ᠬᠥᠬᠡᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢ ᠪᠠᠷᠠᠭᠠᠨ ᠤ ᠭᠦᠶᠯᠭᠡᠭᠡᠨ ᠤ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠡ
ᠨᠡᠶᠢᠲᠡᠯᠡᠭᠰᠡᠨ ᠴᠠᠭ᠄
2022/8/5
     ᠣᠶᠢᠷ᠎ᠠ ᠶᠢᠨ ᠬᠤᠭᠤᠴᠠᠭᠠᠨ ᠳᠤ᠂ ᠬᠥᠬᠡᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠪᠠᠷᠠᠭᠠᠨ ᠤ ᠭᠦᠶᠯᠭᠡᠭᠡᠨ ᠤ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠠᠵᠢᠯ ᠢ ᠦᠨᠡᠨ ᠬᠦ ᠰᠠᠶᠢᠲᠤᠷ ᠬᠢᠵᠦ᠂ ᠡᠯ᠎ᠡ ᠵᠠᠮ ᠬᠠᠷᠢᠯᠴᠠᠭ᠎ᠠ ᠶᠢᠨ ᠪᠠᠷᠠᠭᠠᠨ ᠤ ᠭᠦᠶᠯᠭᠡᠭᠡᠨ ᠤ ᠠᠵᠢᠯᠯᠠᠭᠠᠨ ᠤ ᠵᠠᠩᠭᠢᠯᠠᠭ᠎ᠠ ᠶᠢᠨ ᠴᠡᠭ ᠤᠨ ᠬᠡᠪ ᠤᠨ ᠠᠵᠢᠯᠯᠠᠭᠠᠨ᠂ ᠪᠥᠬᠦ ᠬᠤᠲᠠ ᠶᠢᠨ ᠵᠠᠮ ᠬᠠᠷᠢᠯᠴᠠᠭᠠᠨ ᠤ ᠴᠢᠬᠤᠯᠠ ᠵᠠᠮ ᠪᠠ ᠪᠠᠷᠠᠭᠠᠨ ᠤ ᠭᠦᠶᠯᠭᠡᠭᠡᠨ ᠤ ᠪᠢᠴᠢᠯ ᠡᠷᠭᠢᠯᠲᠡ ᠶᠢᠨ ᠰᠠᠭᠠᠳ ᠥᠬᠡᠶ ᠨᠡᠪᠲᠡᠷᠡᠬᠦ ᠶᠢ  ᠪᠦᠲᠦᠮᠵᠢᠲᠡᠶ ᠪᠠᠲᠤᠯᠠᠪᠠ᠃      ᠪᠠᠴᠢᠮ ᠪᠠᠶᠢᠳᠠᠯ ᠢ ᠠᠷᠭᠠᠴᠠᠭᠠᠬᠤ ᠡᠳ᠋ ᠪᠤᠳᠠᠰ ᠤᠨ ᠳᠠᠮᠵᠢᠭᠤᠯᠬᠤ ᠥᠷᠲᠡᠭᠡ ᠪᠠᠶᠢᠭᠤᠯᠵᠤ᠂ ᠨᠢᠭᠡᠨᠲᠡ ᠪᠠᠶᠢᠭᠤᠯᠤᠭᠰᠠᠨ ᠡᠳ᠋ ᠪᠤᠳᠠᠰ ᠤᠨ ᠳᠠᠮᠵᠢᠭᠤᠯᠬᠤ ᠥᠷᠲᠡᠭᠡ ᠳᠤ ᠤᠯᠠᠮ ᠨᠢᠭᠡ ᠠᠯᠬᠤᠮ ᠦᠨᠡᠯᠡᠨ ᠵᠢᠱᠢᠯᠲᠡ ᠬᠢᠵᠦ᠂ ᠪᠠᠶᠢᠷᠢᠯᠠᠭᠤᠯᠤᠯᠲᠠ ᠨᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ᠂ ᠪᠠᠷᠠᠭᠠᠨ ᠤ ᠲᠥᠷᠥᠯ ᠵᠦᠶᠯ ᠨᠢ ᠪᠦᠷᠢᠨ ᠭᠦᠶᠴᠡᠳ ᠪᠠᠶᠢᠬᠤ ᠶᠢ ᠦᠨᠡᠨ ᠬᠦ ᠪᠠᠲᠤᠯᠠᠪᠠ᠃ ᠡᠳ᠋ ᠪᠤᠳᠠᠰ ᠳᠠᠮᠵᠢᠭᠤᠯᠬᠤ ᠥᠷᠲᠡᠭᠡ ᠶᠢᠨ ᠠᠵᠢᠯᠯᠠᠬᠤ ᠴᠤᠪᠤᠷᠠᠯ᠂ ᠠᠵᠢᠯᠯᠠᠭᠤᠯᠬᠤ ᠵᠢᠷᠤᠮᠵᠢᠯ ᠬᠢᠭᠡᠳ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠣᠭᠲᠠᠭᠠᠨ ᠲᠡᠭᠦᠯᠳᠡᠷᠵᠢᠭᠦᠯᠪᠡ᠃ ᠳᠠᠮᠵᠢᠭᠤᠯᠬᠤ ᠥᠷᠲᠡᠭᠡ ᠳᠤ ᠪᠠᠷᠠᠭᠠᠨ ᠤ ᠲᠡᠷᠭᠡᠨ ᠵᠢᠯᠣᠭᠤᠴᠢ ᠶᠢᠨ ᠡᠷᠡᠭᠦᠯ ᠮᠡᠨᠳᠦ ᠶᠢᠨ ᠺᠣᠳ᠋ ᠤᠨ ᠭᠤᠮᠣᠳᠠᠯ ᠲᠣᠭᠠᠴᠢᠬᠤ ᠰᠠᠭᠠᠳ ᠥᠬᠡᠶ ᠨᠡᠪᠲᠡᠷᠡᠬᠦ ᠵᠠᠮ ᠪᠠᠶᠢᠭᠤᠯᠵᠤ᠂ ᠱᠠᠭᠠᠷᠳᠠᠯᠭ᠎ᠠ ᠳᠤ ᠨᠡᠶᠢᠴᠡᠭᠰᠡᠨ ᠪᠠᠶᠢᠳᠠᠯ ᠳᠣᠤᠷ᠎ᠠ᠂ ᠡᠷᠡᠭᠦᠯ ᠮᠡᠨᠳᠦ ᠶᠢᠨ ᠺᠣᠳ᠋ ᠤᠨ ᠬᠡᠪ ᠤᠨ ᠪᠤᠰᠤ ᠪᠠᠶᠢᠳᠠᠯ ᠢ ᠳᠠᠷᠤᠶᠢᠬᠠᠨ ᠬᠦᠴᠦᠨ ᠥᠬᠡᠶ ᠪᠣᠯᠭᠠᠵᠤ᠂ ᠳᠠᠮᠵᠢᠭᠤᠯᠬᠤ ᠥᠷᠲᠡᠭᠡ ᠪᠠᠷ ᠣᠷᠣᠵᠤ ᠭᠠᠷᠬᠤ ᠪᠠᠷᠠᠭ᠎ᠠ ᠲᠡᠭᠡᠭᠡᠪᠦᠷᠢᠯᠡᠬᠦ ᠲᠡᠷᠭᠡᠨ ᠵᠢᠯᠣᠭᠤᠴᠢ ᠶᠢᠨ ᠬᠡᠪ ᠎ ᠤᠨ ᠡᠵᠡᠩᠨᠡᠯᠲᠡ ᠶᠢ ᠪᠠᠲᠤᠯᠠᠪᠠ᠃      ︽ᠴᠠᠭᠠᠨ ᠨᠡᠷᠡᠰ ᠤᠨ ᠵᠢᠭᠰᠠᠭᠠᠯᠲᠠ︾᠎ ᠶᠢᠨ ᠳᠦᠷᠢᠮ ᠢ ᠠᠬᠢᠭᠤᠯᠵᠤ᠂ ︽ᠴᠠᠭᠠᠨ ᠨᠡᠷᠡᠰ ᠤᠨ ᠵᠢᠭᠰᠠᠭᠠᠯᠲᠠ ︾᠎ ᠶᠢᠨ ᠠᠵᠤ ᠠᠬᠤᠢᠯᠠᠯ ᠤᠨ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠢᠳᠡᠪᠬᠢᠲᠡᠢ ᠴᠢᠩᠭᠠᠳᠬᠠᠵᠤ᠂ ︽ᠴᠠᠭᠠᠨ ᠨᠡᠷᠡᠰ ᠤᠨ ᠵᠢᠭᠰᠠᠭᠠᠯᠲᠠ︾᠎ ᠶᠢᠨ ᠠᠵᠤ ᠠᠬᠤᠢᠯᠠᠯ ᠤᠨ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠪᠦᠬᠦ ᠬᠤᠲᠠ ᠶᠢᠨ ᠭᠤᠣᠯᠳᠠᠯᠭ᠎ᠠ ᠲᠠᠢ ᠠᠵᠤ ᠠᠬᠤᠢᠯᠠᠯ ᠢ ᠪᠦᠬᠦᠨ ᠢ ︽ᠴᠠᠭᠠᠨ ᠨᠡᠷᠡᠰ ᠤᠨ ᠵᠢᠭᠰᠠᠭᠠᠯᠲᠠ︾᠎ ᠶᠢᠨ ᠬᠠᠮᠢᠶᠠᠷᠤᠯᠲᠠ ᠶᠢᠨ ᠬᠦᠷᠢᠶ᠎ᠡ ᠬᠡᠪᠴᠢᠶᠡᠨ ᠳᠤ ᠣᠷᠣᠭᠤᠯᠬᠤ ᠪᠠᠷ ᠴᠢᠷᠮᠠᠶᠢᠪᠠ᠃      ᠰᠢᠦᠳᠠᠨ ᠤ ᠦᠶᠯᠡᠰ᠂ ᠲᠦᠷᠭᠡᠨ ᠬᠦᠷᠭᠡᠬᠦ ᠦᠶᠯᠡᠰ᠂ ᠲᠠᠷᠢᠶᠠᠯᠠᠩ ᠳᠤ ᠬᠡᠷᠡᠭᠯᠡᠬᠦ ᠡᠳ᠋ ᠪᠤᠳᠠᠰ ᠵᠢᠴᠢ ᠦᠶᠯᠡᠳᠪᠦᠷᠢᠯᠡᠯ ᠤᠨ ᠬᠡᠷᠡᠭᠰᠡᠯ᠂ ᠲᠠᠷᠢᠶᠠᠯᠠᠩ ᠤᠨ ᠮᠠᠰᠢᠨ ᠵᠢᠴᠢ ᠰᠡᠯᠪᠢᠭ ᠲᠣᠨᠤᠭ ᠵᠡᠷᠭᠡ ᠶᠢ ᠭᠤᠤᠯᠳᠠᠯᠭ᠎ᠠ ᠲᠠᠢ ᠡᠳ᠋ ᠪᠤᠳᠠᠰ ᠤᠨ ᠲᠡᠭᠡᠭᠡᠪᠦᠷᠢ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠤᠭᠰᠠᠨ ᠠᠵᠤ ᠠᠬᠤᠶᠢᠯᠠᠯ ᠤᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠳᠤ ᠤᠷᠢᠳᠠᠪᠠᠷ ᠨᠡᠪᠲᠡᠷᠡᠬᠦ ᠦᠨᠡᠮᠯᠡᠯ ᠣᠯᠭᠤᠵᠤ᠂ ᠤᠷᠢᠳᠠᠪᠠᠷ ᠪᠠᠶᠢᠴᠠᠭᠠᠨ ᠰᠢᠯᠭᠠᠵᠤ᠂ ᠤᠷᠢᠳᠠᠪᠠᠷ ᠶᠠᠪᠤᠭᠤᠯᠤᠨ᠎ᠠ᠃ ᠣᠲᠣ ᠪᠣᠯᠲᠠᠯ᠎ᠠ᠂ ᠪᠥᠬᠦ ᠤᠯᠤᠰ ᠤᠨ ᠨᠡᠪᠲᠡᠷᠡᠬᠦ ᠦᠨᠡᠮᠯᠡᠯ ᠢ ᠨᠡᠶᠢᠲᠡ 1777 ᠬᠠᠭᠤᠳᠠᠰᠤ ᠣᠯᠭᠤᠵᠤ᠂ ᠥᠪᠡᠷᠲᠡᠭᠡᠨ ᠵᠠᠰᠠᠬᠤ ᠣᠷᠣᠨ ᠤ ᠳᠣᠲᠤᠷᠠᠬᠢ ᠨᠡᠪᠲᠡᠷᠡᠬᠦ ᠦᠨᠡᠮᠯᠡᠯ ᠢ ᠨᠡᠶᠢᠲᠡ 22279 ᠬᠠᠭᠤᠳᠠᠰᠤ ᠣᠯᠭᠤᠵᠠᠢ᠃ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠳᠤ ᠬᠠᠮᠢᠶ᠎ᠠ ᠪᠥᠬᠦᠶ ᠨᠡᠪᠲᠡᠷᠡᠬᠦ ᠦᠨᠡᠮᠯᠡᠯ ᠲᠠᠢ ᠪᠠᠶᠢᠬᠤ ᠶᠢ ᠨᠡᠪᠲᠡᠷᠡᠬᠦ ᠨᠥᠬᠦᠴᠡᠯ ᠪᠣᠯᠭᠠᠬᠤ ᠥᠬᠡᠶ᠂ ᠲᠣᠰ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠳᠤ ᠨᠡᠶᠢᠴᠡᠭᠰᠡᠨ ᠪᠦᠬᠦᠨ ᠢ ᠡᠮᠬᠢ ᠵᠢᠷᠤᠮ ᠲᠠᠢ ᠨᠡᠪᠲᠡᠷᠡᠭᠦᠯᠵᠦ ᠪᠣᠯᠤᠨ᠎ᠠ᠃      ᠡᠭᠦᠨ ᠠᠴᠠ ᠭᠠᠳᠠᠨ᠎ᠠ᠂ ᠲᠣᠰ ᠬᠤᠲᠠ ᠪᠠᠰᠠ ᠠᠯᠪᠠᠨ ᠤ ᠵᠠᠭᠤᠴᠢᠯᠠᠭᠤᠷ᠂ ᠸᠢᠴᠠᠲ ᠤᠨ ᠣᠯᠠᠨ ᠨᠡᠶᠢᠲᠡ ᠎ ᠶᠢᠨ ᠳ᠋ᠤᠭᠠᠷ ᠵᠡᠷᠭᠡ ᠪᠠᠷ ᠳᠠᠮᠵᠢᠭᠤᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠪᠠᠷᠠᠭᠠᠨ ᠤ ᠭᠦᠢᠯᠭᠡᠭᠡᠨ ᠤ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠲᠥᠷᠥ ᠶᠢᠨ ᠪᠣᠳᠣᠯᠭ᠎ᠠ ᠶᠢ ᠰᠠᠨᠠᠭᠠᠴᠢᠯᠠᠭ᠎ᠠ ᠠᠴᠠ ᠪᠠᠨ ᠨᠡᠶᠢᠭᠡᠮ ᠨᠡᠶᠢᠲᠡ ᠳᠤ ᠢᠯᠡ ᠨᠡᠶᠢᠲᠡᠯᠡᠵᠦ᠂ 24 ᠴᠠᠭ ᠢᠶᠠᠷ ᠬᠠᠯᠠᠮᠰᠢᠯ ᠤᠲᠠᠰᠤ ᠶᠢᠨ ᠦᠶᠯᠡᠴᠢᠯᠡᠭᠡᠨ ᠤ ᠤᠲᠠᠰᠤ ᠎ ᠶᠢ ᠰᠠᠭᠠᠳ ᠥᠬᠡᠶ ᠨᠡᠪᠲᠡᠷᠡᠭᠦᠯᠵᠦ᠂ ᠪᠠᠷᠠᠭᠠᠨ ᠤ ᠭᠦᠢᠯᠭᠡᠭᠡᠨ ᠤ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠵᠦᠶᠯᠡᠰ ᠎ ᠢ ᠳᠠᠷᠤᠶᠢᠬᠠᠨ ᠭᠥᠯᠢᠶᠡᠨ ᠠᠪᠴᠤ ᠳᠠᠷᠤᠶᠢᠬᠠᠨ ᠳᠠᠮᠵᠢᠭᠤᠯᠵᠤ ᠳᠠᠷᠤᠶᠢᠬᠠᠨ ᠭᠦᠶᠴᠡᠳᠬᠡᠬᠦ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠷᠠᠭᠠᠨ ᠤ ᠲᠡᠷᠭᠡᠨ ᠵᠢᠯᠣᠭᠤᠴᠢ ᠪᠣᠯᠤᠨ ᠠᠵᠤ ᠠᠬᠤᠶᠢᠯᠠᠯ ᠤᠨ ᠲᠤᠰᠬᠠᠭᠰᠠᠨ ᠡᠯ᠎ᠡ ᠲᠥᠷᠥᠯ ᠤᠨ ᠰᠠᠭᠠᠳ ᠲᠠᠢ ᠨᠡᠪᠲᠡᠷᠡᠬᠦ ᠥᠬᠡᠶ ᠪᠠᠶᠢᠬᠤ ᠠᠰᠠᠭᠤᠳᠠᠯ ᠢ ᠴᠠᠭ ᠲᠤᠬᠠᠶ ᠳᠤ ᠨᠢ ᠰᠢᠶᠳᠪᠦᠷᠢᠯᠡᠪᠡ᠃  ︵ᠳ᠋ᠤᠸᠠᠨ ᠬᠤᠶ ᠮᠢᠨ︶
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号