ᠬᠥᠬᠡᠬᠤᠲᠠ ᠶᠢᠨ ︽ᠬᠥᠬᠡᠬᠤᠲᠠ ᠶᠢᠨ ᠺᠣᠳ᠋︾ ᠨᠢ ᠥᠨᠳᠥᠷ ᠪᠦᠲᠦᠮᠵᠢᠲᠡᠶ ᠨᠡᠪᠲᠡᠷᠡᠬᠦ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2022/6/8
     ᠣᠶᠢᠷ᠎ᠠ ᠳᠤ᠂ ᠬᠥᠬᠡᠬᠤᠲᠠ ᠪᠥᠬᠦ ᠬᠤᠲᠠ ᠶᠢᠨ ᠬᠡᠪᠴᠢᠶᠡᠨ ᠳᠤ ᠨᠢᠭᠡᠳᠦᠯᠲᠡᠶ ︽ᠬᠥᠬᠡᠬᠤᠲᠠ ᠶᠢᠨ ᠺᠣᠳ᠋︾  ᠢ ᠬᠡᠷᠡᠭᠵᠢᠭᠦᠯᠵᠦ᠂ ᠨᠢᠭᠡ ᠺᠣᠳ᠋ ᠢᠶᠠᠷ ᠨᠡᠪᠲᠡᠷᠡᠬᠦ ᠶᠢ ᠪᠡᠶᠡᠯᠡᠭᠦᠯᠵᠦ᠂  ︽ᠨᠢᠭᠡ ᠯᠡ ᠤᠳᠠᠭ᠎ᠠ ᠰᠢᠷᠪᠢᠪᠡᠯ︾ ᠳᠠᠷᠤᠶ ᠡᠷᠡᠭᠦᠯ ᠮᠡᠨᠳᠦ ᠶᠢᠨ ᠺᠣᠳ᠋᠂ ᠴᠢᠮᠡᠭᠡ ᠬᠤᠯᠪᠣᠭᠠᠨ ᠤ ᠠᠶᠠᠯᠠᠯ ᠤᠨ ᠺᠠᠷᠲ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠦᠷ᠎ᠡ ᠳ᠋ᠦᠩ ᠢ ᠪᠠᠶᠢᠴᠠᠭᠠᠨ ᠯᠠᠪᠯᠠᠵᠤ᠂ ᠲᠣᠰ ᠬᠤᠲᠠ ᠳᠤ ᠣᠷᠣᠵᠤ ᠭᠠᠷᠬᠤ ᠬᠥᠮᠦᠰ ᠤᠨ ᠥᠨᠳᠥᠷ ᠪᠦᠲᠦᠮᠵᠢᠲᠡᠶ ᠨᠡᠪᠲᠡᠷᠡᠬᠦ ᠳᠤ ᠲᠤᠶᠢᠯ ᠤᠨ ᠶᠡᠭᠡ ᠲᠥᠬᠦᠮ ᠦᠵᠡᠭᠦᠯᠪᠡ᠃      ︽ᠬᠥᠬᠡᠬᠤᠲᠠ ᠶᠢᠨ ᠺᠣᠳ᠋︾ ᠲᠤ ︽ᠨᠠᠰᠤᠲᠠᠨ ᠨᠢᠯᠬᠠᠰ ᠤᠨ ᠬᠥᠬᠡᠬᠤᠲᠠ ᠶᠢᠨ ᠺᠣᠳ᠋ ᠢ ᠬᠠᠪᠰᠤᠷᠤᠨ ᠪᠠᠶᠢᠴᠠᠭᠠᠨ ᠯᠠᠪᠯᠠᠬᠤ︾ ︽ᠪᠤᠰᠤᠳ ᠬᠥᠮᠦᠨ ᠳᠤ ᠬᠥᠬᠡᠬᠤᠲᠠ ᠶᠢᠨ ᠺᠣᠳ᠋ ᠢ ᠣᠷᠣᠯᠠᠨ ᠭᠦᠶᠴᠡᠳᠬᠡᠵᠦ ᠥᠭᠬᠦ︾᠂ ᠰᠢᠶᠠᠩᠭᠠᠩ ᠣᠣᠮᠧᠨ ᠲᠠᠶᠢᠸᠠᠨ ᠤ ᠬᠥᠮᠦᠰ᠂ ᠭᠠᠳᠠᠭᠠᠳᠤ  ᠬᠠᠷᠢᠶ᠎ᠠ ᠲᠠᠢ ᠬᠥᠮᠦᠰ ᠤᠨ ᠺᠣᠳ᠋ ᠰᠢᠷᠪᠢᠵᠦ ᠨᠡᠪᠲᠡᠷᠡᠬᠦ ᠵᠡᠷᠭᠡ ᠴᠢᠳᠠᠮᠵᠢ ᠶᠢ ᠪᠠᠭᠲᠠᠭᠠᠵᠤ᠂ ᠨᠠᠰᠤᠲᠠᠶᠢᠴᠤᠳ ᠵᠡᠷᠭᠡ ᠣᠶᠤᠨᠴᠢ ᠭᠠᠷ ᠤᠲᠠᠰᠤ ᠬᠡᠷᠡᠭᠯᠡᠬᠦ ᠥᠬᠡᠶ ᠪᠤᠶᠤ ᠬᠡᠷᠡᠭᠯᠡᠬᠦ ᠳᠤ ᠳᠥᠭᠦᠮ ᠦᠭᠡᠢ ᠬᠥᠮᠦᠰ ᠲᠤ ᠪᠠᠶᠢᠴᠠᠭᠠᠨ ᠯᠠᠪᠯᠠᠬᠤ ᠲᠥᠬᠦᠮ ᠦᠶᠯᠡᠴᠢᠯᠡᠭᠡ ᠬᠠᠩᠭᠠᠪᠠ᠃ ᠲᠣᠰ ᠬᠤᠲᠠ ᠪᠠᠰᠠ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ︽ᠬᠥᠬᠡᠬᠤᠲᠠ ᠶᠢᠨ ᠺᠣᠳ᠋︾ ᠢ ᠬᠠᠷᠢᠴᠠᠭᠤᠯᠤᠨ ᠳᠡᠪᠰᠢᠭᠦᠯᠬᠦ ᠰᠢᠰᠲ᠋ᠧᠮ ᠢ ᠰᠤᠳᠤᠯᠤᠨ ᠨᠡᠭᠡᠭᠡᠵᠦ᠂ ᠡᠳᠦᠷ ᠪᠦᠷᠢ ᠲᠣᠮᠣ ᠳ᠋ᠠᠶᠢᠲ᠋ᠠ ᠪᠠᠷ ᠬᠠᠷᠭᠤᠭᠤᠯᠬᠤ ᠶᠢ ᠠᠰᠢᠭᠯᠠᠨ᠂ ᠰᠣᠷᠣᠭᠴᠢ ᠶᠢᠨ ᠺᠣᠳ᠋ ᠤᠨ ᠥᠩᠭᠡ ᠶᠢᠨ ᠬᠡᠪ ᠤᠨ ᠪᠤᠰᠤ ᠮᠡᠳᠡᠭᠡ ᠵᠠᠩᠭᠢ ᠶᠢ ᠰᠤᠷᠭᠠᠭᠤᠯᠢ ᠵᠢᠴᠢ ᠠᠩᠭᠢ ᠶᠢᠨ ᠡᠷᠬᠢᠯᠡᠭᠴᠢ ᠳᠤ ᠨᠢ ᠠᠦ᠋ᠲ᠋ᠣ᠋ ᠪᠠᠷ ᠬᠦᠷᠭᠡᠨ᠎ᠡ᠃ ᠭᠠᠳᠠᠷ ᠣᠷᠣᠨ ᠤ ᠵᠢᠯᠣᠭᠤᠴᠢ ᠪᠠᠰᠠ ᠬᠥᠬᠡᠬᠤᠲᠠ ᠶᠢᠨ ᠡᠮᠴᠢᠯᠡᠭᠡᠨ ᠤ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠤᠨ ︽ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠦᠷ᠎ᠡ ᠳ᠋ᠦᠩ ᠢ ᠪᠠᠶᠢᠴᠠᠭᠠᠨ ᠯᠠᠪᠯᠠᠬᠤ︾ ᠳᠤᠮᠳᠠ ᠬᠤᠪᠢ ᠬᠥᠮᠦᠨ ᠤ ᠣᠯᠠᠨ ᠤᠳᠠᠭᠠᠨ ᠤ ᠰᠢᠯᠭᠠᠨ ᠪᠠᠶᠢᠴᠠᠭᠠᠯᠲᠠ ᠶᠢᠨ ᠦᠷ᠎ᠡ ᠳ᠋ᠦᠩ ᠢ ᠪᠠᠶᠢᠴᠠᠭᠠᠨ ᠯᠠᠪᠯᠠᠵᠤ ᠪᠣᠯᠤᠨ᠎ᠠ᠂ ᠡᠯ᠎ᠡ ᠰᠢᠯᠭᠠᠨ ᠪᠠᠶᠢᠴᠠᠭᠠᠯᠲᠠ ᠶᠢᠨ ᠪᠠᠶᠢᠭᠤᠯᠤᠮᠵᠢ ᠨᠢ ᠭᠠᠷ ᠢᠶᠠᠷ ᠳᠡᠭᠡᠭᠰᠢ ᠮᠡᠳᠡᠭᠦᠯᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠮᠡᠳᠡᠭᠡ ᠵᠠᠩᠭᠢ ᠶᠢᠨ ᠰᠢᠰᠲ᠋ᠧᠮ ᠳᠤ ᠰᠢᠯᠭᠠᠨ ᠪᠠᠶᠢᠴᠠᠭᠠᠯᠲᠠ ᠶᠢᠨ ᠦᠷ᠎ᠡ ᠳ᠋ᠦᠩ ᠢ ᠮᠡᠳᠡᠭᠦᠯᠦᠨ ᠬᠦᠷᠭᠡᠨ᠎ᠡ᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠢᠭᠡᠳᠦᠯᠲᠡᠶ ᠺᠣᠳ᠋ ᠣᠯᠭᠤᠬᠤ ᠺᠣᠳ᠋ ᠰᠢᠯᠵᠢᠭᠦᠯᠬᠦ ᠰᠢᠰᠲ᠋ᠧᠮ ᠢ ᠠᠰᠢᠭᠯᠠᠨ ᠺᠣᠳ᠋ ᠣᠯᠭᠤᠵᠤ ᠺᠣᠳ᠋ ᠰᠢᠯᠵᠢᠭᠦᠯᠦᠨ᠂ ᠺᠣᠳ᠋ ᠣᠯᠭᠤᠬᠤ ᠪᠠ ᠺᠣᠳ᠋ ᠰᠢᠯᠵᠢᠭᠦᠯᠬᠦ ᠪᠠᠷᠢᠮᠵᠢᠶ᠎ᠠ ᠶᠢ ᠪᠥᠬᠦ ᠣᠷᠣᠨ ᠳᠤ ᠨᠢᠭᠡᠳᠦᠯᠲᠡᠶ ᠪᠣᠯᠭᠠᠪᠠ᠃ ᠰᠢᠨ᠎ᠡ ᠪᠠᠷ ᠨᠡᠮᠡᠭᠳᠡᠭᠰᠡᠨ ᠤᠯᠠᠭᠠᠨ ᠺᠣᠳ᠋ ᠪᠠ ᠰᠢᠷ᠎ᠠ ᠺᠣᠳ᠋ ᠣᠯᠭᠤᠭᠰᠠᠨ ᠮᠡᠳᠡᠭᠡ ᠵᠠᠩᠭᠢ ᠶᠢ ᠥᠪᠡᠷᠲᠡᠭᠡᠨ ᠵᠠᠰᠠᠬᠤ ᠣᠷᠣᠨ ᠤ ᠰᠢᠰᠲ᠋ᠧᠮ ᠢᠶᠠᠷ ᠳᠠᠮᠵᠢᠭᠤᠯᠤᠨ ᠤᠯᠤᠰ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠳᠤ ᠴᠠᠭ ᠲᠤᠬᠠᠶ ᠳᠤ ᠨᠢ ᠳᠠᠮᠵᠢᠭᠤᠯᠤᠨ ᠬᠦᠷᠭᠡᠵᠦ᠂ ᠡᠯ᠎ᠡ ᠭᠠᠵᠠᠷ ᠤᠨ ᠺᠣᠳ᠋ ᠣᠯᠭᠤᠭᠰᠠᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠬᠠᠮᠲᠤ ᠪᠠᠷ ᠭᠥᠷᠳᠡᠬᠦ ᠶᠢ ᠪᠡᠶᠡᠯᠡᠭᠦᠯᠵᠦ᠂ ᠮᠤᠵᠢ ᠠᠯᠤᠰᠯᠠᠭᠰᠠᠨ ᠲᠦᠭᠰᠢᠭᠦᠷᠢ ᠲᠠᠢ ᠬᠥᠮᠦᠰ ᠤᠨ ᠺᠣᠳ᠋ ᠤᠨ ᠥᠩᠭᠡ ᠶᠢ ᠬᠠᠮᠲᠤ ᠪᠠᠷ ᠭᠥᠷᠳᠡᠬᠦ ᠪᠠ ᠬᠠᠮᠢᠶᠠᠷᠤᠨ ᠡᠵᠡᠮᠳᠡᠬᠦ ᠶᠢ ᠪᠡᠶᠡᠯᠡᠭᠦᠯᠪᠡ᠃ ᠪᠤᠰᠤᠳ ᠮᠤᠵᠢ ᠣᠷᠣᠨ ᠠᠴᠠ ᠣᠷᠣᠵᠤ ᠢᠷᠡᠭᠰᠡᠨ ᠬᠥᠮᠦᠰ ᠲᠤ ᠪᠥᠬᠦ ᠬᠡᠮᠵᠢᠶ᠎ᠡ ᠪᠠᠷ ᠺᠣᠳ᠋ ᠣᠯᠭᠤᠬᠤ ᠦᠵᠡᠭᠳᠡᠯ ᠥᠬᠡᠶ᠃      ᠣᠶᠢᠯᠠᠭᠠᠭᠰᠠᠨ ᠢᠶᠠᠷ᠂ ᠬᠥᠬᠡᠬᠤᠲᠠ ᠶᠢᠨ ᠳᠡᠭᠡᠳᠦ ᠬᠤᠷᠳᠤ ᠶᠢᠨ ᠵᠠᠰᠠᠮᠠᠯ ᠵᠠᠮ᠂ ᠤᠯᠤᠰ ᠮᠤᠵᠢ ᠶᠢᠨ ᠭᠤᠤᠯ ᠱᠤᠭᠤᠮ᠂ ᠰᠢᠶᠠᠨ ᠰᠢᠶᠠᠩ ᠲᠣᠰᠬᠤᠨ ᠤ ᠵᠠᠰᠠᠮᠠᠯ ᠵᠠᠮ ᠰᠠᠭᠠᠳ ᠥᠬᠡᠶ ᠨᠡᠪᠲᠡᠷᠡᠵᠦ᠂ ᠳᠡᠭᠡᠳᠦ ᠬᠤᠷᠳᠤ ᠶᠢᠨ ᠵᠠᠰᠠᠮᠠᠯ ᠵᠠᠮ ᠤᠨ ᠦᠶᠯᠡᠴᠢᠯᠡᠭᠡᠨ ᠤ ᠲᠣᠭᠤᠷᠢᠭ ᠪᠠ ᠰᠦᠶᠳᠬᠡᠯ ᠬᠤᠷᠢᠶᠠᠬᠤ ᠥᠷᠲᠡᠭᠡ᠂ ᠲᠡᠮᠦᠷ ᠵᠠᠮ ᠤᠨ ᠲᠡᠷᠭᠡᠨ ᠥᠷᠲᠡᠭᠡ ᠪᠠ ᠠᠷᠠᠳ ᠤᠨ ᠬᠡᠷᠡᠭᠯᠡᠭᠡᠨ ᠤ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠡᠵᠡᠩᠨᠡᠯᠲᠡ ᠨᠢ ᠡᠮᠬᠢ ᠵᠢᠷᠤᠮ ᠲᠠᠢ ᠪᠠᠶᠢᠵᠤ᠂ ᠡᠯ᠎ᠡ ᠵᠠᠮ ᠬᠠᠷᠢᠯᠴᠠᠭ᠎ᠠ ᠪᠠᠷᠠᠭᠠᠨ ᠤ ᠭᠦᠶᠯᠭᠡᠭᠡᠨ ᠤ ᠵᠠᠩᠭᠢᠯᠠᠭ᠎ᠠ ᠶᠢᠨ ᠴᠡᠭ ᠤᠨ ᠠᠵᠢᠯᠯᠠᠭᠠᠨ  ᠨᠢ ᠬᠡᠪ ᠤᠨ ᠪᠠᠶᠢᠵᠤ᠂ ᠲᠣᠰ ᠬᠤᠲᠠ ᠶᠢᠨ ᠪᠠᠶᠢᠷᠢᠯᠠᠭᠤᠯᠤᠭᠰᠠᠨ 40 ᠬᠡᠰᠡᠭ ᠲᠤᠬᠠᠢ ᠶᠢᠨ ᠭᠠᠵᠠᠷ ᠤᠨ ᠪᠥᠭᠡᠮ ᠬᠦᠴᠢᠯ ᠤᠨ ᠦᠯᠢᠭᠡᠷ ᠠᠪᠬᠤ ᠴᠡᠭ ᠨᠢ ᠵᠠᠰᠠᠮᠠᠯ ᠵᠠᠮ ᠢᠶᠠᠷ ᠳᠠᠮᠵᠢᠨ ᠬᠦᠬᠡᠬᠤᠲᠠ ᠳᠤ ᠢᠷᠡᠬᠦ ︵ᠪᠤᠴᠠᠬᠤ︶ ᠲᠡᠷᠭᠡ ᠬᠦᠰᠬᠡ ᠶᠢᠨ ᠵᠢᠯᠣᠭᠤᠴᠢ ᠠᠶᠠᠨᠴᠢᠳ ᠲᠤ ᠦᠨ᠎ᠡ ᠲᠥᠯᠥᠪᠦᠷᠢ ᠥᠬᠡᠶ ᠪᠠᠷ ᠲᠤᠬᠠᠢ ᠶᠢᠨ ᠭᠠᠵᠠᠷ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠬᠤ ᠦᠶᠯᠡᠴᠢᠯᠡᠭᠡ ᠬᠠᠩᠭᠠᠨ᠎ᠠ᠃ ᠭᠤᠤᠯ ᠬᠤᠲᠠ ᠲᠣᠭᠤᠷᠢᠭ ᠤᠨ ᠡᠷᠬᠢᠨ ᠲᠣᠭᠤᠷᠢᠨ ᠤ ᠲᠡᠷᠭᠡᠨ ᠴᠣᠪᠤᠷᠠᠯ ᠨᠡᠯᠢᠶᠡᠳ ᠲᠥᠪᠯᠡᠷᠡᠭᠰᠡᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠦᠶᠯᠡᠴᠢᠯᠡᠭᠡᠨ  ᠤ ᠲᠣᠭᠤᠷᠢᠭ ᠲᠤ 2 ᠬᠡᠰᠡᠭ ᠲᠦᠷ ᠴᠠᠭ ᠤᠨ ᠪᠥᠭᠡᠮ ᠬᠦᠴᠢᠯ ᠤᠨ ᠥᠯᠢᠭᠡᠷ ᠠᠪᠬᠤ ᠴᠡᠭ ᠭᠠᠷᠭᠠᠵᠤ᠂ ᠲᠣᠰ ᠬᠤᠲᠠ ᠳᠤ ᠣᠷᠣᠵᠤ ᠭᠠᠷᠬᠤ ᠲᠡᠷᠭᠡ ᠬᠥᠰᠬᠡ ᠶᠢᠨ ᠵᠢᠯᠣᠭᠤᠴᠢ ᠠᠶᠠᠨᠴᠢᠳ ᠲᠤ ᠲᠥᠬᠦᠮ ᠪᠥᠭᠡᠮ ᠬᠦᠴᠢᠯ ᠤᠨ ᠥᠯᠢᠭᠡᠷ ᠠᠪᠬᠤ ᠦᠶᠯᠡᠴᠢᠯᠡᠭᠡ ᠬᠠᠩᠭᠠᠵᠤ᠂ ᠡᠲᠡᠭᠡᠷ ᠠᠷᠭ᠎ᠠ ᠬᠡᠮᠵᠢᠶ᠎ᠡ ᠨᠢ ᠪᠥᠬᠦ ᠬᠤᠲᠠ ᠶᠢᠨ ᠵᠠᠮ ᠬᠠᠷᠢᠯᠴᠠᠭᠠᠨ ᠤ ᠴᠢᠬᠤᠯᠠ ᠵᠠᠮ ᠪᠠ ᠪᠠᠷᠠᠭᠠᠨ ᠤ ᠭᠦᠶᠯᠭᠡᠭᠡᠨ ᠤ ᠪᠢᠴᠢᠯ ᠡᠷᠭᠢᠯᠲᠡ ᠶᠢᠨ ᠠᠵᠢᠯᠯᠠᠭᠠᠨ ᠤ ᠰᠠᠭᠠᠳ ᠥᠬᠡᠶ ᠨᠡᠪᠲᠡᠷᠡᠬᠦ  ᠶᠢ ᠬᠦᠴᠦᠲᠡᠶ ᠪᠠᠲᠤᠯᠠᠪᠠ᠃  ︵ᠵᠠᠩ ᠷᠦᠸᠧ ᠢᠤᠢ︶
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号