ᠣᠶᠢᠷ᠎ᠠ ᠶᠢᠨ ᠬᠤᠭᠤᠴᠠᠭᠠᠨ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠵᠤ ᠠᠬᠤᠶ ᠶᠢᠨ ᠶᠡᠭᠡ ᠲᠠᠯ᠎ᠠ | ᠶᠢ ᠲᠣᠭᠲᠠᠪᠤᠷᠢᠵᠢᠭᠤᠯᠬᠤ ᠲᠧᠯᠸᠢᠰ ᠤᠳᠠᠰᠤᠲᠤ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠤᠨ ᠪᠠᠷᠠᠭᠠᠨ ᠤ ᠭᠦᠶᠯᠭᠡᠭᠡᠨ ᠤ ᠠᠵᠤ ᠦᠶᠯᠡᠰ ᠲᠠᠬᠢ ᠲᠠᠭᠠᠷᠢᠯᠲᠠ | ᠶᠢ ᠨᠠᠮᠳᠠᠭᠤᠯᠵᠤ᠂ ᠪᠠᠷᠠᠭᠠᠨ ᠤ ᠭᠦᠶᠯᠭᠡᠭᠡᠨ ᠤ ᠦᠶᠯᠡᠰ ᠤᠨ ᠠᠵᠤ ᠠᠬᠤᠶᠢᠯᠠᠯ ᠤᠨ ᠪᠠᠯᠠ ᠲᠣᠬᠢᠷᠠᠭᠤᠯᠬᠤ ᠳᠤ | ᠬᠦᠴᠢᠷᠲᠡᠶ ᠪᠠᠶᠢᠬᠤ ᠠᠰᠠᠭᠤᠳᠠᠯ ᠢ ᠦᠨᠡᠨ ᠬᠦ ᠰᠢᠶᠳᠪᠦᠷᠢᠯᠡᠬᠦ ᠶᠢᠨ ᠲᠥᠯᠥᠭᠡ᠂ ᠦᠬᠠᠶ ᠬᠤᠲᠠ ᠢᠲᠡᠭᠡᠮᠵᠢᠲᠦ | ᠵᠢᠭᠡᠯᠡᠯᠭᠡ ᠶᠢᠨ ᠬᠢᠨᠠᠨ ᠵᠥᠪᠰᠢᠶᠡᠷᠡᠬᠦ ᠴᠣᠪᠤᠷᠠᠯ ᠶᠢ ᠰᠢᠯᠢᠳᠡᠭᠵᠢᠭᠦᠯᠵᠦ᠂ ᠰᠠᠭᠠᠳ ᠥᠬᠡᠶ ᠨᠡᠪᠲᠡᠷᠡᠬᠦ ᠵᠠᠮ ᠢ | ᠨᠡᠭᠡᠭᠡᠵᠦ᠂ ᠠᠵᠤ ᠠᠬᠤᠶᠢᠯᠠᠯ ᠢ ᠲᠣᠭᠲᠠᠪᠤᠷᠢᠵᠢᠭᠤᠯᠤᠨ ᠬᠦᠴᠢᠷᠳᠡᠯ ᠢ ᠨᠢ ᠰᠢᠶᠳᠪᠦᠷᠢᠯᠡᠬᠦ ᠶᠢ ᠪᠥᠬᠦ ᠬᠦᠴᠦᠨ ᠢᠶᠠᠷ | ᠢᠶᠠᠨ ᠳᠡᠮᠵᠢᠵᠦ᠂ ᠠᠵᠤ ᠠᠬᠤᠶ ᠶᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠬᠢᠭᠤᠯᠬᠤ ᠳᠤ ᠬᠦᠴᠦᠲᠡᠶ | ᠮᠥᠩᠭᠦᠨ ᠭᠦᠶᠯᠭᠡᠭᠡᠨ ᠤ ᠲᠤᠯᠭᠠᠭᠤᠷᠢᠯᠠᠯ ᠬᠠᠩᠭᠠᠪᠠ᠃ | 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠦᠬᠠᠶ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ᠂ | ᠬᠦᠮᠦᠷᠭᠡᠯᠡᠬᠦ ᠪᠠ ᠰᠢᠦᠳᠠᠨ ᠤ ᠦᠶᠯᠡᠰ ᠤᠨ ᠵᠢᠭᠡᠯᠡᠯᠭᠡ ᠶᠢᠨ ᠦᠯᠡᠳᠡᠪᠦᠷᠢ 12.43 ᠳ᠋ᠦᠩᠰᠢᠭᠤᠷ ᠲᠥᠭᠦᠷᠢᠭ | ᠪᠠᠶᠢᠵᠤ᠂ ᠡᠯ᠎ᠡ ᠵᠦᠶᠯ ᠤᠨ ᠵᠢᠭᠡᠯᠡᠯᠭᠡ ᠶᠢᠨ ᠦᠯᠡᠳᠡᠪᠦᠷᠢ ᠶᠢᠨ 27.49% ᠶᠢ ᠡᠵᠡᠯᠡᠪᠡ᠃ ᠣᠳᠣᠬᠠᠨ ᠪᠣᠯᠲᠠᠯ᠎ᠠ᠂ | ᠪᠥᠬᠦ ᠬᠤᠲᠠ ᠶᠢᠨ ᠡᠯ᠎ᠡ ᠮᠥᠩᠭᠦᠨ ᠭᠦᠶᠯᠭᠡᠭᠡᠨ ᠤ ᠪᠠᠶᠢᠭᠤᠯᠤᠮᠵᠢ ᠨᠡᠶᠢᠲᠡ 15 ᠪᠠᠷᠠᠭᠠᠨ ᠤ ᠭᠦᠶᠯᠭᠡᠭᠡᠨ ᠤ | ᠦᠶᠯᠡᠰ ᠤᠨ ᠠᠵᠤ ᠠᠬᠤᠶᠢᠯᠠᠯ ᠳᠤ 5242 ᠲᠦᠮᠡᠨ ᠲᠥᠭᠦᠷᠢᠭ ᠤᠨ ᠵᠢᠭᠡᠯᠡᠯᠭᠡ ᠶᠢ ᠰᠢᠨ᠎ᠡ ᠪᠠᠷ ᠲᠠᠯᠪᠢᠪᠠ᠃ | ᠲᠠᠷᠠᠭᠠᠴᠢ ᠶᠢᠨ ᠠᠯᠬᠤᠮ ᠳᠤ᠂ ᠮᠥᠩᠭᠦᠨ ᠭᠦᠶᠯᠭᠡᠭᠡᠨ ᠬᠢᠭᠡᠳ ᠠᠷᠠᠳ ᠤᠨ ᠪᠠᠩᠬᠢ ᠶᠢᠨ ᠬᠠᠮᠵᠢᠯᠴᠠᠭ᠎ᠠ ᠶᠢ | ᠴᠢᠩᠭᠠᠳᠬᠠᠵᠤ᠂ ᠰᠢᠤᠳᠠᠨ ᠪᠠᠩᠬᠢ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠣᠯᠠᠨ ᠲᠠᠰ ᠳᠠᠪᠬᠤᠷᠭ᠎ᠠ | ᠶᠢᠨ᠂ ᠪᠠᠶᠢᠩᠭᠤᠵᠢᠭᠰᠠᠨ ᠵᠣᠯᠭᠠᠯᠴᠠᠭ᠎ᠠ ᠶᠢ ᠥᠷᠨᠢᠭᠦᠯᠵᠦ᠂ ᠬᠤᠷᠰᠢᠯᠴᠠᠨ ᠵᠥᠪᠳᠡᠯᠴᠡᠬᠦ ᠶᠢ ᠴᠢᠩᠭᠠᠳᠬᠠᠵᠤ᠂ | ᠮᠥᠩᠭᠦᠨ ᠭᠦᠶᠯᠭᠡᠭᠡᠨ ᠢᠶᠠᠷ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠶᠳᠪᠦᠷᠢᠯᠡᠬᠦ ᠲᠥᠷᠥ ᠶᠢᠨ | ᠪᠣᠳᠣᠯᠭ᠎ᠠ ᠶᠢ ᠵᠣᠬᠢᠴᠠᠭᠤᠯᠤᠨ ᠰᠢᠯᠤᠭᠤᠳᠬᠠᠵᠤ ᠪᠠᠶᠢᠭᠠᠳ ᠨᠠᠶᠢᠳᠠᠪᠤᠷᠢᠵᠢᠭᠤᠯᠬᠤ ᠶᠢᠨ ᠲᠦᠭᠵᠢᠷᠡᠯ ᠢ ᠠᠷᠢᠯᠭᠠᠵᠤ᠂ | ᠠᠵᠤ ᠦᠶᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠠᠶᠢᠬᠤ ᠶᠢ ᠪᠠᠲᠤᠯᠠᠬᠤ ᠳᠤ | ᠪᠠᠲᠤᠯᠠᠭ᠎ᠠ ᠬᠠᠩᠭᠠᠨ᠎ᠠ᠃ ︵ᠬᠠᠨ ᠢᠤᠢ︶ |