ᠬᠥᠬᠡᠬᠤᠲᠠ ᠶᠢᠨ ᠭᠤᠤᠯ ᠬᠤᠲᠠ ᠲᠣᠭᠤᠷᠢᠭ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠠᠮᠠᠰᠠᠷ ᠲᠠᠬᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠲᠣᠭᠤᠷᠢᠭ ᠨᠢ ᠪᠠᠷᠢᠮᠵᠢᠶᠠᠵᠢᠭᠤᠯᠤᠭᠰᠠᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2022/9/8
     9 ᠳ᠋ᠦ᠋ᠭᠡᠷ ᠰᠠᠷ᠎ᠠ ᠶᠢᠨ 5 ᠤ ᠡᠳᠦᠷ᠂ ᠬᠥᠬᠡᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢ ᠭᠤᠤᠯ ᠬᠤᠲᠠ ᠲᠣᠭᠤᠷᠢᠭ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠠᠮᠠᠰᠠᠷ ᠲᠠᠬᠢ 10 ᠭᠠᠵᠠᠷ ᠤᠨ 12 ᠴᠡᠭ ᠪᠠᠶᠢᠷᠢ ᠶᠢᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠲᠣᠭᠤᠷᠢᠭ ᠤᠨ ᠪᠠᠷᠢᠮᠵᠢᠶᠠᠵᠢᠭᠤᠯᠤᠭᠰᠠᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃

     10 ᠭᠠᠵᠠᠷ ᠤᠨ 12 ᠴᠡᠭ ᠪᠠᠶᠢᠷᠢ ᠶᠢᠨ ᠪᠣᠳᠠᠲᠠᠶ ᠣᠷᠣᠨ ᠪᠠᠶᠢᠷᠢ ᠨᠢ᠄ G6 ᠢ ᠵᠢᠶᠠᠨ ᠹᠠᠩ ᠤᠨ

ᠪᠠᠶᠢᠴᠠᠭᠠᠨ ᠰᠢᠯᠭᠠᠬᠤ ᠴᠡᠭ︔ G5901 ᠬᠥᠬᠡᠬᠤᠲᠠ ᠶᠢᠨ ᠡᠮᠦᠨ᠎ᠡ ᠳᠠᠬᠢ ᠪᠠᠶᠢᠴᠠᠭᠠᠨ ᠰᠢᠯᠭᠠᠬᠤ ᠴᠡᠭ︔ G6

ᠬᠥᠬᠡᠬᠤᠲᠠ ᠶᠢᠨ ᠵᠡᠭᠦᠨ ᠤ ᠵᠡᠭᠦᠨ ᠲᠠᠯ᠎ᠠ ᠳᠠᠬᠢ ᠪᠠᠶᠢᠴᠠᠭᠠᠨ ᠰᠢᠯᠭᠠᠬᠤ ᠴᠡᠭ︔ G6 ᠬᠥᠬᠡᠬᠤᠲᠠ ᠶᠢᠨ ᠵᠡᠭᠦᠨ ᠤ

ᠪᠠᠷᠠᠭᠤᠨ ᠲᠠᠯ᠎ᠠ ᠳᠠᠬᠢ ᠪᠠᠶᠢᠴᠠᠭᠠᠨ ᠰᠢᠯᠭᠠᠬᠤ ᠴᠡᠭ︔ S31 ᠬᠥᠬᠡᠬᠤᠲᠠ ᠠᠴᠠ ᠳ᠋ᠠᠲ᠋ᠦ᠋ᠩ ᠬᠦᠷᠲᠡᠯᠡᠬᠢ ᠳᠡᠭᠡᠳᠦ

ᠬᠤᠷᠳᠤ ᠶᠢᠨ ᠵᠠᠰᠠᠮᠠᠯ ᠵᠠᠮ ᠤᠨ ᠪᠠᠶ ᠮᠢᠶᠣᠣ ᠽᠢ ᠶᠢᠨ ᠪᠠᠶᠢᠴᠠᠭᠠᠨ ᠰᠢᠯᠭᠠᠬᠤ ᠴᠡᠭ︔ G6 ᠶᠢᠨ ᠱᠠᠨ ᠤ

ᠪᠠᠶᠢᠴᠠᠭᠠᠨ ᠰᠢᠯᠭᠠᠬᠤ ᠴᠡᠭ︔ G6 ᠶᠢᠨ ᠴᠤᠸᠠᠨ ᠤ ᠪᠠᠶᠢᠴᠠᠭᠠᠨ ᠰᠢᠯᠭᠠᠬᠤ ᠴᠡᠭ︔ G5901 ᠭᠦᠸᠧ ᠵᠢᠶᠠ

ᠶᠢᠩ ᠤᠨ ᠬᠤᠶᠢᠲᠤ ᠲᠠᠯ᠎ᠠ ᠳᠠᠬᠢ ᠪᠠᠶᠢᠴᠠᠭᠠᠨ ᠰᠢᠯᠭᠠᠬᠤ ᠴᠡᠭ︔ G5901 ᠭᠦᠸᠧ ᠵᠢᠶᠠ ᠶᠢᠩ ᠤᠨ ᠡᠮᠦᠨ᠎ᠡ

ᠲᠠᠯ᠎ᠠ ᠳᠠᠬᠢ ᠪᠠᠶᠢᠴᠠᠭᠠᠨ ᠰᠢᠯᠭᠠᠬᠤ ᠴᠡᠭ︔ G5901 ᠴᠠᠭᠠᠨ ᠰᠤᠪᠤᠷᠭ᠎ᠠ ᠶᠢᠨ ᠪᠠᠶᠢᠴᠠᠭᠠᠨ ᠰᠢᠯᠭᠠᠬᠤ ᠴᠡᠭ︔

G5901 ᠶᠢᠨ ᠾᠧ ᠤᠨ ᠪᠠᠶᠢᠴᠠᠭᠠᠨ ᠰᠢᠯᠭᠠᠬᠤ ᠴᠡᠭ︔ G5901 ᠵᠤᠤ ᠵᠢᠶᠦ᠋ᠨ ᠤ ᠪᠠᠶᠢᠴᠠᠭᠠᠨ ᠰᠢᠯᠭᠠᠬᠤ

ᠴᠡᠭ᠃

     ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠲᠣᠭᠤᠷᠢᠭ ᠤᠨ ᠪᠠᠷᠢᠮᠵᠢᠶᠠᠵᠢᠭᠤᠯᠤᠭᠰᠠᠨ ᠪᠥᠲᠥᠭᠡᠨ

ᠪᠠᠶᠢᠭᠤᠯᠤᠯᠲᠠ ᠶᠢ ᠪᠡᠶᠡᠯᠡᠭᠦᠯᠦᠭᠰᠡᠨ ᠤ ᠳᠠᠷᠠᠭ᠎ᠠ᠂ ᠲᠡᠷᠭᠡ ᠬᠥᠰᠬᠡ ᠲᠣᠰ ᠲᠣᠰ ᠤᠨ ᠵᠠᠮ ᠢᠶᠠᠷ ᠢᠶᠠᠨ ᠶᠠᠪᠤᠵᠤ᠂

ᠬᠦᠮᠦᠰ ᠡᠮᠬᠢ ᠵᠢᠷᠤᠮ ᠲᠠᠢ ᠰᠢᠯᠭᠠᠨ ᠪᠠᠶᠢᠴᠠᠭᠠᠵᠤ᠂ ᠨᠡᠪᠲᠡᠷᠡᠬᠦ ᠦᠷ᠎ᠡ ᠪᠦᠲᠦᠮᠵᠢ ᠵᠢᠴᠢ ᠪᠥᠭᠡᠮ ᠬᠦᠴᠢᠯ ᠢ

ᠰᠢᠯᠭᠠᠨ ᠪᠠᠶᠢᠴᠠᠭᠠᠬᠤ ᠦᠷ᠎ᠡ ᠪᠦᠲᠦᠮᠵᠢ ᠤᠯᠠᠮ ᠨᠢᠭᠡ ᠠᠯᠬᠤᠮ ᠳᠡᠭᠡᠭᠰᠢᠯᠡᠪᠡ᠃   ︵ᠬᠥᠬᠡᠬᠤᠲᠠ ᠶᠢᠨ ᠵᠠᠮ

ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ︶

 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号