ᠥᠪᠡᠷᠲᠡᠭᠡᠨ ᠵᠠᠰᠠᠬᠤ ᠣᠷᠣᠨ ᠤ ᠪᠠᠷᠠᠭᠠᠨ ᠤ ᠭᠦᠢᠯᠭᠡᠭᠡᠨ ᠤ ᠰᠠᠭᠠᠳ ᠥᠬᠡᠶ ᠨᠡᠪᠲᠡᠷᠡᠬᠦ ᠶᠢ ᠪᠠᠲᠤᠯᠠᠬᠤ | ᠠᠵᠢᠯ ᠤᠨ ᠤᠳᠤᠷᠢᠳᠬᠤ ᠳᠤᠭᠤᠶᠢᠯᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠷᠠᠭᠠᠨ ᠤ ᠭᠦᠢᠯᠭᠡᠭᠡᠨ ᠤ | ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠠᠵᠢᠯ ᠤᠨ ᠤᠳᠤᠷᠢᠳᠬᠤ ᠳᠤᠭᠤᠶᠢᠯᠠᠩ ᠪᠣᠯᠤᠨ ᠬᠤᠯᠪᠣᠭᠠᠯᠠᠨ | ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ | ᠲᠤᠭᠤᠰᠢᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠪᠠᠷᠠᠭᠠᠨ ᠤ ᠭᠦᠢᠯᠭᠡᠭᠡᠨ ᠤ ᠰᠠᠭᠠᠳ ᠥᠬᠡᠶ | ᠨᠡᠪᠲᠡᠷᠡᠬᠦ ᠶᠢ ᠪᠠᠲᠤᠯᠠᠬᠤ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠪᠠ᠃ 7 ᠳ᠋ᠤᠭᠠᠷ | ᠰᠠᠷ᠎ᠠ ᠠᠴᠠ ᠨᠠᠭᠠᠰᠢ᠂ ᠪᠥᠬᠦ ᠣᠷᠣᠨ ᠤ ᠵᠠᠮ ᠬᠠᠷᠢᠯᠴᠠᠭᠠᠨ ᠤ ᠲᠤᠤᠷ ᠰᠦᠯᠵᠢᠶ᠎ᠡ ᠶᠡᠷᠦᠩᠬᠡᠶ ᠳᠤ ᠪᠠᠨ ᠰᠠᠭᠠᠳ | ᠥᠬᠡᠶ ᠨᠡᠪᠲᠡᠷᠡᠵᠦ᠂ ᠳᠡᠭᠡᠳᠦ ᠬᠤᠷᠳᠤ ᠶᠢᠨ ᠵᠠᠰᠠᠮᠠᠯ ᠵᠠᠮ ᠤᠨ ᠡᠳᠦᠷ ᠳᠤᠮᠳᠠᠴᠢ ᠶᠢᠨ ᠪᠠᠷᠠᠭᠠᠨ ᠤ ᠲᠡᠭᠡᠭᠡᠪᠦᠷᠢ ᠶᠢᠨ | ᠲᠡᠷᠭᠡ ᠶᠢᠨ ᠴᠤᠪᠤᠷᠠᠯ ᠤᠨ ᠬᠡᠮᠵᠢᠶ᠎ᠡ 28 ᠡᠳᠦᠷ ᠳᠠᠷᠠᠭᠠᠯᠠᠨ 10 ᠲᠦᠮᠡᠨ ᠤᠳᠠᠭ᠎ᠠ ᠶᠢ ᠳᠠᠪᠠᠵᠤ᠂ ᠪᠠᠷᠠᠭᠠᠨ ᠤ | ᠭᠦᠢᠯᠭᠡᠭᠡᠨ ᠤ ᠭᠤᠤᠯ ᠭᠦᠢᠴᠡᠳᠭᠡᠬᠦ ᠲᠤᠭ᠎ᠠ ᠲᠣᠭᠲᠠᠭᠤᠨ ᠪᠠᠶᠢᠬᠤ ᠶᠢᠨ ᠵᠡᠷᠭᠡ ᠳᠤ ᠰᠠᠶᠢᠵᠢᠷᠠᠪᠠ᠃ 8 ᠳ᠋ᠤᠭᠠᠷ | ᠰᠠᠷ᠎ᠠ ᠶᠢᠨ 10 ᠤ ᠡᠳᠦᠷ ᠲᠡᠮᠦᠷ ᠵᠠᠮ ᠤᠨ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ᠂ ᠵᠠᠰᠠᠮᠠᠯ ᠵᠠᠮ ᠤᠨ ᠪᠠᠷᠠᠭ᠎ᠠ | ᠲᠡᠭᠡᠭᠡᠪᠦᠷᠢ ᠶᠢᠨ ᠬᠡᠮᠵᠢᠶ᠎ᠡ᠂ ᠰᠢᠤᠳᠠᠨ ᠤ ᠲᠦᠷᠭᠡᠨ ᠬᠦᠷᠭᠡᠯᠲᠡ ᠶᠢᠨ ᠬᠡᠮᠵᠢᠶ᠎ᠡ ᠲᠣᠰ ᠲᠣᠰ 4 ᠳ᠋ᠦ᠋ᠭᠡᠷ ᠰᠠᠷ᠎ᠠ ᠶᠢᠨ | 18 ᠤ ᠡᠳᠦᠷ ᠤᠨ ᠬᠢ ᠠᠴᠠ 5.2%᠂ 15.5%᠂ 46.9% ᠪᠠᠷ ᠨᠡᠮᠡᠭᠳᠡᠪᠡ᠃ 7 ᠳ᠋ᠤᠭᠠᠷ ᠰᠠᠷ᠎ᠠ ᠳᠤ᠂ | ᠡᠳᠦᠷ ᠳᠤᠮᠳᠠᠴᠢ ᠶᠢᠨ ᠲᠡᠮᠦᠷ ᠵᠠᠮ ᠤᠨ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ᠂ ᠵᠠᠰᠠᠮᠠᠯ ᠵᠠᠮ ᠤᠨ ᠪᠠᠷᠠᠭ᠎ᠠ | ᠲᠡᠭᠡᠭᠡᠪᠦᠷᠢ ᠶᠢᠨ ᠬᠡᠮᠵᠢᠶ᠎ᠡ᠂ ᠰᠢᠤᠳᠠᠨ ᠤ ᠲᠦᠷᠭᠡᠨ ᠬᠦᠷᠭᠡᠯᠲᠡ ᠶᠢᠨ ᠬᠡᠮᠵᠢᠶ᠎ᠡ 2019 ᠣᠨ ᠤ ᠠᠳᠠᠯᠢ | ᠬᠤᠭᠤᠴᠠᠭᠠᠨ ᠤ ᠬᠢ ᠠᠴᠠ ᠲᠣᠰ ᠲᠣᠰ 23.6%᠂ 11%᠂ 21.9% ᠪᠠᠷ ᠨᠡᠮᠡᠭᠳᠡᠪᠡ᠃ ᠡᠨᠡ ᠬᠦ ᠰᠠᠭᠤᠷᠢᠨ | ᠳᠡᠭᠡᠷ᠎ᠡ᠂ ᠵᠠᠮ ᠬᠠᠷᠢᠯᠴᠠᠭ᠎ᠠ ᠶᠢᠨ ᠪᠠᠷᠠᠭᠠᠨ ᠤ ᠭᠦᠢᠯᠭᠡᠭᠡᠨ ᠤ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠡᠯ᠎ᠡ | ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠮᠦᠨᠡᠬᠢ | ᠬᠤᠭᠤᠴᠠᠭᠠᠨ ᠤ ᠠᠵᠢᠯ ᠤᠨ ᠦᠷ᠎ᠡ ᠪᠦᠲᠦᠭᠡᠯ ᠢ ᠦᠨᠡᠨ ᠬᠦ ᠪᠠᠬᠢᠵᠢᠭᠦᠯᠬᠦ ᠬᠡᠷᠡᠭᠲᠡᠶ᠃ | ᠨᠢᠭᠡ ᠳᠤ᠂ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠰᠢᠢᠳᠪᠦᠷᠢᠯᠡᠬᠦ ᠲᠦᠷᠢᠮ ᠢ ᠲᠡᠭᠦᠯᠳᠡᠷᠵᠢᠭᠦᠯᠵᠦ᠂ | ᠱᠠᠳᠤ ᠱᠠᠳᠤ ᠪᠠᠷ ᠱᠠᠭᠠᠷᠳᠠᠯᠭ᠎ᠠ ᠨᠡᠮᠡᠬᠦ ᠲᠠᠬᠢᠨ ᠢᠯᠡᠷᠡᠬᠦ ᠶᠢ ᠴᠢᠩᠭ᠎ᠠ ᠰᠡᠷᠭᠡᠶᠢᠯᠡᠨ᠎ᠡ᠃ ᠪᠠᠷᠠᠭᠠᠨ ᠤ ᠭᠦᠢᠯᠭᠡᠭᠡᠨ ᠤ | ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢ ᠪᠠᠷᠠᠭᠠᠨ ᠤ | ᠲᠡᠭᠡᠭᠡᠪᠦᠷᠢ ᠶᠢᠨ ᠲᠡᠷᠭᠡ ᠬᠥᠰᠬᠡ ᠵᠢᠴᠢ ᠵᠢᠯᠣᠭᠤᠴᠢ ᠠᠶᠠᠨᠴᠢᠳ ᠤᠨ ᠨᠡᠪᠲᠡᠷᠡᠬᠦ ᠲᠥᠷᠥ ᠶᠢᠨ ᠪᠣᠳᠣᠯᠭ᠎ᠠ ᠶᠢᠨ | ᠡᠳᠦᠷ ᠤᠨ ᠮᠡᠳᠡᠭᠦᠯᠦᠯᠲᠡ ᠶᠢᠨ ᠲᠣᠭᠲᠠᠴᠠ᠂ ︽ᠤᠯᠠᠭᠠᠨ ᠰᠢᠷ᠎ᠠ ᠨᠣᠭᠤᠭᠠᠨ︾ ᠫᠠᠶᠢᠰᠠ ᠡᠯᠭᠦᠬᠦ ᠲᠦᠷᠢᠮ ᠵᠢᠴᠢ | ᠨᠡᠶᠢᠲᠡᠯᠢᠭ ᠠᠰᠠᠭᠤᠳᠠᠯ ᠢ ᠢᠯᠡᠴᠢᠯᠡᠬᠦ ᠲᠣᠭᠲᠠᠴᠠ ᠶᠢ ᠪᠠᠶᠢᠭᠤᠯᠤᠨ᠎ᠠ᠃ 4 ᠳ᠋ᠦ᠋ᠭᠡᠷ ᠰᠠᠷ᠎ᠠ ᠶᠢᠨ 18 ᠤ ᠡᠳᠦᠷ ᠠᠴᠠ | ᠨᠠᠭᠠᠰᠢ᠂ ᠵᠠᠮ ᠨᠡᠪᠲᠡᠷᠡᠯᠭᠡ ᠳᠤ ᠬᠠᠷᠰᠢ ᠰᠠᠭᠠᠳ ᠤᠴᠠᠷᠠᠭᠰᠠᠨ ᠠᠰᠠᠭᠤᠳᠠᠯ ᠢ ᠨᠡᠶᠢᠲᠡ 266 ᠵᠣᠬᠢᠴᠠᠭᠤᠯᠤᠨ | ᠰᠢᠢᠳᠪᠦᠷᠢᠯᠡᠵᠤ᠂ ᠭᠥᠯᠢᠶᠡᠨ ᠠᠪᠴᠤ ᠰᠢᠢᠳᠪᠦᠷᠢᠯᠡᠭᠰᠡᠨ ᠬᠡᠷᠡᠭ ᠪᠠ ᠲᠥᠷᠥ ᠶᠢᠨ ᠶᠠᠪᠤᠳᠠᠯ ᠤᠨ ᠬᠤᠷᠢᠶᠠᠨ ᠤ | ᠳᠠᠮᠵᠢᠭᠤᠯᠤᠨ ᠰᠢᠢᠳᠪᠦᠷᠢᠯᠡᠭᠦᠯᠦᠭᠰᠡᠨ ᠬᠡᠷᠡᠭ ᠨᠢ ᠣᠷᠭᠢᠯ ᠤᠨ ᠬᠤᠭᠤᠴᠠᠭᠠᠨ ᠤ 9 ᠬᠡᠷᠡᠭ ᠪᠠᠶᠢᠭᠰᠠᠨ ᠠᠴᠠ ᠪᠠᠨ | ᠣᠲᠣ ᠡᠳᠦᠷ ᠳᠤᠮᠳᠠᠴᠢ ᠪᠠᠷ 0.6 ᠬᠡᠷᠡᠭ ᠪᠣᠯᠤᠨ ᠪᠠᠭᠤᠷᠠᠪᠠ︔ ᠱᠠᠯᠠᠪᠳᠠᠭᠤᠯᠤᠨ ᠰᠢᠢᠳᠪᠦᠷᠢᠯᠡᠭᠦᠯᠬᠦ ᠵᠠᠬᠢᠳᠠᠯ ᠢ | 27 ᠬᠤᠪᠢ ᠪᠠᠭᠤᠯᠭᠠᠵᠤ᠂ ᠲᠤᠰᠬᠠᠶ ᠵᠦᠢᠯ ᠤᠨ ᠦᠪᠡᠷ ᠢᠶᠠᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠠᠵᠢᠯ ᠢ | 5 ᠤᠳᠠᠭ᠎ᠠ ᠵᠣᠬᠢᠶᠠᠨ ᠪᠠᠶᠢᠭᠤᠯᠵᠤ᠂ ᠲᠣᠬᠠᠢ ᠶᠢᠨ ᠭᠠᠵᠠᠷ ᠲᠤ ᠨᠢ 4 ᠤᠳᠠᠭ᠎ᠠ ᠱᠠᠯᠠᠪᠳᠠᠭᠤᠯᠤᠨ ᠪᠠᠶᠢᠴᠠᠭᠠᠵᠤ᠂ | ᠣᠨᠣᠴᠢᠲᠠᠶ ᠪᠠᠷ ᠨᠡᠪᠲᠡᠷᠡᠬᠦ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠪᠠ᠃ | ᠬᠤᠶᠠᠷ ᠲᠤ᠂ ᠰᠠᠯᠠᠭ᠎ᠠ ᠮᠥᠴᠢᠷ ᠤᠨ ᠬᠠᠮᠵᠢᠯᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠭᠤᠤᠯᠳᠠᠯᠭ᠎ᠠ ᠲᠠᠢ | ᠡᠳ᠋ ᠪᠣᠳᠠᠰ ᠤᠨ ᠲᠡᠭᠡᠭᠡᠪᠦᠷᠢ ᠶᠢᠨ ᠠᠷᠭ᠎ᠠ ᠵᠠᠮ ᠢ ᠰᠢᠯᠤᠭᠤᠳᠬᠠᠨ᠎ᠠ᠃ ᠡᠨᠧᠷᠭᠢ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ᠂ ᠲᠡᠮᠦᠷ ᠵᠠᠮ ᠵᠡᠷᠭᠡ ᠨᠢᠭᠡᠴᠢ ᠪᠣᠯᠤᠨ ᠰᠠᠯᠠᠭ᠎ᠠ ᠮᠥᠴᠢᠷ ᠲᠠᠢ ᠬᠠᠮᠲᠤᠷᠠᠨ ᠣᠷᠭᠢᠯ ᠢ ᠤᠭᠲᠤᠵᠤ | ᠵᠤᠨ ᠢ ᠦᠩᠭᠡᠷᠡᠭᠡᠬᠦ ᠡᠨᠧᠷᠭᠢ ᠶᠢᠨ ᠲᠡᠭᠡᠭᠡᠪᠦᠷᠢ ᠶᠢᠨ ᠪᠠᠲᠤᠯᠠᠭ᠎ᠠ ᠶᠢᠨ ᠠᠵᠢᠯ ᠤᠨ ᠲᠤᠰᠬᠠᠶ ᠠᠩᠭᠢ ᠶᠢ ᠪᠠᠶᠢᠭᠤᠯᠵᠤ᠂ | ᠲᠤᠰᠬᠠᠶ ᠲᠥᠰᠦᠯ ᠢ ᠳᠠᠷᠤᠮᠠᠯᠯᠠᠨ ᠲᠠᠷᠬᠠᠭᠠᠵᠤ ᠡᠨᠧᠷᠭᠢ ᠶᠢᠨ ᠡᠳ᠋ ᠪᠣᠳᠠᠰ ᠤᠨ ᠲᠡᠭᠡᠭᠡᠪᠦᠷᠢ ᠶᠢᠨ ᠪᠠᠲᠤᠯᠠᠭ᠎ᠠ ᠶᠢᠨ | ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ︔ ᠲᠠᠷᠢᠶᠠᠯᠠᠩ ᠤᠨ ᠰᠠᠯᠠᠭ᠎ᠠ ᠮᠥᠴᠢᠷ ᠲᠠᠢ | ᠢᠳᠡᠪᠬᠢᠲᠡᠶ ᠵᠣᠯᠭᠠᠯᠳᠤᠵᠤ᠂ ︽ᠭᠤᠷᠪᠠᠨ ᠵᠤᠨ︾ ᠤ ᠲᠠᠷᠢᠶᠠᠯᠠᠩ ᠤᠨ ᠬᠡᠷᠡᠭᠰᠡᠯ ᠲᠠᠷᠢᠶᠠᠯᠠᠩ ᠤᠨ ᠮᠠᠰᠢᠨ ᠢ | ᠭᠤᠣᠯᠳᠠᠯᠭ᠎ᠠ ᠲᠠᠢ ᠪᠠᠲᠤᠯᠠᠬᠤ ᠬᠡᠪᠴᠢᠶᠡᠨ ᠳᠤ ᠣᠷᠣᠭᠤᠯᠵᠤ᠂ ︽ᠣᠷᠣᠨ ᠠᠯᠤᠰᠯᠠᠨ ᠠᠵᠢᠯᠯᠠᠬᠤ ᠦᠨᠡᠮᠯᠡᠯ︾ ᠲᠠᠢ | ᠠᠵᠢᠯᠯᠠᠬᠤ ᠮᠠᠰᠢᠨᠲᠤ ᠲᠡᠷᠭᠡ ᠠᠴᠠ ᠨᠡᠪᠲᠡᠷᠡᠬᠦ ᠰᠦᠢᠳᠬᠡᠯ ᠬᠤᠷᠢᠶᠠᠬᠤ ᠦᠭᠡᠶ᠃ ᠣᠳᠣᠬᠠᠨ ᠪᠣᠯᠲᠠᠯ᠎ᠠ᠂ ᠪᠥᠬᠦ | ᠣᠷᠣᠨ ᠤ ᠬᠠᠳᠤᠵᠤ ᠬᠤᠷᠢᠶᠠᠬᠤ ᠬᠠᠮ ᠮᠠᠰᠢᠨ ᠤ ᠲᠡᠭᠡᠭᠡᠪᠦᠷᠢ ᠶᠢᠨ ᠲᠡᠷᠭᠡ ᠬᠥᠰᠬᠡ ᠶᠢ 1936 ᠲᠡᠷᠭᠡ ᠤᠳᠠᠭ᠎ᠠ | ᠬᠤᠷᠢᠶᠠᠭᠰᠠᠨ ᠥᠬᠡᠶ᠂ ᠨᠡᠪᠲᠡᠷᠡᠬᠦ ᠰᠦᠢᠳᠭᠡᠯ ᠢ 231.11 ᠲᠦᠮᠡᠨ ᠲᠥᠭᠦᠷᠢᠭ ᠬᠤᠷᠢᠶᠠᠭᠰᠠᠨ ᠥᠬᠡᠶ᠃ | ᠭᠤᠷᠪᠠ ᠳᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠲᠦᠷᠦ ᠶᠢᠨ | ᠪᠤᠳᠤᠯᠭ᠎ᠠ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠡᠵᠡᠩᠨᠡᠯᠲᠡ ᠶᠢᠨ ᠲᠣᠭᠲᠠᠪᠤᠷᠢᠵᠢᠨ ᠰᠠᠶᠢᠵᠢᠷᠠᠬᠤ ᠶᠢ | ᠬᠦᠴᠦᠯᠡᠨ ᠠᠬᠢᠭᠤᠯᠤᠨ᠎ᠠ᠃ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠵᠣᠯᠭᠠᠯᠳᠤᠭᠤᠯᠵᠤ | ᠭᠠᠶᠢᠯᠢ ᠬᠥᠩᠭᠡᠯᠡᠵᠦ ᠭᠠᠶᠢᠯᠢ ᠪᠤᠴᠠᠭᠠᠬᠤ ᠰᠦᠢᠳᠭᠡᠯ ᠪᠠᠭᠤᠷᠠᠭᠤᠯᠬᠤ᠂ ᠵᠣᠭᠤᠰ ᠢ ᠬᠤᠶᠢᠰᠢᠯᠠᠭᠤᠯᠤᠨ ᠪᠤᠴᠠᠭᠠᠬᠤ | ᠵᠡᠷᠭᠡ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ︔ ᠠᠷᠠᠳ ᠤᠨ | ᠪᠠᠩᠬᠢ ᠳᠤ ᠨᠡᠶᠢᠲᠡ 173 ᠠᠵᠤ ᠠᠬᠤᠶᠢᠯᠠᠯ ᠪᠠ 20 ᠬᠤᠪᠢ ᠶᠢᠨ ᠡᠵᠡᠩᠨᠡᠭᠴᠢ ᠶᠢᠨ ᠵᠠᠮ ᠬᠠᠷᠢᠯᠴᠠᠭ᠎ᠠ ᠶᠢᠨ | ᠪᠠᠷᠠᠭᠠᠨ ᠤ ᠭᠦᠢᠯᠭᠡᠭᠡᠨ ᠤ ᠳᠠᠬᠢᠨ ᠵᠢᠭᠡᠯᠡᠯᠭᠡ ᠶᠢᠨ ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ | ᠳᠡᠪᠰᠢᠭᠦᠯᠦᠨ ᠬᠦᠷᠭᠡᠵᠦ᠂ ᠨᠡᠶᠢᠲᠡ ᠵᠣᠭᠤᠰ ᠤᠨ ᠲᠤᠭ᠎ᠠ ᠨᠢ 5.38 ᠳ᠋ᠦᠩᠰᠢᠭᠤᠷ ᠲᠥᠭᠦᠷᠢᠭ ᠲᠤ ᠬᠥᠷᠪᠡ᠃ | ᠪᠠᠶᠠᠨᠨᠠᠭᠤᠷ ᠬᠤᠲᠠ ᠶᠢᠨ ᠰᠠᠶ ᠱᠠᠩ ᠲᠢᠶᠠᠨ ᠴᠧᠩ ᠪᠠᠷᠠᠭᠠᠨ ᠤ ᠭᠦᠢᠯᠭᠡᠭᠡᠨ ᠤ ᠬᠢᠵᠠᠭᠠᠷᠲᠤ ᠺᠣᠮᠫᠠᠨᠢ ᠪᠣᠯᠤᠨ ᠥᠪᠥᠷ | ᠮᠣᠩᠭᠤᠯ ᠤᠨ ᠵᠣᠣ ᠲᠦᠩ ᠪᠠᠷᠠᠭᠠᠨ ᠤ ᠭᠦᠢᠯᠭᠡᠭᠡᠨ ᠤ ᠬᠢᠵᠠᠭᠠᠷᠲᠤ ᠺᠣᠮᠫᠠᠨᠢ ᠨᠢᠭᠡᠨᠲᠡ ᠰᠢᠤᠳᠠᠨ ᠤ | ᠬᠠᠳᠠᠭᠠᠯᠠᠮᠵᠢ ᠶᠢᠨ ᠪᠠᠩᠬᠢ ᠶᠢᠨ ᠵᠠᠮ ᠬᠠᠷᠢᠯᠴᠠᠭ᠎ᠠ ᠶᠢᠨ ᠪᠠᠷᠠᠭᠠᠨ ᠤ ᠭᠦᠢᠯᠭᠡᠭᠡᠨ ᠤ ᠳᠠᠬᠢᠨ ᠵᠢᠭᠡᠯᠡᠯᠭᠡ ᠶᠢ 603.4 | ᠲᠦᠮᠡᠨ ᠲᠥᠭᠦᠷᠢᠭ ᠣᠯᠤᠭᠰᠠᠨ ᠪᠠᠶᠢᠨ᠎ᠠ︔ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ | ᠳᠤ 2058 ᠲᠦᠮᠡᠨ ᠲᠥᠭᠦᠷᠢᠭ ᠤᠨ ᠨᠥᠬᠦᠪᠥᠷᠢ ᠪᠠᠭᠤᠯᠭᠠᠪᠠ᠃ ︵ᠲᠢᠩᠬᠢᠮ ᠤᠨ ᠲᠡᠭᠡᠭᠡᠪᠦᠷᠢ ᠶᠢᠨ ᠭᠠᠵᠠᠷ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ | ᠬᠥᠭᠵᠢᠯᠲᠡ ᠶᠢᠨ ᠲᠥᠪ︶ |