9 ᠳ᠋ᠦ᠋ᠭᠡᠷ ᠰᠠᠷ᠎ᠠ ᠶᠢᠨ 3 ᠤ ᠡᠳᠦᠷ ᠰᠢᠯᠢᠩᠬᠤᠲᠠ ᠳᠤ ᠭᠡᠨᠡᠳᠲᠡ ᠶᠢᠨ ᠬᠢᠵᠢᠭ ᠤᠨ ᠪᠠᠶᠢᠳᠠᠯ ᠭᠠᠷᠤᠭᠰᠠᠨ | ᠠᠴᠠ ᠨᠠᠭᠠᠰᠢ᠂ ᠰᠢᠯᠢ ᠶᠢᠨ ᠭᠤᠤᠯ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠠᠶᠢᠮᠠᠭ ᠤᠨ ᠨᠠᠮ | ᠤᠨ ᠬᠤᠷᠢᠶᠠᠨ ᠤ ᠵᠠᠬᠢᠷᠭ᠎ᠠ ᠶᠢᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠠᠯᠠᠮᠰᠢᠯ ᠤᠳᠠᠰᠤ ᠶᠢᠨ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠳ᠋ ᠪᠣᠳᠠᠰ ᠤᠨ ᠲᠡᠭᠡᠭᠡᠪᠦᠷᠢ᠂ ᠣᠯᠠᠨ ᠲᠦᠮᠡᠨ ᠤ ᠶᠠᠪᠤᠵᠤ | ᠰᠠᠭᠤᠬᠤ ᠳᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠲᠥᠷᠥ ᠶᠢᠨ ᠪᠣᠳᠣᠯᠭ᠎ᠠ ᠶᠢᠨ ᠬᠠᠷᠢᠭᠤᠯᠲᠠ᠂ ᠤᠷᠢᠳᠴᠢᠯᠠᠨ ᠰᠡᠷᠡᠮᠵᠢᠯᠡᠭᠦᠯᠵᠦ ᠨᠡᠶᠢᠲᠡᠯᠡᠬᠦ᠂ ᠠᠵᠢᠯ ᠤᠨ | ᠬᠠᠨᠳᠤᠰᠢ ᠵᠡᠷᠭᠡ ᠶᠢ ᠴᠠᠭ ᠲᠤᠬᠠᠶ ᠳᠤ ᠨᠢ ᠬᠠᠩᠭᠠᠪᠠ᠃ | | | | | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ᠂ ᠪᠠᠷᠠᠭᠠᠨ ᠤ | ᠭᠦᠢᠯᠭᠡᠭᠡᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ | ᠤᠨ ᠭᠤᠣᠯᠳᠠᠯᠭ᠎ᠠ ᠪᠣᠯᠤᠨ ᠡᠷᠴᠢᠮ ᠢ ᠴᠠᠭ ᠲᠤᠬᠠᠢ ᠳᠤ ᠨᠢ ᠲᠣᠬᠢᠷᠠᠭᠤᠯᠵᠠᠢ᠃ ᠡᠨᠡ ᠬᠦ ᠬᠤᠭᠤᠴᠠᠭᠠᠨ ᠳᠤ | ᠨᠡᠶᠢᠲᠡ ᠣᠯᠠᠨ ᠲᠦᠮᠡᠨ ᠤ ᠢᠷᠡᠭᠦᠯᠦᠭᠰᠡᠨ 99 ᠬᠤᠪᠢ ᠤᠲᠠᠰᠤ ᠶᠢ ᠭᠥᠯᠢᠶᠡᠨ ᠠᠪᠴᠤ᠂ ᠣᠯᠠᠨ ᠲᠦᠮᠡᠨ ᠤ | ᠯᠠᠪᠯᠠᠭ᠎ᠠ ᠠᠪᠤᠭᠰᠠᠨ 71 ᠬᠤᠪᠢ ᠳᠤ ᠴᠠᠭ ᠲᠤᠬᠠᠶ ᠳᠤ ᠨᠢ ᠬᠠᠷᠢᠭᠤᠯᠲᠠ ᠥᠭᠴᠦ᠂ ᠣᠯᠠᠨ ᠲᠦᠮᠡᠨ ᠤ 28 | ᠬᠤᠪᠢ ᠵᠠᠭᠠᠯᠳᠤᠯᠭ᠎ᠠ ᠶᠢ ᠴᠠᠭ ᠲᠤᠬᠠᠶ ᠳᠤ ᠨᠢ ᠰᠢᠶᠳᠪᠦᠷᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠳᠤ ᠬᠤᠯᠪᠣᠭᠳᠠᠭᠰᠠᠨ ᠠᠰᠠᠭᠤᠳᠠᠯ ᠢ ᠲᠣᠰ ᠡᠳᠦᠷ ᠲᠤ ᠨᠢ ᠰᠢᠶᠳᠪᠦᠷᠢᠯᠡᠵᠦ᠂ ᠰᠢᠶᠳᠪᠦᠷᠢᠯᠡᠵᠦ | ᠳᠠᠭᠤᠰᠬᠠᠭᠰᠠᠨ ᠨᠣᠷᠮ᠎ᠠ ᠨᠢ 100% ᠳᠤ ᠬᠦᠷᠪᠡ᠃ | ᠤᠲᠠᠰᠤ ᠪᠠᠷ ᠠᠷᠠᠳ ᠤᠨ ᠰᠡᠳᠬᠢᠯ ᠢ ᠬᠤᠯᠪᠣᠵᠤ᠂ ᠭᠠᠷ ᠬᠤᠯᠪᠣᠨ ᠬᠢᠵᠢᠭ ᠤᠨ ᠪᠠᠶᠢᠳᠠᠯ ᠲᠠᠢ ᠪᠠᠶᠢᠯᠳᠤᠪᠠ᠃ | ᠰᠢᠯᠢ ᠶᠢᠨ ᠭᠤᠤᠯ ᠠᠶᠢᠮᠠᠭ ᠤᠨ 12328 ᠵᠠᠮ ᠬᠠᠷᠢᠯᠴᠠᠭ᠎ᠠ ᠲᠡᠭᠡᠭᠡᠪᠦᠷᠢ ᠶᠢᠨ ᠦᠶᠯᠡᠴᠢᠯᠡᠭᠡᠨ ᠤ ᠬᠠᠯᠠᠮᠰᠢᠯ | ᠤᠲᠠᠰᠤ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠪᠥᠬᠦ ᠬᠦᠴᠦᠨ ᠢᠶᠠᠷ ᠢᠶᠠᠨ | ᠬᠠᠮᠵᠢᠯᠴᠠᠨ ᠨᠠᠶᠢᠳᠠᠪᠤᠷᠢᠵᠢᠭᠤᠯᠵᠤ᠂ 24 ᠴᠠᠭ ᠢᠶᠠᠷ ᠦᠢᠯᠡᠴᠢᠯᠡᠭᠡ ᠬᠢᠬᠦ ᠶᠢ ᠴᠢᠩᠭ᠎ᠠ ᠬᠡᠷᠡᠭᠵᠢᠭᠦᠯᠦᠨ᠂ ᠠᠵᠢᠯ | ᠲᠥᠷᠥᠯ ᠤᠨ ᠬᠦᠴᠢᠷᠳᠡᠯ ᠢ ᠴᠠᠭ ᠲᠤᠬᠠᠶ ᠳᠤ ᠨᠢ ᠰᠢᠶᠳᠪᠦᠷᠢᠯᠡᠵᠦ᠂ ᠰᠢᠯᠢ ᠶᠢᠨ ᠭᠤᠤᠯ ᠠᠶᠢᠮᠠᠭ ᠤᠨ ᠬᠢᠵᠢᠭ ᠤᠨ | ᠪᠠᠶᠢᠳᠠᠯ ᠤᠨ ᠬᠤᠭᠤᠴᠠᠭᠠᠨ ᠳᠠᠬᠢ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠲᠤᠯᠠᠭ᠎ᠠ ᠵᠡᠷᠭᠡ ᠲᠠᠯ᠎ᠠ ᠳᠤ ᠬᠥᠭᠵᠢᠯᠲᠡ | ᠶᠢ ᠠᠬᠢᠭᠤᠯᠬᠤ ᠦᠶᠯᠡᠳᠦᠯ ᠦᠵᠡᠭᠦᠯᠪᠡ᠃ | ︵ᠪᠠᠢ ᠨᠠᠨ︶ |