ᠣᠶᠢᠷ᠎ᠠ ᠳᠤ᠂ ᠤᠯᠠᠭᠠᠨᠴᠠᠪ ᠬᠤᠲᠠ ᠶᠢᠨ ᠪᠠᠷᠠᠭᠠᠨ ᠤ ᠭᠦᠢᠯᠭᠡᠭᠡᠨ ᠤ ᠰᠠᠭᠠᠳ ᠥᠬᠡᠶ ᠨᠡᠪᠲᠡᠷᠡᠬᠦ ᠶᠢ | ᠪᠠᠲᠤᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠬᠠᠮᠢᠶ᠎ᠠ ᠪᠥᠬᠦᠶ ᠬᠥᠮᠦᠰ ᠢ ᠵᠣᠬᠢᠶᠠᠨ | ᠪᠠᠶᠢᠭᠤᠯᠤᠨ ᠹᠧᠩᠵᠧᠨ ᠬᠤᠲᠠ ᠳᠤ ᠬᠦᠷᠴᠦ᠂ 208 ᠤᠯᠤᠰ ᠤᠨ ᠵᠠᠮ ᠤᠨ ᠹᠧᠩᠵᠧᠨ ᠠᠴᠠ ᠳ᠋ᠠᠲ᠋ᠦ᠋ᠩ ᠬᠥᠷᠬᠦ | ᠠᠭᠤᠯᠵᠠᠷ ᠲᠤ ᠪᠠᠷᠠᠭᠠᠨ ᠤ ᠲᠡᠭᠡᠭᠡᠪᠦᠷᠢ ᠶᠢᠨ ᠲᠡᠷᠭᠡ ᠬᠦᠰᠭᠡ ᠶᠢᠨ ᠲᠦᠭᠵᠢᠷᠡᠬᠦ ᠠᠰᠠᠭᠤᠳᠠᠯ ᠢ ᠱᠠᠯᠠᠪᠳᠠᠭᠤᠯᠤᠨ | ᠵᠢᠯᠣᠭᠤᠳᠪᠠ᠃ | ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠬᠢᠨ ᠡᠩ ᠲᠡᠷᠢᠭᠦᠨ ᠳᠤ 208 ᠤᠯᠤᠰ ᠤᠨ ᠵᠠᠮ ᠤᠨ | ᠹᠧᠩᠵᠧᠨ ᠠᠴᠠ ᠳ᠋ᠠᠲ᠋ᠦ᠋ᠩ ᠤᠨ ᠠᠭᠤᠯᠵᠠᠷ ᠲᠤ ᠬᠦᠷᠴᠦ᠂ ᠪᠠᠷᠠᠭᠠᠨ ᠤ ᠲᠡᠭᠡᠭᠡᠪᠦᠷᠢ ᠶᠢᠨ ᠲᠡᠷᠭᠡ ᠬᠦᠰᠭᠡ ᠶᠢᠨ | ᠨᠡᠪᠲᠡᠷᠡᠬᠦ ᠪᠠᠶᠢᠳᠠᠯ ᠢ ᠲᠤᠬᠠᠢ ᠶᠢᠨ ᠭᠠᠵᠠᠷ ᠲᠤ ᠨᠢ ᠤᠢᠢᠯᠠᠭᠠᠭᠰᠠᠠ ᠪᠥᠭᠡᠳ ᠹᠧᠩᠵᠧᠨ ᠬᠤᠳᠠ ᠶᠢᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠵᠠᠮ ᠬᠠᠷᠢᠯᠴᠠᠭᠠᠨ ᠤ ᠪᠠᠲᠤᠯᠠᠭ᠎ᠠ ᠶᠢᠨ | ᠳᠤᠭᠤᠶᠢᠯᠠᠩ ᠲᠠᠢ ᠲᠦᠭᠵᠢᠷᠡᠯ ᠤᠨ ᠠᠰᠠᠭᠤᠳᠠᠯ ᠤᠨ ᠲᠤᠬᠠᠢ ᠰᠤᠳᠤᠯᠤᠨ ᠵᠥᠪᠳᠡᠯᠴᠡᠪᠡ᠃ ᠱᠠᠯᠠᠪᠳᠠᠭᠤᠯᠤᠨ | ᠵᠢᠯᠣᠭᠤᠳᠬᠤ ᠳᠤᠭᠤᠶᠢᠯᠠᠩ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠰᠠᠭᠠᠳ ᠥᠬᠡᠶ ᠨᠡᠪᠲᠡᠷᠡᠬᠦ ᠶᠢ | ᠪᠠᠲᠤᠯᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠠᠳᠬᠤᠬᠤ ᠬᠡᠷᠡᠭᠲᠡᠶ︔ ᠪᠠᠶᠢᠴᠠᠭᠠᠬᠤ ᠴᠡᠭ ᠤᠨ ᠠᠵᠢᠯᠲᠠᠨ ᠢ | ᠨᠡᠮᠡᠵᠦ᠂ ᠪᠠᠶᠢᠴᠠᠭᠠᠬᠤ ᠨᠡᠪᠲᠡᠷᠡᠬᠦ ᠵᠠᠮ ᠢ ᠨᠡᠮᠡᠵᠦ ᠪᠠᠶᠢᠭᠤᠯᠤᠨ᠂ ᠪᠠᠶᠢᠴᠠᠭᠠᠬᠤ ᠳᠠᠪᠲᠠᠮᠵᠢ ᠤᠳᠠᠭ᠎ᠠ ᠶᠢ | ᠨᠢᠭᠲᠠᠵᠢᠭᠤᠯᠤᠨ ᠶᠢ ᠲᠦᠷᠭᠡᠳᠬᠡᠨ᠎ᠡ ᠭᠡᠵᠦ ᠱᠠᠭᠠᠷᠳᠠᠪᠠ︔ ᠲᠤᠬᠠᠶ ᠶᠢᠨ ᠭᠠᠵᠠᠷ ᠤᠨ ᠵᠠᠮ ᠬᠠᠷᠢᠯᠴᠠᠭ᠎ᠠ | ᠲᠡᠭᠡᠭᠡᠪᠦᠷᠢ ᠶᠢᠨ ᠰᠠᠯᠠᠭ᠎ᠠ ᠮᠥᠴᠢᠷ ᠲᠤᠰᠬᠠᠶ ᠬᠥᠮᠦᠨ ᠲᠣᠮᠢᠯᠠᠨ ᠶᠦᠨ ᠹᠧᠩ ᠵᠠᠮ ᠤᠨ ᠪᠠᠷᠢᠯᠭ᠎ᠠ ᠶᠢᠨ ᠲᠤᠬᠠᠶ ᠶᠢᠨ | ᠲᠠᠯᠠᠪᠠᠶ ᠶᠢ ᠭᠤᠤᠯᠳᠠᠯᠭ᠎ᠠ ᠲᠠᠢ ᠠᠩᠬᠠᠷᠴᠤ᠂ 7 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠭᠤᠤᠯ ᠱᠤᠭᠤᠮ ᠢ | ᠤᠷᠤᠭᠰᠢᠲᠠᠶ ᠪᠠᠷ ᠲᠡᠷᠭᠡ ᠨᠡᠪᠲᠡᠷᠡᠭᠦᠯᠵᠦ᠂ 208 ᠤᠯᠤᠰ ᠤᠨ ᠵᠠᠮ ᠤᠨ ᠲᠦᠭᠵᠢᠷᠡᠯ ᠤᠨ ᠠᠰᠠᠭᠤᠳᠠᠯ ᠢ | ᠪᠦᠲᠦᠮᠵᠢᠲᠡᠶ ᠨᠠᠮᠳᠠᠭᠤᠯᠬᠤ ᠪᠠᠷ ᠴᠢᠷᠮᠠᠶᠢᠨ᠎ᠠ᠃ ᠡᠭᠦᠨ ᠤ ᠬᠠᠮᠲᠤ᠂ ᠲᠣᠰ ᠠᠯᠪᠠᠨ ᠬᠡᠷ ᠨᠢᠭᠡᠨᠲᠡ ᠳ᠋ᠠᠲ᠋ᠦ᠋ᠩ | ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ︵ᠵᠠᠮ ᠬᠠᠷᠢᠯᠴᠠᠭᠠᠨ ᠤ ᠪᠠᠲᠤᠯᠠᠭ᠎ᠠ ᠶᠢᠨ ᠳᠤᠭᠤᠶᠢᠯᠠᠩ | ︶ ᠳᠤ ᠵᠠᠬᠢᠳᠠᠯ ᠢᠯᠡᠭᠡᠵᠦ᠂ 208 ᠤᠯᠤᠰ ᠤᠨ ᠵᠠᠮ ᠤᠨ ᠹᠧᠩᠵᠧᠨ ᠬᠤᠲᠠ ᠠᠴᠠ ᠳ᠋ᠠᠲ᠋ᠦ᠋ᠩ ᠬᠤᠲᠠ ᠶᠢᠨ | ᠠᠭᠤᠯᠵᠠᠷ ᠬᠥᠷᠬᠦ ᠵᠠᠮ ᠤᠨ ᠬᠡᠰᠡᠭ ᠤᠨ ᠲᠦᠭᠵᠢᠷᠡᠯ ᠤᠨ ᠠᠰᠠᠭᠤᠳᠠᠯ ᠢ ᠬᠠᠮᠲᠤ ᠪᠠᠷ ᠰᠢᠢᠳᠪᠦᠷᠢᠯᠡᠬᠦ ᠪᠠᠷ ᠵᠥᠪᠳᠡᠪᠡ | ᠃ | ᠡᠬᠡ ᠪᠢᠴᠢᠭ ᠨᠡᠶᠢᠲᠡᠯᠡᠭᠰᠡᠨ ᠡᠳᠦᠷ ᠪᠣᠯᠲᠠᠯ᠎ᠠ᠂ ᠲᠦᠭᠵᠢᠷᠡᠯ ᠤᠨ ᠪᠠᠶᠢᠳᠠᠯ ᠢᠯᠡᠳᠲᠡ ᠰᠠᠶᠢᠵᠢᠷᠠᠵᠤ᠂ ᠵᠠᠮ | ᠨᠡᠪᠲᠡᠷᠡᠯᠭᠡ ᠶᠢᠨ ᠪᠠᠶᠢᠳᠠᠯ ᠦᠷᠭᠦᠯᠵᠢᠯᠡᠨ ᠰᠠᠶᠢᠵᠢᠷᠠᠪᠠ᠃ ︵ᠤᠯᠠᠭᠠᠨᠴᠠᠪ ᠬᠤᠲᠠ ᠶᠢᠨ ᠪᠠᠷᠠᠭᠠᠨ ᠤ ᠭᠦᠢᠯᠭᠡᠭᠡᠨ ᠤ | ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ︶ |