠠᠮ ᠲᠡᠭᠡᠭᠡᠪᠦᠷᠢ ᠶᠢᠨ ᠡᠵᠡᠩᠨᠡᠯᠲᠡ ᠶᠢᠨ ᠵᠥᠪᠰᠢᠶᠡᠷᠡᠯ | ᠤᠨ ᠦᠨᠡᠮᠯᠡᠯ﹀ ᠣᠯᠭᠤᠭᠰᠠᠨ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠳᠠᠩᠰᠠᠯᠠᠭᠤᠯᠬᠤ | ᠬᠡᠷᠡᠭᠲᠡᠶ᠃︾ ᠭᠡᠵᠦ ᠵᠠᠰᠠᠪᠤᠷᠢ ᠣᠷᠤᠭᠤᠯᠪᠠ᠃ | ᠲᠠᠪᠤ᠂ ᠠᠷᠪᠠᠨ ᠨᠢᠭᠡᠳᠦᠭᠡᠷ ᠵᠦᠢᠯ ᠢ ᠠᠷᠪᠠᠳᠤᠭᠠᠷ ᠵᠦᠢᠯ ᠪᠣᠯᠭᠠᠵᠤ᠂ ᠳᠥᠷᠪᠡᠳᠦᠭᠡᠷ ᠵᠤᠷᠪᠤᠰ ᠢ ᠬᠠᠰᠤᠪᠠ᠃ | | ᠵᠢᠷᠭᠤᠭ᠎ᠠ᠂ ᠠᠷᠪᠠ ᠶᠢᠰᠦᠳᠦᠭᠡᠷ ᠵᠦᠶᠯ ᠢ ᠠᠷᠪᠠᠨ ᠨᠠᠶᠮᠠᠳᠤᠭᠠᠷ ᠵᠦᠶᠯ ᠪᠣᠯᠭᠠᠵᠤ᠂ ᠲᠡᠭᠦᠨ ᠤ ᠳᠣᠲᠣᠷᠠᠬᠢ | ︽ᠰᠢᠰᠲ᠋ᠧᠮ ᠤᠨ ᠲᠤᠭ᠎ᠠ ᠪᠠᠷᠢᠮᠲᠠ ᠶᠢ ᠴᠠᠭ ᠢᠮᠠᠭᠲᠠ ᠪᠤᠶᠤ ᠲᠣᠭᠲᠠᠮᠠᠯ ᠬᠤᠭᠤᠴᠠᠭ᠎ᠠ ᠲᠠᠢ ᠪᠠᠷ ᠭᠠᠷᠭᠠᠨ ᠠᠪᠬᠤ︾ | ᠭᠡᠳᠡᠭ ᠢ ︽ᠰᠢᠰᠲ᠋ᠧᠮ ᠳᠠᠬᠢ ᠪᠦᠬᠦ ᠤᠯᠤᠰ ᠤᠨ ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠬᠦᠳᠡᠯᠦᠩᠭᠦᠢ | ᠪᠠᠶᠢᠳᠠᠯ ᠢ ᠬᠢᠨᠠᠨ ᠡᠵᠡᠮᠳᠡᠬᠦ ᠲᠤᠭ᠎ᠠ ᠪᠠᠷᠢᠮᠲᠠ ᠶᠢ ᠴᠠᠭ ᠢᠮᠠᠭᠲᠠ ᠪᠤᠶᠤ ᠲᠣᠭᠲᠠᠮᠠᠯ ᠬᠤᠭᠤᠴᠠᠭ᠎ᠠ ᠲᠠᠢ ᠪᠠᠷ | ᠭᠠᠷᠭᠠᠨ ᠠᠪᠬᠤ︾ ᠭᠡᠵᠦ ᠵᠠᠰᠠᠪᠤᠷᠢ ᠣᠷᠤᠭᠤᠯᠪᠠ᠃ | ᠳᠣᠯᠤᠭ᠎ᠠ᠂ ᠬᠤᠷᠢᠨ ᠳᠥᠷᠪᠡᠳᠦᠭᠡᠷ ᠵᠦᠶᠯ ᠢ ᠬᠤᠷᠢᠨ ᠭᠤᠷᠪᠠᠳᠤᠭᠠᠷ ᠵᠦᠶᠯ ᠪᠣᠯᠭᠠᠵᠤ᠂ ᠲᠡᠭᠦᠨ ᠤ | ᠳᠣᠲᠣᠷᠠᠬᠢ ︽ᠵᠠᠮ ᠲᠡᠭᠡᠭᠡᠪᠦᠷᠢ ᠶᠢᠨ ᠠᠵᠤ ᠠᠬᠤᠶᠢᠯᠠᠯ ᠨᠢ ᠬᠥᠳᠡᠯᠦᠩᠭᠦᠶ ᠪᠠᠶᠢᠳᠠᠯ ᠤᠨ ᠬᠢᠨᠠᠯᠲᠠ ᠬᠠᠮᠢᠶᠠᠷᠤᠯᠲᠠ | ᠶᠢᠨ ᠬᠠᠮᠢᠶ᠎ᠠ ᠪᠦᠬᠦᠢ ᠳᠦᠷᠢᠮ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ︾ ᠭᠡᠳᠡᠭ ᠢ ︽ᠵᠠᠮ ᠲᠡᠭᠡᠭᠡᠪᠦᠷᠢ ᠶᠢᠨ ᠠᠵᠤ | ᠠᠬᠤᠶᠢᠯᠠᠯ ᠨᠢ ᠬᠥᠳᠡᠯᠦᠩᠭᠦᠶ ᠪᠠᠶᠢᠳᠠᠯ ᠤᠨ ᠬᠢᠨᠠᠯᠲᠠ ᠬᠠᠮᠢᠶᠠᠷᠤᠯᠲᠠ ᠶᠢᠨ ᠬᠠᠮᠢᠶ᠎ᠠ ᠪᠦᠬᠦᠢ ᠳᠦᠷᠢᠮ ᠢ ᠪᠠᠶᠢᠭᠤᠯᠤᠨ | ᠪᠦᠷᠢᠨᠰᠢᠭᠦᠯᠬᠦ ᠶᠢᠨ ᠬᠠᠮᠲᠤ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ︾ ᠭᠡᠵᠦ ᠵᠠᠰᠠᠪᠤᠷᠢ ᠣᠷᠣᠭᠤᠯᠪᠠ᠃ | ᠨᠠᠢᠮᠠ᠂ ᠭᠤᠴᠢᠨ ᠵᠢᠷᠭᠤᠳᠤᠭᠠᠷ ᠵᠦᠢᠯ ᠢ ᠭᠤᠴᠢᠨ ᠲᠠᠪᠤᠳᠤᠭᠠᠷ ᠵᠦᠢᠯ ᠪᠣᠯᠭᠠᠵᠤ᠂ ᠲᠡᠭᠦᠨ ᠤ ᠳᠣᠲᠣᠷᠠᠬᠢ | ︽3000 ᠲᠥᠭᠦᠷᠢᠭ ᠠᠴᠠ ᠳᠡᠭᠡᠭᠰᠢ 8000 ᠲᠥᠭᠦᠷᠢᠭ ᠠᠴᠠ ᠳᠣᠷᠣᠭᠰᠢ︾ ᠭᠡᠳᠡᠭ ᠢ ︽1000 | ᠲᠥᠭᠦᠷᠢᠭ ᠠᠴᠠ ᠳᠡᠭᠡᠭᠰᠢ 3000 ᠲᠥᠭᠦᠷᠢᠭ ᠠᠴᠠ ᠳᠣᠷᠤᠭᠰᠢ︾ ᠭᠡᠵᠦ ᠵᠠᠰᠠᠵᠤ᠂ ᠭᠤᠷᠪᠠᠳᠤᠭᠠᠷ ᠵᠤᠷᠪᠤᠰ | ᠲᠠᠬᠢ ︽ᠲᠣᠭᠲᠠᠭᠠᠯ ᠶᠣᠰᠣᠭᠠᠷ ᠲᠤᠰᠬᠠᠢ ᠬᠢᠨᠠᠨ ᠡᠵᠡᠮᠳᠡᠬᠦ ᠠᠵᠢᠯᠳᠠᠨ ᠲᠤᠬᠢᠷᠠᠭᠤᠯᠤᠬᠰᠠᠨ ᠦᠭᠡᠢ︾ ᠭᠡᠳᠡᠭ ᠢ | ︽ᠲᠣᠭᠲᠠᠭᠠᠯ ᠶᠣᠰᠣᠭᠠᠷ ᠲᠤᠰᠬᠠᠢ ᠬᠢᠨᠠᠨ ᠡᠵᠡᠮᠳᠡᠬᠦ ᠠᠵᠢᠯᠳᠠᠨ ᠲᠤᠬᠢᠷᠠᠭᠤᠯᠤᠬᠰᠠᠨ ᠦᠭᠡᠢ᠂ ᠡᠰᠡᠬᠦᠯ᠎ᠡ ᠬᠢᠨᠠᠨ | ᠡᠵᠡᠮᠳᠡᠬᠦ ᠠᠵᠢᠯᠳᠠᠨ ᠬᠢᠨᠠᠨ ᠡᠵᠡᠮᠳᠡᠬᠦ ᠲᠤᠰᠢᠶᠠᠯ ᠬᠠᠷᠢᠭᠤᠴᠠᠯᠭ᠎ᠠ ᠪᠠᠨ ᠪᠦᠲᠦᠮᠵᠢᠲᠡᠢ ᠭᠦᠢᠴᠡᠳᠬᠡᠭᠰᠡᠨ ᠦᠭᠡᠢ︾ | ᠭᠡᠵᠦ ᠵᠠᠰᠠᠪᠤᠷᠢ ᠣᠷᠣᠭᠤᠯᠪᠠ᠃ | ᠶᠢᠰᠦ᠂ ᠭᠤᠴᠢᠨ ᠳᠣᠯᠣᠳᠤᠭᠠᠷ ᠵᠦᠶᠯ ᠢ ᠭᠤᠴᠢᠨ ᠵᠢᠷᠭᠤᠳᠤᠭᠠᠷ ᠵᠦᠶᠯ ᠪᠣᠯᠭᠠᠵᠤ᠄ ︽ᠲᠤᠰ ᠠᠷᠭ᠎ᠠ ᠶᠢᠨ | ᠲᠣᠭᠲᠠᠭᠠᠯ ᠠᠴᠠ ᠵᠥᠷᠢᠴᠡᠨ᠂ ᠵᠠᠮ ᠲᠡᠭᠡᠭᠡᠪᠦᠷᠢ ᠶᠢᠨ ᠡᠵᠡᠩᠨᠡᠭᠴᠢ ᠳᠠᠭᠠᠭᠤᠯᠢ ᠣᠳᠣᠨ ᠤ ᠣᠷᠣᠨ ᠲᠣᠭᠲᠠᠭᠠᠬᠤ | ᠲᠣᠨᠤᠭ ᠲᠥᠬᠦᠭᠡᠷᠦᠮᠵᠢ ᠢ ᠬᠡᠷᠡᠭᠯᠡᠵᠦ ᠪᠠᠶᠢᠭᠠᠳ ᠰᠦᠯᠵᠢᠶᠡᠨ ᠳᠡᠭᠡᠷ᠎ᠡ ᠪᠠᠶᠢᠵᠤ ᠳᠡᠶᠢᠯᠬᠦ ᠦᠭᠡᠢ ᠲᠡᠭᠡᠭᠡᠪᠦᠷᠢ ᠶᠢᠨ | ᠲᠡᠷᠭᠡ ᠬᠥᠰᠬᠡ ᠨᠢ ᠡᠵᠡᠩᠨᠡᠯᠲᠡ ᠶᠢᠨ ᠠᠵᠢᠯᠯᠠᠭ᠎ᠠ ᠬᠢᠪᠡᠯ᠂ ᠰᠢᠶᠠᠨ ᠤ ᠱᠠᠲᠤᠨ ᠠᠴᠠ ᠳᠡᠭᠡᠭᠰᠢᠬᠢ ᠵᠠᠮ ᠲᠡᠭᠡᠭᠡᠪᠦᠷᠢ | ᠶᠢᠨ ᠬᠠᠮᠢᠶᠠᠷᠤᠯᠲᠠ ᠶᠢᠨ ᠪᠠᠶᠢᠭᠤᠯᠤᠮᠵᠢ ᠲᠡᠭᠦᠨ ᠢ ᠰᠤᠷᠭᠠᠨ ᠬᠥᠮᠦᠵᠢᠭᠦᠯᠬᠦ ᠶᠢᠨ ᠬᠠᠮᠲᠤ ᠵᠠᠷᠯᠢᠭᠳᠠᠨ ᠵᠠᠯᠠᠷᠠᠭᠤᠯᠵᠤ᠂ | ᠵᠠᠯᠠᠷᠠᠭᠤᠯᠬᠤ ᠦᠭᠡᠶ ᠪᠤᠶᠤ ᠵᠠᠯᠠᠷᠠᠭᠤᠯᠤᠭᠰᠠᠨ ᠤ ᠳᠠᠷᠠᠭ᠎ᠠ ᠠᠳᠠᠯᠢ ᠲᠥᠷᠥᠯ ᠤᠨ ᠲᠣᠭᠲᠠᠭᠠᠯ ᠠᠴᠠ ᠵᠥᠷᠢᠴᠡᠭᠰᠡᠨ | ᠪᠠᠶᠢᠳᠠᠯ ᠳᠠᠬᠢᠨ ᠭᠠᠷᠤᠭᠰᠠᠨ ᠪᠣᠯ᠂ 200 ᠲᠥᠭᠦᠷᠢᠭ ᠠᠴᠠ ᠳᠡᠭᠡᠭᠰᠢ 800 ᠲᠥᠭᠦᠷᠢᠭ ᠠᠴᠠ ᠳᠣᠷᠣᠭᠰᠢ | ᠵᠣᠭᠤᠰ ᠢᠶᠠᠷ ᠲᠣᠷᠭᠠᠨ᠎ᠠ︾ ᠭᠡᠵᠦ ᠵᠠᠰᠠᠪᠤᠷᠢ ᠣᠷᠣᠭᠤᠯᠪᠠ᠃ | ᠠᠷᠪᠠ᠂ ᠭᠤᠴᠢᠨ ᠨᠠᠶᠮᠠᠳᠤᠭᠠᠷ ᠵᠦᠶᠯ ᠢ ᠭᠤᠴᠢᠨ ᠳᠣᠯᠣᠳᠤᠭᠠᠷ ᠵᠦᠶᠯ ᠪᠣᠯᠭᠠᠵᠤ᠄ ︽ᠲᠣᠰ ᠠᠷᠭ᠎ᠠ ᠶᠢᠨ | ᠲᠣᠭᠲᠠᠭᠠᠯ ᠠᠴᠠ ᠵᠥᠷᠢᠴᠡᠨ᠂ ᠵᠠᠮ ᠲᠡᠭᠡᠭᠡᠪᠦᠷᠢ ᠶᠢᠨ ᠠᠵᠤ ᠠᠬᠤᠶᠢᠯᠠᠯ ᠪᠤᠶᠤ ᠵᠠᠮ ᠲᠡᠭᠡᠭᠡᠪᠦᠷᠢ ᠶᠢᠨ ᠲᠡᠷᠭᠡ | ᠬᠥᠰᠬᠡ ᠶᠢᠨ ᠬᠥᠳᠡᠯᠦᠩᠭᠦᠶ ᠪᠠᠶᠢᠳᠠᠯ ᠤᠨ ᠬᠢᠨᠠᠨ ᠡᠵᠡᠮᠳᠡᠬᠦ ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠵᠤ ᠪᠠᠶᠢᠭ᠎ᠠ | ᠨᠢᠭᠡᠴᠢ ᠨᠢ ᠲᠡᠷᠭᠡ ᠬᠥᠰᠬᠡ ᠶᠢᠨ ᠬᠥᠳᠡᠯᠦᠩᠭᠦᠶ ᠪᠠᠶᠢᠳᠠᠯ ᠤᠨ ᠬᠢᠨᠠᠨ ᠡᠵᠡᠮᠳᠡᠬᠦ ᠲᠤᠭ᠎ᠠ ᠪᠠᠷᠢᠮᠲᠠ ᠶᠢ ᠬᠠᠭᠤᠷᠮᠠᠭᠯᠠᠨ | ᠵᠣᠬᠢᠶᠠᠭᠰᠠᠨ᠂ ᠥᠭᠡᠷᠡᠲᠦᠭᠦᠯᠦᠭᠰᠡᠨ᠂ ᠬᠠᠰᠤᠭᠰᠠᠨ ᠪᠣᠯ᠂ ᠰᠢᠶᠠᠨ ᠤ ᠱᠠᠲᠤᠨ ᠠᠴᠠ ᠳᠡᠭᠡᠭᠰᠢᠬᠢ ᠵᠠᠮ ᠲᠡᠭᠡᠭᠡᠪᠦᠷᠢ | ᠶᠢᠨ ᠬᠠᠮᠢᠶᠠᠷᠤᠯᠲᠠ ᠶᠢᠨ ᠪᠠᠶᠢᠭᠤᠯᠤᠮᠵᠢ ᠵᠠᠷᠯᠢᠭᠳᠠᠨ ᠵᠠᠯᠠᠷᠠᠭᠤᠯᠵᠤ᠂ 500 ᠲᠥᠭᠦᠷᠢᠭ ᠠᠴᠠ ᠳᠡᠭᠡᠭᠰᠢ 2000 | ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃︾ ᠭᠡᠵᠦ ᠵᠠᠰᠠᠪᠤᠷᠢ ᠣᠷᠤᠭᠤᠯᠪᠠ᠃ | ᠠᠷᠪᠠᠨ ᠨᠢᠭᠡ᠂ ︽ᠠᠮᠤᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ︾ ᠢ ︽ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ︾ ᠭᠡᠵᠦ ᠨᠢᠭᠡᠳᠦᠯᠲᠡᠢ ᠵᠠᠰᠠᠪᠠ᠃ | ᠵᠦᠢᠯ ᠵᠤᠷᠪᠤᠰ ᠤᠨ ᠳ᠋ᠤᠭᠠᠷᠯᠠᠯ ᠪᠠ ᠣᠨᠴᠠ ᠵᠠᠷᠢᠮ ᠤᠢᠰᠦᠭ ᠪᠢᠴᠢᠭ ᠲᠤ ᠵᠣᠬᠢᠴᠠᠩᠭᠤᠢ ᠲᠤᠬᠢᠷᠡᠭᠤᠯᠦᠯᠳᠠ | ᠬᠢᠪᠡ᠃ | ᠲᠤᠰ ᠲᠣᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ︽ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠬᠥᠳᠡᠯᠦᠩᠭᠦᠶ ᠪᠠᠶᠢᠳᠠᠯ ᠤᠨ ᠬᠢᠨᠠᠯᠲᠠ ᠬᠠᠮᠢᠶᠠᠷᠤᠯᠲᠠ ᠶᠢᠨ | ᠠᠷᠭ᠎ᠠ︾ ᠳᠤ ᠲᠤᠰ ᠲᠣᠭᠲᠠᠭᠠᠯ ᠢ ᠦᠨᠳᠦᠰᠦᠯᠡᠨ ᠵᠣᠬᠢᠴᠠᠩᠭᠤᠶ ᠵᠠᠰᠠᠪᠤᠷᠢ ᠣᠷᠣᠭᠤᠯᠵᠤ᠂ ᠳᠠᠬᠢᠵᠤ ᠨᠡᠶᠢᠲᠡᠯᠡᠪᠡ᠃ | | ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠬᠥᠳᠡᠯᠦᠩᠭᠦᠶ ᠪᠠᠶᠢᠳᠠᠯ ᠤᠨ ᠬᠢᠨᠠᠯᠲᠠ ᠬᠠᠮᠢᠶᠠᠷᠤᠯᠲᠠ ᠶᠢᠨ | ᠠᠷᠭ᠎ᠠ | ︵2014 ᠣᠨ ᠤ 1 ᠳ᠋ᠦ᠋ᠭᠡᠷ ᠰᠠᠷ᠎ᠠ ᠶᠢᠨ 28 ᠤ ᠡᠳᠦᠷ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ | ᠳᠣᠲᠣᠭᠠᠳᠤ ᠶᠢ ᠬᠠᠮᠠᠭᠠᠯᠠᠬᠤ ᠶᠠᠮᠤᠨ ᠤᠯᠤᠰ ᠤᠨ ᠠᠶᠤᠯᠭᠦᠢ ᠦᠶᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ | ᠶᠡᠷᠦᠩᠬᠡᠶ ᠲᠣᠪᠴᠢᠶ᠎ᠠ ᠠᠴᠠ ᠨᠡᠶᠢᠲᠡᠯᠡᠪᠡ 2016 ᠣᠨ ᠤ 4 ᠳ᠋ᠦ᠋ᠭᠡᠷ ᠰᠠᠷ᠎ᠠ ᠶᠢᠨ 20 ᠤ ᠡᠳᠦᠷ ᠤᠨ ︽︿ᠵᠠᠮ | ᠲᠡᠭᠡᠭᠡᠪᠦᠷᠢ ᠶᠢᠨ ᠲᠡᠷᠭᠡ ᠬᠥᠰᠬᠡ ᠶᠢᠨ ᠬᠥᠳᠡᠯᠦᠩᠭᠦᠶ ᠪᠠᠶᠢᠳᠠᠯ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ﹀ ᠳᠤ | ᠵᠠᠰᠠᠪᠤᠷᠢ ᠣᠷᠣᠭᠤᠯᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠳᠣᠲᠣᠭᠠᠳᠤ ᠶᠢ ᠬᠠᠮᠠᠭᠠᠯᠠᠬᠤ ᠶᠠᠮᠤᠨ | ᠤᠯᠤᠰ ᠤᠨ ᠠᠶᠤᠯᠭᠦᠢ ᠦᠶᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠲᠣᠭᠲᠠᠭᠠᠯ︾ | ᠢ ᠦᠨᠳᠦᠰᠦᠯᠡᠨ ᠠᠩᠬ᠎ᠠ ᠤᠳᠠᠭ᠎ᠠ ᠵᠠᠰᠠᠪᠤᠷᠢ ᠣᠷᠣᠭᠤᠯᠪᠠ 2022 ᠣᠨ ᠤ 2 ᠳ᠋ᠤᠭᠠᠷ ᠰᠠᠷ᠎ᠠ ᠶᠢᠨ 14 ᠤ | ᠡᠳᠦᠷ ᠤᠨ ︽︿ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠬᠥᠳᠡᠯᠦᠩᠭᠦᠶ ᠪᠠᠶᠢᠳᠠᠯ ᠤᠨ ᠬᠢᠨᠠᠯᠲᠠ ᠬᠠᠮᠢᠶᠠᠷᠤᠯᠲᠠ | ᠶᠢᠨ ᠠᠷᠭ᠎ᠠ﹀ ᠳᠤ ᠵᠠᠰᠠᠪᠤᠷᠢ ᠣᠷᠣᠭᠤᠯᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠳᠣᠲᠣᠭᠠᠳᠤ ᠶᠢ | ᠬᠠᠮᠠᠭᠠᠯᠠᠬᠤ ᠶᠠᠮᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠲᠣᠭᠲᠠᠭᠠᠯ︾ ᠢ | ᠦᠨᠳᠦᠰᠦᠯᠡᠨ ᠬᠤᠶᠠᠳᠠᠬᠢ ᠤᠳᠠᠭ᠎ᠠ ᠵᠠᠰᠠᠪᠤᠷᠢ ᠣᠷᠣᠭᠤᠯᠪᠠ︶ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠬᠥᠳᠡᠯᠦᠩᠭᠦᠶ ᠪᠠᠶᠢᠳᠠᠯ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠂ ᠵᠠᠮ ᠬᠠᠷᠢᠯᠴᠠᠭᠠᠨ ᠤ ᠠᠳᠡᠯ ᠢ ᠰᠡᠷᠭᠡᠶᠢᠯᠡᠬᠦ ᠪᠠ ᠪᠠᠭᠠᠰᠬᠠᠬᠤ ᠶᠢᠨ ᠲᠤᠰᠠᠳᠠ᠂ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ︾ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠶᠢ ᠬᠡᠷᠡᠭᠵᠢᠭᠦᠯᠬᠦ | ᠳᠦᠷᠢᠮ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠲᠡᠭᠡᠭᠡᠪᠦᠷᠢ ᠶᠢᠨ ᠳᠦᠷᠢᠮ︾ ᠵᠡᠷᠭᠡ | ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠵᠠᠮ ᠲᠡᠭᠡᠭᠡᠪᠦᠷᠢ ᠶᠢᠨ ᠲᠡᠷᠭᠡ ᠬᠥᠰᠬᠡ ᠠᠶᠠᠯᠠᠬᠤ ᠶᠢ ᠲᠡᠮᠳᠡᠭᠯᠡᠬᠦ ᠴᠢᠳᠠᠮᠵᠢ ᠲᠠᠢ | ᠳᠠᠭᠠᠭᠤᠯᠢ ᠣᠳᠣᠨ ᠤ ᠣᠷᠣᠨ ᠲᠣᠭᠲᠠᠭᠠᠬᠤ ᠲᠣᠨᠤᠭ ᠲᠥᠬᠦᠭᠡᠷᠦᠮᠵᠢ ︵ᠳᠣᠷᠣᠭᠰᠢ ᠳᠠᠭᠠᠭᠤᠯᠢ ᠣᠳᠣᠨ ᠤ ᠣᠷᠣᠨ | ᠲᠣᠭᠲᠠᠭᠠᠬᠤ ᠲᠣᠨᠤᠭ ᠲᠥᠬᠦᠭᠡᠷᠦᠮᠵᠢ ᠭᠡᠵᠦ ᠲᠣᠪᠴᠢᠯᠠᠨ᠎ᠠ︶ ᠵᠢᠴᠢ ᠬᠠᠮᠢᠶ᠎ᠠ ᠪᠦᠬᠦᠢ ᠠᠮᠤᠷ ᠲᠥᠪᠰᠢᠨ ᠳᠤ | ᠬᠢᠨᠠᠯᠲᠠ ᠲᠠᠯᠪᠢᠵᠤ ᠬᠠᠮᠢᠶᠠᠷᠬᠤ ᠠᠵᠢᠯᠯᠠᠭ᠎ᠠ ᠳᠤ ᠲᠤᠰ ᠠᠷᠭ᠎ᠠ ᠲᠣᠬᠢᠷᠠᠨ᠎ᠠ᠃ | ᠭᠤᠷᠪᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠵᠠᠮ ᠲᠡᠭᠡᠭᠡᠪᠦᠷᠢ ᠶᠢᠨ ᠲᠡᠷᠭᠡ ᠬᠥᠰᠬᠡ ᠭᠡᠳᠡᠭ | ᠲᠤ᠂ ᠵᠠᠰᠠᠮᠠᠯ ᠵᠠᠮ ᠤᠨ ᠲᠡᠭᠡᠭᠡᠪᠦᠷᠢ ᠶᠢᠨ ᠡᠵᠡᠩᠨᠡᠯᠲᠡ ᠳᠤ ᠬᠡᠷᠡᠭᠯᠡᠬᠦ ᠠᠶᠠᠨᠴᠢᠳ ᠲᠡᠭᠡᠭᠡᠪᠦᠷᠢᠯᠡᠬᠦ ᠮᠠᠰᠢᠨ ᠲᠡᠷᠭᠡ᠂ | ᠠᠶᠤᠯᠲᠠᠢ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ᠂ ᠰᠠᠯᠤᠩᠬᠢ ᠴᠢᠷᠦᠭᠦᠯ ᠲᠡᠷᠭᠡ ᠬᠢᠭᠡᠳ ᠬᠦᠨᠳᠦ ᠬᠡᠯᠪᠡᠷᠢ ᠶᠢᠨ | ᠪᠠᠷᠠᠭ᠎ᠠ ᠲᠡᠭᠡᠭᠡᠪᠦᠷᠢᠯᠡᠬᠦ ᠮᠠᠰᠢᠨ ᠲᠡᠷᠭᠡ ︵ᠶᠡᠷᠦᠩᠬᠡᠶ ᠮᠠᠰ ᠨᠢ 12 ᠲᠣᠨ ᠵᠢᠴᠢ ᠲᠡᠭᠦᠨ ᠠᠴᠠ ᠳᠡᠭᠡᠭᠰᠢᠬᠢ ᠡᠩ | ᠤᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ︶ ᠪᠠᠭᠲᠠᠨ᠎ᠠ᠃ | ᠳᠥᠷᠪᠡᠳᠦᠭᠡᠷ ᠵᠦᠢᠯ ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠬᠥᠳᠡᠯᠦᠩᠭᠦᠶ ᠪᠠᠶᠢᠳᠠᠯ ᠤᠨ ᠬᠢᠨᠠᠯᠲᠠ | ᠬᠠᠮᠢᠶᠠᠷᠤᠯᠲᠠ ᠳᠤ ᠠᠵᠤ ᠠᠬᠤᠶᠢᠯᠠᠯ ᠬᠢᠨᠠᠨ ᠡᠵᠡᠮᠳᠡᠬᠦ᠂ ᠵᠠᠰᠠᠭ ᠤᠨ ᠣᠷᠳᠣᠨ ᠬᠢᠨᠠᠨ ᠬᠠᠮᠢᠶᠠᠷᠬᠤ᠂ | ᠲᠣᠣᠷᠵᠢᠭᠤᠯᠵᠤ ᠬᠤᠯᠪᠣᠭᠠᠯᠠᠨ ᠡᠵᠡᠮᠳᠡᠬᠦ ᠵᠠᠷᠴᠢᠮ ᠢ ᠵᠢᠷᠤᠮᠯᠠᠬᠤ ᠬᠡᠷᠡᠭᠲᠡᠶ᠃ | ᠲᠠᠪᠤᠳᠤᠭᠠᠷ ᠵᠦᠢᠯ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ᠂ ᠳᠣᠲᠣᠭᠠᠳᠤ ᠶᠢ | ᠬᠠᠮᠠᠭᠠᠯᠠᠬᠤ ᠪᠠᠶᠢᠭᠤᠯᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ | ᠦᠨᠳᠦᠰᠦᠯᠡᠨ᠂ ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠬᠦᠳᠡᠯᠦᠩᠭᠦᠢ ᠪᠠᠶᠢᠳᠠᠯ ᠢ ᠬᠢᠨᠠᠨ ᠡᠵᠡᠮᠳᠡᠬᠦ ᠠᠵᠢᠯ ᠳᠤ | ᠬᠠᠮᠲᠤᠷᠠᠨ ᠬᠢᠨᠠᠯᠲᠠ ᠲᠠᠯᠪᠢᠵᠤ ᠬᠠᠮᠢᠶᠠᠷᠬᠤ ᠶᠢ ᠬᠡᠷᠡᠭᠵᠢᠭᠦᠯᠬᠦ ᠬᠡᠷᠡᠭᠲᠡᠶ᠃ | ᠬᠤᠶᠠᠳᠤᠭᠠᠷ ᠪᠦᠯᠦᠭ ᠰᠢᠰᠲ᠋ᠧᠮ ᠤᠨ ᠪᠠᠶᠢᠭᠤᠯᠤᠯᠲᠠ | ᠵᠢᠷᠭᠤᠳᠤᠭᠠᠷ ᠵᠦᠶᠯ ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠳᠠᠭᠠᠭᠤᠯᠢ ᠣᠳᠣᠨ ᠤ ᠣᠷᠣᠨ | ᠲᠣᠭᠲᠠᠭᠠᠬᠤ ᠰᠢᠰᠲ᠋ᠧᠮ ᠤᠨ ᠲᠠᠪᠴᠠᠩ ᠨᠢ ᠳᠣᠤᠷᠠᠬᠢ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ | ᠬᠡᠷᠡᠭᠲᠡᠶ᠄ | ︵ᠨᠢᠭᠡ︶ ︽ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠳᠠᠭᠠᠭᠤᠯᠢ ᠣᠳᠣᠨ ᠤ ᠣᠷᠣᠨ ᠲᠣᠭᠲᠠᠭᠠᠬᠤ | ᠰᠢᠰᠲ᠋ᠧᠮ ᠤᠨ ᠲᠠᠪᠴᠠᠩ ᠤᠨ ᠮᠡᠷᠭᠡᠵᠢᠯ ᠤᠨ ᠱᠠᠭᠠᠷᠳᠠᠯᠭ᠎ᠠ︾ ︵GB/T 35658︶︔ | ︵ᠬᠤᠶᠠᠷ︶ ︽ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠳᠠᠭᠠᠭᠤᠯᠢ ᠣᠳᠣᠨ ᠤ ᠣᠷᠣᠨ ᠲᠣᠭᠲᠠᠭᠠᠬᠤ | ᠰᠢᠰᠲ᠋ᠧᠮ ᠤᠨ ᠦᠵᠦᠭᠦᠷ ᠤᠨ ᠬᠤᠯᠪᠣᠭᠠᠨ ᠤ ᠵᠥᠪᠯᠡᠯᠴᠡᠭᠡᠷ ᠬᠢᠭᠡᠳ ᠲᠤᠭ᠎ᠠ ᠪᠠᠷᠢᠮᠲᠠ ᠶᠢᠨ ᠵᠠᠭᠪᠤᠷ︾ ︵JT/T | 808︶︔ | ︵ᠭᠤᠷᠪᠠ︶ ︽ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠳᠠᠭᠠᠭᠤᠯᠢ ᠣᠳᠣᠨ ᠤ ᠣᠷᠣᠨ ᠲᠣᠭᠲᠠᠭᠠᠬᠤ | ᠰᠢᠰᠲ᠋ᠧᠮ ᠤᠨ ᠲᠠᠪᠴᠠᠩ ᠤᠨ ᠲᠤᠭ᠎ᠠ ᠪᠠᠷᠢᠮᠲᠠ ᠶᠢᠨ ᠰᠣᠯᠢᠯᠴᠠᠭ᠎ᠠ︾ ︵JT/T 809︶᠃ | ᠳᠣᠯᠣᠳᠤᠭᠠᠷ ᠵᠦᠶᠯ ᠵᠠᠮ ᠲᠡᠭᠡᠭᠡᠪᠦᠷᠢ ᠶᠢᠨ ᠲᠡᠷᠭᠡ ᠬᠥᠰᠬᠡ ᠳᠡᠭᠡᠷ᠎ᠡ ᠤᠭᠰᠠᠷᠠᠭᠰᠠᠨ ᠳᠠᠭᠠᠭᠤᠯᠢ ᠣᠳᠣᠨ ᠤ | ᠣᠷᠣᠨ ᠲᠣᠭᠲᠠᠭᠠᠬᠤ ᠲᠣᠨᠤᠭ ᠲᠥᠬᠦᠭᠡᠷᠦᠮᠵᠢ ᠨᠢ ᠳᠣᠤᠷᠠᠬᠢ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ | ᠪᠠᠶᠢᠬᠤ ᠬᠡᠷᠡᠭᠲᠡᠶ᠄ | ︵ᠨᠢᠭᠡ︶ ︽ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠳᠠᠭᠠᠭᠤᠯᠢ ᠣᠳᠣᠨ ᠤ ᠣᠷᠣᠨ ᠲᠣᠭᠲᠠᠭᠠᠬᠤ | ᠰᠢᠰᠲ᠋ᠧᠮ ᠤᠨ ᠲᠡᠷᠭᠡᠨ ᠳᠡᠭᠡᠷᠡᠬᠢ ᠦᠵᠦᠭᠦᠷ ᠤᠨ ᠮᠡᠷᠭᠡᠵᠢᠯ ᠤᠨ ᠱᠠᠭᠠᠷᠳᠠᠯᠭ᠎ᠠ︾ ︵JT/T 794︶︔ | ︵ᠬᠤᠶᠠᠷ︶ ︽ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠳᠠᠭᠠᠭᠤᠯᠢ ᠣᠳᠣᠨ ᠤ ᠣᠷᠣᠨ ᠲᠣᠭᠲᠠᠭᠠᠬᠤ | ᠰᠢᠰᠲ᠋ᠧᠮ ᠤᠨ ᠦᠵᠦᠭᠦᠷ ᠤᠨ ᠬᠤᠯᠪᠣᠭᠠᠨ ᠤ ᠵᠥᠪᠯᠡᠯᠴᠡᠭᠡᠷ ᠬᠢᠭᠡᠳ ᠲᠤᠭ᠎ᠠ ᠪᠠᠷᠢᠮᠲᠠ ᠶᠢᠨ ᠵᠠᠭᠪᠤᠷ︾ ︵JT/T | 808︶︔ | ︵ᠭᠤᠷᠪᠠ︶ ︽ᠮᠠᠰᠢᠨ ᠲᠡᠷᠭᠡᠨ ᠤ ᠠᠶᠠᠯᠠᠯ ᠤᠨ ᠠᠮᠤᠷ ᠲᠥᠪᠰᠢᠨ ᠤ ᠮᠡᠷᠭᠡᠵᠢᠯ ᠤᠨ ᠨᠥᠬᠦᠴᠡᠯ︾ | ︵GB 7258︶︔ | ︵ᠳᠦᠷᠪᠡ︶ ︽ᠮᠠᠰᠢᠨ ᠲᠡᠷᠭᠡᠨ ᠤ ᠠᠶᠠᠯᠠᠯ ᠤᠨ ᠲᠡᠮᠳᠡᠭᠯᠡᠭᠦᠷ︾ ︵GB/T 19056︶᠃ | ᠨᠠᠶᠮᠠᠳᠤᠭᠠᠷ ᠵᠦᠶᠯ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ᠂ ᠵᠠᠮ ᠤᠨ ᠠᠶᠤᠯᠲᠠᠢ | ᠪᠠᠷᠠᠭ᠎ᠠ ᠶᠢᠨ ᠲᠡᠭᠡᠭᠡᠪᠦᠷᠢ ᠶᠢᠨ ᠠᠵᠤ ᠠᠬᠤᠶᠢᠯᠠᠯ ᠪᠣᠯᠤᠨ 50 ᠰᠠᠤᠷᠢ ᠵᠢᠴᠢ ᠲᠡᠭᠦᠨ ᠠᠴᠠ ᠳᠡᠭᠡᠭᠰᠢᠬᠢ ᠬᠦᠨᠳᠦ | ᠬᠡᠯᠪᠡᠷᠢ ᠶᠢᠨ ᠪᠠᠷᠠᠭ᠎ᠠ ᠲᠡᠭᠡᠭᠡᠪᠦᠷᠢᠯᠡᠬᠦ ᠮᠠᠰᠢᠨ ᠲᠡᠷᠭᠡ ᠪᠤᠶᠤ ᠴᠢᠷᠦᠭᠦᠯ ᠮᠠᠰᠢᠨ ᠲᠡᠷᠭᠡ ᠲᠠᠢ ᠵᠠᠮ ᠲᠡᠭᠡᠭᠡᠪᠦᠷᠢ ᠶᠢᠨ | ᠠᠵᠤ ᠠᠬᠤᠶᠢᠯᠠᠯ ᠨᠢ ᠪᠠᠷᠢᠮᠵᠢᠶ᠎ᠠ ᠶᠣᠰᠣᠭᠠᠷ ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠬᠦᠳᠡᠯᠦᠩᠭᠦᠢ | ᠪᠠᠶᠢᠳᠠᠯ ᠤᠨ ᠬᠢᠨᠠᠨ ᠡᠵᠡᠮᠳᠡᠬᠦ ᠲᠠᠪᠴᠠᠩ ᠢ ᠪᠦᠲᠦᠭᠡᠨ ᠪᠠᠶᠢᠭᠤᠯᠬᠤ ᠪᠤᠶᠤ ᠨᠥᠬᠦᠴᠡᠯ ᠳᠤ ᠨᠡᠶᠢᠴᠡᠬᠦ | ᠨᠡᠶᠢᠭᠡᠮᠴᠢᠯᠡᠭᠰᠡᠨ ᠳᠠᠭᠠᠭᠤᠯᠢ ᠣᠳᠣᠨ ᠤ ᠣᠷᠣᠨ ᠲᠣᠭᠲᠠᠭᠠᠬᠤ ᠰᠢᠰᠲ᠋ᠧᠮ ᠤᠨ ᠬᠢᠨᠠᠨ ᠡᠵᠡᠮᠳᠡᠬᠦ ᠲᠠᠪᠴᠠᠩ | ︵ᠳᠣᠷᠣᠭᠰᠢ ᠬᠢᠨᠠᠨ ᠡᠵᠡᠮᠳᠡᠬᠦ ᠲᠠᠪᠴᠠᠩ ᠭᠡᠵᠦ ᠶᠡᠷᠦᠩᠬᠡᠶᠢᠯᠡᠨ ᠨᠡᠷᠡᠯᠡᠨ᠎ᠡ︶ ᠢ ᠬᠡᠷᠡᠭᠯᠡᠵᠦ᠂ ᠬᠠᠷᠢᠶ᠎ᠠ ᠪᠦᠬᠦᠢ ᠵᠠᠮ | ᠲᠡᠭᠡᠭᠡᠪᠦᠷᠢ ᠶᠢᠨ ᠲᠡᠷᠭᠡ ᠬᠥᠰᠬᠡ ᠪᠣᠯᠤᠨ ᠵᠢᠯᠣᠭᠤᠴᠢ ᠶᠢᠨ ᠠᠵᠢᠯᠯᠠᠭᠠᠨ ᠤ ᠶᠠᠪᠤᠴᠠ ᠶᠢ ᠴᠠᠭ ᠲᠤᠬᠠᠶ ᠳᠤ ᠨᠢ | ᠬᠢᠨᠠᠨ ᠡᠵᠡᠮᠳᠡᠬᠦ ᠪᠠ ᠬᠠᠮᠢᠶᠠᠷᠬᠤ ᠬᠡᠷᠡᠭᠲᠡᠶ᠃ | ᠶᠢᠰᠦᠳᠦᠭᠡᠷ ᠵᠦᠶᠯ ᠵᠠᠮ ᠲᠡᠭᠡᠭᠡᠪᠦᠷᠢ ᠶᠢᠨ ᠠᠵᠤ ᠠᠬᠤᠶᠢᠯᠠᠯ ᠨᠢ ᠬᠢᠨᠠᠨ ᠡᠵᠡᠮᠳᠡᠬᠦ ᠲᠠᠪᠴᠠᠩ ᠢ ᠰᠢᠨ᠎ᠡ ᠪᠠᠷ | ᠪᠠᠶᠢᠭᠤᠯᠬᠤ ᠪᠤᠶᠤ ᠬᠤᠪᠢᠷᠠᠭᠠᠬᠤ ᠳᠤ᠂ ᠠᠰᠢᠭᠯᠠᠯᠲᠠ ᠳᠤ ᠣᠷᠣᠭᠤᠯᠬᠤ ᠠᠴᠠ ᠡᠮᠦᠨ᠎ᠡ ᠤᠤᠯ ᠤᠨ ︽ᠵᠠᠮ | ᠲᠡᠭᠡᠭᠡᠪᠦᠷᠢ ᠶᠢᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ︾ ᠣᠯᠭᠤᠭᠰᠠᠨ ᠵᠠᠮ ᠲᠡᠭᠡᠭᠡᠪᠦᠷᠢ ᠶᠢᠨ | ᠬᠠᠮᠢᠶᠠᠷᠤᠯᠲᠠ ᠶᠢᠨ ᠪᠠᠶᠢᠭᠤᠯᠤᠮᠵᠢ ᠳᠤ ᠳᠠᠩᠰᠠᠯᠠᠭᠤᠯᠬᠤ ᠬᠡᠷᠡᠭᠲᠡᠶ᠃ | ᠠᠷᠪᠠᠳᠤᠭᠠᠷ ᠵᠦᠶᠯ ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠬᠥᠳᠡᠯᠦᠩᠭᠦᠶ ᠪᠠᠶᠢᠳᠠᠯ ᠤᠨ ᠬᠢᠨᠠᠨ | ᠡᠵᠡᠮᠳᠡᠬᠦ ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠬᠤ ᠳᠤ᠂ ᠮᠤᠵᠢ ᠶᠢᠨ ᠱᠠᠲᠤᠨ ᠤ ᠵᠠᠮ ᠲᠡᠭᠡᠭᠡᠪᠦᠷᠢ ᠶᠢᠨ | ᠬᠠᠮᠢᠶᠠᠷᠤᠯᠲᠠ ᠶᠢᠨ ᠪᠠᠶᠢᠭᠤᠯᠤᠮᠵᠢ ᠳᠤ ᠳᠠᠩᠰᠠᠯᠠᠭᠤᠯᠬᠤ ᠶᠢᠨ ᠬᠠᠮᠲᠤ᠂ ᠳᠣᠤᠷᠠᠬᠢ ᠮᠠᠲ᠋ᠧᠷᠢᠶᠠᠯ ᠢ ᠬᠠᠩᠭᠠᠬᠤ | ᠬᠡᠷᠡᠭᠲᠡᠶ᠄ | ︵ᠨᠢᠭᠡ︶ ᠡᠵᠡᠩᠨᠡᠯᠲᠡ ᠶᠢᠨ ᠦᠨᠡᠮᠯᠡᠯ︔ | ︵ᠬᠤᠶᠠᠷ︶ ᠦᠢᠯᠡᠴᠢᠯᠡᠭᠡᠨ ᠤ ᠬᠡᠯᠪᠡᠷᠢᠵᠢᠭᠰᠡᠨ ᠵᠦᠢᠯ ᠵᠤᠷᠪᠤᠰ᠂ ᠦᠢᠯᠡᠴᠢᠯᠡᠭᠡᠨ ᠤ ᠠᠮᠠᠯᠠᠯᠲᠠ︔ | ︵ᠭᠤᠷᠪᠠ︶ ᠦᠢᠯᠡᠴᠢᠯᠡᠭᠡᠨ ᠤ ᠴᠢᠳᠠᠪᠤᠷᠢ ᠪᠠᠨ ᠭᠦᠢᠴᠡᠳᠬᠡᠭᠰᠡᠨ ᠬᠠᠮᠢᠶ᠎ᠠ ᠪᠦᠬᠦᠢ ᠭᠡᠷᠡᠴᠢᠯᠡᠬᠦ ᠮᠠᠲ᠋ᠧᠷᠢᠶᠠᠯ᠃ | | ᠠᠷᠪᠠᠨ ᠨᠢᠭᠡᠳᠦᠭᠡᠷ ᠵᠦᠢᠯ ᠵᠢᠭᠤᠯᠴᠢᠯᠠᠯ ᠤᠨ ᠠᠶᠠᠨᠴᠢᠳ ᠤᠨ ᠲᠡᠷᠭᠡ᠂ ᠲᠡᠷᠭᠡ ᠳᠠᠭᠠᠭᠠᠴᠢᠯᠠᠭᠰᠠᠨ | ᠠᠶᠠᠨᠴᠢᠳ ᠤᠨ ᠲᠡᠷᠭᠡ᠂ ᠭᠤᠷᠪᠠᠳᠤᠭᠠᠷ ᠲᠥᠷᠥᠯ ᠠᠴᠠ ᠳᠡᠭᠡᠭᠰᠢᠬᠢ ᠡᠭᠡᠯᠵᠢ ᠶᠢᠨ ᠱᠤᠭᠤᠮ ᠤᠨ ᠠᠶᠠᠨᠴᠢᠳ ᠤᠨ | ᠲᠡᠷᠭᠡ ᠪᠣᠯᠤᠨ ᠠᠶᠤᠯᠲᠠᠢ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢ ᠦᠢᠯᠡᠳᠪᠦᠷᠢ ᠠᠴᠠ ᠭᠠᠷᠭᠠᠬᠤ ᠠᠴᠠ | ᠡᠮᠦᠨ᠎ᠡ ᠪᠠᠷᠢᠮᠵᠢᠶ᠎ᠠ ᠳᠤ ᠨᠡᠶᠢᠴᠡᠬᠦ ᠳᠠᠭᠠᠭᠤᠯᠢ ᠣᠳᠣᠨ ᠤ ᠣᠷᠣᠨ ᠲᠣᠭᠲᠠᠭᠠᠬᠤ ᠲᠣᠨᠤᠭ ᠲᠥᠬᠦᠭᠡᠷᠦᠮᠵᠢ | ᠤᠭᠰᠠᠷᠠᠬᠤ ᠬᠡᠷᠡᠭᠲᠡᠶ᠃ ᠬᠦᠨᠳᠦ ᠬᠡᠯᠪᠡᠷᠢ ᠶᠢᠨ ᠪᠠᠷᠠᠭ᠎ᠠ ᠲᠡᠭᠡᠭᠡᠪᠦᠷᠢᠯᠡᠬᠦ ᠮᠠᠰᠢᠨ ᠲᠡᠷᠭᠡ ᠪᠣᠯᠤᠨ ᠰᠠᠯᠤᠩᠬᠢ | ᠴᠢᠷᠦᠭᠦᠯ ᠲᠡᠷᠭᠡ ᠶᠢ ᠦᠢᠯᠡᠳᠪᠦᠷᠢ ᠠᠴᠠ ᠭᠠᠷᠭᠠᠬᠤ ᠠᠴᠠ ᠡᠮᠦᠨ᠎ᠡ ᠪᠠᠷᠢᠮᠵᠢᠶ᠎ᠠ ᠳᠤ ᠨᠡᠶᠢᠴᠡᠬᠦ ᠳᠠᠭᠠᠭᠤᠯᠢ | ᠣᠳᠣᠨ ᠤ ᠣᠷᠣᠨ ᠲᠣᠭᠲᠠᠭᠠᠬᠤ ᠲᠣᠨᠤᠭ ᠲᠥᠬᠦᠭᠡᠷᠦᠮᠵᠢ ᠤᠭᠰᠠᠷᠠᠬᠤ ᠶᠢᠨ ᠬᠠᠮᠲᠤ᠂ ᠪᠦᠬᠦ ᠤᠯᠤᠰ ᠤᠨ ᠵᠠᠮ ᠢᠶᠠᠷ | ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠣᠯᠠᠨ ᠨᠡᠶᠢᠲᠡ ᠶᠢᠨ ᠬᠢᠨᠠᠯᠲᠠ ᠬᠠᠮᠢᠶᠠᠷᠤᠯᠲᠠ ᠬᠢᠭᠡᠳ ᠦᠢᠯᠡᠴᠢᠯᠡᠭᠡᠨ | ᠤ ᠲᠠᠪᠴᠠᠩ ᠳᠤ ᠵᠠᠯᠭᠠᠵᠤ ᠣᠷᠤᠭᠤᠯᠬᠤ ᠬᠡᠷᠡᠭᠲᠡᠢ ︵ᠳᠣᠷᠣᠭᠰᠢ ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ | ᠶᠢᠨ ᠣᠯᠠᠨ ᠨᠡᠶᠢᠲᠡ ᠶᠢᠨ ᠲᠠᠪᠴᠠᠩ ᠭᠡᠵᠦ ᠲᠣᠪᠴᠢᠯᠠᠨ᠎ᠠ︶᠃ | ᠲᠡᠷᠭᠡ ᠬᠥᠰᠬᠡ ᠦᠢᠯᠡᠳᠬᠦ ᠠᠵᠤ ᠠᠬᠤᠶᠢᠯᠠᠯ ᠨᠢ ᠵᠠᠮ ᠲᠡᠭᠡᠭᠡᠪᠦᠷᠢ ᠶᠢᠨ ᠲᠡᠷᠭᠡ ᠬᠥᠰᠬᠡ ᠳᠤ ᠪᠠᠷᠢᠮᠵᠢᠶ᠎ᠠ | ᠳᠤ ᠨᠡᠶᠢᠴᠡᠬᠦ ᠳᠠᠭᠠᠭᠤᠯᠢ ᠣᠳᠣᠨ ᠤ ᠣᠷᠣᠨ ᠲᠣᠭᠲᠠᠭᠠᠬᠤ ᠲᠣᠨᠤᠭ ᠲᠥᠬᠦᠭᠡᠷᠦᠮᠵᠢ ᠤᠭᠰᠠᠷᠠᠭᠰᠠᠨ ᠤ ᠳᠠᠷᠠᠭ᠎ᠠ᠂ | ᠲᠡᠷᠭᠡ ᠬᠥᠰᠬᠡ ᠳᠤ ᠪᠠᠨ ᠬᠠᠮᠢᠶ᠎ᠠ ᠪᠦᠬᠦᠢ ᠤᠭᠰᠠᠷᠠᠬᠤ ᠭᠡᠷᠡᠴᠢ ᠮᠠᠲ᠋ᠧᠷᠢᠶᠠᠯ ᠢᠶᠠᠨ ᠳᠠᠭᠠᠯᠳᠤᠭᠤᠯᠬᠤ ᠬᠡᠷᠡᠭᠲᠡᠶ᠃ | ᠠᠷᠪᠠᠨ ᠬᠤᠶᠠᠳᠤᠭᠠᠷ ᠵᠦᠢᠯ ᠵᠠᠮ ᠲᠡᠭᠡᠭᠡᠪᠦᠷᠢ ᠶᠢᠨ ᠡᠵᠡᠩᠨᠡᠭᠴᠢ ᠨᠢ ᠪᠠᠷᠢᠮᠵᠢᠶ᠎ᠠ ᠳᠤ ᠨᠡᠶᠢᠴᠡᠭᠰᠡᠨ | ᠳᠠᠭᠠᠭᠤᠯᠢ ᠣᠳᠣᠨ ᠤ ᠣᠷᠣᠨ ᠲᠣᠭᠲᠠᠭᠠᠬᠤ ᠲᠣᠨᠤᠭ ᠲᠥᠬᠦᠭᠡᠷᠦᠮᠵᠢ ᠤᠭᠰᠠᠷᠠᠭᠰᠠᠨ ᠲᠡᠷᠭᠡ ᠬᠦᠰᠬᠡ ᠶᠢ | ᠰᠣᠩᠭᠤᠨ ᠬᠤᠳᠠᠯᠳᠤᠨ ᠠᠪᠬᠤ ᠶᠢᠨ ᠬᠠᠮᠲᠤ ᠱᠠᠭᠠᠷᠳᠠᠯᠭ᠎ᠠ ᠳᠤ ᠨᠡᠶᠢᠴᠡᠭᠰᠡᠨ ᠬᠢᠨᠠᠨ ᠡᠵᠡᠮᠳᠡᠬᠦ ᠲᠠᠪᠴᠠᠩ ᠵᠠᠯᠭᠠᠵᠤ | ᠣᠷᠣᠭᠤᠯᠬᠤ ᠬᠡᠷᠡᠭᠲᠡᠶ᠃ | ᠠᠷᠪᠠᠨ ᠭᠤᠷᠪᠠᠳᠤᠭᠠᠷ ᠵᠦᠢᠯ ᠵᠠᠮ ᠲᠡᠭᠡᠭᠡᠪᠦᠷᠢ ᠶᠢᠨ ᠠᠵᠤ ᠠᠬᠤᠶᠢᠯᠠᠯ ᠨᠢ ᠬᠢᠨᠠᠨ ᠡᠵᠡᠮᠳᠡᠬᠦ ᠲᠠᠪᠴᠠᠩ ᠤᠨ | ᠳᠣᠲᠣᠷ᠎ᠠ ᠪᠠᠨ ᠬᠠᠷᠢᠶ᠎ᠠ ᠪᠦᠬᠦᠢ ᠵᠠᠮ ᠲᠡᠭᠡᠭᠡᠪᠦᠷᠢ ᠶᠢᠨ ᠲᠡᠷᠭᠡ ᠬᠥᠰᠬᠡ ᠪᠣᠯᠤᠨ ᠵᠢᠯᠣᠭᠤᠴᠢ ᠶᠢᠨ ᠰᠠᠭᠤᠷᠢ | ᠮᠠᠲ᠋ᠧᠷᠢᠶᠠᠯ ᠵᠡᠷᠭᠡ ᠮᠡᠳᠡᠭᠡ ᠵᠠᠩᠭᠢ ᠶᠢ ᠪᠦᠷᠢᠨ ᠭᠦᠢᠴᠡᠳ᠂ ᠣᠨᠣᠪᠴᠢᠲᠠᠶ ᠰᠢᠩᠭᠡᠭᠡᠨ ᠣᠷᠣᠭᠤᠯᠬᠤ ᠶᠢᠨ ᠬᠠᠮᠲᠤ | ᠴᠠᠭ ᠲᠤᠬᠠᠶ ᠳᠤ ᠨᠢ ᠰᠢᠨᠡᠳᠬᠡᠬᠦ ᠬᠡᠷᠡᠭᠲᠡᠶ᠃ | ᠠᠷᠪᠠᠨ ᠳᠥᠷᠪᠡᠳᠦᠭᠡᠷ ᠵᠦᠢᠯ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠪᠣᠯᠤᠨ | ᠵᠠᠮ ᠢᠶᠠᠷ ᠠᠶᠤᠯᠲᠠᠢ ᠪᠠᠷᠠᠭ᠎ᠠ ᠲᠡᠭᠡᠭᠡᠪᠦᠷᠢᠯᠡᠬᠦ ᠠᠵᠤ ᠠᠬᠤᠶᠢᠯᠠᠯ ᠤᠨ ᠬᠢᠨᠠᠨ ᠡᠵᠡᠮᠳᠡᠬᠦ ᠲᠠᠪᠴᠠᠩ ᠢ ᠪᠦᠬᠦ ᠤᠯᠤᠰ | ᠤᠨ ᠭᠤᠣᠯᠳᠠᠯᠭ᠎ᠠ ᠲᠠᠢ ᠡᠵᠡᠩᠨᠡᠯᠲᠡ ᠶᠢᠨ ᠲᠡᠷᠭᠡ ᠬᠥᠰᠬᠡ ᠶᠢᠨ ᠲᠣᠣᠷᠵᠢᠭᠤᠯᠵᠤ ᠬᠤᠯᠪᠣᠭᠠᠯᠠᠨ ᠡᠵᠡᠮᠳᠡᠬᠦ ᠰᠢᠰᠲ᠋ᠧᠮ | ︵ᠳᠣᠷᠣᠭᠰᠢ ᠲᠣᠣᠷᠵᠢᠭᠤᠯᠵᠤ ᠬᠤᠯᠪᠣᠭᠠᠯᠠᠨ ᠡᠵᠡᠮᠳᠡᠬᠦ ᠰᠢᠰᠲ᠋ᠧᠮ ᠭᠡᠵᠦ ᠲᠣᠪᠴᠢᠯᠠᠨ᠎ᠠ︶ ᠳᠤ ᠵᠠᠯᠭᠠᠵᠤ | ᠣᠷᠣᠭᠤᠯᠬᠤ ᠶᠢᠨ ᠬᠠᠮᠲᠤ᠂ ᠱᠠᠭᠠᠷᠳᠠᠯᠭ᠎ᠠ ᠶᠣᠰᠣᠭᠠᠷ ᠲᠡᠷᠭᠡ ᠬᠥᠰᠬᠡ ᠠᠶᠠᠯᠠᠬᠤ ᠬᠦᠳᠡᠯᠦᠩᠭᠦᠢ ᠪᠠᠶᠢᠳᠠᠯ ᠤᠨ | ᠮᠡᠳᠡᠭᠡ ᠵᠠᠩᠭᠢ ᠪᠣᠯᠤᠨ ᠠᠵᠤ ᠠᠬᠤᠶᠢᠯᠠᠯ᠂ ᠵᠢᠯᠣᠭᠤᠴᠢ᠂ ᠲᠡᠷᠭᠡ ᠬᠥᠰᠬᠡ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢ | ᠱᠠᠲᠤ ᠳᠠᠷᠠᠭᠠᠯᠠᠨ ᠪᠦᠬᠦ ᠤᠯᠤᠰ ᠤᠨ ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠬᠦᠳᠡᠯᠦᠩᠭᠦᠢ ᠪᠠᠶᠢᠳᠠᠯ ᠤᠨ | ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠰᠣᠯᠢᠯᠴᠠᠭᠠᠨ ᠤ ᠲᠠᠪᠴᠠᠩ ᠳᠤ ᠳᠠᠮᠵᠢᠭᠤᠯᠬᠤ ᠬᠡᠷᠡᠭᠲᠡᠶ᠃ | ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠠᠵᠤ ᠠᠬᠤᠶᠢᠯᠠᠯ ᠤᠨ ᠬᠢᠨᠠᠨ ᠡᠵᠡᠮᠳᠡᠬᠦ ᠲᠠᠪᠴᠠᠩ ᠢ ᠵᠠᠮ ᠢᠶᠠᠷ ᠪᠠᠷᠠᠭ᠎ᠠ | ᠲᠡᠭᠡᠭᠡᠪᠦᠷᠢᠯᠡᠬᠦ ᠲᠡᠷᠭᠡ ᠬᠥᠰᠬᠡ ᠶᠢᠨ ᠣᠯᠠᠨ ᠨᠡᠶᠢᠲᠡ ᠶᠢᠨ ᠲᠠᠪᠴᠠᠩ ᠯᠤᠭ᠎ᠠ ᠵᠣᠯᠭᠠᠭᠤᠯᠵᠤ᠂ ᠱᠠᠭᠠᠷᠳᠠᠯᠭ᠎ᠠ | ᠶᠣᠰᠣᠭᠠᠷ ᠠᠵᠤ ᠠᠬᠤᠶᠢᠯᠠᠯ᠂ ᠵᠢᠯᠣᠭᠤᠴᠢ᠂ ᠲᠡᠷᠭᠡ ᠬᠥᠰᠬᠡ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢ ᠵᠠᠮ ᠢᠶᠠᠷ | ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠣᠯᠠᠨ ᠨᠡᠶᠢᠲᠡ ᠶᠢᠨ ᠲᠠᠪᠴᠠᠩ ᠳᠤ ᠳᠠᠮᠵᠢᠭᠤᠯᠬᠤ ᠶᠢᠨ ᠬᠠᠮᠲᠤ ᠵᠠᠮ | ᠲᠡᠭᠡᠭᠡᠪᠦᠷᠢ ᠶᠢᠨ ᠲᠡᠷᠭᠡ ᠬᠥᠰᠬᠡ ᠶᠢᠨ ᠣᠯᠠᠨ ᠨᠡᠶᠢᠲᠡ ᠶᠢᠨ ᠲᠠᠪᠴᠠᠩ ᠳᠤ ᠳᠠᠮᠵᠢᠭᠤᠯᠬᠤ ᠶᠢᠨ ᠬᠠᠮᠲᠤ᠂ ᠵᠠᠮ ᠢᠶᠠᠷ | ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠣᠯᠠᠨ ᠨᠡᠶᠢᠲᠡ ᠶᠢᠨ ᠲᠠᠪᠴᠠᠩ ᠠᠴᠠ ᠳᠠᠮᠵᠢᠭᠤᠯᠤᠭᠰᠠᠨ ᠪᠠᠷᠠᠭ᠎ᠠ | ᠲᠡᠭᠡᠭᠡᠪᠦᠷᠢᠯᠡᠬᠦ ᠲᠡᠷᠭᠡ ᠬᠥᠰᠬᠡ ᠠᠶᠠᠯᠠᠬᠤ ᠬᠦᠳᠡᠯᠦᠩᠭᠦᠢ ᠪᠠᠶᠢᠳᠠᠯ ᠤᠨ ᠮᠡᠳᠡᠭᠡ ᠵᠠᠩᠭᠢ ᠶᠢ ᠬᠦᠯᠢᠶᠡᠨ ᠠᠪᠬᠤ | ᠬᠡᠷᠡᠭᠲᠡᠶ᠃ | ᠠᠷᠪᠠᠨ ᠲᠠᠪᠤᠳᠤᠭᠠᠷ ᠵᠦᠢᠯ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠲᠡᠭᠡᠭᠡᠪᠦᠷᠢ | ᠡᠵᠡᠩᠨᠡᠬᠦ ᠭᠠᠷᠳᠠᠮ ᠭᠦᠢᠴᠡᠳᠬᠡᠬᠦ ᠳᠤ ᠪᠠᠨ᠂ ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠳᠠᠭᠠᠭᠤᠯᠢ ᠣᠳᠣᠨ ᠤ | ᠣᠷᠣᠨ ᠲᠣᠭᠲᠠᠭᠠᠬᠤ ᠲᠣᠨᠤᠭ ᠲᠥᠬᠦᠭᠡᠷᠦᠮᠵᠢ ᠤᠭᠰᠠᠷᠠᠭᠰᠠᠨ ᠬᠢᠭᠡᠳ ᠰᠢᠰᠲ᠋ᠧᠮ ᠤᠨ ᠲᠠᠪᠴᠠᠩ ᠵᠠᠯᠭᠠᠵᠤ | ᠣᠷᠤᠭᠤᠯᠤᠭᠰᠠᠨ ᠪᠠᠶᠢᠳᠠᠯ ᠶᠢ ᠬᠢᠨᠠᠨ ᠬᠠᠷᠭᠤᠭᠤᠯᠬᠤ ᠬᠡᠷᠡᠭᠲᠡᠶ᠃ | ᠠᠷᠪᠠᠨ ᠵᠢᠷᠭᠤᠳᠤᠭᠠᠷ ᠵᠦᠢᠯ ᠰᠢᠨ᠎ᠡ ᠪᠠᠷ ᠦᠢᠯᠡᠳᠪᠦᠷᠢ ᠠᠴᠠ ᠭᠠᠷᠤᠭᠰᠠᠨ ᠲᠡᠷᠭᠡ ᠬᠥᠰᠬᠡ ᠶᠢᠨ ᠨᠢᠭᠡᠨᠲᠡ | ᠳᠠᠭᠠᠭᠤᠯᠢ ᠣᠳᠣᠨ ᠤ ᠣᠷᠣᠨ ᠲᠣᠭᠲᠠᠭᠠᠬᠤ ᠲᠣᠨᠤᠭ ᠲᠥᠬᠦᠭᠡᠷᠦᠮᠵᠢ ᠤᠭᠰᠠᠷᠠᠭᠰᠠᠨ ᠶᠢ ᠶᠠᠮᠠᠷᠪᠠ ᠨᠢᠭᠡᠴᠢ ᠪᠠ | ᠬᠤᠪᠢ ᠬᠥᠮᠦᠨ ᠨᠢ ᠳᠤᠷ᠎ᠠ ᠪᠠᠷ ᠢᠶᠠᠨ ᠵᠠᠳᠠᠯᠵᠤ ᠪᠣᠯᠬᠤ ᠦᠭᠡᠶ᠃ ᠠᠶᠤᠯᠲᠠᠢ ᠪᠠᠷᠠᠭ᠎ᠠ ᠲᠡᠭᠡᠭᠡᠪᠦᠷᠢᠯᠡᠬᠦ ᠲᠡᠷᠭᠡ | ᠬᠥᠰᠬᠡ ᠨᠢ ᠲᠣᠣᠷᠵᠢᠭᠤᠯᠵᠤ ᠬᠤᠯᠪᠣᠭᠠᠯᠠᠨ ᠡᠵᠡᠮᠳᠡᠬᠦ ᠰᠢᠰᠲ᠋ᠧᠮ ᠤᠨ ᠬᠢᠨᠠᠨ ᠡᠵᠡᠮᠳᠡᠬᠦ ᠲᠠᠪᠴᠠᠩ ᠳᠤ ᠵᠠᠯᠭᠠᠵᠤ | ᠣᠷᠣᠭᠤᠯᠬᠤ ᠦᠶ᠎ᠡ ᠳᠤ ᠬᠤᠯᠪᠣᠭᠳᠠᠯ ᠪᠦᠬᠦᠢ ᠪᠠᠷᠢᠮᠵᠢᠶ᠎ᠠ ᠶᠢᠨ ᠱᠠᠭᠠᠷᠳᠠᠯᠭ᠎ᠠ ᠶᠣᠰᠣᠭᠠᠷ ᠵᠣᠬᠢᠴᠠᠩᠭᠤᠶ | ᠪᠠᠶᠢᠷᠢᠯᠠᠭᠤᠯᠬᠤ ᠶᠢ ᠭᠠᠷᠭᠠᠪᠠᠯ᠂ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠲᠡᠷᠭᠡᠨ ᠳᠡᠭᠡᠷᠡᠬᠢ ᠦᠵᠦᠭᠦᠷ ᠤᠨ | ᠬᠢᠨᠠᠨ ᠡᠵᠡᠮᠳᠡᠬᠦ ᠲᠥᠪ ᠤᠨ ᠣᠷᠣᠨ ᠤ ᠨᠡᠷ᠎ᠡ ᠶᠢᠨ ᠪᠠᠶᠢᠷᠢᠯᠠᠭᠤᠯᠤᠯᠲᠠ ᠶᠢ ᠬᠤᠪᠢᠷᠠᠭᠤᠯᠵᠤ ᠪᠣᠯᠬᠤ ᠦᠭᠡᠶ᠃ | ᠠᠷᠪᠠᠨ ᠳᠣᠯᠣᠳᠤᠭᠠᠷ ᠵᠦᠢᠯ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠵᠠᠮ | ᠲᠡᠭᠡᠭᠡᠪᠦᠷᠢ ᠶᠢᠨ ᠲᠡᠷᠭᠡ ᠬᠥᠰᠬᠡ ᠶᠢᠨ ᠬᠥᠳᠡᠯᠦᠩᠭᠦᠶ ᠪᠠᠶᠢᠳᠠᠯ ᠤᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ | ᠦᠢᠯᠡᠴᠢᠯᠡᠭᠡᠨ ᠤ ᠲᠠᠪᠴᠠᠩ ᠢ ᠪᠠᠶᠢᠭᠤᠯᠬᠤ ᠪᠠ ᠬᠠᠮᠠᠭᠠᠯᠠᠬᠤ ᠶᠢ ᠬᠠᠷᠢᠭᠤᠴᠠᠵᠤ᠂ ᠬᠠᠮᠠᠭᠠᠯᠠᠬᠤ ᠵᠠᠷᠤᠳᠠᠯ ᠢ | ᠨᠠᠶᠢᠳᠠᠪᠤᠷᠢᠵᠢᠭᠤᠯᠤᠨ᠂ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ ᠣᠨ ᠤ ᠲᠥᠰᠦᠪ ᠲᠤ ᠪᠠᠨ | ᠣᠷᠣᠭᠤᠯᠬᠤ ᠪᠠᠷ ᠴᠢᠷᠮᠠᠶᠢᠬᠤ ᠬᠡᠷᠡᠭᠲᠡᠶ᠃ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠱᠠᠲᠤ | ᠳᠠᠷᠠᠭᠠᠯᠠᠨ ᠬᠢᠨᠠᠨ ᠰᠢᠯᠭᠠᠬᠤ ᠪᠠ ᠨᠡᠶᠢᠲᠡᠯᠡᠬᠦ ᠳᠦᠷᠢᠮ ᠪᠠᠶᠢᠭᠤᠯᠵᠤ᠂ ᠲᠣᠣᠷᠵᠢᠭᠤᠯᠵᠤ ᠬᠤᠯᠪᠣᠭᠠᠯᠠᠨ ᠡᠵᠡᠮᠳᠡᠬᠦ | ᠰᠢᠰᠲ᠋ᠧᠮ ᠤᠨ ᠤᠷᠲᠤ ᠬᠤᠭᠤᠴᠠᠭ᠎ᠠ ᠪᠠᠷ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠶ᠃ | ᠠᠷᠪᠠᠨ ᠨᠠᠶᠮᠠᠳᠤᠭᠠᠷ ᠵᠦᠢᠯ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ᠂ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠤᠭᠤᠷᠣᠨᠳᠣ ᠪᠠᠨ ᠮᠡᠳᠡᠭᠡ ᠵᠠᠩᠭᠢ ᠶᠢ ᠬᠠᠮᠲᠤ ᠪᠠᠷ | ᠡᠳ᠋ᠯᠡᠬᠦ ᠲᠣᠭᠲᠠᠴᠠ ᠶᠢ ᠪᠠᠶᠢᠭᠤᠯᠬᠤ ᠬᠡᠷᠡᠭᠲᠡᠶ᠃ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠬᠡᠷᠡᠭᠴᠡᠭᠡ ᠪᠠᠨ ᠦᠨᠳᠦᠰᠦᠯᠡᠨ ᠵᠠᠮ | ᠲᠡᠭᠡᠭᠡᠪᠦᠷᠢ ᠶᠢᠨ ᠲᠡᠷᠭᠡ ᠬᠥᠰᠬᠡ ᠶᠢᠨ ᠬᠦᠳᠡᠯᠦᠩᠭᠦᠢ ᠪᠠᠶᠢᠳᠠᠯ ᠤᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ | ᠦᠢᠯᠡᠴᠢᠯᠡᠭᠡᠨ ᠤ ᠲᠠᠪᠴᠠᠩ ᠢᠶᠠᠷ ᠳᠠᠮᠵᠢᠭᠤᠯᠤᠨ᠂ ᠰᠢᠰᠲ᠋ᠧᠮ ᠳᠠᠬᠢ ᠪᠦᠬᠦ ᠤᠯᠤᠰ ᠤᠨ ᠵᠠᠮ ᠲᠡᠭᠡᠭᠡᠪᠦᠷᠢ ᠶᠢᠨ | ᠲᠡᠷᠭᠡ ᠬᠥᠰᠬᠡ ᠶᠢᠨ ᠬᠦᠳᠡᠯᠦᠩᠭᠦᠢ ᠪᠠᠶᠢᠳᠠᠯ ᠤᠨ ᠬᠢᠨᠠᠨ ᠡᠵᠡᠮᠳᠡᠬᠦ ᠲᠤᠭ᠎ᠠ ᠪᠠᠷᠢᠮᠲᠠ ᠶᠢ ᠴᠠᠭ ᠢᠮᠠᠭᠲᠠ ᠪᠤᠶᠤ | ᠲᠣᠭᠲᠠᠮᠠᠯ ᠬᠤᠭᠤᠴᠠᠭ᠎ᠠ ᠲᠠᠢ ᠪᠠᠷ ᠭᠠᠷᠭᠠᠨ ᠠᠪᠴᠤ ᠪᠣᠯᠤᠨ᠎ᠠ᠃ | ᠠᠷᠪᠠ ᠶᠢᠰᠦᠳᠦᠭᠡᠷ ᠵᠦᠢᠯ ᠶᠠᠮᠠᠷᠪᠠ ᠨᠢᠭᠡᠴᠢ᠂ ᠬᠤᠪᠢ ᠬᠥᠮᠦᠨ ᠨᠢ ᠳᠠᠭᠠᠭᠤᠯᠢ ᠣᠳᠣᠨ ᠤ ᠣᠷᠣᠨ | ᠲᠣᠭᠲᠠᠭᠠᠬᠤ ᠰᠢᠰᠲ᠋ᠧᠮ ᠤᠨ ᠲᠠᠪᠴᠠᠩ ᠤᠨ ᠲᠡᠦᠬᠡᠨ ᠪᠠ ᠲᠤᠬᠠᠶ ᠶᠢᠨ ᠴᠠᠭ ᠤᠨ ᠬᠦᠳᠡᠯᠦᠩᠭᠦᠢ ᠪᠠᠶᠢᠳᠠᠯ ᠤᠨ | ᠲᠤᠭ᠎ᠠ ᠪᠠᠷᠢᠮᠲᠠ ᠶᠢ ᠳᠤᠷ᠎ᠠ ᠪᠠᠷ ᠢᠶᠠᠨ ᠵᠠᠳᠠᠷᠠᠭᠤᠯᠵᠤ᠂ ᠬᠠᠰᠤᠵᠤ᠂ ᠥᠭᠡᠷᠡᠴᠢᠯᠡᠵᠦ ᠪᠣᠯᠬᠤ ᠦᠭᠡᠶ᠃ | | ᠭᠤᠷᠪᠠᠳᠤᠭᠠᠷ ᠪᠦᠯᠦᠭ ᠲᠡᠷᠭᠡ ᠬᠥᠰᠬᠡ ᠶᠢ ᠬᠢᠨᠠᠨ ᠡᠵᠡᠮᠳᠡᠬᠦ | ᠬᠤᠷᠢᠳᠤᠭᠠᠷ ᠵᠦᠢᠯ ᠵᠠᠮ ᠲᠡᠭᠡᠭᠡᠪᠦᠷᠢ ᠶᠢᠨ ᠠᠵᠤ ᠠᠬᠤᠶᠢᠯᠠᠯ ᠪᠣᠯ ᠵᠠᠮ ᠲᠡᠭᠡᠭᠡᠪᠦᠷᠢ ᠶᠢᠨ ᠲᠡᠷᠭᠡ ᠬᠥᠰᠬᠡ | ᠶᠢᠨ ᠬᠥᠳᠡᠯᠦᠩᠭᠦᠶ ᠪᠠᠶᠢᠳᠠᠯ ᠤᠨ ᠬᠢᠨᠠᠨ ᠡᠵᠡᠮᠳᠡᠬᠦ ᠬᠠᠷᠢᠭᠤᠴᠠᠯᠭ᠎ᠠ ᠶᠢᠨ ᠭᠤᠣᠯ ᠴᠣᠭᠴᠠ ᠪᠣᠯᠤᠨ᠎ᠠ᠃ | ᠬᠤᠷᠢᠨ ᠨᠢᠭᠡᠳᠦᠭᠡᠷ ᠵᠦᠢᠯ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ᠂ ᠵᠠᠮ ᠢᠶᠠᠷ | ᠠᠶᠤᠯᠲᠠᠢ ᠪᠠᠷᠠᠭ᠎ᠠ ᠲᠡᠭᠡᠭᠡᠪᠦᠷᠢᠯᠡᠬᠦ ᠠᠵᠤ ᠠᠬᠤᠶᠢᠯᠠᠯ ᠪᠣᠯᠤᠨ 50 ᠰᠠᠤᠷᠢ ᠵᠢᠴᠢ ᠲᠡᠭᠦᠨ ᠠᠴᠠ ᠳᠡᠭᠡᠭᠰᠢᠬᠢ ᠬᠦᠨᠳᠦ | ᠬᠡᠯᠪᠡᠷᠢ ᠶᠢᠨ ᠪᠠᠷᠠᠭ᠎ᠠ ᠲᠡᠭᠡᠭᠡᠪᠦᠷᠢᠯᠡᠬᠦ ᠮᠠᠰᠢᠨ ᠲᠡᠷᠭᠡ ᠪᠤᠶᠤ ᠴᠢᠷᠦᠭᠦᠯ ᠲᠡᠷᠭᠡ ᠲᠠᠢ ᠵᠠᠮ ᠢᠶᠠᠷ ᠪᠠᠷᠠᠭ᠎ᠠ | ᠲᠡᠭᠡᠭᠡᠪᠦᠷᠢᠯᠡᠬᠦ ᠠᠵᠤ ᠠᠬᠤᠶᠢᠯᠠᠯ ᠨᠢ ᠲᠤᠰᠬᠠᠶ ᠲᠤᠰᠢᠶᠠᠯ ᠤᠨ ᠬᠢᠨᠠᠨ ᠡᠵᠡᠮᠳᠡᠬᠦ ᠠᠵᠢᠯᠲᠠᠨ ᠲᠣᠬᠢᠷᠠᠭᠤᠯᠬᠤ ᠬᠡᠷᠡᠭᠲᠡᠶ᠃ | ᠲᠤᠰᠬᠠᠶ ᠲᠤᠰᠢᠶᠠᠯ ᠤᠨ ᠬᠢᠨᠠᠨ ᠡᠵᠡᠮᠳᠡᠬᠦ ᠠᠵᠢᠯᠲᠠᠨ ᠢ ᠲᠣᠬᠢᠷᠠᠭᠤᠯᠬᠤ ᠳᠤ ᠵᠠᠷᠴᠢᠮ ᠳᠡᠭᠡᠷ᠎ᠡ ᠪᠠᠨ ᠬᠢᠨᠠᠨ | ᠡᠵᠡᠮᠳᠡᠬᠦ ᠲᠠᠪᠴᠠᠩ ᠤᠨ 100 ᠲᠡᠷᠭᠡ ᠵᠠᠯᠭᠠᠵᠤ ᠣᠷᠣᠭᠤᠯᠬᠤ ᠪᠦᠷᠢ 1 ᠬᠥᠮᠦᠨ ᠲᠣᠬᠢᠷᠠᠭᠤᠯᠬᠤ ᠪᠠᠷᠢᠮᠵᠢᠶ᠎ᠠ ᠪᠠᠷ | ᠲᠠᠭᠠᠷᠠᠭᠤᠯᠵᠤ᠂ ᠠᠳᠠᠭ ᠲᠤ ᠪᠠᠨ 2 ᠬᠥᠮᠦᠨ ᠪᠠᠶᠢᠯᠭᠠᠬᠤ ᠬᠡᠷᠡᠭᠲᠡᠢ᠃ | ᠬᠢᠨᠠᠨ ᠡᠵᠡᠮᠳᠡᠬᠦ ᠠᠵᠢᠯᠲᠠᠨ ᠨᠢ ᠤᠯᠤᠰ ᠤᠨ ᠬᠠᠮᠢᠶ᠎ᠠ ᠪᠦᠬᠦᠢ ᠬᠠᠤᠯᠢ ᠲᠣᠭᠲᠠᠭᠠᠯ ᠪᠣᠯᠤᠨ ᠲᠥᠷᠥ ᠶᠢᠨ | ᠪᠣᠳᠣᠯᠭ᠎ᠠ ᠶᠢ ᠡᠵᠡᠮᠰᠢᠵᠦ᠂ ᠲᠡᠭᠡᠭᠡᠪᠦᠷᠢ ᠶᠢᠨ ᠠᠵᠤ ᠠᠬᠤᠶᠢᠯᠠᠯ ᠤᠨ ᠪᠣᠯᠪᠠᠰᠤᠷᠠᠭᠤᠯᠤᠯ᠂ ᠰᠢᠯᠭᠠᠯᠲᠠ ᠳᠤ ᠬᠢᠷᠢ | ᠲᠡᠩᠴᠡᠭᠰᠡᠨ ᠤ ᠳᠠᠷᠠᠭ᠎ᠠ ᠠᠵᠢᠯ ᠤᠨ ᠪᠠᠶᠢᠷᠢ ᠳᠤ ᠭᠠᠷᠬᠤ ᠬᠡᠷᠡᠭᠲᠡᠶ᠃ | ᠬᠤᠷᠢᠨ ᠬᠤᠶᠠᠳᠤᠭᠠᠷ ᠵᠦᠢᠯ ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠤᠯᠠᠨ ᠨᠡᠶᠢᠳᠡ ᠶᠢᠨ | ᠲᠠᠪᠴᠠᠩ ᠨᠢ ᠬᠤᠪᠢ ᠶᠢᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠪᠣᠯᠤᠨ ᠪᠠᠭ᠎ᠠ ᠬᠡᠯᠪᠡᠷᠢ ᠶᠢᠨ ᠪᠠᠷᠠᠭ᠎ᠠ | ᠲᠡᠭᠡᠭᠡᠪᠦᠷᠢᠯᠡᠬᠦ ᠠᠵᠤ ᠠᠬᠤᠶᠢᠯᠠᠯ ︵50 ᠰᠠᠤᠷᠢ ᠠᠴᠠ ᠳᠣᠷᠣᠭᠰᠢᠬᠢ ᠬᠦᠨᠳᠦ ᠬᠡᠯᠪᠡᠷᠢ ᠶᠢᠨ ᠪᠠᠷᠠᠭ᠎ᠠ | ᠲᠡᠭᠡᠭᠡᠪᠦᠷᠢᠯᠡᠬᠦ ᠮᠠᠰᠢᠨ ᠲᠡᠷᠭᠡ ᠪᠤᠶᠤ ᠴᠢᠷᠦᠭᠦᠯ ᠲᠡᠷᠭᠡ ᠲᠠᠢ︶ ᠤᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ | ᠬᠥᠳᠡᠯᠦᠩᠭᠦᠢ ᠪᠠᠶᠢᠳᠠᠯ ᠤᠨ ᠬᠢᠨᠠᠨ ᠡᠵᠡᠮᠳᠡᠬᠦ ᠶᠢ ᠬᠠᠷᠢᠭᠤᠴᠠᠬᠤ ᠬᠡᠷᠡᠭᠲᠡᠢ᠃ ᠵᠠᠮ ᠢᠶᠠᠷ ᠪᠠᠷᠠᠭ᠎ᠠ ᠲᠡᠭᠡᠭᠡᠪᠦᠷᠢᠯᠡᠬᠦ | ᠲᠡᠷᠭᠡ ᠬᠥᠰᠬᠡ ᠶᠢᠨ ᠣᠯᠠᠨ ᠨᠡᠶᠢᠲᠡ ᠶᠢᠨ ᠲᠠᠪᠴᠠᠩ ᠳᠤ ᠬᠤᠷᠳᠤᠴᠠ ᠠᠴᠠ ᠬᠡᠲᠦᠷᠡᠭᠦᠯᠦᠨ ᠶᠠᠪᠤᠭᠤᠯᠬᠤ ᠶᠢ ᠬᠢᠨᠠᠨ | ᠡᠵᠡᠮᠳᠡᠬᠦ ᠪᠠ ᠶᠠᠳᠠᠷᠠᠭᠤ ᠪᠠᠷ ᠲᠡᠷᠭᠡ ᠵᠢᠯᠣᠭᠤᠳᠬᠤ ᠶᠢᠨ ᠬᠢᠵᠠᠭᠠᠷ ᠬᠡᠮᠵᠢᠭᠳᠡᠯ ᠢ ᠲᠣᠬᠢᠷᠠᠭᠤᠯᠵᠤ᠂ ᠵᠢᠯᠣᠭᠤᠴᠢ ᠳᠤ | ᠬᠤᠷᠳᠤᠴᠠ ᠬᠡᠲᠦᠷᠡᠭᠰᠡᠨ᠂ ᠶᠠᠳᠠᠷᠠᠭᠤ ᠪᠠᠷ ᠲᠡᠷᠭᠡ ᠵᠢᠯᠣᠭᠤᠳᠬᠤ ᠵᠡᠷᠭᠡ ᠬᠠᠤᠯᠢ ᠠᠴᠠ ᠵᠥᠷᠢᠴᠡᠭᠰᠡᠨ ᠦᠶᠯᠡ | ᠠᠵᠢᠯᠯᠠᠭ᠎ᠠ ᠶᠢ ᠵᠠᠯᠠᠷᠠᠭᠤᠯᠬᠤ ᠶᠢ ᠠᠦ᠋ᠲ᠋ᠣ᠋ ᠪᠠᠷ ᠰᠠᠨᠠᠭᠤᠯᠬᠤ ᠬᠡᠷᠡᠭᠲᠡᠶ᠃ | ᠬᠤᠷᠢᠨ ᠭᠤᠷᠪᠠᠳᠤᠭᠠᠷ ᠵᠦᠢᠯ ᠵᠠᠮ ᠲᠡᠭᠡᠭᠡᠪᠦᠷᠢ ᠶᠢᠨ ᠠᠵᠤ ᠠᠬᠤᠶᠢᠯᠠᠯ ᠬᠥᠳᠡᠯᠦᠩᠭᠦᠢ ᠪᠠᠶᠢᠳᠠᠯ ᠤᠨ ᠬᠢᠨᠠᠨ | ᠡᠵᠡᠮᠳᠡᠬᠦ ᠬᠠᠮᠢᠶᠠᠷᠤᠯᠲᠠ ᠶᠢᠨ ᠬᠠᠮᠢᠶ᠎ᠠ ᠪᠦᠬᠦᠢ ᠳᠦᠷᠢᠮ ᠢ ᠪᠠᠶᠢᠭᠤᠯᠤᠨ ᠪᠦᠷᠢᠨᠰᠢᠭᠦᠯᠬᠦ ᠶᠢᠨ ᠬᠠᠮᠲᠤ ᠴᠢᠩᠭ᠎ᠠ | ᠨᠠᠶᠢᠳᠠᠪᠤᠷᠢᠵᠢᠭᠤᠯᠵᠤ᠂ ᠬᠥᠳᠡᠯᠦᠩᠭᠦᠢ ᠪᠠᠶᠢᠳᠠᠯ ᠢ ᠬᠢᠨᠠᠨ ᠡᠵᠡᠮᠳᠡᠬᠦ ᠠᠵᠢᠯ ᠢ ᠵᠢᠷᠤᠮᠵᠢᠭᠤᠯᠬᠤ ᠬᠡᠷᠡᠭᠲᠡᠢ᠄ | ︵ᠨᠢᠭᠡ︶ ᠰᠢᠰᠲ᠋ᠧᠮ ᠤᠨ ᠲᠠᠪᠴᠠᠩ ᠤᠨ ᠪᠠᠶᠢᠭᠤᠯᠤᠯᠲᠠ᠂ ᠬᠠᠮᠠᠭᠠᠯᠠᠯᠲᠠ ᠵᠢᠴᠢ ᠬᠠᠮᠢᠶᠠᠷᠤᠯᠲᠠ ᠶᠢᠨ | ᠲᠦᠷᠢᠮ︔ | ︵ᠬᠤᠶᠠᠷ︶ ᠲᠡᠷᠭᠡᠨ ᠳᠡᠭᠡᠷᠡᠬᠢ ᠦᠵᠦᠭᠦᠷ ᠤᠨ ᠤᠭᠰᠠᠷᠠᠬᠤ᠂ ᠬᠡᠷᠡᠭᠯᠡᠬᠦ ᠵᠢᠴᠢ ᠬᠠᠮᠠᠭᠠᠯᠠᠬᠤ ᠳᠦᠷᠢᠮ︔ | ︵ᠭᠤᠷᠪᠠ︶ ᠬᠢᠨᠠᠨ ᠡᠵᠡᠮᠳᠡᠬᠦ ᠠᠵᠢᠯᠲᠠᠨ ᠤ ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠵᠢᠴᠢ | ᠬᠠᠮᠢᠶᠠᠷᠤᠯᠲᠠ ᠶᠢᠨ ᠳᠦᠷᠢᠮ︔ | ︵ᠳᠦᠷᠪᠡ︶ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠬᠥᠳᠡᠯᠦᠩᠭᠦᠶ ᠪᠠᠶᠢᠳᠠᠯ ᠤᠨ ᠮᠡᠳᠡᠭᠡ | ᠵᠠᠩᠭᠢ ᠶᠢ ᠰᠢᠶᠳᠪᠦᠷᠢᠯᠡᠬᠦ ᠪᠠ ᠪᠦᠷᠢᠳᠬᠡᠨ ᠵᠠᠳᠠᠯᠬᠤ ᠳᠦᠷᠢᠮ︔ | ︵ᠲᠠᠪᠤ︶ ᠪᠣᠰᠤᠳ ᠲᠣᠭᠲᠠᠭᠠᠬᠤ ᠴᠢᠬᠤᠯᠠᠲᠠᠢ ᠳᠦᠷᠢᠮ᠃ | ᠬᠤᠷᠢᠨ ᠳᠥᠷᠪᠡᠳᠦᠭᠡᠷ ᠵᠦᠢᠯ ᠵᠠᠮ ᠲᠡᠭᠡᠭᠡᠪᠦᠷᠢ ᠶᠢᠨ ᠠᠵᠤ ᠠᠬᠤᠶᠢᠯᠠᠯ ᠨᠢ ᠬᠠᠤᠯᠢ ᠴᠠᠭᠠᠵᠠ ᠬᠠᠤᠯᠢ | ᠲᠣᠭᠲᠠᠭᠠᠯ ᠤᠨ ᠬᠠᠮᠢᠶ᠎ᠠ ᠪᠦᠬᠦᠢ ᠲᠣᠭᠲᠠᠭᠠᠯ ᠵᠢᠴᠢ ᠲᠡᠷᠭᠡ ᠬᠥᠰᠬᠡ ᠶᠢᠨ ᠶᠠᠪᠤᠬᠤ ᠵᠠᠮ ᠤᠨ ᠪᠣᠳᠠᠲᠤ ᠪᠠᠶᠢᠳᠠᠯ ᠢ | ᠦᠨᠳᠦᠰᠦᠯᠡᠨ᠂ ᠲᠣᠭᠲᠠᠭᠠᠯ ᠶᠣᠰᠣᠭᠠᠷ ᠬᠤᠷᠳᠤᠴᠠ ᠠᠴᠠ ᠬᠡᠲᠦᠷᠡᠭᠦᠯᠦᠨ ᠶᠠᠪᠤᠭᠤᠯᠬᠤ ᠶᠢ ᠬᠢᠨᠠᠨ ᠡᠵᠡᠮᠳᠡᠬᠦ ᠪᠠ | ᠶᠠᠳᠠᠷᠠᠭᠤ ᠪᠠᠷ ᠲᠡᠷᠭᠡ ᠵᠢᠯᠣᠭᠤᠳᠬᠤ ᠶᠢᠨ ᠬᠢᠵᠠᠭᠠᠷ ᠬᠡᠮᠵᠢᠭᠳᠡᠯ ᠢ ᠲᠣᠬᠢᠷᠠᠭᠤᠯᠬᠤ ᠵᠢᠴᠢ ᠡᠵᠡᠩᠨᠡᠯᠲᠡ ᠶᠢᠨ ᠵᠠᠮ | ᠱᠤᠭᠤᠮ᠂ ᠣᠷᠣᠨ ᠪᠦᠰᠡ ᠵᠢᠴᠢ ᠰᠥᠨᠢ ᠪᠠᠷ ᠶᠠᠪᠤᠭᠤᠯᠬᠤ ᠴᠠᠭ ᠵᠡᠷᠭᠡ ᠶᠢ ᠬᠢᠨᠠᠨ ᠲᠣᠭᠲᠠᠭᠠᠵᠤ᠂ ᠬᠠᠷᠢᠶ᠎ᠠ ᠪᠦᠬᠦᠢ | ᠲᠡᠷᠭᠡ ᠬᠥᠰᠬᠡ ᠶᠢᠨ ᠠᠵᠢᠯᠯᠠᠬᠤ ᠬᠤᠭᠤᠴᠠᠭᠠᠨ ᠳᠤ ᠲᠡᠷᠭᠡ ᠬᠥᠰᠬᠡ ᠪᠣᠯᠤᠨ ᠵᠢᠯᠣᠭᠤᠴᠢ ᠶᠢ ᠴᠠᠭ ᠲᠤᠬᠠᠶ ᠳᠤ ᠨᠢ | ᠬᠢᠨᠠᠨ ᠡᠵᠡᠮᠳᠡᠬᠦ ᠪᠠ ᠬᠠᠮᠢᠶᠠᠷᠬᠤ ᠬᠡᠷᠡᠭᠲᠡᠶ᠃ | ᠬᠤᠷᠳᠤᠴᠠ ᠠᠴᠠ ᠬᠡᠲᠦᠷᠡᠭᠦᠯᠦᠨ ᠶᠠᠪᠤᠭᠤᠯᠬᠤ ᠪᠠ ᠶᠠᠳᠠᠷᠠᠭᠤ ᠪᠠᠷ ᠲᠡᠷᠭᠡ ᠵᠢᠯᠣᠭᠤᠳᠬᠤ ᠶᠢᠨ ᠬᠢᠵᠠᠭᠠᠷ | ᠬᠡᠮᠵᠢᠭᠳᠡᠯ ᠢ ᠲᠣᠬᠢᠷᠠᠭᠤᠯᠬᠤ ᠳᠤ᠂ ᠠᠶᠠᠨᠴᠢᠳ ᠤᠨ ᠲᠡᠭᠡᠭᠡᠪᠦᠷᠢ ᠶᠢᠨ ᠵᠢᠯᠣᠭᠤᠴᠢ ᠶᠢᠨ 24 ᠴᠠᠭ ᠤᠨ ᠳᠣᠲᠣᠷ᠎ᠠ | ᠲᠡᠷᠭᠡ ᠵᠢᠯᠣᠭᠤᠳᠤᠭᠰᠠᠨ ᠨᠡᠶᠢᠲᠡ ᠴᠠᠭ ᠢ ᠵᠠᠷᠴᠢᠮ ᠳᠡᠭᠡᠷ᠎ᠡ ᠪᠠᠨ 8 ᠴᠠᠭ ᠠᠴᠠ ᠬᠡᠲᠦᠷᠡᠭᠦᠯᠵᠦ ᠪᠣᠯᠬᠤ ᠦᠭᠡᠶ᠂ | ᠡᠳᠦᠷ ᠨᠢ ᠵᠠᠯᠭᠠᠭᠠᠪᠠᠷ ᠲᠡᠷᠭᠡ ᠵᠢᠯᠣᠭᠤᠳᠬᠤ ᠶᠢ 4 ᠴᠠᠭ ᠠᠴᠠ ᠬᠡᠲᠦᠷᠡᠭᠦᠯᠵᠦ ᠪᠣᠯᠬᠤ ᠦᠭᠡᠶ᠂ ᠰᠥᠨᠢ ᠨᠢ | ᠵᠠᠯᠭᠠᠭᠠᠪᠠᠷ ᠲᠡᠷᠭᠡ ᠵᠢᠯᠣᠭᠤᠳᠬᠤ ᠶᠢ 2 ᠴᠠᠭ ᠠᠴᠠ ᠬᠡᠲᠦᠷᠡᠭᠦᠯᠵᠦ ᠪᠣᠯᠬᠤ ᠦᠭᠡᠶ᠂ ᠤᠳᠠᠭ᠎ᠠ ᠪᠦᠷᠢ ᠲᠡᠷᠭᠡ | ᠵᠣᠭᠰᠣᠭᠠᠵᠤ ᠠᠮᠠᠷᠠᠬᠤ ᠴᠠᠭ ᠢ 20 ᠮᠢᠨᠦ᠋ᠲ ᠠᠴᠠ ᠳᠤᠲᠠᠭᠤ ᠪᠠᠶᠢᠯᠭᠠᠵᠤ ᠪᠣᠯᠬᠤ ᠦᠭᠡᠶ᠂ ᠠᠶᠠᠨᠴᠢᠳ ᠤᠨ | ᠲᠡᠭᠡᠭᠡᠪᠦᠷᠢ ᠶᠢᠨ ᠲᠡᠷᠭᠡ ᠬᠥᠰᠬᠡ ᠶᠢᠨ ᠰᠥᠨᠢ ᠪᠠᠷ ᠶᠠᠪᠤᠭᠤᠯᠬᠤ ᠬᠤᠷᠳᠤᠴᠠ ᠶᠢ ᠡᠳᠦᠷ ᠤᠨ ᠬᠤᠷᠳᠤᠴᠠ ᠶᠢᠨ | 80% ᠠᠴᠠ ᠬᠡᠲᠦᠷᠡᠭᠦᠯᠵᠦ ᠪᠣᠯᠬᠤ ᠦᠭᠡᠶ ᠭᠡᠰᠡᠨ ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠶ᠃ | ᠬᠤᠷᠢᠨ ᠲᠠᠪᠤᠳᠤᠭᠠᠷ ᠵᠦᠶᠯ ᠬᠢᠨᠠᠨ ᠡᠵᠡᠮᠳᠡᠬᠦ ᠠᠵᠢᠯᠲᠠᠳ ᠲᠡᠷᠭᠡ ᠬᠥᠰᠬᠡ ᠶᠢᠨ ᠶᠠᠪᠤᠵᠤ ᠪᠠᠶᠢᠭ᠎ᠠ | ᠬᠦᠳᠡᠯᠦᠩᠭᠦᠢ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠶ ᠳᠤ ᠨᠢ ᠵᠠᠳᠠᠯᠤᠨ ᠰᠢᠶᠳᠪᠦᠷᠢᠯᠡᠵᠦ᠂ | ᠬᠤᠷᠳᠤᠴᠠ ᠠᠴᠠ ᠬᠡᠲᠦᠷᠡᠭᠦᠯᠦᠨ ᠶᠠᠪᠤᠭᠤᠯᠤᠭᠰᠠᠨ᠂ ᠶᠠᠳᠠᠷᠠᠭᠤ ᠪᠠᠷ ᠲᠡᠷᠭᠡ ᠵᠢᠯᠣᠭᠤᠳᠤᠭᠰᠠᠨ ᠵᠡᠷᠭᠡ ᠬᠠᠤᠯᠢ ᠠᠴᠠ | ᠵᠥᠷᠢᠴᠡᠭᠰᠡᠨ ᠦᠶᠯᠡ ᠠᠵᠢᠯᠯᠠᠭ᠎ᠠ ᠶᠢ ᠨᠢ ᠵᠠᠯᠠᠷᠠᠭᠤᠯᠬᠤ ᠪᠠᠷ ᠵᠢᠯᠣᠭᠤᠴᠢ ᠳᠤ ᠴᠠᠭ ᠲᠤᠬᠠᠶ ᠳᠤ ᠨᠢ ᠰᠠᠨᠠᠭᠤᠯᠬᠤ | ᠶᠢᠨ ᠬᠠᠮᠲᠤ᠂ ᠬᠥᠳᠡᠯᠦᠩᠭᠦᠶ ᠪᠠᠶᠢᠳᠠᠯ ᠢ ᠬᠢᠨᠠᠨ ᠡᠵᠡᠮᠳᠡᠬᠦ ᠡᠬᠡ ᠲᠠᠩᠰᠠ ᠳᠤ ᠲᠡᠮᠳᠡᠭᠯᠡᠨ ᠬᠠᠳᠠᠭᠠᠯᠠᠬᠤ ᠬᠡᠷᠡᠭᠲᠡᠶ︔ | ᠰᠠᠨᠠᠭᠤᠯᠤᠭᠰᠠᠨ ᠪᠠᠶᠢᠲᠠᠯ᠎ᠠ ᠮᠥᠨ ᠯᠡ ᠦᠷᠭᠦᠯᠵᠢᠯᠡᠨ ᠬᠠᠤᠯᠢ ᠶᠢ ᠵᠥᠷᠢᠴᠡᠨ ᠲᠡᠷᠭᠡ ᠵᠢᠯᠣᠭᠤᠳᠤᠭᠰᠠᠨ ᠵᠢᠯᠣᠭᠤᠴᠢ | ᠶᠢ᠂ ᠠᠵᠤ ᠠᠬᠤᠶᠢᠯᠠᠯ ᠤᠨ ᠠᠮᠤᠷ ᠲᠥᠪᠰᠢᠨ ᠤ ᠬᠠᠮᠢᠶᠠᠷᠤᠯᠲᠠ ᠶᠢᠨ ᠪᠠᠶᠢᠭᠤᠯᠤᠮᠵᠢ ᠳᠤ ᠴᠠᠭ ᠲᠤᠬᠠᠢ ᠳᠤ ᠨᠢ | ᠮᠡᠳᠡᠭᠦᠯᠵᠦ᠂ ᠠᠮᠤᠷ ᠲᠥᠪᠰᠢᠨ ᠤ ᠬᠠᠮᠢᠶᠠᠷᠤᠯᠲᠠ ᠶᠢᠨ ᠪᠠᠶᠢᠭᠤᠯᠤᠮᠵᠢ ᠨᠢ ᠲᠡᠷᠡ ᠳᠠᠷᠤᠢ ᠳᠤ ᠨᠢ ᠠᠷᠭ᠎ᠠ ᠬᠡᠮᠵᠢᠶ᠎ᠡ | ᠠᠪᠴᠤ ᠬᠤᠷᠢᠭᠯᠠᠨ ᠵᠣᠭᠰᠣᠭᠠᠬᠤ ᠬᠡᠷᠡᠭᠲᠡᠢ︔ ᠬᠤᠷᠢᠭᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠦᠭᠡᠶ ᠪᠠᠶᠢᠵᠤ | ᠮᠥᠨ ᠬᠦ ᠦᠷᠭᠦᠯᠵᠢᠯᠡᠨ ᠬᠠᠤᠯᠢ ᠠᠴᠠ ᠵᠥᠷᠢᠴᠡᠨ ᠲᠡᠷᠭᠡ ᠵᠢᠯᠣᠭᠤᠳᠤᠭᠰᠠᠨ ᠪᠣᠯ᠂ ᠵᠠᠮ ᠲᠡᠭᠡᠭᠡᠪᠦᠷᠢ ᠶᠢᠨ ᠠᠵᠤ | ᠠᠬᠤᠶᠢᠯᠠᠯ ᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ | ᠮᠥᠴᠢᠷ ᠲᠤ ᠴᠠᠭ ᠲᠤᠬᠠᠶ ᠳᠤ ᠨᠢ ᠮᠡᠳᠡᠭᠦᠯᠬᠦ ᠶᠢᠨ ᠬᠠᠮᠲᠤ᠂ ᠬᠡᠷᠡᠭ ᠤᠨ ᠳᠠᠷᠠᠭ᠎ᠠ ᠵᠢᠯᠣᠭᠤᠴᠢ ᠤᠷᠢᠬᠤ ᠪᠠᠨ | ᠵᠣᠭᠰᠣᠭᠠᠬᠤ ᠬᠡᠷᠡᠭᠲᠡᠶ᠃ | ᠬᠥᠳᠡᠯᠦᠩᠭᠦᠶ ᠪᠠᠶᠢᠳᠠᠯ ᠢ ᠬᠢᠨᠠᠨ ᠡᠵᠡᠮᠳᠡᠬᠦ ᠲᠤᠭ᠎ᠠ ᠪᠠᠷᠢᠮᠲᠠ ᠶᠢ ᠠᠳᠠᠭ ᠲᠤ ᠪᠠᠨ 6 ᠰᠠᠷ᠎ᠠ ᠬᠠᠳᠠᠭᠠᠯᠠᠵᠤ᠂ | ᠬᠠᠤᠯᠢ ᠠᠴᠠ ᠵᠥᠷᠢᠴᠡᠨ ᠲᠡᠷᠭᠡ ᠵᠢᠯᠣᠭᠤᠳᠤᠭᠰᠠᠨ ᠮᠡᠳᠡᠭᠡ ᠵᠠᠩᠭᠢ ᠵᠢᠴᠢ ᠰᠢᠶᠳᠪᠦᠷᠢᠯᠡᠭᠰᠡᠨ ᠪᠠᠶᠢᠳᠠᠯ ᠢ | ᠠᠳᠠᠭ ᠲᠤ ᠪᠠᠨ 3 ᠵᠢᠯ ᠬᠠᠳᠠᠭᠠᠯᠠᠬᠤ ᠬᠡᠷᠡᠭᠲᠡᠶ᠃ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠮᠡᠳᠡᠭᠡ | ᠵᠠᠩᠭᠢ ᠣᠷᠣᠰᠢᠵᠤ ᠪᠠᠶᠢᠭ᠎ᠠ ᠵᠢᠯᠤᠭᠤᠴᠢ ᠶᠢ᠂ ᠵᠠᠮ ᠲᠡᠭᠡᠭᠡᠪᠦᠷᠢ ᠶᠢᠨ ᠠᠵᠤ ᠠᠬᠤᠶᠢᠯᠠᠯ ᠨᠢ ᠬᠡᠷᠡᠭ ᠤᠨ ᠳᠠᠷᠠᠭ᠎ᠠ | ᠴᠠᠭ ᠲᠤᠬᠠᠢ ᠳᠤ ᠨᠢ ᠰᠢᠢᠳᠪᠦᠷᠢᠯᠡᠬᠦ ᠬᠡᠷᠡᠭᠲᠡᠢ᠃ | ᠬᠤᠷᠢᠨ ᠵᠢᠷᠭᠤᠳᠤᠭᠠᠷ ᠵᠦᠢᠯ ᠵᠠᠮ ᠲᠡᠭᠡᠭᠡᠪᠦᠷᠢ ᠶᠢᠨ ᠡᠵᠡᠩᠨᠡᠭᠴᠢ ᠨᠢ ᠳᠠᠭᠠᠭᠤᠯᠢ ᠣᠳᠣᠨ ᠤ ᠣᠷᠣᠨ | ᠲᠣᠭᠲᠠᠭᠠᠬᠤ ᠲᠣᠨᠤᠭ ᠲᠥᠬᠦᠭᠡᠷᠦᠮᠵᠢ ᠶᠢᠨ ᠬᠡᠪ ᠤᠨ ᠶᠣᠰᠣᠭᠠᠷ ᠬᠡᠷᠡᠭᠯᠡᠭᠳᠡᠬᠦ ᠶᠢ ᠦᠨᠡᠨ ᠬᠦ ᠪᠠᠲᠤᠯᠠᠵᠤ᠂ ᠲᠡᠷᠭᠡ | ᠬᠥᠰᠬᠡ ᠶᠢᠨ ᠠᠶᠠᠯᠠᠬᠤ ᠨᠢ ᠲᠤᠬᠠᠢ ᠶᠢᠨ ᠴᠠᠭ ᠲᠤ ᠰᠦᠯᠵᠢᠶᠡᠨ ᠳᠡᠭᠡᠷ᠎ᠡ ᠪᠠᠶᠢᠬᠤ ᠶᠢ ᠪᠠᠲᠤᠯᠠᠬᠤ ᠬᠡᠷᠡᠭᠲᠡᠶ᠃ | ᠳᠠᠭᠠᠭᠤᠯᠢ ᠣᠳᠣᠨ ᠤ ᠣᠷᠣᠨ ᠲᠣᠭᠲᠠᠭᠠᠬᠤ ᠲᠣᠨᠤᠭ ᠲᠥᠬᠦᠭᠡᠷᠦᠮᠵᠢ ᠰᠠᠭᠠᠳ ᠭᠠᠷᠤᠭᠰᠠᠨ ᠠᠴᠠ ᠪᠣᠯᠵᠤ | ᠰᠦᠯᠵᠢᠶᠡᠨ ᠳᠡᠭᠡᠷ᠎ᠡ ᠪᠠᠶᠢᠵᠤ ᠳᠡᠶᠢᠯᠬᠦ ᠦᠭᠡᠢ ᠲᠡᠭᠡᠭᠡᠪᠦᠷᠢ ᠶᠢᠨ ᠲᠡᠷᠭᠡ ᠬᠥᠰᠬᠡ ᠶᠢ᠂ ᠵᠠᠮ ᠲᠡᠭᠡᠭᠡᠪᠦᠷᠢ ᠶᠢᠨ | ᠡᠵᠡᠩᠨᠡᠭᠴᠢ ᠪᠣᠰᠤᠳ ᠵᠠᠮ ᠲᠡᠭᠡᠭᠡᠪᠦᠷᠢ ᠶᠢᠨ ᠡᠵᠡᠩᠨᠡᠯᠲᠡ ᠶᠢᠨ ᠠᠵᠢᠯᠯᠠᠭ᠎ᠠ ᠬᠢᠯᠭᠡᠬᠦ ᠪᠠᠷ ᠲᠣᠬᠢᠷᠠᠭᠤᠯᠵᠤ ᠪᠣᠯᠬᠤ | ᠦᠭᠡᠶ᠃ | ᠬᠤᠷᠢᠨ ᠳᠣᠯᠣᠳᠤᠭᠠᠷ ᠵᠦᠢᠯ ᠶᠠᠮᠠᠷᠪᠠ ᠨᠢᠭᠡᠴᠢ ᠪᠠ ᠬᠤᠪᠢ ᠬᠥᠮᠦᠨ ᠨᠢ ᠳᠠᠭᠠᠭᠤᠯᠢ ᠣᠳᠣᠨ ᠤ ᠣᠷᠣᠨ | ᠲᠣᠭᠲᠠᠭᠠᠬᠤ ᠲᠣᠨᠤᠭ ᠲᠥᠬᠦᠭᠡᠷᠦᠮᠵᠢ ᠶᠢ ᠡᠪᠳᠡᠬᠦ ᠵᠢᠴᠢ ᠮᠠᠭᠤ ᠰᠠᠨᠠᠭ᠎ᠠ ᠪᠠᠷ ᠵᠣᠷᠢᠭᠤᠳᠠ ᠬᠠᠷᠠᠰᠢᠯᠠᠬᠤ᠂ | ᠳᠠᠭᠠᠭᠤᠯᠢ ᠣᠳᠣᠨ ᠤ ᠣᠷᠣᠨ ᠲᠣᠭᠲᠠᠭᠠᠬᠤ ᠲᠣᠨᠤᠭ ᠲᠥᠬᠦᠭᠡᠷᠦᠮᠵᠢ ᠶᠢᠨ ᠳᠣᠬᠢᠶ᠎ᠠ ᠶᠢ ᠬᠠᠯᠬᠠᠯᠠᠵᠤ ᠪᠣᠯᠬᠤ ᠦᠭᠡᠢ᠂ | ᠳᠠᠭᠠᠭᠤᠯᠢ ᠣᠳᠣᠨ ᠤ ᠣᠷᠣᠨ ᠲᠣᠭᠲᠠᠭᠠᠬᠤ ᠲᠣᠨᠤᠭ ᠲᠥᠬᠦᠭᠡᠷᠦᠮᠵᠢ ᠶᠢᠨ ᠲᠤᠭ᠎ᠠ ᠪᠠᠷᠢᠮᠲᠠ ᠶᠢ ᠥᠭᠡᠷᠡᠲᠦᠭᠦᠯᠵᠦ | ᠪᠣᠯᠬᠤ ᠦᠭᠡᠶ᠃ | ᠬᠤᠷᠢᠨ ᠨᠠᠶᠮᠠᠳᠤᠭᠠᠷ ᠵᠦᠢᠯ ᠳᠠᠭᠠᠭᠤᠯᠢ ᠣᠳᠣᠨ ᠤ ᠣᠷᠣᠨ ᠲᠣᠭᠲᠠᠭᠠᠬᠤ ᠰᠢᠰᠲ᠋ᠧᠮ ᠤᠨ ᠲᠠᠪᠴᠠᠩ ᠨᠢ | ᠦᠷᠭᠦᠯᠵᠢᠯᠡᠭᠰᠡᠨ᠂ ᠨᠠᠶᠢᠳᠠᠪᠤᠷᠢᠲᠠᠶ ᠮᠡᠷᠭᠡᠵᠢᠯ ᠤᠨ ᠦᠢᠯᠡᠴᠢᠯᠡᠭᠡ ᠬᠠᠩᠭᠠᠵᠤ᠂ ᠲᠡᠷᠭᠡ ᠬᠥᠰᠬᠡ ᠶᠢᠨ ᠬᠦᠳᠡᠯᠦᠩᠭᠦᠢ | ᠪᠠᠶᠢᠳᠠᠯ ᠢ ᠬᠢᠨᠠᠨ ᠡᠵᠡᠮᠳᠡᠬᠦ ᠲᠤᠭ᠎ᠠ ᠪᠠᠷᠢᠮᠲᠠ ᠶᠢᠨ ᠦᠨᠡᠨ ᠪᠣᠳᠠᠲᠠᠶ᠂ ᠣᠨᠣᠪᠴᠢᠲᠠᠶ ᠪᠠᠶᠢᠬᠤ ᠶᠢ ᠪᠠᠲᠤᠯᠠᠵᠤ᠂ | ᠬᠢᠨᠠᠨ ᠡᠵᠡᠮᠳᠡᠬᠦ ᠦᠢᠯᠡᠴᠢᠯᠡᠭᠡ ᠬᠠᠩᠭᠠᠬᠤ ᠰᠢᠰᠲ᠋ᠧᠮ ᠤᠨ ᠲᠠᠪᠴᠠᠩ ᠤᠨ ᠠᠮᠤᠷ ᠲᠥᠪᠰᠢᠨ᠂ ᠲᠣᠭᠲᠠᠭᠤᠨ ᠢᠶᠠᠷ | ᠠᠵᠢᠯᠯᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ | ᠳᠥᠷᠪᠡᠳᠦᠭᠡᠷ ᠪᠦᠯᠦᠭ ᠬᠢᠨᠠᠯᠲᠠ ᠲᠠᠯᠪᠢᠵᠤ ᠪᠠᠶᠢᠴᠠᠭᠠᠬᠤ | ᠬᠤᠷᠢ ᠶᠢᠰᠦᠳᠦᠭᠡᠷ ᠵᠦᠢᠯ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠬᠢᠨᠠᠨ ᠡᠵᠡᠮᠳᠡᠬᠦ | ᠲᠠᠪᠴᠠᠩ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠵᠠᠮ ᠲᠡᠭᠡᠭᠡᠪᠦᠷᠢ ᠶᠢᠨ ᠠᠵᠤ ᠠᠬᠤᠶᠢᠯᠠᠯ ᠤᠨ | ᠬᠥᠳᠡᠯᠦᠩᠭᠦᠶ ᠪᠠᠶᠢᠳᠠᠯ ᠢ ᠬᠢᠨᠠᠨ ᠡᠵᠡᠮᠳᠡᠬᠦ ᠠᠵᠢᠯ ᠤᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠬᠢᠨᠠᠯᠲᠠ | ᠲᠠᠯᠪᠢᠨ ᠬᠢᠨᠠᠨ ᠰᠢᠯᠭᠠᠬᠤ ᠶᠢᠨ ᠬᠠᠮᠲᠤ᠂ ᠲᠡᠭᠦᠨ ᠢ ᠠᠵᠤ ᠠᠬᠤᠶᠢᠯᠠᠯ ᠤᠨ ᠶᠠᠰᠤ ᠴᠢᠨᠠᠷ ᠤᠨ ᠢᠲᠡᠭᠡᠯ ᠬᠦᠨᠳᠦ ᠶᠢ | ᠬᠢᠨᠠᠨ ᠰᠢᠯᠭᠠᠬᠤ ᠠᠭᠤᠯᠭ᠎ᠠ ᠳᠤ ᠣᠷᠣᠭᠤᠯᠵᠤ᠂ ᠲᠡᠭᠡᠭᠡᠪᠦᠷᠢ ᠶᠢᠨ ᠠᠵᠤ ᠠᠬᠤᠶᠢᠯᠠᠯ ᠤᠨ ᠡᠭᠡᠯᠵᠢ ᠶᠢᠨ ᠱᠤᠭᠤᠮ | ᠤᠨ ᠳᠠᠭᠠᠭᠠᠴᠢᠯᠠᠯᠲᠠ ᠵᠠᠷᠯᠠᠬᠤ ᠪᠠ ᠣᠨ ᠤ ᠬᠢᠨᠠᠨ ᠰᠢᠯᠭᠠᠬᠤ ᠶᠢᠨ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠶ᠃ | ᠭᠤᠴᠢᠳᠤᠭᠠᠷ ᠵᠦᠢᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ | ᠶᠢᠨ ᠰᠠᠯᠠᠭ᠎ᠠ ᠮᠥᠴᠢᠷ ᠨᠢ ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠬᠦᠳᠡᠯᠦᠩᠭᠦᠢ ᠪᠠᠶᠢᠳᠠᠯ ᠢ ᠬᠢᠨᠠᠨ ᠡᠵᠡᠮᠳᠡᠬᠦ | ᠰᠢᠰᠲ᠋ᠧᠮ ᠤᠨ ᠲᠡᠮᠳᠡᠭᠯᠡᠭᠰᠡᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠮᠡᠳᠡᠭᠡ ᠵᠠᠩᠭᠢ ᠶᠢ ᠬᠠᠤᠯᠢ | ᠬᠡᠷᠡᠭᠵᠢᠭᠦᠯᠬᠦ ᠦᠨᠳᠦᠰᠦᠯᠡᠯ ᠪᠣᠯᠭᠠᠵᠤ᠂ ᠬᠠᠤᠯᠢ ᠶᠣᠰᠣᠭᠠᠷ ᠪᠠᠶᠢᠴᠠᠭᠠᠨ ᠰᠢᠶᠳᠪᠦᠷᠢᠯᠡᠵᠦ ᠪᠣᠯᠤᠨ᠎ᠠ᠃ | ᠭᠤᠴᠢᠨ ᠨᠢᠭᠡᠳᠦᠭᠡᠷ ᠵᠦᠢᠯ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠠᠳᠡᠯ ᠢ ᠪᠠᠶᠢᠴᠠᠭᠠᠬᠤ ᠠᠵᠢᠯ ᠢ ᠬᠢᠨᠠᠮᠠᠭᠠᠶ ᠥᠷᠨᠢᠭᠦᠯᠵᠦ᠂ ᠲᠤᠰ | ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠬᠠᠷᠢᠭᠤᠴᠠᠯᠭᠠᠲᠤ ᠨᠢᠭᠡᠴᠢ ᠪᠣᠯᠤᠨ ᠠᠵᠢᠯᠲᠠᠨ ᠢ ᠴᠢᠩᠭ᠎ᠠ ᠪᠠᠶᠢᠴᠠᠭᠠᠨ | ᠰᠢᠶᠳᠪᠦᠷᠢᠯᠡᠬᠦ ᠬᠡᠷᠡᠭᠲᠡᠶ᠃ | ᠭᠤᠴᠢᠨ ᠬᠤᠶᠠᠳᠤᠭᠠᠷ ᠵᠦᠢᠯ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ᠂ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠯᠲᠠ ᠲᠠᠯᠪᠢᠵᠤ ᠪᠠᠶᠢᠴᠠᠭᠠᠬᠤ ᠠᠵᠢᠯᠲᠠᠨ ᠨᠢ | ᠪᠠᠶᠢᠴᠠᠭᠠᠭᠳᠠᠬᠤ ᠨᠢᠭᠡᠴᠢ ᠪᠣᠯᠤᠨ ᠬᠤᠪᠢ ᠬᠥᠮᠦᠨ ᠠᠴᠠ ᠪᠠᠶᠢᠳᠠᠯ ᠢ ᠣᠶᠢᠯᠠᠭᠠᠵᠤ᠂ ᠬᠤᠯᠪᠣᠭᠳᠠᠯ ᠪᠦᠬᠦᠢ | ᠮᠠᠲ᠋ᠧᠷᠢᠶᠠᠯ ᠢ ᠪᠠᠶᠢᠴᠠᠭᠠᠨ ᠦᠵᠡᠬᠦ ᠪᠠ ᠪᠠᠭᠤᠯᠭᠠᠨ ᠠᠪᠴᠤ ᠪᠣᠯᠤᠨ᠎ᠠ᠃ ᠬᠢᠨᠠᠯᠲᠠ ᠲᠠᠯᠪᠢᠵᠤ ᠪᠠᠶᠢᠴᠠᠭᠠᠭᠳᠠᠵᠤ | ᠪᠠᠶᠢᠭ᠎ᠠ ᠨᠢᠭᠡᠴᠢ ᠪᠣᠯᠤᠨ ᠬᠤᠪᠢ ᠬᠥᠮᠦᠨ ᠬᠢᠨᠠᠯᠲᠠ ᠲᠠᠯᠪᠢᠵᠤ ᠪᠠᠶᠢᠴᠠᠭᠠᠬᠤ ᠳᠤ ᠢᠳᠡᠪᠬᠢᠲᠡᠶ ᠬᠠᠮᠵᠢᠯᠴᠠᠨ᠂ | ᠬᠤᠯᠪᠣᠭᠳᠠᠯ ᠪᠦᠬᠦᠢ ᠮᠠᠲ᠋ᠧᠷᠢᠶᠠᠯ ᠢ ᠦᠨᠡᠨ ᠪᠣᠳᠠᠲᠠᠶ ᠪᠠᠷ ᠬᠠᠩᠭᠠᠬᠤ ᠪᠠ ᠪᠠᠶᠢᠳᠠᠯ ᠢᠶᠠᠨ ᠲᠣᠳᠣᠷᠬᠠᠶᠢᠯᠠᠬᠤ ᠬᠡᠷᠡᠭᠲᠡᠶ᠃ | | ᠵᠠᠮ ᠲᠡᠭᠡᠭᠡᠪᠦᠷᠢ ᠶᠢᠨ ᠲᠡᠷᠭᠡ ᠬᠥᠰᠬᠡ ᠵᠠᠮ ᠬᠠᠷᠢᠯᠴᠠᠭᠠᠨ ᠤ ᠠᠳᠡᠯ ᠭᠠᠷᠪᠠᠯ᠂ ᠵᠠᠮ ᠲᠡᠭᠡᠭᠡᠪᠦᠷᠢ ᠶᠢᠨ ᠠᠵᠤ | ᠠᠬᠤᠶᠢᠯᠠᠯ ᠪᠤᠶᠤ ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠣᠯᠠᠨ ᠨᠡᠶᠢᠲᠡ ᠶᠢᠨ ᠲᠠᠪᠴᠠᠩ ᠤᠨ ᠬᠠᠷᠢᠭᠤᠴᠠᠬᠤ | ᠨᠢᠭᠡᠴᠢ ᠨᠢ ᠠᠳᠡᠯ ᠤᠨ ᠮᠡᠳᠡᠭᠡ ᠵᠠᠩᠭᠢ ᠶᠢ ᠬᠦᠯᠢᠶᠡᠨ ᠠᠪᠤᠭᠰᠠᠨ ᠤ ᠳᠠᠷᠠᠭ᠎ᠠ ᠲᠡᠷᠭᠡ ᠬᠥᠰᠬᠡ ᠶᠢᠨ ᠬᠥᠳᠡᠯᠦᠩᠭᠦᠶ | ᠪᠠᠶᠢᠳᠠᠯ ᠢ ᠬᠢᠨᠠᠨ ᠡᠵᠡᠮᠳᠡᠬᠦ ᠲᠤᠭ᠎ᠠ ᠪᠠᠷᠢᠮᠲᠠ ᠶᠢ ᠳᠠᠷᠤᠶ ᠲᠦᠷᠭᠡᠨ ᠪᠢᠲᠡᠭᠦᠮᠵᠢᠯᠡᠨ ᠬᠠᠳᠠᠭᠠᠯᠠᠵᠤ᠂ ᠠᠳᠡᠯ ᠤᠨ | ᠪᠠᠶᠢᠴᠠᠭᠠᠯᠲᠠ ᠳᠤ ᠬᠠᠮᠵᠢᠯᠴᠠᠨ᠂ ᠬᠡᠷᠡᠭ ᠭᠠᠷᠭᠠᠭᠰᠠᠨ ᠲᠡᠷᠭᠡ ᠬᠥᠰᠬᠡ ᠶᠢᠨ ᠬᠥᠳᠡᠯᠦᠩᠭᠦᠶ ᠪᠠᠶᠢᠳᠠᠯ ᠢ ᠬᠢᠨᠠᠨ | ᠡᠵᠡᠮᠳᠡᠬᠦ ᠲᠤᠭ᠎ᠠ ᠪᠠᠷᠢᠮᠲᠠ ᠶᠢ ᠦᠨᠡᠨ ᠪᠣᠳᠠᠲᠠᠶ ᠪᠠᠷ ᠬᠠᠩᠭᠠᠬᠤ ᠬᠡᠷᠡᠭᠲᠡᠶ︔ ᠬᠡᠷᠡᠭ ᠭᠠᠷᠭᠠᠭᠰᠠᠨ ᠲᠡᠷᠭᠡ ᠬᠥᠰᠬᠡ | ᠳᠤ ᠲᠡᠷᠭᠡᠨ ᠳᠡᠭᠡᠷᠡᠬᠢ ᠬᠠᠷᠠᠭᠠᠨ ᠳᠠᠪᠲᠠᠮᠵᠢ ᠶᠢᠨ ᠲᠣᠨᠤᠭ ᠲᠥᠬᠦᠭᠡᠷᠦᠮᠵᠢ ᠤᠭᠰᠠᠷᠠᠭᠰᠠᠨ ᠪᠣᠯ᠂ ᠪᠠᠰᠠ ᠬᠠᠷᠠᠭᠠᠨ | ᠳᠠᠪᠲᠠᠮᠵᠢ ᠶᠢᠨ ᠮᠠᠲ᠋ᠧᠷᠢᠶᠠᠯ ᠢᠶᠠᠨ ᠬᠠᠩᠭᠠᠬᠤ ᠬᠡᠷᠡᠭᠲᠡᠶ᠃ | ᠭᠤᠴᠢᠨ ᠭᠤᠷᠪᠠᠳᠤᠭᠠᠷ ᠵᠦᠢᠯ ᠡᠯ᠎ᠡ ᠭᠠᠵᠠᠷ ᠤᠨ ᠬᠢᠨ ᠳᠠᠭᠠᠭᠤᠯᠢ ᠣᠳᠣᠨ ᠤ ᠣᠷᠣᠨ ᠲᠣᠭᠲᠠᠭᠠᠬᠤ | ᠲᠣᠨᠤᠭ ᠲᠥᠬᠦᠭᠡᠷᠦᠮᠵᠢ ᠶᠢ ᠠᠰᠢᠭᠯᠠᠨ᠂ ᠲᠡᠭᠡᠭᠡᠪᠦᠷᠢ ᠡᠵᠡᠩᠨᠡᠵᠦ ᠪᠠᠶᠢᠭ᠎ᠠ ᠵᠢᠯᠣᠭᠤᠴᠢ ᠶᠢᠨ ᠠᠮᠤᠷ ᠲᠥᠪᠰᠢᠨ ᠢᠶᠠᠷ | ᠶᠠᠪᠤᠭᠤᠯᠬᠤ ᠵᠠᠮ ᠤᠨ ᠤᠷᠲᠤ ᠶᠢ ᠪᠦᠷᠢᠳᠬᠡᠨ ᠵᠠᠳᠠᠯᠵᠤ᠂ ᠠᠮᠤᠷ ᠲᠥᠪᠰᠢᠨ ᠢᠶᠠᠷ ᠲᠡᠷᠭᠡ ᠵᠢᠯᠤᠭᠤᠳᠬᠤ | ᠵᠢᠯᠣᠭᠤᠴᠢ ᠶᠢᠨ ᠤᠷᠤᠯᠳᠤᠭᠠᠨ ᠤ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠬᠤ ᠬᠡᠷᠡᠭᠲᠡᠶ᠃ | | ᠲᠠᠪᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠭᠤᠴᠢᠨ ᠳᠥᠷᠪᠡᠳᠦᠭᠡᠷ ᠵᠦᠢᠯ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠱᠠᠭᠠᠷᠳᠠᠯᠭ᠎ᠠ | ᠶᠣᠰᠣᠭᠠᠷ ᠳᠠᠭᠠᠭᠤᠯᠢ ᠣᠳᠣᠨ ᠤ ᠣᠷᠣᠨ ᠲᠣᠭᠲᠠᠭᠠᠬᠤ ᠲᠣᠨᠤᠭ ᠲᠥᠬᠦᠭᠡᠷᠦᠮᠵᠢ ᠤᠭᠰᠠᠷᠠᠭᠰᠠᠨ ᠦᠭᠡᠶ ᠪᠤᠶᠤ | ᠳᠠᠭᠠᠭᠤᠯᠢ ᠣᠳᠣᠨ ᠤ ᠣᠷᠣᠨ ᠲᠣᠭᠲᠠᠭᠠᠬᠤ ᠲᠣᠨᠤᠭ ᠲᠥᠬᠦᠭᠡᠷᠦᠮᠵᠢ ᠤᠭᠰᠠᠷᠠᠭᠰᠠᠨ ᠪᠣᠯᠪᠠᠴᠤ ᠲᠣᠣᠷᠵᠢᠭᠤᠯᠵᠤ | ᠬᠤᠯᠪᠣᠭᠠᠯᠠᠨ ᠡᠵᠡᠮᠳᠡᠬᠦ ᠰᠢᠰᠲ᠋ᠧᠮ ︵ᠬᠦᠨᠳᠦ ᠬᠡᠯᠪᠡᠷᠢ ᠶᠢᠨ ᠪᠠᠷᠠᠭ᠎ᠠ ᠲᠡᠭᠡᠭᠡᠪᠦᠷᠢᠯᠡᠬᠦ ᠮᠠᠰᠢᠨ ᠲᠡᠷᠭᠡ ᠪᠠ ᠰᠠᠯᠤᠩᠭᠢ | ᠴᠢᠷᠦᠭᠦᠯ ᠲᠡᠷᠭᠡ ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠣᠯᠠᠨ ᠨᠡᠶᠢᠲᠡ ᠶᠢᠨ ᠲᠠᠪᠴᠠᠩ︶ ᠳᠤ | ᠬᠡᠪ ᠤᠨ ᠶᠣᠰᠣᠭᠠᠷ ᠢᠯᠡᠷᠡᠵᠦ ᠳᠡᠶᠢᠯᠦᠭᠰᠡᠨ ᠦᠭᠡᠶ ᠲᠡᠷᠭᠡ ᠬᠥᠰᠬᠡ ᠳᠤ᠂ ︽ᠵᠠᠮ ᠲᠡᠭᠡᠭᠡᠪᠦᠷᠢ ᠶᠢᠨ ᠦᠨᠡᠮᠯᠡᠯ︾ | ᠣᠯᠭᠤᠬᠤ ᠪᠤᠶᠤ ᠬᠢᠨᠠᠨ ᠰᠢᠯᠭᠠᠬᠤ ᠦᠭᠡᠶ ᠪᠠᠶᠢᠬᠤ ᠬᠡᠷᠡᠭᠲᠡᠶ᠃ | ᠭᠤᠴᠢᠨ ᠲᠠᠪᠤᠳᠤᠭᠠᠷ ᠵᠦᠶᠯ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠨ᠂ ᠵᠠᠮ ᠲᠡᠭᠡᠭᠡᠪᠦᠷᠢ ᠶᠢᠨ | ᠠᠵᠤ ᠠᠬᠤᠶᠢᠯᠠᠯ ᠳᠤ ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠵᠠᠮ | ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠵᠠᠷᠯᠢᠭᠳᠠᠨ ᠵᠠᠯᠠᠷᠠᠭᠤᠯᠬᠤ ᠬᠡᠷᠡᠭᠲᠡᠶ᠃ ᠵᠠᠯᠠᠷᠠᠭᠤᠯᠬᠤ | ᠦᠭᠡᠢ ᠪᠠᠶᠢᠪᠠᠯ᠂ 1000 ᠲᠥᠭᠦᠷᠢᠭ ᠠᠴᠠ ᠳᠡᠭᠡᠭᠰᠢ 3000 ᠲᠥᠭᠦᠷᠢᠭ ᠠᠴᠠ ᠳᠣᠷᠤᠭᠰᠢ ᠵᠣᠭᠤᠰ ᠢᠶᠠᠷ | ᠲᠣᠷᠭᠠᠬᠤ ᠪᠠᠷ ᠰᠢᠶᠳᠬᠡᠨ᠎ᠡ᠄ | ︵ᠨᠢᠭᠡ︶ ᠵᠠᠮ ᠲᠡᠭᠡᠭᠡᠪᠦᠷᠢ ᠶᠢᠨ ᠠᠵᠤ ᠠᠬᠤᠶᠢᠯᠠᠯ ᠨᠢ ᠪᠠᠷᠢᠮᠵᠢᠶ᠎ᠠ ᠳᠤ ᠨᠡᠶᠢᠴᠡᠬᠦ ᠬᠢᠨᠠᠨ ᠡᠵᠡᠮᠳᠡᠬᠦ | ᠲᠠᠪᠴᠠᠩ ᠢ ᠬᠡᠷᠡᠭᠯᠡᠭᠰᠡᠨ ᠦᠭᠡᠶ᠂ ᠬᠢᠨᠠᠨ ᠡᠵᠡᠮᠳᠡᠬᠦ ᠲᠠᠪᠴᠠᠩ ᠨᠢ ᠲᠣᠣᠷᠵᠢᠭᠤᠯᠵᠤ ᠬᠤᠯᠪᠣᠭᠠᠯᠠᠨ ᠡᠵᠡᠮᠳᠡᠬᠦ | ᠰᠢᠰᠲ᠋ᠧᠮ ᠳᠤ ᠵᠠᠯᠭᠠᠵᠤ ᠣᠷᠣᠭᠤᠯᠤᠭᠰᠠᠨ ᠦᠭᠡᠶ᠂ ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠬᠦᠳᠡᠯᠦᠩᠭᠦᠢ | ᠪᠠᠶᠢᠳᠠᠯ ᠤᠨ ᠮᠡᠳᠡᠭᠡ ᠵᠠᠩᠭᠢ ᠶᠢ ᠲᠣᠭᠲᠠᠭᠠᠯ ᠶᠣᠰᠣᠭᠠᠷ ᠳᠡᠭᠡᠭᠰᠢ ᠳᠠᠮᠵᠢᠭᠤᠯᠤᠭᠰᠠᠨ ᠦᠭᠡᠶ︔ | ︵ᠬᠤᠶᠠᠷ︶ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠬᠥᠳᠡᠯᠦᠩᠭᠦᠶ ᠪᠠᠶᠢᠳᠠᠯ ᠤᠨ ᠮᠡᠳᠡᠭᠡ ᠵᠠᠩᠭᠢ | ᠶᠢ ᠰᠢᠶᠳᠪᠦᠷᠢᠯᠡᠬᠦ ᠲᠦᠷᠢᠮ ᠢ ᠪᠠᠶᠢᠭᠤᠯᠤᠭᠰᠠᠨ ᠥᠬᠡᠶ ᠪᠤᠶᠤ ᠪᠦᠲᠦᠮᠵᠢᠲᠡᠶ ᠬᠡᠷᠡᠭᠵᠢᠭᠦᠯᠦᠭᠰᠡᠨ ᠥᠬᠡᠶ ᠪᠠᠶᠢᠵᠤ᠂ | ᠵᠢᠯᠣᠭᠤᠴᠢ ᠶᠢᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠢ ᠰᠢᠶᠳᠪᠦᠷᠢᠯᠡᠬᠦ ᠨᠣᠷᠮ᠎ᠠ ᠨᠢ 90% ᠠᠴᠠ | ᠳᠣᠤᠷ᠎ᠠ ᠪᠠᠶᠢᠬᠤ︔ | ︵ᠭᠤᠷᠪᠠ︶ ᠲᠣᠭᠲᠠᠭᠠᠯ ᠶᠣᠰᠣᠭᠠᠷ ᠲᠤᠰᠬᠠᠶ ᠲᠤᠰᠢᠶᠠᠯ ᠤᠨ ᠬᠢᠨᠠᠨ ᠡᠵᠡᠮᠳᠡᠬᠦ ᠠᠵᠢᠯᠲᠠᠨ | ᠳᠣᠭᠢᠷᠠᠭᠤᠯᠤᠭᠰᠠᠨ ᠥᠬᠡᠶ ᠪᠤᠶᠤ ᠬᠢᠨᠠᠨ ᠡᠵᠡᠮᠳᠡᠬᠦ ᠠᠵᠢᠯᠲᠠᠨ ᠬᠢᠨᠠᠨ ᠡᠵᠡᠮᠳᠡᠬᠦ ᠲᠤᠰᠢᠶᠠᠯ ᠬᠠᠷᠢᠭᠤᠴᠠᠯᠭ᠎ᠠ ᠪᠠᠨ | ᠪᠦᠲᠦᠮᠵᠢᠲᠡᠶ ᠭᠦᠶᠴᠡᠳᠬᠡᠭᠰᠡᠨ ᠥᠬᠡᠶ᠃ | ᠭᠤᠴᠢᠨ ᠵᠢᠷᠭᠤᠳᠤᠭᠠᠷ ᠵᠦᠶᠯ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠨ᠂ ᠵᠠᠮ ᠲᠡᠭᠡᠭᠡᠪᠦᠷᠢ ᠶᠢᠨ | ᠡᠵᠡᠩᠨᠡᠭᠴᠢ ᠨᠢ ᠳᠠᠭᠠᠭᠤᠯᠢ ᠣᠳᠣᠨ ᠤ ᠣᠷᠣᠨ ᠲᠣᠭᠲᠠᠭᠠᠬᠤ ᠲᠣᠨᠤᠭ ᠲᠥᠬᠦᠭᠡᠷᠦᠮᠵᠢ ᠶᠢ ᠬᠡᠷᠡᠭᠯᠡᠵᠦ ᠪᠠᠶᠢᠭᠠᠳ | ᠰᠦᠯᠵᠢᠶᠡᠨ ᠳᠡᠭᠡᠷ᠎ᠡ ᠪᠠᠶᠢᠵᠤ ᠳᠡᠶᠢᠯᠬᠦ ᠦᠭᠡᠢ ᠲᠡᠭᠡᠭᠡᠪᠦᠷᠢ ᠶᠢᠨ ᠲᠡᠷᠭᠡ ᠬᠥᠰᠬᠡ ᠨᠢ ᠡᠵᠡᠩᠨᠡᠯᠲᠡ ᠶᠢᠨ ᠠᠵᠢᠯᠯᠠᠭ᠎ᠠ | ᠬᠢᠪᠡᠯ᠂ ᠰᠢᠶᠠᠨ ᠤ ᠱᠠᠲᠤᠨ ᠠᠴᠠ ᠳᠡᠭᠡᠭᠰᠢᠬᠢ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠲᠡᠭᠦᠨ ᠢ | ᠰᠤᠷᠭᠠᠨ ᠬᠥᠮᠦᠵᠢᠭᠦᠯᠬᠦ ᠶᠢᠨ ᠬᠠᠮᠲᠤ ᠵᠠᠷᠯᠢᠭᠳᠠᠨ ᠵᠠᠯᠠᠷᠠᠭᠤᠯᠵᠤ᠂ ᠵᠠᠯᠠᠷᠠᠭᠤᠯᠬᠤ ᠦᠭᠡᠶ ᠪᠤᠶᠤ ᠵᠠᠯᠠᠷᠠᠭᠤᠯᠤᠭᠰᠠᠨ ᠤ | ᠳᠠᠷᠠᠭ᠎ᠠ ᠠᠳᠠᠯᠢ ᠲᠥᠷᠥᠯ ᠤᠨ ᠲᠣᠭᠲᠠᠭᠠᠯ ᠠᠴᠠ ᠵᠥᠷᠢᠴᠡᠭᠰᠡᠨ ᠪᠠᠶᠢᠳᠠᠯ ᠳᠠᠬᠢᠨ ᠭᠠᠷᠤᠭᠰᠠᠨ ᠪᠣᠯ᠂ 200 | ᠲᠥᠭᠦᠷᠢᠭ ᠠᠴᠠ ᠳᠡᠭᠡᠭᠰᠢ 800 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ ᠬᠡᠷᠡᠭᠲᠡᠶ᠃ | ᠭᠤᠴᠢᠨ ᠳᠣᠯᠣᠳᠤᠭᠠᠷ ᠵᠦᠶᠯ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠨ᠂ ᠵᠠᠮ ᠲᠡᠭᠡᠭᠡᠪᠦᠷᠢ ᠶᠢᠨ | ᠠᠵᠤ ᠠᠬᠤᠶᠢᠯᠠᠯ ᠪᠤᠶᠤ ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠬᠥᠳᠡᠯᠦᠩᠭᠦᠶ ᠪᠠᠶᠢᠳᠠᠯ ᠢ ᠬᠢᠨᠠᠨ ᠡᠵᠡᠮᠳᠡᠬᠦ | ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠭᠰᠠᠨ ᠨᠢᠭᠡᠴᠢ ᠨᠢ ᠲᠡᠷᠭᠡ ᠬᠥᠰᠬᠡ ᠶᠢᠨ ᠬᠥᠳᠡᠯᠦᠩᠭᠦᠶ ᠪᠠᠶᠢᠳᠠᠯ ᠢ ᠬᠢᠨᠠᠨ | ᠡᠵᠡᠮᠳᠡᠬᠦ ᠲᠤᠭ᠎ᠠ ᠪᠠᠷᠢᠮᠲᠠ ᠶᠢ ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠭᠰᠡᠨ᠂ ᠬᠠᠰᠤᠭᠰᠠᠨ ᠪᠣᠯ᠂ ᠰᠢᠶᠠᠨ ᠤ | ᠱᠠᠲᠤᠨ ᠠᠴᠠ ᠳᠡᠭᠡᠭᠰᠢᠬᠢ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠵᠠᠷᠯᠢᠭᠳᠠᠨ | ᠵᠠᠯᠠᠷᠠᠭᠤᠯᠵᠤ᠂ 500 ᠲᠥᠭᠦᠷᠢᠭ ᠠᠴᠠ ᠳᠡᠭᠡᠭᠰᠢ 2000 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ | ᠬᠡᠷᠡᠭᠲᠡᠶ᠃ | ᠭᠤᠴᠢᠨ ᠨᠠᠶᠮᠠᠳᠤᠭᠠᠷ ᠵᠦᠢᠯ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠨ᠂ ᠵᠠᠮ ᠬᠠᠷᠢᠯᠴᠠᠭᠠᠨ ᠤ | ᠠᠳᠡᠯ ᠭᠠᠷᠤᠭᠰᠠᠨ ᠪᠣᠯ᠂ ᠭᠤᠴᠢᠨ ᠲᠠᠪᠤᠳᠤᠭᠠᠷ ᠵᠦᠢᠯ᠂ ᠭᠤᠴᠢᠨ ᠵᠢᠷᠭᠤᠳᠤᠭᠠᠷ ᠵᠦᠢᠯ᠂ ᠭᠤᠴᠢᠨ ᠳᠣᠯᠣᠳᠤᠭᠠᠷ | ᠵᠦᠢᠯ ᠤᠨ ᠪᠠᠶᠢᠳᠠᠯ ᠤᠨ ᠨᠢᠭᠡ ᠨᠢ ᠪᠠᠶᠢᠪᠠᠯ᠂ ᠬᠠᠮᠢᠶ᠎ᠠ ᠪᠦᠬᠦᠢ ᠬᠥᠮᠦᠰ ᠤᠨ ᠬᠠᠷᠢᠭᠤᠴᠠᠯᠭ᠎ᠠ ᠶᠢ ᠬᠠᠤᠯᠢ ᠶᠣᠰᠣᠭᠠᠷ | ᠨᠡᠬᠡᠮᠵᠢᠯᠡᠬᠦ ᠬᠡᠷᠡᠭᠲᠡᠶ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ | ᠨᠡᠬᠡᠮᠵᠢᠯᠡᠨ᠎ᠡ᠃ | ᠭᠤᠴᠢ ᠶᠢᠰᠦᠳᠦᠭᠡᠷ ᠵᠦᠢᠯ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ᠂ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠠᠵᠢᠯᠲᠠᠨ ᠨᠢ ᠲᠤᠰ ᠠᠷᠭ᠎ᠠ ᠶᠢ ᠬᠡᠷᠡᠭᠵᠢᠭᠦᠯᠬᠦ ᠶᠠᠪᠤᠴᠠ | ᠳᠤ ᠠᠯᠪᠠᠨ ᠲᠤᠰᠢᠶᠠᠯ ᠳᠤ ᠪᠠᠨ ᠠᠯᠮᠠᠶᠢᠷᠠᠨ ᠣᠰᠣᠯᠳᠠᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ | ᠭᠤᠶᠠᠴᠢᠯᠠᠨ ᠬᠠᠤᠯᠢ ᠶᠣᠰᠣ ᠶᠢ ᠵᠥᠷᠢᠴᠡᠭᠰᠡᠨ ᠪᠣᠯ᠂ ᠵᠠᠰᠠᠭ ᠵᠠᠬᠢᠷᠭᠠᠨ ᠤ ᠰᠢᠢᠳᠬᠡᠯ ᠣᠯᠭᠤᠨ᠎ᠠ︔ ᠶᠠᠯ᠎ᠠ ᠪᠤᠯᠵᠦ | ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠵᠢᠷᠭᠤᠳᠤᠭᠠᠷ ᠪᠦᠯᠦᠭ ᠳᠠᠭᠠᠯᠳᠤᠭᠤᠯᠤᠭᠰᠠᠨ ᠲᠦᠷᠢᠮ | ᠳᠥᠴᠢᠳᠦᠭᠡᠷ ᠵᠦᠢᠯ ᠲᠤᠰ ᠠᠷᠭ᠎ᠠ ᠶᠢ ᠬᠡᠷᠡᠭᠵᠢᠭᠦᠯᠬᠦ ᠠᠴᠠ ᠡᠮᠦᠨ᠎ᠡ ᠨᠢᠭᠡᠨᠲᠡ ᠲᠡᠭᠡᠭᠡᠪᠦᠷᠢ ᠶᠢᠨ ᠵᠠᠬ᠎ᠠ | ᠳᠡᠯᠭᠡᠭᠦᠷ ᠲᠤ ᠤᠷᠤᠭᠰᠠᠨ ᠬᠦᠨᠳᠦ ᠬᠡᠯᠪᠡᠷᠢ ᠶᠢᠨ ᠪᠠᠷᠠᠭᠠᠨ ᠤ ᠮᠠᠰᠢᠨ ᠲᠡᠷᠭᠡ ᠪᠣᠯᠤᠨ ᠰᠠᠯᠤᠩᠭᠢ ᠴᠢᠷᠦᠭᠦᠯ ᠲᠡᠷᠭᠡ | ᠳᠤ᠂ 2015 ᠣᠨ ᠤ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠳᠠᠭᠠᠭᠤᠯᠢ ᠣᠳᠣᠨ ᠤ ᠣᠷᠣᠨ | ᠲᠣᠭᠲᠠᠭᠠᠬᠤ ᠲᠣᠨᠤᠭ ᠲᠥᠬᠦᠭᠡᠷᠦᠮᠵᠢ ᠶᠢ ᠪᠦᠬᠦᠨ ᠢ ᠤᠭᠰᠠᠷᠠᠵᠤ ᠬᠡᠷᠡᠭᠯᠡᠬᠦ ᠶᠢᠨ ᠬᠠᠮᠲᠤ᠂ ᠵᠠᠮ ᠢᠶᠠᠷ ᠪᠠᠷᠠᠭ᠎ᠠ | ᠲᠡᠭᠡᠭᠡᠪᠦᠷᠢᠯᠡᠬᠦ ᠲᠡᠷᠭᠡ ᠬᠥᠰᠬᠡ ᠶᠢᠨ ᠣᠯᠠᠨ ᠨᠡᠶᠢᠲᠡ ᠶᠢᠨ ᠲᠠᠪᠴᠠᠩ ᠳᠤ ᠵᠠᠯᠭᠠᠵᠤ ᠣᠷᠣᠭᠤᠯᠬᠤ ᠬᠡᠷᠡᠭᠲᠡᠶ᠃ | ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠲᠡᠷᠭᠡ ᠬᠥᠰᠬᠡ ᠶᠢᠨ ᠬᠥᠳᠡᠯᠦᠩᠭᠦᠶ ᠪᠠᠶᠢᠳᠠᠯ ᠤᠨ | ᠬᠢᠨᠠᠯᠲᠠ ᠬᠠᠮᠢᠶᠠᠷᠤᠯᠲᠠ ᠶᠢ ᠲᠤᠰ ᠠᠷᠭ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠵᠦ ᠪᠣᠯᠤᠨ᠎ᠠ᠃ | ᠳᠥᠴᠢᠨ ᠨᠢᠭᠡᠳᠦᠭᠡᠷ ᠵᠦᠶᠯ ᠲᠣᠰ ᠠᠷᠭ᠎ᠠ ᠶᠢ 2014 ᠣᠨ ᠤ 7 ᠳ᠋ᠤᠭᠠᠷ ᠰᠠᠷ᠎ᠠ ᠶᠢᠨ 1 ᠤ ᠡᠳᠦᠷ | ᠠᠴᠠ ᠡᠬᠢᠯᠡᠵᠦ ᠬᠡᠷᠡᠭᠵᠢᠭᠦᠯᠦᠨ᠎ᠡ᠃ | ᠬᠠᠮᠢᠶ᠎ᠠ ᠪᠥᠬᠦᠶ ᠪᠢᠴᠢᠭᠯᠡᠯ᠄ ︽︿ᠵᠠᠮ ᠲᠡᠭᠡᠭᠡᠪᠦᠷᠢ ᠶᠢᠨ ᠲᠡᠷᠭᠡ ᠬᠥᠰᠬᠡ ᠶᠢᠨ ᠬᠥᠳᠡᠯᠦᠩᠭᠦᠶ ᠪᠠᠶᠢᠳᠠᠯ ᠤᠨ | ᠬᠢᠨᠠᠯᠲᠠ ᠬᠠᠮᠢᠶᠠᠷᠤᠯᠲᠠ ᠶᠢᠨ ᠠᠷᠭ᠎ᠠ﹀ ᠳᠤ ᠵᠠᠰᠠᠪᠤᠷᠢ ᠣᠷᠣᠭᠤᠯᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ | ᠶᠠᠮᠤᠨ ᠳᠣᠲᠣᠭᠠᠳᠤ ᠶᠢ ᠬᠠᠮᠠᠭᠠᠯᠠᠬᠤ ᠶᠠᠮᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ | ᠲᠣᠭᠲᠠᠭᠠᠯ︾ ᠤᠨ ᠲᠠᠶᠢᠯᠤᠮᠵᠢ |