ᠯᠠᠪᠯᠠᠬᠤ ᠠᠭᠤᠯᠭ᠎ᠠ᠄ ᠲᠠ ᠰᠠᠶᠢᠨ ᠦᠦ︖ ᠠᠰᠠᠭᠤᠬᠤ ᠨᠢ᠄ 1. ᠮᠤᠵᠢ ᠶᠢᠨ ᠭᠠᠳᠠᠨᠠᠬᠢ ᠵᠠᠰᠠᠮᠠᠯ ᠵᠠᠮ ᠤᠨ | ᠪᠠᠷᠢᠯᠭ᠎ᠠ ᠶᠢᠨ ᠬᠢᠨᠠᠨ ᠬᠠᠮᠢᠶᠠᠷᠬᠤ ᠠᠵᠤ ᠠᠬᠤᠶᠢᠯᠠᠯ ᠡᠷᠬᠢᠮ ᠮᠤᠵᠢ ᠳᠤ ᠲᠤᠬᠠᠶᠢᠯᠠᠭᠰᠠᠨ ᠠᠵᠢᠯ ᠬᠦᠯᠢᠶᠡᠨ ᠠᠪᠬᠤ | ᠳᠤ᠂ ︽ᠢᠲᠡᠭᠡᠮᠵᠢᠲᠦ ᠵᠠᠮ ᠬᠠᠷᠢᠯᠴᠠᠭ᠎ᠠ · ᠥᠪᠥᠷ ᠮᠣᠩᠭᠤᠯ︾ ᠪᠤᠶᠤ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ | ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ︾ ᠤᠨ ᠰᠦᠯᠵᠢᠶᠡᠨ ᠥᠷᠲᠡᠭᠡ ᠪᠠᠷ ᠤᠷᠢᠳᠠᠪᠠᠷ ᠳᠠᠩᠰᠠᠯᠠᠭᠤᠯᠤᠨ | ᠲᠡᠮᠳᠡᠭᠯᠡᠭᠦᠯᠬᠦ ᠴᠢᠬᠤᠯᠠᠲᠠᠢ ᠦᠦ︖ ᠳᠠᠩᠰᠠᠯᠠᠬᠤ ᠴᠢᠬᠤᠯᠠ ᠲᠠᠢ ᠪᠣᠯ ᠳᠠᠩᠰᠠᠯᠠᠬᠤ ᠴᠣᠪᠤᠷᠠᠯ ᠪᠤᠶᠤ ᠯᠠᠪᠯᠠᠬᠤ | ᠤᠲᠠᠰᠤ ᠨᠢ ᠬᠡᠳᠦᠶ ᠪᠣᠶ︖ ᠡᠰᠡᠭᠦᠯ᠎ᠡ ᠡᠷᠬᠢᠮ ᠮᠤᠵᠢ ᠶᠢᠨ ᠲᠤᠬᠠᠶ ᠶᠢᠨ ᠭᠠᠵᠠᠷ ᠲᠤ ᠠᠵᠢᠯ ᠶᠢᠨ ᠠᠮᠵᠢᠯᠲᠠ ᠲᠠᠢ | ᠪᠣᠯᠤᠭᠰᠠᠨ ᠤ ᠳᠠᠷᠠᠭ᠎ᠠ ᠰᠠᠶ᠋ᠢ ᠢᠲᠡᠭᠡᠮᠵᠢ ᠶᠢᠨ ᠦᠨᠡᠯᠡᠯᠲᠡ ᠳᠤ ᠣᠷᠣᠯᠴᠠᠬᠤ ᠪᠠᠷ ᠭᠤᠶᠤᠴᠢᠯᠠᠵᠤ ᠪᠣᠯᠤᠨ᠎ᠠ ᠦᠦ︖ | 2. ᠮᠤᠵᠢ ᠶᠢᠨ ᠭᠠᠳᠠᠨᠠᠬᠢ ᠵᠠᠰᠠᠮᠠᠯ ᠵᠠᠮ ᠤᠨ ᠪᠠᠷᠢᠯᠭ᠎ᠠ ᠶᠢᠨ ᠬᠢᠨᠠᠨ ᠬᠠᠮᠢᠶᠠᠷᠬᠤ ᠠᠵᠤ ᠠᠬᠤᠶᠢᠯᠠᠯ ᠡᠷᠬᠢᠮ ᠮᠤᠵᠢ | ᠳᠤ ᠲᠤᠬᠠᠶᠢᠯᠠᠭᠰᠠᠨ ᠠᠵᠢᠯ ᠬᠦᠯᠢᠶᠡᠨ ᠠᠪᠬᠤ ᠳᠤ ᠳᠡᠭᠡᠷ᠎ᠡ ᠳᠤᠷᠠᠳᠤᠭᠰᠠᠨ ᠬᠤᠶᠠᠷ ᠰᠦᠯᠵᠢᠶᠡᠨ ᠥᠷᠲᠡᠭᠡ ᠠᠴᠠ | ᠭᠠᠳᠠᠨ᠎ᠠ ᠪᠠᠰᠠ ᠪᠤᠰᠤᠳ ᠰᠠᠯᠠᠭ᠎ᠠ ᠮᠥᠴᠢᠷ ᠪᠤᠶᠤ ᠰᠦᠯᠵᠢᠶᠡᠨ ᠥᠷᠲᠡᠭᠡ ᠳᠤ ᠳᠠᠩᠰᠠᠯᠠᠭᠤᠯᠤᠨ ᠲᠡᠮᠳᠡᠭᠯᠡᠭᠦᠯᠬᠦ | ᠴᠢᠬᠤᠯᠠᠲᠠᠢ ᠦᠦ︖ | | ᠬᠠᠷᠢᠭᠤᠯᠲᠠ ᠶᠢᠨ ᠠᠭᠤᠯᠭ᠎ᠠ᠄ 1. ᠮᠤᠵᠢ ᠶᠢᠨ ᠭᠠᠳᠠᠨᠠᠬᠢ ᠵᠠᠰᠠᠮᠠᠯ ᠵᠠᠮ ᠤᠨ ᠪᠠᠷᠢᠯᠭ᠎ᠠ ᠶᠢᠨ ᠬᠢᠨᠠᠨ | ᠬᠠᠮᠢᠶᠠᠷᠬᠤ ᠠᠵᠤ ᠠᠬᠤᠶᠢᠯᠠᠯ ᠮᠠᠨ ᠤ ᠣᠷᠣᠨ ᠳᠤ ᠲᠤᠬᠠᠶᠢᠯᠠᠭᠰᠠᠨ ᠠᠵᠢᠯ ᠬᠦᠯᠢᠶᠡᠨ ᠠᠪᠬᠤ ᠳᠤ᠂ ᠮᠠᠨ ᠤ ᠣᠷᠣᠨ | ︽ᠢᠲᠡᠭᠡᠮᠵᠢᠲᠦ ᠵᠠᠮ ᠬᠠᠷᠢᠯᠴᠠᠭ᠎ᠠ · ᠥᠪᠥᠷ ᠮᠣᠩᠭᠤᠯ︾ ᠪᠤᠶᠤ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ | ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ︾ ᠤᠨ ᠰᠦᠯᠵᠢᠶᠡᠨ ᠥᠷᠲᠡᠭᠡ ᠳᠤ ᠳᠠᠩᠰᠠᠯᠠᠭᠤᠯᠤᠨ ᠲᠡᠮᠳᠡᠭᠯᠡᠭᠦᠯᠬᠦ ᠶᠢ | ᠱᠠᠭᠠᠷᠳᠠᠬᠤ ᠦᠭᠡᠶ᠃ | ᠢᠲᠡᠭᠡᠮᠵᠢ ᠶᠢᠨ ᠦᠨᠡᠯᠡᠯᠲᠡ ᠶᠢᠨ ᠲᠠᠯ᠎ᠠ ᠪᠠᠷ᠄ ᠬᠢᠨᠠᠨ ᠬᠠᠮᠢᠶᠠᠷᠬᠤ ᠠᠵᠤ ᠠᠬᠤᠶᠢᠯᠠᠯ ᠨᠢ ᠲᠥᠷᠥᠯ ᠵᠦᠢᠯ | ᠤᠨ ᠥᠮᠴᠢᠲᠡᠨ ᠠᠴᠠ ᠳᠠᠩᠰᠠᠨ ᠨᠣᠮᠧᠷ ᠭᠤᠶᠤᠴᠢᠯᠠᠵᠤ᠂ ︽ᠵᠠᠰᠠᠮᠠᠯ ᠵᠠᠮ ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ | ᠬᠢᠨᠠᠨ ᠬᠠᠮᠢᠶᠠᠷᠬᠤ ᠢᠲᠡᠭᠡᠮᠵᠢ ᠶᠢᠨ ᠦᠨᠡᠯᠡᠬᠦ ᠠᠷᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠶ ᠵᠠᠮ ᠬᠠᠷᠢᠯᠴᠠᠭ᠎ᠠ | ᠲᠡᠭᠡᠭᠡᠪᠦᠷᠢ ᠶᠢᠨ ᠶᠠᠮᠤᠨ ᠤ ᠮᠡᠳᠡᠭᠳᠡᠯ ︾ ︵ᠵᠠᠮ ᠶᠠᠰᠤ ᠴᠢᠨᠠᠷ ᠤᠨ ᠬᠢᠨᠠᠯᠲᠠ ᠲᠠᠷᠬᠠᠭᠠᠭᠰᠠᠨ〔2012〕774 | ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠵᠠᠰᠠᠮᠠᠯ ᠵᠠᠮ ᠤᠨ ᠪᠠᠷᠢᠯᠭ᠎ᠠ ᠶᠢᠨ ᠬᠢᠨᠠᠨ ᠬᠠᠮᠢᠶᠠᠷᠬᠤ ᠠᠵᠤ | ᠠᠬᠤᠶᠢᠯᠠᠯ᠂ ᠬᠢᠨᠠᠨ ᠬᠠᠮᠢᠶᠠᠷᠬᠤ ᠢᠨᠵᠧᠨᠧᠷ ᠤᠨ ᠢᠲᠡᠭᠡᠮᠵᠢ ᠶᠢᠨ ᠦᠨᠡᠯᠡᠯᠲᠡ ᠳᠤ ᠣᠷᠣᠯᠴᠠᠨ᠎ᠠ᠃ | 2. ᠮᠠᠨ ᠤ ᠣᠷᠣᠨ ᠪᠤᠰᠤᠳ ᠰᠠᠯᠠᠭ᠎ᠠ ᠮᠥᠴᠢᠷ ᠪᠤᠶᠤ ᠰᠦᠯᠵᠢᠶᠡᠨ ᠥᠷᠲᠡᠭᠡ ᠳᠤ ᠳᠠᠩᠰᠠᠯᠠᠭᠤᠯᠤᠨ | ᠲᠡᠮᠳᠡᠭᠯᠡᠭᠦᠯᠬᠦ ᠶᠢ ᠱᠠᠭᠠᠷᠳᠠᠬᠤ ᠥᠬᠡᠶ᠃ |