ᠠᠶᠠᠨᠴᠢᠳ ᠤᠨ ᠲᠡᠭᠡᠭᠡᠪᠦᠷᠢ ᠶᠢᠨ ᠰᠢᠨ᠎ᠡ ᠲᠣᠭᠲᠠᠭᠠᠯ ᠳᠠᠬᠢ 109 ᠳ᠋ᠦ᠋ᠭᠡᠷ ᠵᠦᠶᠯ ᠤᠨ ᠲᠠᠶᠢᠯᠪᠤᠷᠢᠯᠠᠯᠲᠠ
ᠨᠡᠶᠢᠲᠡᠯᠡᠭᠰᠡᠨ ᠴᠠᠭ᠄
2022/8/10
     ᠯᠠᠪᠯᠠᠬᠤ ᠠᠭᠤᠯᠭ᠎ᠠ᠄ ᠠᠶᠠᠨᠴᠢᠳ ᠤᠨ ᠲᠡᠭᠡᠭᠡᠪᠦᠷᠢ ᠶᠢᠨ ᠰᠢᠨ᠎ᠡ ᠲᠣᠭᠲᠠᠭᠠᠯ ᠳᠠᠬᠢ 109 ᠳ᠋ᠦ᠋ᠭᠡᠷ ᠵᠦᠶᠯ ᠎ ᠤᠨ ︽ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ︾ ᠭᠡᠳᠡᠭ ᠨᠢ ᠲᠣᠰ ᠲᠣᠰ ᠶᠠᠭᠤ ᠶᠢ ᠵᠢᠭᠠᠵᠤ ᠪᠠᠶᠢᠬᠤ ᠪᠣᠶ︖ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠳᠤ ᠵᠠᠰᠠᠭ ᠵᠠᠬᠢᠷᠭᠠᠨ ᠤ ᠵᠥᠪᠰᠢᠶᠡᠷᠡᠯ ᠢ ᠪᠠᠭᠲᠠᠭᠠᠨ᠎ᠠ ᠦᠦ︖ 74 ᠳ᠋ᠦ᠋ᠭᠡᠷ ᠵᠦᠶᠯ ᠳᠤ ᠠᠶᠠᠨᠴᠢᠳ ᠤᠨ ᠲᠡᠭᠡᠭᠡᠪᠦᠷᠢ ᠶᠢᠨ ᠡᠵᠡᠩᠨᠡᠭᠴᠢ ᠶᠢᠨ ᠲᠡᠷᠭᠡ ᠶᠠᠪᠤᠭᠤᠯᠬᠤ ᠴᠠᠭ ᠲᠤ ᠲᠣᠭᠲᠠᠭᠠᠯᠲᠠ ᠬᠢᠬᠦ ᠎ ᠨᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠳᠤ ᠬᠠᠷᠢᠶᠠᠯᠠᠭᠳᠠᠬᠤ ᠶᠤᠮ ᠤᠤ ᠡᠰᠡᠬᠦᠯ᠎ᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠳᠤ ᠬᠠᠷᠢᠶᠠᠯᠠᠭᠳᠠᠬᠤ ᠶᠤᠮ ᠤᠤ︖      ᠬᠠᠷᠢᠭᠤᠯᠲᠠ᠄ ︽ᠵᠠᠮ ᠤᠨ ᠠᠶᠠᠨᠴᠢᠳ ᠤᠨ ᠲᠡᠭᠡᠭᠡᠪᠦᠷᠢ ᠵᠢᠴᠢ ᠠᠶᠠᠨᠴᠢᠳ ᠤᠨ ᠲᠡᠭᠡᠭᠡᠪᠦᠷᠢ ᠶᠢᠨ ᠥᠷᠲᠡᠭᠡᠨ ᠤ ᠬᠠᠮᠢᠶᠠᠷᠤᠯᠲᠠ ᠶᠢᠨ ᠲᠣᠭᠲᠠᠭᠠᠯ︾ ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2020 ᠣᠨ ᠤ 17 ᠳ᠋ᠤᠭᠠᠷ ᠲᠣᠭᠠᠲᠤ︶᠎ ᠤᠨ 109 ᠳ᠋ᠦ᠋ᠭᠡᠷ ᠵᠦᠶᠯ ᠳᠤ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠶᠢ ᠲᠣᠳᠤᠷᠬᠠᠶᠢᠯᠠᠵᠠᠢ︔ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠳᠤ ᠵᠠᠰᠠᠭ ᠵᠠᠬᠢᠷᠭᠠᠨ ᠤ ᠵᠥᠪᠰᠢᠶᠡᠷᠡᠯ ᠪᠠᠭᠲᠠᠬᠤ ᠦᠭᠡᠶ︔ ᠠᠶᠠᠨᠴᠢᠳ ᠤᠨ ᠲᠡᠭᠡᠭᠡᠪᠦᠷᠢ ᠶᠢᠨ ᠰᠢᠨ᠎ᠡ ᠲᠣᠭᠲᠠᠭᠠᠯ ᠤᠨ 74 ᠳ᠋ᠦ᠋ᠭᠡᠷ ᠵᠦᠢᠯ ᠳᠤ ᠲᠡᠷᠭᠡ ᠬᠥᠰᠬᠡ ᠶᠢᠨ ᠥᠷᠲᠡᠭᠡᠨ ᠳᠤ ᠣᠷᠣᠬᠤ ᠡᠵᠡᠩᠨᠡᠯᠲᠡ ᠶᠢᠨ ᠠᠵᠢᠯᠯᠠᠭ᠎ᠠ ᠶᠢᠨ ᠴᠠᠭᠠᠵᠠᠯᠠᠬᠤ ᠴᠢᠨᠠᠷᠲᠠᠶ ᠠᠵᠢᠯ ᠳᠤ ᠲᠣᠳᠣᠷᠬᠠᠶ ᠲᠣᠭᠲᠠᠭᠠᠯ ᠭᠠᠷᠭᠠᠵᠤ᠂ ᠠᠶᠠᠨᠴᠢᠳ ᠤᠨ ᠲᠡᠭᠡᠭᠡᠪᠦᠷᠢ ᠶᠢᠨ ᠲᠡᠷᠭᠡ ᠶᠠᠪᠤᠭᠤᠯᠬᠤ ᠴᠠᠭ ᠤᠨ ᠲᠣᠭᠲᠠᠭᠠᠯᠲᠠ ᠨᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠳᠤ ᠬᠠᠷᠢᠶᠠᠯᠠᠭᠳᠠᠨ᠎ᠠ᠃      ᠲᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠢ ᠬᠠᠯᠠᠮᠵᠢᠯᠠᠭᠰᠠᠨ ᠳᠤ ᠪᠠᠶᠠᠷᠯᠠᠯ᠎ᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号