︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠨᠠᠩ ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠶᠢᠨ ᠦᠵᠡᠮᠵᠢ ᠶᠢᠨ ᠣᠷᠣᠨ ᠢ ᠪᠥᠲᠥᠭᠡᠨ ᠪᠠᠶᠢᠭᠤᠯᠤᠶ᠎ᠠ
ᠨᠡᠶᠢᠲᠡᠯᠡᠭᠰᠡᠨ ᠴᠠᠭ᠄
2023/10/13
      ᠰᠤᠷᠪᠤᠯᠵᠢᠯᠠᠭᠰᠠᠨ ᠵᠣᠴᠢᠨ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠢᠩᠬᠢᠮ ᠤᠨ ᠳᠠᠷᠤᠭ᠎ᠠ ᠶᠦᠨ ᠸᠧᠨ ᠵᠢᠩ       ᠰᠤᠷᠪᠤᠯᠵᠢᠯᠠᠭᠰᠠᠨ ᠴᠠᠭ᠄ 2023 - 08 - 29       ᠭᠤᠣᠯ ᠠᠭᠤᠯᠭ᠎ᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ  ᠶᠢᠨ ᠰᠢᠰᠲ᠋ᠧᠮ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ  ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠭᠤᠯᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ            ᠰᠢ ᠶᠢᠨ ᠫᠢᠩ ᠤᠨ ︽ᠲᠦᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ  ᠲᠤᠭᠤᠰᠢᠯᠠᠭᠤᠯᠵᠤ᠂ ᠪᠥᠬᠦ ᠬᠦᠴᠦᠨ ᠢᠶᠠᠷ ᠢᠶᠠᠨ ᠬᠥᠳᠡᠭᠡ ᠲᠣᠰᠬᠤᠨ ᠤ ᠵᠠᠰᠠᠮᠠᠯ ᠵᠠᠮ ᠢ ᠰᠠᠶᠢᠲᠤᠷ ᠪᠠᠶᠢᠭᠤᠯᠤᠨ᠂ ᠰᠠᠶᠢᠲᠤᠷ ᠬᠠᠮᠢᠶᠠᠷᠤᠨ᠂ ᠰᠠᠶᠢᠲᠤᠷ ᠬᠠᠮᠠᠭᠠᠯᠠᠨ᠂ ᠰᠠᠶᠢᠲᠤᠷ ᠡᠵᠡᠩᠨᠡᠵᠦ᠂ ᠥᠪᠡᠷᠲᠡᠭᠡᠨ ᠵᠠᠰᠠᠬᠤ ᠣᠷᠣᠨ ᠤ        ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠤᠨ᠂ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠨ᠎ᠡ᠃       ᠦᠰᠦᠭ ᠪᠢᠴᠢᠭ ᠤᠨ ᠪᠣᠳᠠᠲᠤ ᠲᠡᠮᠳᠡᠭᠯᠡᠯ      ᠬᠥᠲᠥᠯᠥᠭᠴᠢ᠄       ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ᠂ ᠲᠣᠰ ᠬᠤᠭᠤᠴᠠᠭᠠᠨ ᠤ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠳᠤ ᠠᠩᠬᠠᠷᠤᠯ ᠢᠶᠠᠨ ᠬᠠᠨᠳᠤᠭᠤᠯᠤᠭᠰᠠᠨ ᠳᠤ ᠪᠠᠶᠠᠷᠯᠠᠵᠤ ᠪᠠᠶᠢᠨ᠎ᠠ᠃ ᠥᠨᠥᠳᠦᠷ ᠪᠢᠳᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠢᠩᠬᠢᠮ ᠤᠨ ᠳᠠᠷᠤᠭ᠎ᠠ ᠶᠦᠨ ᠸᠧᠨ ᠵᠢᠩ ᠢ ᠳᠠᠬᠢᠨᠲᠠ ᠤᠷᠢᠭᠰᠠᠨ ᠳᠤ ᠪᠠᠨ ᠮᠠᠰᠢ ᠠᠵᠠ ᠲᠠᠢ ᠪᠠᠶᠢᠨ᠎ᠠ᠃ ᠲᠣᠰ ᠬᠤᠭᠤᠴᠠᠭᠠᠨ ᠤ ᠰᠤᠷᠪᠤᠯᠵᠢᠯᠠᠭ᠎ᠠ ᠳᠤ᠂ ᠪᠢᠳᠡ           ︽︿ᠳᠥᠷᠪᠡᠨ ᠰᠠᠶᠢᠨ ᠬᠥᠳᠡᠭᠡ ᠲᠣᠰᠬᠤᠨ ᠤ ᠵᠠᠮ﹀ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠨᠠᠩ ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠶᠢᠨ ᠦᠵᠡᠮᠵᠢ ᠶᠢᠨ ᠣᠷᠣᠨ ᠢ ᠪᠥᠲᠥᠭᠡᠨ ᠪᠠᠶᠢᠭᠤᠯᠤᠶ᠎ᠠ︾ ᠭᠡᠬᠦ ᠭᠤᠤᠯ ᠰᠡᠳᠦᠪ ᠤᠨ ᠲᠣᠭᠤᠷᠢᠨ ᠳᠤ ᠣᠯᠠᠨ ᠲᠠᠢ ᠰᠠᠨᠠᠯ ᠢᠶᠠᠨ ᠰᠣᠯᠢᠯᠴᠠᠬᠤ ᠪᠣᠯᠤᠨ᠎ᠠ᠃ ᠶᠦᠨ ᠲᠢᠩᠬᠢᠮ ᠤᠨ ᠳᠠᠷᠤᠭ᠎ᠠ᠂ ᠲᠠᠨ ᠢ ᠪᠠᠶᠠᠷᠯᠠᠨ ᠤᠭᠲᠤᠵᠤ ᠪᠠᠶᠢᠨ᠎ᠠ᠃ 2023 - 08 - 29  09᠄ 30᠄ 00       ᠰᠤᠷᠪᠤᠯᠵᠢᠯᠠᠭ᠎ᠠ ᠬᠦᠯᠢᠶᠡᠭᠴᠢ᠄ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠶᠦᠨ ᠸᠧᠨ ᠵᠢᠩ       ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ᠂ ᠲᠣᠰ ᠬᠤᠭᠤᠴᠠᠭᠠᠨ ᠤ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠳᠤ ᠠᠩᠬᠠᠷᠤᠯ ᠢᠶᠠᠨ ᠬᠠᠨᠳᠤᠭᠤᠯᠤᠭᠰᠠᠨ ᠳᠤ ᠪᠠᠶᠠᠷᠯᠠᠵᠤ ᠪᠠᠶᠢᠨ᠎ᠠ᠃ ᠥᠨᠥᠳᠦᠷ ᠪᠢᠳᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠢᠩᠬᠢᠮ ᠤᠨ ᠳᠠᠷᠤᠭ᠎ᠠ ᠶᠦᠨ ᠸᠧᠨ ᠵᠢᠩ ᠢ ᠳᠠᠬᠢᠨᠲᠠ ᠤᠷᠢᠭᠰᠠᠨ ᠳᠤ ᠪᠠᠨ ᠮᠠᠰᠢ ᠠᠵᠠ ᠲᠠᠢ ᠪᠠᠶᠢᠨ᠎ᠠ᠃ ᠲᠣᠰ ᠬᠤᠭᠤᠴᠠᠭᠠᠨ ᠤ ᠰᠤᠷᠪᠤᠯᠵᠢᠯᠠᠭ᠎ᠠ ᠳᠤ᠂ ᠪᠢᠳᠡ           ︽︿ᠳᠥᠷᠪᠡᠨ ᠰᠠᠶᠢᠨ ᠬᠥᠳᠡᠭᠡ ᠲᠣᠰᠬᠤᠨ ᠤ ᠵᠠᠮ﹀ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠨᠠᠩ ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠶᠢᠨ ᠦᠵᠡᠮᠵᠢ ᠶᠢᠨ ᠣᠷᠣᠨ ᠢ ᠪᠥᠲᠥᠭᠡᠨ ᠪᠠᠶᠢᠭᠤᠯᠤᠶ᠎ᠠ︾ ᠭᠡᠬᠦ ᠭᠤᠤᠯ ᠰᠡᠳᠦᠪ ᠤᠨ ᠲᠣᠭᠤᠷᠢᠨ ᠳᠤ ᠣᠯᠠᠨ ᠲᠠᠢ ᠰᠠᠨᠠᠯ ᠢᠶᠠᠨ ᠰᠣᠯᠢᠯᠴᠠᠬᠤ ᠪᠣᠯᠤᠨ᠎ᠠ᠃ ᠶᠦᠨ ᠲᠢᠩᠬᠢᠮ ᠤᠨ ᠳᠠᠷᠤᠭ᠎ᠠ᠂ ᠲᠠᠨ ᠢ ᠪᠠᠶᠠᠷᠯᠠᠨ ᠤᠭᠲᠤᠵᠤ ᠪᠠᠶᠢᠨ᠎ᠠ᠃ 2023 - 08 - 2909᠄ 31᠄ 00       ᠬᠥᠲᠥᠯᠥᠭᠴᠢ᠄       ᠶᠦᠨ ᠲᠢᠩᠬᠢᠮ ᠤᠨ ᠳᠠᠷᠤᠭ᠎ᠠ᠂ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠴᠢᠨᠠᠷ ᠰᠠᠶᠢᠲᠠᠶ ᠬᠥᠭᠵᠢᠯᠲᠡ ᠶᠢᠨ ᠱᠠᠲᠤᠨ ᠳᠤ ᠤᠷᠤᠭᠰᠠᠨ ᠠᠴᠠ ᠨᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠴᠤ ᠤᠯᠤᠰ ᠤᠨ ᠠᠯᠬᠤᠭ᠎ᠠ ᠶᠢ ᠰᠠᠯᠤᠯ ᠥᠬᠡᠶ ᠳᠠᠭᠠᠵᠤ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ᠢ ᠨᠡᠶᠢᠲᠡᠯᠡᠪᠡ᠂ ᠣᠲᠣ ᠲᠠ ᠬᠠᠰᠢᠯᠠ ᠣᠳᠣᠬᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠶᠡᠷᠦᠩᠬᠡᠶ ᠪᠠᠶᠢᠳᠠᠯ ᠢ ᠣᠯᠠᠨ ᠳᠤ ᠲᠠᠨᠢᠯᠴᠠᠭᠤᠯᠤᠭᠠᠳ ᠥᠭᠭᠦᠨ᠎ᠡ ᠤᠤ ᠃ 2023 - 08 - 29 09᠄ 32᠄ 00      ᠰᠤᠷᠪᠤᠯᠵᠢᠯᠠᠭ᠎ᠠ ᠬᠦᠯᠢᠶᠡᠭᠴᠢ᠄ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠶᠦᠨ ᠸᠧᠨ ᠵᠢᠩ      ᠥᠪᠥᠷ ᠮᠣᠩᠭᠤᠯ ᠪᠣᠯ ᠡᠬᠡ ᠤᠯᠤᠰ ᠤᠨ ᠤᠮᠠᠷᠠᠲᠤ ᠬᠢᠯᠢ ᠬᠢᠵᠠᠭᠠᠷ ᠲᠤ ᠣᠷᠣᠰᠢᠵᠤ᠂ ︽ᠤᠮᠠᠷᠠᠲᠤ ᠶᠢᠨ ᠭᠤᠷᠪᠠᠨ ᠣᠷᠣᠨ︾ ᠢ ᠰᠤᠨᠳᠠᠯᠠᠨ᠂ ᠳᠣᠲᠣᠭᠠᠳᠤ ᠳᠤ ᠪᠠᠨ ᠨᠠᠢᠮᠠᠨ ᠮᠤᠵᠢ ᠲᠠᠢ ᠵᠠᠯᠭᠠᠯᠳᠤᠵᠤ᠂ ᠭᠠᠳᠠᠭᠠᠲᠤ ᠪᠠᠨ ᠣᠷᠣᠰ ᠮᠣᠩᠭᠤᠯ ᠲᠠᠢ ᠬᠥᠷᠰᠢᠯᠡᠵᠦ᠂ ᠡᠬᠡ ᠤᠯᠤᠰ ᠤᠨ  ︽ᠤᠮᠠᠷᠠᠲᠤ ᠶᠡᠭᠡ ᠬᠠᠭᠠᠯᠭ᠎ᠠ︾ ᠂ ᠨᠡᠶᠢᠰᠯᠡᠯ ᠤᠨ      ︽ᠤᠨᠠᠭᠤᠯᠢ ᠭᠤᠣᠯ︾ ᠪᠣᠯᠤᠨ᠎ᠠ᠃ ᠪᠦᠬᠦ ᠣᠷᠣᠨ ᠤ ᠶᠡᠷᠦᠩᠬᠡᠶ ᠲᠠᠯᠠᠪᠠᠶ 118.3 ᠲᠦᠮᠡᠨ ᠲᠡᠭᠰᠢ ᠳᠥᠷᠪᠡᠯᠵᠢᠨ ᠺᠢᠯᠣᠮᠧᠲᠷ᠂ ᠬᠥᠮᠦᠨ ᠠᠮᠠ 2401 ᠲᠦᠮᠡ ᠪᠠᠶᠢᠵᠤ᠂ ᠨᠡᠶᠢᠲᠡ 12 ᠠᠶᠢᠮᠠᠭ ᠬᠤᠲᠠ᠂ 103 ᠬᠤᠰᠢᠭᠤ ᠰᠢᠶᠠᠨ᠂ 779 ᠰᠤᠮᠤ ᠰᠢᠶᠠᠩ᠂ 11050 ᠭᠠᠴᠠᠭ᠎ᠠ ᠲᠣᠰᠬᠤᠨ᠂ 34352 ᠨᠡᠯᠢᠶᠡᠳ ᠶᠡᠭᠡ ᠬᠥᠮᠦᠨ ᠠᠮᠠ  ᠶᠢᠨ ᠬᠡᠪᠴᠢᠶᠡᠲᠡᠢ ︵20 ᠡᠷᠦᠬᠡ ᠠᠴᠠ ᠳᠡᠭᠡᠭᠰᠢ︶ ᠪᠠᠶᠢᠭᠠᠯᠢᠯᠢᠭ ᠲᠣᠰᠬᠤᠨ ᠬᠠᠷᠢᠶᠠᠯᠠᠭᠳᠠᠨ᠎ᠠ᠃ ᠣᠶᠢᠷ᠎ᠠ ᠶᠢᠨ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ ᠳᠣᠤᠷ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠡᠳ᠋ ᠤᠨ ᠵᠠᠰᠠᠭ ᠤᠨ ᠶᠠᠮᠤᠨ᠂ ᠬᠥᠳᠡᠭᠡ ᠠᠵᠤ ᠠᠬᠤᠶ ᠬᠥᠳᠡᠭᠡ ᠲᠣᠰᠬᠤᠨ ᠤ ᠶᠠᠮᠤᠨ ᠵᠡᠷᠭᠡ ᠤᠯᠤᠰ ᠤᠨ ᠶᠠᠮᠤᠨ ᠵᠥᠪᠯᠡᠯ ᠤᠨ ᠬᠦᠴᠦᠲᠡᠶ ᠳᠡᠮᠵᠢᠯᠭᠡ ᠳᠣᠤᠷ᠎ᠠ᠂ ᠪᠥᠬᠦ ᠣᠷᠣᠨ ᠳᠠᠶᠠᠭᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾  ᠤᠨ ᠪᠥᠲᠥᠭᠡᠨ ᠪᠠᠶᠢᠭᠤᠯᠤᠯᠲᠠ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠢ ᠪᠥᠬᠦ ᠬᠦᠴᠦᠨ ᠢᠶᠠᠷ ᠢᠶᠠᠨ ᠰᠠᠶᠢᠲᠤᠷ ᠪᠥᠲᠥᠭᠡᠨ ᠪᠠᠶᠢᠭᠤᠯᠵᠤ᠂ ᠰᠠᠶᠢᠲᠤᠷ ᠬᠠᠮᠢᠶᠠᠷᠴᠤ᠂ ᠰᠠᠶᠢᠲᠤᠷ ᠬᠠᠮᠠᠭᠠᠯᠠᠵᠤ᠂ ᠰᠠᠶᠢᠲᠤᠷ ᠡᠵᠡᠩᠨᠡᠵᠦ᠂ ᠥᠪᠡᠷᠲᠡᠭᠡᠨ ᠵᠠᠰᠠᠬᠤ ᠣᠷᠣᠨ ᠤ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠪᠠ᠃ 2022 ᠣᠨ ᠤ ᠡᠴᠦᠰ ᠪᠣᠯᠲᠠᠯ᠎ᠠ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠲᠡᠷᠭᠡ ᠨᠡᠪᠲᠡᠷᠡᠭᠰᠡᠨ ᠶᠡᠷᠦᠩᠬᠡᠶ ᠣᠷᠳᠣ 17.5 ᠲᠦᠮᠡᠨ ᠺᠢᠯᠣᠮᠧᠲᠷ ᠲᠤ ᠬᠦᠷᠴᠦ᠂ ᠡᠭᠦᠨ ᠳᠤ ᠰᠢᠶᠠᠨ ᠤ ᠵᠠᠮ 4 ᠲᠦᠮᠡᠨ ᠺᠢᠯᠣᠮᠧᠲᠷ᠂ ᠰᠢᠶᠠᠩ ᠤᠨ ᠵᠠᠮ 4 ᠲᠦᠮᠡᠨ ᠺᠢᠯᠣᠮᠧᠲᠷ᠂ ᠲᠣᠰᠬᠤᠨ ᠤ ᠵᠠᠮ 9.5 ᠲᠦᠮᠡᠨ ᠺᠢᠯᠣᠮᠧᠲᠷ ᠪᠠᠶᠢᠵᠤ᠂ ᠪᠣᠶ ᠪᠥᠬᠦᠶ ᠰᠤᠮᠤ ᠰᠢᠶᠠᠩ ᠪᠠᠯᠭᠠᠰᠤ ᠪᠣᠯᠤᠨ ᠨᠥᠬᠦᠴᠡᠯ  ᠲᠠᠢ ᠪᠠᠶᠢᠭᠤᠯᠤᠯᠳᠠᠲᠤ ᠭᠠᠴᠠᠭ᠎ᠠ ᠲᠣᠰᠬᠤᠨ ᠳᠤ ᠴᠥᠮ ᠬᠠᠲᠠᠭᠤᠷᠠᠭᠤᠯᠤᠭᠰᠠᠨ ᠵᠠᠮ ᠪᠠ ᠠᠶᠠᠨᠴᠢᠳ ᠤᠨ ᠲᠡᠷᠭᠡ ᠨᠡᠪᠲᠡᠷᠡᠪᠡ᠃      ᠬᠥᠲᠥᠯᠥᠭᠴᠢ᠄       ᠶᠦᠨ ᠲᠢᠩᠬᠢᠮ ᠤᠨ ᠳᠠᠷᠤᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠠᠯ᠎ᠠ ᠪᠠᠷ ᠶᠠᠮᠠᠷ ᠶᠠᠮᠠᠷ ᠪᠣᠳᠠᠲᠠᠶ ᠠᠷᠭ᠎ᠠ ᠬᠢᠳᠡᠯ ᠪᠠᠶᠢᠬᠤ ᠶᠢ ᠲᠠᠨᠢᠯᠴᠠᠭᠤᠯᠤᠭᠠᠳ ᠥᠭᠭᠦᠨ᠎ᠡ ᠤᠤ︖ 2023 - 08 - 29  09᠄ 35᠄ 00       ᠰᠤᠷᠪᠤᠯᠵᠢᠯᠠᠭ᠎ᠠ ᠬᠦᠯᠢᠶᠡᠭᠴᠢ᠄ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠶᠦᠨ ᠸᠧᠨ ᠵᠢᠩ       ᠲᠡᠭᠡᠶ᠎ᠡ᠂ ᠬᠦᠳᠦᠯᠦᠭᠴᠢ᠃ ᠮᠠᠨ ᠤ ᠣᠷᠣᠨ  ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾  ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠠᠪᠤᠴᠠ ᠳᠤ᠂ ᠭᠤᠤᠯᠳᠠᠭᠤ ᠭᠤᠷᠪᠠᠨ ᠲᠠᠯ᠎ᠠ ᠶᠢᠨ ᠲᠣᠭᠤᠷᠢᠨ ᠳᠤ ᠬᠠᠮᠢᠶ᠎ᠠ ᠪᠥᠬᠦᠶ ᠠᠵᠢᠯ ᠢ ᠬᠢᠪᠠ᠃ ᠨᠢᠭᠡ ᠳᠤ᠂ ᠳᠡᠭᠡᠳᠦ ᠪᠠᠶᠢᠷᠢᠨ ᠠᠴᠠ ᠪᠠᠶᠢᠷᠢᠯᠠᠭᠤᠯᠬᠤ ᠶᠢ ᠠᠬᠢᠭᠤᠯᠬᠤ ᠰᠢᠰᠲ᠋ᠧᠮ ᠢ ᠪᠠᠶᠢᠭᠤᠯᠪᠠ᠃ ︽ᠠᠷᠪᠠᠨ ᠳᠥᠷᠪᠡᠳᠦᠭᠡᠷ ᠲᠠᠪᠤᠨ ᠵᠢᠯ︾  ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠪᠡ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠳᠤ ᠣᠯᠠᠨ ᠤᠳᠠᠭ᠎ᠠ ᠪᠠᠶᠢᠴᠠᠭᠠᠨ ᠰᠤᠳᠤᠯᠤᠯᠲᠠ ᠬᠢᠵᠦ᠂ ᠴᠣᠬᠤᠯᠠᠪᠤᠷᠢ ᠥᠭᠴᠡᠶ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠦᠨᠳᠦᠷᠴᠡ ᠳᠤ ᠵᠣᠭᠰᠣᠵᠤ᠂ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠪᠠᠷ ︽ᠳᠥᠷᠪᠡᠨ ᠰᠠᠶᠢᠨ ᠬᠥᠳᠡᠭᠡ ᠲᠣᠰᠬᠤᠨ  ᠤ ᠵᠠᠮ︾ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠵᠤ᠂ ᠵᠠᠮ ᠬᠠᠷᠢᠯᠴᠠᠭᠠᠨ ᠤ ᠬᠤᠰᠢᠭᠤᠴᠢ ᠲᠤᠰᠢᠶᠠᠯᠲᠠᠨ ᠤ ᠦᠶᠯᠡᠳᠦᠯ ᠢ ᠭᠦᠶᠴᠡᠳ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠨᠢᠭᠡᠳᠦᠯᠲᠡᠶ ᠲᠥᠯᠥᠪᠵᠢᠭᠦᠯᠬᠦ ᠪᠠ ᠪᠦᠬᠦᠯᠢ ᠴᠣᠭᠴᠠ ᠪᠠᠷ ᠠᠬᠢᠭᠤᠯᠬᠤ ᠠᠵᠢᠯ ᠢ ᠰᠠᠶᠢᠲᠤᠷ ᠬᠢᠵᠦ᠂ ᠮᠡᠷᠭᠡᠵᠢᠯ ᠤᠨ ᠵᠢᠯᠣᠭᠤᠳᠣᠯᠭ᠎ᠠ ᠪᠠ ᠪᠠᠯᠠ ᠮᠥᠩᠭᠦ ᠶᠢᠨ ᠪᠠᠲᠤᠯᠠᠭ᠎ᠠ ᠶᠢ ᠴᠢᠩᠭᠠᠳᠬᠠᠵᠤ᠂ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠪᠠ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ᠡᠯ᠎ᠡ ᠭᠠᠵᠠᠷ ᠤᠨ ᠲᠡᠷᠢᠭᠦᠨ ᠤ ᠬᠢ  ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠤᠬᠠᠮᠰᠠᠷ ᠢ ᠴᠢᠩᠭᠠᠳᠬᠠᠵᠤ᠂  ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠷᠠᠭᠤᠯᠤᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠠᠴᠠ ᠨᠠᠭᠠᠰᠢ᠂ ᠲᠤᠰᠬᠠᠶ ᠰᠡᠳᠦᠪᠲᠦ ᠬᠤᠷᠠᠯ᠂ ᠣᠨ ᠤ ᠠᠵᠢᠯ ᠤᠨ ᠬᠤᠷᠠᠯ᠂ ᠵᠣᠬᠢᠴᠠᠭᠤᠯᠤᠨ ᠠᠬᠢᠭᠤᠯᠬᠤ ᠬᠤᠷᠠᠯ᠂ ᠪᠣᠯᠪᠠᠰᠤᠷᠠᠯ ᠤᠨ ᠬᠤᠷᠠᠯ ᠵᠡᠷᠭᠡ ᠶᠢ ᠬᠤᠷᠠᠯᠳᠤᠭᠤᠯᠬᠤ ᠪᠠᠷ ᠳᠠᠮᠵᠢᠨ᠂ ᠬᠤᠷᠠᠯ ᠳᠠᠭᠠᠷᠠᠪᠠᠯ ᠡᠷᠬᠡᠪᠰᠢ ᠶᠠᠷᠢᠵᠤ᠂ ᠬᠤᠷᠠᠯ ᠳᠠᠭᠠᠷᠠᠪᠠᠯ ᠡᠷᠬᠡᠪᠰᠢ  ᠳᠤᠷᠠᠳᠴᠤ᠂ ᠥᠨᠳᠥᠷ ᠵᠣᠭᠰᠣᠴᠠ ᠠᠴᠠ ᠪᠠᠶᠢᠷᠢᠯᠠᠭᠤᠯᠵᠤ᠂ ᠥᠨᠳᠥᠷ ᠪᠠᠷᠢᠮᠵᠢᠶ᠎ᠠ ᠪᠠᠷ ᠠᠬᠢᠭᠤᠯᠪᠠ᠃ ᠬᠤᠲᠠ᠂ ᠰᠢᠶᠠᠨ ᠬᠤᠶᠠᠷ ᠱᠠᠲᠤᠨ ᠤ ᠵᠠᠰᠠᠭ ᠤᠨ ᠣᠷᠳᠣᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠤᠨ᠂ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦ ᠪᠠᠨ ᠬᠠᠮᠲᠤᠳᠬᠠᠨ ᠠᠬᠢᠭᠤᠯᠵᠤ᠂ ᠡᠭᠦᠳᠦᠨ ᠪᠠᠶᠢᠭᠤᠯᠬᠤ ᠬᠠᠯᠠᠭᠤᠨ ᠥᠷᠨᠢᠯᠲᠡ ᠶᠢ ᠪᠥᠬᠦ ᠲᠠᠯ᠎ᠠ ᠪᠠᠷ ᠥᠷᠨᠢᠭᠦᠯᠪᠡ᠃ ︽ᠳᠥᠷᠪᠡᠨ ᠰᠠᠶᠢᠨ ᠬᠥᠳᠡᠭᠡ ᠲᠣᠰᠬᠤᠨ  ᠤ ᠵᠠᠮ ︾  ᠨᠢ ᠠᠵᠢᠯ ᠲᠥᠷᠥᠯ ᠤᠨ ᠬᠠᠮᠤᠭ ᠤᠨ ᠲᠦᠷᠦᠭᠦᠨ ᠳᠤ ᠠᠳᠬᠤᠬᠤ ᠭᠤᠤᠯᠳᠠᠯᠭ᠎ᠠ ᠲᠠᠢ ᠠᠵᠢᠯ ᠪᠣᠯᠤᠭᠰᠠᠨ ᠢᠶᠠᠷ ᠪᠠᠷᠠᠬᠤ ᠥᠬᠡᠶ ᠨᠠᠩ ᠴᠤ ᠡᠯ᠎ᠡ ᠭᠠᠵᠠᠷ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠨᠢᠭᠡᠨ ᠭᠤᠤᠯ ᠠᠵᠢᠯ ᠪᠣᠯᠤᠭᠰᠠᠨ ᠪᠠᠶᠢᠨ᠎ᠠ ᠃ ᠬᠤᠶᠠᠷ ᠲᠤ᠂ ᠰᠢᠰᠲ᠋ᠧᠮ ᠲᠠᠢ ᠪᠥᠭᠡᠳ ᠪᠦᠬᠦ ᠲᠠᠯ᠎ᠠ ᠶᠢᠨ ᠳᠦᠷᠢᠮ ᠤᠨ ᠰᠢᠰᠲ᠋ᠧᠮ ᠢ ᠪᠠᠶᠢᠭᠤᠯᠪᠠ᠃ ︽ᠠᠷᠪᠠᠨ ᠳᠥᠷᠪᠡᠳᠦᠭᠡᠷ ᠲᠠᠪᠤᠨ ᠵᠢᠯ︾ ᠠᠴᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠢ ᠡᠭᠦᠳᠦᠨ ᠪᠠᠶᠢᠭᠤᠯᠬᠤ ᠪᠥᠬᠦ ᠤᠯᠤᠰ  ᠤᠨ ᠵᠢᠱᠢᠶ᠎ᠡ ᠦᠵᠡᠭᠦᠯᠬᠦ ᠰᠢᠶᠠᠨ ᠤ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠰᠦᠯ ᠵᠣᠬᠢᠶᠠᠬᠤ᠂ ᠢᠯᠠ ᠠᠷᠭ᠎ᠠ ᠬᠡᠮᠵᠢᠶ᠎ᠡ᠂ ᠨᠠᠶᠢᠳᠠᠪᠤᠷᠢᠵᠢᠭᠤᠯᠤᠯᠲᠠ ᠶᠢ ᠠᠳᠬᠤᠵᠤ᠂   ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠲᠦᠷᠢᠮ︾᠂ ︽︿ᠳᠥᠷᠪᠡᠨ ᠰᠠᠶᠢᠨ ᠬᠥᠳᠡᠭᠡ ᠲᠣᠰᠬᠤᠨ ᠤ ᠵᠠᠮ﹀ ᠤᠨ ᠪᠥᠲᠥᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾᠂ ︽ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾᠂ ︽ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠨ ᠬᠠᠮᠠᠭᠠᠯᠠᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾᠂ ︽ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠶᠠᠳᠠᠭᠤ ᠶᠢ ᠲᠡᠳᠬᠦᠬᠦ ᠠᠯᠪᠠᠨ ᠬᠡᠷ᠂ ᠰᠢᠦᠳᠠᠨ ᠪ᠊ ᠬᠠᠮᠢᠶᠠᠷᠤᠯᠲᠠ ᠶᠢᠨ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ           ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ᠵᠡᠷᠭᠡ ᠠᠯᠢ ᠣᠯᠠᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠪᠢᠴᠢᠭ ᠮᠠᠲ᠋ᠧᠷᠢᠶᠠᠯ ᠢ ᠨᠡᠶᠢᠲᠡᠯᠡᠵᠦ᠂ ᠡᠭᠦᠨ ᠤ ᠬᠠᠮᠲᠤ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠴᠢᠨᠠᠷ ᠰᠠᠶᠢᠲᠠᠶ ᠬᠥᠭᠵᠢᠯᠲᠡ ᠶᠢᠨ ᠬᠠᠷᠠᠯᠲᠠ ᠶᠢ ᠪᠥᠬᠦ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ  ᠶᠢᠨ ᠬᠥᠭᠵᠢᠯᠲᠡ ᠶᠢᠨ ᠬᠥᠲᠥᠯᠪᠦᠷᠢ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠡᠷᠡᠭᠵᠢᠭᠦᠯᠬᠦ ᠲᠥᠰᠦᠯ ᠳᠤ ᠣᠷᠣᠭᠤᠯᠵᠤ᠂ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ  ᠶᠢᠨ ᠶᠡᠷᠦᠩᠬᠡᠶ ᠰᠡᠳᠬᠢᠮᠵᠢ᠂ ᠬᠠᠷᠠᠯᠲᠠ ᠡᠭᠦᠷᠭᠡ᠂ ᠬᠠᠷᠢᠭᠤᠴᠠᠯᠭ᠎ᠠ ᠶᠢᠨ ᠨᠠᠷᠢᠨ ᠳᠠᠩᠰᠠ᠂ ᠠᠬᠢᠴᠠ ᠶᠢᠨ ᠲᠣᠬᠢᠷᠠᠭᠤᠯᠤᠯᠲᠠ ᠵᠡᠷᠭᠡ ᠳᠤ ᠲᠣᠳᠣᠷᠬᠠᠶ ᠱᠠᠭᠠᠷᠳᠠᠯᠭ᠎ᠠ ᠳᠤᠷᠠᠳᠴᠤ᠂ ᠱᠠᠲᠤ ᠱᠠᠲᠤ ᠪᠠᠷ ᠠᠬᠢᠭᠤᠯᠬᠤ ᠬᠤᠷᠠᠯ᠂ ᠰᠤᠷᠤᠯᠴᠠᠵᠤ ᠰᠣᠯᠢᠯᠴᠠᠬᠤ ᠬᠤᠷᠠᠯ᠂ ᠤᠬᠠᠭᠤᠯᠤᠨ ᠨᠠᠶᠢᠳᠠᠪᠤᠷᠢᠵᠢᠭᠤᠯᠬᠤ ᠬᠤᠷᠠᠯ ᠵᠡᠷᠭᠡ ᠢ ᠬᠤᠷᠠᠯᠳᠤᠭᠤᠯᠵᠤ᠂ ᠲᠧᠯᠸᠢᠰ᠂ ᠢᠨᠲ᠋ᠧᠷ ᠰᠦᠯᠵᠢᠶ᠎ᠡ᠂ ᠸᠢᠴᠠᠲ ᠤᠨ ᠲᠠᠪᠴᠠᠩ ᠵᠡᠷᠭᠡ ᠵᠠᠭᠤᠴᠢᠯᠠᠭᠤᠷ ᠢᠶᠠᠷ ᠳᠠᠮᠵᠢᠨ ᠥᠷᠭᠡᠨ ᠢᠶᠠᠷ ᠤᠬᠠᠭᠤᠯᠵᠤ᠂ ᠨᠡᠶᠢᠭᠡᠮ ᠤᠨ ᠡᠯ᠎ᠡ ᠡᠲᠡᠭᠡᠳ ᠪᠣᠯᠤᠨ ᠣᠯᠠᠨ ᠲᠦᠮᠡᠨ ᠤ ᠣᠶᠢᠯᠠᠭᠠᠯᠲᠠ ᠪᠣᠯᠤᠨ ᠳᠡᠮᠵᠢᠯᠭᠡ ᠶᠢ ᠣᠯᠬᠤ ᠪᠠᠷ ᠴᠢᠷᠮᠠᠶᠢᠵᠤ᠂ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠴᠢᠨᠠᠷ ᠰᠠᠶᠢᠲᠠᠶ ᠬᠥᠭᠵᠢᠯᠲᠡ  ᠳᠤ ᠬᠦᠴᠦᠲᠡᠶ ᠲᠦᠷᠢᠮ ᠤᠨ ᠪᠠᠲᠤᠯᠠᠭ᠎ᠠ ᠬᠠᠩᠭᠠᠪᠠ᠃ ᠭᠤᠷᠪᠠ ᠳᠤ᠂ ᠵᠣᠬᠢᠴᠠᠭᠤᠯᠤᠨ ᠠᠬᠢᠭᠤᠯᠬᠤ ᠠᠵᠢᠯ ᠤᠨ ᠰᠢᠰᠲ᠋ᠧᠮ ᠢ ᠲᠡᠭᠦᠯᠳᠡᠷᠵᠢᠭᠦᠯᠪᠡ᠃ ᠨᠠᠮ ᠤᠨ ᠪᠠᠶᠢᠭᠤᠯᠤᠯᠲᠠ ᠪᠠᠷ ᠬᠥᠲᠥᠯᠥᠨ ᠵᠢᠯᠣᠭᠤᠳᠣᠭᠤᠯᠵᠤ᠂ ᠳᠡᠭᠡᠳᠦ ᠬᠡᠮᠵᠢᠶ᠎ᠡ ᠪᠠᠷ ᠠᠬᠢᠭᠤᠯᠤᠨ᠂ ᠵᠠᠰᠠᠭ ᠤᠨ ᠣᠷᠳᠣᠨ ᠢᠶᠠᠷ ᠭᠤᠤᠯᠯᠠᠭᠤᠯᠵᠤ᠂ ᠬᠠᠷᠢᠭᠤᠴᠠᠯᠭ᠎ᠠ ᠶᠢᠨ ᠬᠡᠯᠬᠢᠶ᠎ᠡ ᠶᠢ ᠱᠠᠲᠤ ᠱᠠᠲᠤ ᠪᠠᠷ ᠴᠢᠩᠭ᠎ᠠ ᠪᠥᠭᠡᠳ ᠪᠣᠳᠠᠲᠠᠶ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠪᠠ ᠣᠯᠠᠨ ᠲᠦᠮᠡᠨ ᠤ ᠳᠠᠪᠠᠭᠤᠯᠢᠭ ᠢ ᠦᠨᠡᠨᠬᠦ ᠪᠠᠳᠠᠷᠠᠭᠤᠯᠤᠨ᠂ ᠨᠠᠮ ᠤᠨ ᠪᠠᠶᠢᠭᠤᠯᠤᠯᠲᠠ ᠶᠢᠨ ᠳᠠᠪᠠᠭᠤᠯᠢᠭ ᠢ ᠵᠠᠮ ᠵᠠᠰᠠᠵᠤ ᠬᠥᠭᠦᠷᠭᠡ ᠲᠠᠯᠪᠢᠬᠤ ᠳᠠᠪᠠᠭᠤᠯᠢᠭ ᠪᠣᠯᠭᠠᠨ ᠬᠤᠪᠢᠷᠠᠭᠤᠯᠵᠤ᠂ ᠵᠣᠬᠢᠶᠠᠨ ᠪᠠᠶᠢᠭᠤᠯᠤᠯᠲᠠ ᠶᠢᠨ ᠠᠮᠢᠵᠢᠷᠠᠯ ᠤᠨ ᠬᠦᠴᠦᠨ ᠢ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠢ ᠪᠥᠲᠥᠭᠡᠨ ᠪᠠᠶᠢᠭᠤᠯᠬᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠠᠢ᠃ ᠠᠬᠢᠴᠠ ᠶᠢ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠨᠢ        ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠠᠵᠢᠯ ᠢ ᠰᠠᠷ᠎ᠠ ᠪᠦᠷᠢ ᠶᠢᠨ ᠭᠤᠤᠯᠳᠠᠯᠭ᠎ᠠ ᠲᠠᠢ ᠠᠵᠢᠯ  ᠤᠨ ᠲᠣᠬᠢᠷᠠᠭᠤᠯᠤᠯᠲᠠ ᠶᠢᠨ ᠨᠠᠷᠢᠨ ᠳᠠᠩᠰᠠᠨ ᠳᠤ ᠣᠷᠣᠭᠤᠯᠵᠤ᠂ ᠲᠦᠷᠦᠭᠦᠯᠡᠬᠦ ᠪᠠ ᠬᠠᠮᠵᠢᠯᠴᠠᠬᠤ ᠨᠢᠭᠡᠴᠢ ᠶᠢ ᠲᠣᠳᠣᠷᠬᠠᠶᠢᠯᠠᠨ᠂ ᠠᠵᠢᠯ ᠤᠨ ᠠᠬᠢᠴᠠ ᠶᠢ ᠴᠠᠭ ᠲᠤᠬᠠᠶ ᠳᠤ ᠨᠢ ᠮᠥᠷᠳᠡᠵᠦ᠂ ᠠᠬᠢᠴᠠ ᠪᠠᠷ ᠤᠳᠠᠭᠠᠨ ᠪᠠᠶᠢᠭ᠎ᠠ ᠭᠠᠵᠠᠷ ᠣᠷᠣᠨ ᠢ ᠴᠢᠩᠭ᠎ᠠ ᠮᠡᠳᠡᠭᠡᠯᠡᠨ᠂ ᠨᠢᠭᠡᠴᠢ ᠶᠢᠨ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠬᠤ ᠶᠢᠨ ᠬᠠᠮᠲᠤ᠂ ᠣᠨ ᠤ ᠰᠢᠯᠭᠠᠨ ᠬᠢᠨᠠᠬᠤ᠂ ᠺᠠᠳ᠋ᠷ ᠢ ᠳᠡᠪᠰᠢᠭᠦᠯᠬᠦ ᠲᠠᠢ ᠰᠢᠭᠤᠳ ᠬᠤᠯᠪᠣᠭᠳᠠᠭᠤᠯᠤᠨ᠎ᠠ᠃ ᠤᠷᠮᠠᠰᠢᠭᠤᠯᠬᠤ ᠪᠠ ᠬᠢᠵᠠᠭᠠᠷᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠯ ᠪᠦᠷᠢ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠠᠵᠢᠯ ᠤᠨ ᠭᠦᠶᠴᠡᠳᠬᠡᠯ ᠲᠤᠭ᠎ᠠ ᠶᠢ ᠡᠯ᠎ᠡ ᠠᠶᠢᠮᠠᠭ ᠬᠤᠲᠠ ᠶᠢᠨ ᠵᠠᠰᠠᠭ ᠤᠨ ᠣᠷᠳᠣᠨ ᠤ ᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠬᠡᠪᠴᠢᠶᠡᠨ ᠳᠤ ᠣᠷᠣᠭᠤᠯᠵᠤ᠂ ᠪᠥᠬᠦ ᠤᠯᠤᠰ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠪᠠᠷ ᠭᠤᠤᠯ ᠪᠣᠯᠭᠠᠭᠰᠠᠨ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠢ ᠦᠨᠡᠯᠡᠬᠦ ᠰᠢᠰᠲ᠋ᠧᠮᠵᠢ ᠶᠢ ᠲᠡᠭᠦᠯᠳᠡᠷᠵᠢᠭᠦᠯᠦᠨ᠂ ᠬᠥᠳᠡᠭᠡ ᠲᠣᠰᠬᠤᠨ ᠤ ᠵᠠᠰᠠᠮᠠᠯ ᠵᠠᠮ ᠤᠨ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠨ᠎ᠡ᠃ ᠡᠯ᠎ᠡ ᠠᠶᠢᠮᠠᠭ ᠬᠤᠲᠠ ᠶᠢᠨ ᠵᠠᠰᠠᠭ ᠤᠨ ᠣᠷᠳᠣᠨ ᠨᠢ ᠡᠭᠦᠳᠦᠨ ᠪᠠᠶᠢᠭᠤᠯᠬᠤ ᠠᠵᠢᠯ ᠢ         ︽ᠨᠢᠭᠡᠳᠦᠭᠡᠷ ᠭᠠᠷ︾ ᠤᠨ ᠢᠨᠵᠧᠨᠧᠷᠢᠩ ᠪᠣᠯᠭᠠᠨ ᠠᠳᠬᠤᠵᠤ᠂ ᠳᠡᠭᠡᠳᠦ ᠳᠣᠤᠷᠠᠳᠤ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠭᠰᠡᠨ᠂ ᠨᠢᠭᠲᠠ ᠬᠠᠮᠵᠢᠯᠴᠠᠭᠰᠠᠨ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠤᠭᠰᠠᠨ ᠠᠵᠢᠯ ᠤᠨ ᠪᠠᠶᠢᠳᠠᠯ ᠢ ᠪᠣᠶ ᠪᠣᠯᠭᠠᠵᠤ᠂ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠴᠢᠩᠭ᠎ᠠ ᠬᠦᠴᠦᠲᠡᠶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠶ᠃ 2023 - 08 - 29 09᠄ 36᠄ 00 ᠃     ᠬᠥᠲᠥᠯᠥᠭᠴᠢ᠄      ᠲᠡᠭᠡᠪᠡᠯ ᠡᠲᠡᠭᠡᠷ ᠬᠢᠳᠡᠯ ᠨᠢ ᠶᠠᠮᠠᠷ ᠶᠠᠮᠠᠷ ᠦᠷ᠎ᠡ ᠪᠦᠲᠦᠮᠵᠢ ᠣᠯᠤᠭᠰᠠᠨ ᠪᠣᠶ︖ 2023 - 08 - 29 09᠄ 43᠄ 00      ᠰᠤᠷᠪᠤᠯᠵᠢᠯᠠᠭ᠎ᠠ ᠬᠦᠯᠢᠶᠡᠭᠴᠢ᠄ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠶᠦᠨ ᠸᠧᠨ ᠵᠢᠩ      ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠴᠢᠨᠠᠷ ᠰᠠᠶᠢᠲᠠᠶ ᠬᠥᠭᠵᠢᠯᠲᠡ ᠶᠢ ᠳᠠᠭᠠᠯᠳᠤᠨ᠂ ᠮᠠᠨ ᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠳᠣᠤᠷᠠᠬᠢ ᠦᠷ᠎ᠡ ᠪᠦᠲᠦᠮᠵᠢ ᠶᠢ ᠤᠯᠪᠠ᠃ ᠨᠢᠭᠡᠳᠦᠭᠡᠷ ᠲᠤ᠂ ᠵᠠᠮ ᠤᠨ ᠲᠣᠣᠷ ᠤᠨ ᠰᠢᠰᠲ᠋ᠧᠮ ᠲᠠᠰᠤᠷᠠᠯᠲᠠ ᠦᠭᠡᠢ ᠲᠡᠭᠦᠯᠳᠡᠷᠵᠢᠪᠡ᠃ ︽ᠠᠷᠪᠠᠨ ᠳᠥᠷᠪᠡᠳᠦᠭᠡᠷ ᠲᠠᠪᠤᠨ ᠵᠢᠯ︾ ᠠᠴᠠ ᠨᠠᠭᠠᠰᠢ᠂ ᠪᠥᠬᠦ ᠣᠷᠣᠨ ᠳᠤ ᠲᠠᠷᠢᠶᠠᠯᠠᠩ ᠮᠠᠯᠵᠢᠯ ᠤᠨ ᠲᠠᠯᠠᠪᠠᠶ ᠶᠢᠨ ᠵᠠᠮ᠂ ᠵᠢᠭᠤᠯᠴᠢᠯᠠᠯ ᠤᠨ ᠵᠠᠮ᠂ ᠠᠵᠤ ᠦᠶᠯᠡᠰ ᠤᠨ ᠵᠠᠮ᠂ ᠡᠬᠢ ᠪᠠᠶᠠᠯᠢᠭ ᠤᠨ ᠵᠠᠮ ᠵᠢᠴᠢ ᠰᠢᠶᠠᠩ ᠪᠠᠯᠭᠠᠰᠤᠨ ᠳᠤ ᠨᠡᠪᠲᠡᠷᠡᠬᠦ ᠭᠤᠷᠪᠠᠨ ᠳᠡᠰ ᠤᠨ ᠵᠠᠮ᠂ ᠪᠠᠶᠢᠭᠤᠯᠤᠯᠳᠠᠲᠤ ᠲᠣᠰᠬᠤᠨ ᠳᠤ ᠨᠡᠪᠲᠡᠷᠡᠬᠦ ᠬᠤᠤᠰ ᠲᠡᠷᠭᠡᠨ ᠵᠠᠮ᠂ ᠨᠡᠯᠢᠶᠡᠳ ᠶᠡᠭᠡ ᠬᠥᠮᠦᠨ ᠠᠮᠠ ᠶᠢᠨ ᠬᠡᠪᠴᠢᠶ᠎ᠡ ᠲᠠᠢ ᠪᠠᠶᠢᠭᠠᠯᠢ ᠶᠢᠨ ᠲᠣᠰᠬᠤᠨ ᠳᠤ ᠨᠡᠪᠲᠡᠷᠡᠬᠦ ᠬᠠᠲᠠᠭᠤᠷᠠᠭᠤᠯᠤᠭᠰᠠᠨ ᠵᠠᠮ᠂ ᠬᠢᠯᠢ ᠳᠠᠭᠠᠤ ᠪᠠᠶᠢᠭᠠᠯᠢ ᠶᠢᠨ ᠲᠣᠰᠬᠤᠨ ᠳᠤ ᠨᠡᠪᠲᠡᠷᠡᠬᠦ ᠬᠠᠲᠠᠭᠤᠷᠠᠭᠤᠯᠤᠭᠰᠠᠨ ᠵᠠᠮ᠂ ᠲᠣᠤᠷᠵᠢᠭᠤᠯᠤᠭᠰᠠᠨ ᠵᠠᠮ᠂ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠬᠦ ᠵᠡᠷᠭᠡ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ 1.1 ᠲᠦᠮᠡᠨ ᠺᠢᠯᠣᠮᠧᠲᠷ ᠰᠢᠨ᠎ᠡ ᠪᠠᠷ ᠥᠭᠡᠷᠡᠴᠢᠯᠡᠨ ᠵᠠᠰᠠᠵᠤ᠂ ᠨᠡᠶᠢᠲᠡ 480 ᠰᠠᠭᠤᠷᠢ ᠠᠶᠤᠯᠲᠤ ᠬᠥᠭᠦᠷᠭᠡ ᠶᠢ ᠥᠭᠡᠷᠡᠴᠢᠯᠡᠨ ᠵᠠᠰᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠢᠨᠵᠧᠨᠧᠷᠢᠩ ᠢ 3218 ᠺᠢᠯᠣᠮᠧᠲᠷ ᠬᠡᠷᠡᠭᠵᠢᠭᠦᠯᠪᠡ᠃ ᠬᠤᠶᠠᠳᠤᠭᠠᠷ ᠲᠤ᠂ ᠬᠠᠮᠢᠶᠠᠷᠤᠯᠲᠠ ᠶᠢᠨ ᠴᠢᠳᠠᠪᠤᠷᠢ ᠨᠢ ᠲᠠᠰᠤᠷᠠᠯᠲᠠ ᠦᠭᠡᠢ ᠳᠡᠭᠡᠭᠰᠢᠯᠡᠪᠡ᠃ ᠮᠠᠨ ᠤ ᠣᠷᠣᠨ ︽ᠳᠥᠷᠪᠡᠨ ᠳᠡᠰ ᠤᠨ ᠵᠠᠮ ᠤᠨ ᠳᠠᠷᠤᠭ᠎ᠠ ᠶᠢᠨ ᠲᠦᠷᠢᠮ︾ ᠳᠤ ᠲᠦᠰᠢᠭᠯᠡᠨ᠂ ᠨᠢᠭᠡᠳᠦᠯᠲᠡᠶ ᠤᠳᠤᠷᠢᠳᠤᠭᠰᠠᠨ᠂ ᠱᠠᠲᠤ ᠬᠤᠪᠢᠶᠠᠨ ᠬᠠᠷᠢᠭᠤᠴᠠᠭᠰᠠᠨ᠂ ᠣᠯᠠᠨ ᠲᠠᠯ᠎ᠠ ᠪᠠᠷ ᠬᠠᠮᠵᠢᠯᠴᠠᠭᠰᠠᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ  ᠶᠢ ᠪᠠᠶᠢᠭᠤᠯᠪᠠ᠃ ᠵᠠᠮ ᠱᠤᠭᠤᠮ ᠤᠨ ᠣᠷᠴᠢᠨ ᠲᠣᠭᠤᠷᠢᠨ ᠤ ᠵᠠᠰᠠᠯᠲᠠ ᠶᠢ ᠦᠷᠭᠦᠯᠵᠢᠯᠡᠨ ᠴᠢᠩᠭᠠᠳᠬᠠᠵᠤ᠂ ︽ᠵᠠᠮ ᠪᠠ ᠲᠠᠷᠢᠶ᠎ᠠ ᠶᠢ ᠰᠠᠯᠭᠠᠬᠤ︾᠂ ︽ᠵᠠᠮ ᠪᠠ ᠣᠷᠣᠨ ᠰᠠᠭᠤᠴᠠ ᠶᠢ ᠰᠠᠯᠭᠠᠬᠤ︾ ᠶᠢ ᠭᠦᠨᠵᠡᠭᠡᠶ ᠠᠬᠢᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠡᠷᠴᠢᠮ ᠢ ᠴᠢᠩᠭᠠᠷᠠᠭᠤᠯᠤᠨ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠬᠦᠴᠦ ᠬᠠᠮᠲᠤᠳᠬᠠᠨ ᠬᠠᠮᠵᠢᠯᠴᠠᠵᠤ᠂ ᠡᠯ᠎ᠡ ᠱᠠᠲᠤᠨ ᠤ ᠬᠠᠮᠢᠶᠠᠷᠤᠯᠲᠠ ᠶᠢᠨ ᠦᠶᠯᠡᠳᠦᠯ ᠢ ᠭᠦᠶᠴᠡᠳ ᠪᠠᠳᠠᠷᠠᠭᠤᠯᠤᠨ᠎ᠠ᠃ ᠭᠤᠷᠪᠠᠳᠤᠭᠠᠷ  ᠲᠤ᠂ ᠵᠠᠮ ᠤᠨ ᠪᠠᠶᠢᠳᠠᠯ ᠤᠨ ᠬᠢᠷᠢ ᠲᠦᠪᠰᠢᠨ ᠲᠠᠰᠤᠷᠠᠯᠲᠠ ᠥᠬᠡᠶ ᠳᠡᠭᠡᠭᠰᠢᠯᠡᠪᠡ᠃ ᠪᠦᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ ᠢ ᠦᠨᠳᠦᠰᠦᠨ ᠳᠤ ᠪᠠᠨ ᠵᠠᠬ᠎ᠠ ᠳᠡᠯᠭᠡᠭᠦᠷᠴᠢᠯᠡᠬᠦ ᠶᠢ ᠪᠡᠶᠡᠯᠡᠭᠦᠯᠵᠦ᠂ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠵᠠᠭᠪᠤᠷ ᠨᠢ ᠨᠡᠯᠢᠶᠡᠳ ᠣᠯᠠᠨ ᠪᠠᠶᠢᠵᠤ᠂ ᠵᠠᠷᠢᠮ ᠬᠤᠰᠢᠭᠤ ᠰᠢᠶᠠᠨ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠶᠢ ᠵᠡᠷᠭᠡ ᠳᠤ ᠨᠢ ᠵᠠᠬ᠎ᠠ ᠳᠡᠯᠭᠡᠭᠦᠷᠴᠢᠯᠡᠬᠦ ᠶᠢ ᠪᠡᠶᠡᠯᠡᠭᠦᠯᠵᠦ᠂ ᠵᠠᠷᠢᠮ ᠬᠤᠰᠢᠭᠤ ᠰᠢᠶᠠᠨ ᠤ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠲᠤᠰᠬᠠᠶ ᠠᠵᠢᠯ ᠢ ᠰᠢᠶᠠᠨ ᠤ ᠵᠠᠰᠠᠮᠠᠯ ᠵᠠᠮ ᠤᠨ ᠦᠢᠯᠡᠴᠢᠯᠡᠭᠡᠨ ᠤ ᠲᠥᠪ ᠠᠴᠠ ᠬᠡᠷᠡᠭᠵᠢᠭᠦᠯᠵᠦ᠂ ᠰᠢᠶᠠᠩ ᠲᠣᠰᠬᠤᠨ ᠤ ᠵᠠᠰᠠᠮᠠᠯ ᠵᠠᠮ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠡᠯ᠎ᠡ ᠰᠢᠶᠠᠩ ᠪᠠᠯᠭᠠᠰᠤᠨ ᠤ ᠵᠠᠰᠠᠭ  ᠤᠨ ᠣᠷᠳᠣᠨ ᠪᠣᠯᠤᠨ ᠲᠣᠰᠬᠤᠨ ᠤ ᠵᠥᠪᠯᠡᠯ ᠠᠴᠠ ᠬᠡᠷᠡᠭᠵᠢᠭᠦᠯᠵᠦ᠂ ᠵᠠᠷᠢᠮ ᠬᠤᠰᠢᠭᠤ ᠰᠢᠶᠠᠨ ᠳᠤ ᠰᠢᠶᠠᠨ᠂ ᠰᠢᠶᠠᠩ᠂ ᠲᠣᠰᠬᠤᠨ ᠠᠴᠠ ᠠᠷᠠᠴᠢᠯᠠᠨ ᠬᠠᠮᠠᠭᠠᠯᠠᠬᠤ ᠶᠢ ᠱᠠᠲᠤ ᠬᠤᠪᠢᠶᠠᠨ ᠬᠠᠮᠢᠶᠠᠷᠴᠤ ᠶᠢ ᠬᠡᠷᠡᠭᠵᠢᠭᠦᠯᠵᠦ᠂ ᠰᠢᠶᠠᠨ  ᠤ ᠵᠠᠮ ᠢ ᠰᠢᠶᠠᠨ ᠤ ᠵᠠᠰᠠᠮᠠᠯ ᠵᠠᠮ ᠤᠨ ᠦᠢᠯᠡᠴᠢᠯᠡᠭᠡᠨ ᠤ ᠲᠥᠪ ᠠᠴᠠ ᠠᠷᠠᠴᠢᠯᠠᠨ ᠬᠠᠮᠠᠭᠠᠯᠠᠵᠤ᠂ ᠰᠢᠶᠠᠩ ᠲᠣᠰᠬᠤᠨ ᠤ ᠵᠠᠮ ᠢ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠵᠠᠮ ᠳᠠᠭᠠᠤ ᠶᠢᠨ ᠣᠯᠠᠨ ᠲᠦᠮᠡᠨ ᠢ ᠤᠷᠢᠵᠤ ᠬᠡᠷᠡᠭᠯᠡᠨ ᠬᠡᠰᠡᠭ ᠬᠤᠪᠢᠶᠠᠨ ᠳᠠᠭᠠᠭᠠᠴᠢᠯᠠᠭᠤᠯᠵᠤ ᠠᠷᠠᠴᠢᠯᠠᠨ ᠬᠠᠮᠠᠭᠠᠯᠠᠬᠤ ᠶᠢ ᠬᠡᠷᠡᠭᠵᠢᠭᠦᠯᠵᠡᠢ᠃ ︽ᠠᠷᠪᠠᠨ ᠳᠥᠷᠪᠡᠳᠦᠭᠡᠷ ᠲᠠᠪᠤᠨ ᠵᠢᠯ︾ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠠᠷᠠᠴᠢᠯᠠᠨ ᠬᠠᠮᠠᠭᠠᠯᠠᠬᠤ ᠪᠠᠯᠠ ᠮᠥᠩᠭᠦ ᠶᠢ ᠨᠡᠶᠢᠲᠡ 40.4 ᠳ᠋ᠦᠩᠰᠢᠭᠤᠷ ᠲᠥᠭᠦᠷᠢᠭ ᠣᠷᠣᠭᠤᠯᠵᠠᠶ᠂ ᠡᠭᠦᠨ ᠳᠤ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠪᠠᠯᠠ ᠮᠥᠩᠭᠦ ᠶᠢ 34.2 ᠳ᠋ᠦᠩᠰᠢᠭᠤᠷ ᠲᠥᠭᠦᠷᠢᠭ ᠣᠷᠣᠭᠤᠯᠵᠤ᠂ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠪᠠᠯᠠ ᠮᠥᠩᠭᠦ ᠶᠢ 6.2 ᠳ᠋ᠦᠩᠰᠢᠭᠤᠷ ᠲᠥᠭᠦᠷᠢᠭ ᠣᠷᠣᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠨᠣᠷᠮ᠎ᠠ ᠶᠢ 100% ᠳᠤ ᠬᠦᠷᠭᠡᠪᠡ᠃ ᠳᠥᠷᠪᠡᠳᠦᠭᠡᠷ ᠲᠤ᠂ ᠲᠡᠭᠡᠭᠡᠪᠦᠷᠢ ᠶᠢᠨ ᠦᠶᠯᠡᠴᠢᠯᠡᠭᠡᠨ ᠤ ᠬᠢᠷᠢ ᠲᠦᠪᠰᠢᠨ ᠲᠠᠰᠤᠷᠠᠯᠲᠠ ᠥᠬᠡᠶ ᠳᠡᠭᠡᠭᠰᠢᠯᠡᠪᠡ᠃ ᠮᠠᠨ ᠤ ᠣᠷᠣᠨ          ︽ᠲᠣᠰᠬᠤᠨ ᠪᠣᠯᠭᠠᠨ ᠳᠤ ᠠᠶᠠᠨᠴᠢᠳ ᠤᠨ ᠲᠡᠷᠭᠡ ᠶᠢ ᠨᠡᠪᠲᠡᠷᠡᠭᠦᠯᠬᠦ︾ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠶᠠᠳᠠᠭᠤ ᠶᠢ ᠲᠡᠳᠬᠦᠬᠦ ᠲᠤᠰᠬᠠᠶ ᠱᠤᠭᠤᠮ ᠢ ᠦᠷᠭᠦᠯᠵᠢᠯᠡᠨ ᠨᠡᠪᠲᠡᠷᠡᠭᠦᠯᠵᠦ᠂ ︽ᠵᠠᠮ ᠢ ᠨᠡᠪᠲᠡᠷᠡᠭᠦᠯᠦᠭᠰᠡᠨ ᠪᠣᠯᠪᠠᠴᠤ ᠨᠡᠪᠲᠡᠷᠡᠬᠦ ᠥᠬᠡᠶ︾ ᠪᠣᠶ ᠪᠥᠬᠦᠶ ᠵᠠᠰᠠᠭ ᠵᠠᠬᠢᠷᠭᠠᠨ ᠤ ᠲᠣᠰᠬᠤᠨ ᠢ ᠬᠠᠮᠤᠷᠪᠠ᠃ ᠣᠯᠠᠨ ᠨᠡᠶᠢᠲᠡ ᠶᠢᠨ ᠵᠠᠮ ᠬᠠᠷᠢᠯᠴᠠᠭ᠎ᠠ ᠶᠢᠨ ᠥᠭᠡᠷᠡᠴᠢᠯᠡᠯᠲᠡ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠰᠢᠲᠠᠭᠠᠯᠭ᠎ᠠ ᠶᠢᠨ ᠲᠣᠰᠣᠨ ᠤ ᠨᠥᠬᠦᠪᠥᠷᠢ ᠶᠢ ᠪᠤᠴᠠᠭᠠᠬᠤ ᠪᠠᠯᠠ ᠮᠥᠩᠭᠦ ᠶᠢᠨ ᠡᠵᠡᠩᠨᠡᠯᠲᠡ ᠶᠢᠨ ᠨᠥᠬᠦᠪᠥᠷᠢ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠲᠣᠰᠬᠤᠨ ᠤ ᠠᠷᠠᠳ ᠤᠨ ︽ᠡᠷᠲᠡ ᠬᠤᠲᠠ ᠣᠷᠣᠵᠤ ᠣᠷᠣᠶ ᠨᠤᠲᠤᠭ ᠲᠤ ᠪᠠᠨ ᠪᠤᠴᠠᠬᠤ︾ ᠶᠠᠪᠤᠵᠤ ᠰᠠᠭᠤᠬᠤ ᠬᠡᠷᠡᠭᠴᠡᠭᠡ ᠶᠢ ᠬᠠᠩᠭᠠᠵᠠᠢ᠃ ᠰᠢᠶᠠᠨ ᠤ ᠱᠠᠲᠤᠨ ᠤ ᠠᠶᠠᠨᠴᠢᠳ  ᠤᠨ ᠲᠡᠭᠡᠭᠡᠪᠦᠷᠢ ᠶᠢᠨ ᠥᠷᠲᠡᠭᠡ᠂ ᠰᠢᠶᠠᠩ ᠤᠨ ᠶᠡᠷᠦᠩᠬᠡᠶᠢᠯᠡᠭᠰᠡᠨ ᠲᠡᠭᠡᠭᠡᠪᠦᠷᠢ ᠶᠢᠨ ᠦᠢᠯᠡᠴᠢᠯᠡᠭᠡᠨ ᠤ ᠥᠷᠲᠡᠭᠡ᠂ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠲᠡᠷᠭᠡ ᠳᠠᠭᠤᠳᠠᠬᠤ ᠥᠷᠲᠡᠭᠡ ᠵᠡᠷᠭᠡ ᠭᠤᠷᠪᠠᠨ ᠱᠠᠲᠤᠨ ᠤ ᠠᠶᠠᠨᠴᠢᠳ ᠤᠨ ᠲᠡᠭᠡᠭᠡᠪᠦᠷᠢ ᠶᠢᠨ ᠲᠠᠯᠠᠪᠤᠷ ᠥᠷᠲᠡᠭᠡ ᠶᠢ ᠲᠠᠰᠤᠷᠠᠯᠲᠠ ᠤᠢᠭᠡᠢ ᠲᠡᠭᠦᠯᠳᠡᠷᠵᠢᠭᠦᠯᠵᠦ᠂ ᠣᠯᠠᠨ ᠲᠦᠮᠡᠨ ᠤ ᠲᠡᠷᠭᠡᠨ ᠳᠤ ᠰᠠᠭᠤᠬᠤ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠪᠠ᠃ ᠪᠦᠬᠦ ᠣᠷᠣᠨ ᠳᠤ ᠣᠳᠣ ᠮᠠᠯᠵᠢᠬᠤ ᠲᠠᠷᠢᠶᠠᠯᠠᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠲᠡᠷᠭᠡ 3566᠂ ᠡᠭᠡᠯᠵᠢ ᠶᠢᠨ ᠱᠤᠭᠤᠮ 2227 ᠪᠠᠶᠢᠵᠤ᠂ ᠰᠢᠶᠠᠩ ᠪᠠᠯᠭᠠᠰᠤ ᠪᠣᠯᠤᠨ ᠪᠠᠶᠢᠭᠤᠯᠤᠯᠳᠠᠲᠤ ᠲᠣᠰᠬᠤᠨ ᠳᠤ ᠠᠶᠠᠨᠴᠢᠳ ᠤᠨ ᠲᠡᠷᠭᠡ ᠨᠡᠪᠲᠡᠷᠡᠬᠦ ᠬᠠᠷᠢᠴᠠᠯ ᠢ 100 % ᠪᠠᠷ ᠪᠠᠲᠤᠯᠠᠪᠠ᠃ ᠲᠠᠪᠤᠳᠤᠭᠠᠷ ᠲᠤ᠂ ᠪᠦᠬᠦ ᠤᠯᠤᠰ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠶᠠᠰᠤ ᠴᠢᠨᠠᠷ ᠢ ᠳᠡᠭᠡᠭᠰᠢᠯᠡᠭᠦᠯᠦᠨ ᠬᠤᠷᠳᠤᠴᠠ ᠶᠢ ᠲᠦᠷᠭᠡᠳᠬᠡᠪᠡ᠃ ᠮᠠᠨ ᠤ ᠣᠷᠣᠨ ᠪᠥᠬᠦ ᠤᠯᠤᠰ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ      ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠢ ᠡᠭᠦᠳᠦᠨ ᠪᠠᠶᠢᠭᠤᠯᠬᠤ ᠠᠵᠢᠯ ᠤᠨ ᠲᠤᠰᠬᠠᠶ ᠮᠡᠷᠭᠡᠵᠢᠯᠲᠡᠨ ᠤ ᠬᠥᠮᠥᠷᠭᠡ ᠶᠢ ᠵᠣᠬᠢᠶᠠᠨ  ᠪᠠᠶᠢᠭᠤᠯᠪᠠ᠃ ᠲᠤᠬᠠᠶᠢᠯᠠᠭᠰᠠᠨ ᠠᠵᠢᠯ ᠤᠨ ᠪᠣᠯᠪᠠᠰᠤᠷᠠᠯ᠂ ᠪᠣᠳᠠᠲᠠᠶ ᠭᠠᠵᠠᠷ ᠲᠤ ᠨᠢ ᠰᠢᠯᠭᠠᠨ ᠪᠠᠶᠢᠴᠠᠭᠠᠬᠤ ᠶᠢ ᠥᠷᠨᠢᠭᠦᠯᠵᠦ᠂ ᠪᠠᠶᠢᠴᠠᠭᠠᠨ ᠵᠢᠯᠣᠭᠤᠳᠬᠤ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠬᠤ ᠪᠠᠷ ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠪᠥᠬᠦ ᠤᠯᠤᠰ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠣᠨᠣᠯ ᠤᠨ ᠬᠢᠷᠢ ᠬᠡᠮᠵᠢᠶ᠎ᠡ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠯᠬᠤᠴᠠ ᠶᠢ ᠲᠦᠷᠭᠡᠳᠬᠡᠨ ᠠᠬᠢᠭᠤᠯᠤᠨ᠎ᠠ᠃ ᠪᠥᠬᠦ ᠣᠷᠣᠨ ᠳᠤ ᠣᠲᠣ 12 ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠥᠬᠦ ᠤᠯᠤᠰ ᠤᠨ ᠵᠢᠱᠢᠶ᠎ᠡ ᠦᠵᠡᠭᠦᠯᠬᠦ ᠰᠢᠶᠠᠨ᠂ 38 ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠰᠢᠶᠠᠨ ᠲᠠᠢ ᠪᠠᠶᠢᠵᠤ᠂ 2023 ᠣᠨ ᠳᠤ ᠶᠠᠭ ᠠᠤᠬᠠᠨ ᠬᠤᠰᠢᠭᠤ ᠵᠡᠷᠭᠡ 5 ᠬᠤᠰᠢᠭᠤ ᠰᠢᠶᠠᠨ ᠲᠣᠭᠤᠷᠢᠭ ᠤᠨ  ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠥᠬᠦ ᠤᠯᠤᠰ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠶᠢ ᠪᠥᠬᠦ ᠬᠦᠴᠦᠨ ᠢᠶᠠᠷ ᠢᠶᠠᠨ ᠵᠢᠯᠣᠭᠤᠳᠤᠨ ᠠᠬᠢᠭᠤᠯᠵᠤ᠂ ᠪᠥᠬᠦ ᠤᠯᠤᠰ ᠤᠨ ᠵᠢᠱᠢᠶ᠎ᠡ ᠦᠵᠡᠭᠦᠯᠬᠦ ᠰᠢᠶᠠᠨ ᠤ ᠡᠵᠡᠯᠡᠬᠦ ᠬᠠᠷᠢᠴᠠᠯ ᠢ ᠴᠢᠷᠮᠠᠶᠢᠨ ᠳᠡᠭᠡᠭᠰᠢᠯᠡᠭᠦᠯᠵᠦ ᠪᠠᠶᠢᠨ᠎ᠠ ᠃ 2023 - 08 - 29  09᠄ 44᠄ 00       ᠬᠥᠲᠥᠯᠥᠭᠴᠢ᠄       ᠶᠦᠨ ᠲᠢᠩᠬᠢᠮ ᠤᠨ ᠳᠠᠷᠤᠭ᠎ᠠ᠂ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠴᠢᠨᠠᠷ ᠰᠠᠶᠢᠲᠠᠶ ᠬᠥᠭᠵᠢᠯᠲᠡ ᠶᠢ ᠳᠠᠭᠠᠯᠳᠤᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠶᠢᠨ ᠴᠢᠳᠠᠪᠤᠷᠢ ᠲᠠᠰᠤᠷᠠᠯᠲᠠ ᠥᠬᠡᠶ ᠳᠡᠭᠡᠭᠰᠢᠯᠡᠪᠡ᠂ ᠲᠠ ᠪᠣᠳᠠᠲᠠᠶ ᠶᠠᠷᠢᠭᠠᠳ ᠥᠭᠭᠦᠨ᠎ᠡ ᠤᠤ︖ 2023 - 08 - 29  09᠄ 52᠄ 00       ᠰᠤᠷᠪᠤᠯᠵᠢᠯᠠᠭ᠎ᠠ ᠬᠦᠯᠢᠶᠡᠭᠴᠢ᠄ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠶᠦᠨ ᠸᠧᠨ ᠵᠢᠩ       ᠣᠳᠣᠬᠠᠨ ᠳᠤ᠂ ᠪᠦᠬᠦ ᠣᠷᠣᠨ ᠤ ᠨᠥᠬᠦᠴᠡᠯ ᠪᠦᠷᠢᠯᠳᠦᠭᠦᠯᠦᠭᠰᠡᠨ 96 ᠬᠤᠰᠢᠭᠤ ᠰᠢᠶᠠᠨ ᠲᠣᠭᠤᠷᠢᠭ ᠲᠤ ᠴᠥᠮ ᠵᠠᠮ ᠤᠨ ᠳᠠᠷᠤᠭ᠎ᠠ ᠶᠢᠨ ᠳᠦᠷᠢᠮ ᠢ ᠬᠡᠷᠡᠭᠵᠢᠭᠦᠯᠵᠦ᠂ ᠣᠳᠣ ᠪᠠᠶᠢᠭ᠎ᠠ ᠶᠡᠷᠦᠩᠬᠡᠶ ᠵᠠᠮ ᠤᠨ ᠳᠠᠷᠤᠭ᠎ᠠ 99 ᠬᠥᠮᠦᠨ ︵ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠪᠠᠭᠲᠠᠨ᠎ᠠ︶᠂ ᠰᠢᠶᠠᠨ ᠤ ᠳᠡᠰ ᠤᠨ ᠵᠠᠮ ᠤᠨ ᠳᠠᠷᠤᠭ᠎ᠠ 99 ᠬᠥᠮᠦᠨ᠂ ᠰᠢᠶᠠᠩ ᠤᠨ ᠱᠠᠲᠤᠨ ᠤ ᠵᠠᠮ ᠤᠨ ᠳᠠᠷᠤᠭ᠎ᠠ 820 ᠬᠥᠮᠦᠨ᠂ ᠲᠣᠰᠬᠤᠨ ᠤ ᠳᠡᠰ ᠤᠨ ᠵᠠᠮ ᠤᠨ ᠳᠠᠷᠤᠭ᠎ᠠ 10946 ᠬᠥᠮᠦᠨ ᠪᠠᠶᠢᠵᠤ᠂ ᠶᠡᠷᠦᠩᠬᠡᠶ ᠵᠠᠮ ᠤᠨ ᠳᠠᠷᠤᠭ᠎ᠠ ᠨᠢ ᠬᠤᠰᠢᠭᠤ ᠰᠢᠶᠠᠨ ᠲᠣᠭᠤᠷᠢᠭ ᠤᠨ ᠳᠠᠷᠤᠭ᠎ᠠ ᠪᠠᠶᠢᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠬᠤ ᠬᠠᠮᠢᠶᠠᠷᠬᠤ ᠠᠷᠠᠴᠢᠯᠠᠬᠤ ᠲᠡᠭᠡᠭᠡᠪᠦᠷᠢᠯᠡᠬᠦ ᠶᠢᠨ ᠵᠣᠬᠢᠴᠠᠩᠭᠤᠶ ᠪᠠᠷ ᠬᠥᠭᠵᠢᠬᠦ ᠶᠢ ᠶᠡᠷᠦᠩᠬᠡᠶᠢᠯᠡᠨ ᠬᠠᠮᠢᠶᠠᠷᠴᠤ ᠪᠤᠶ᠃ ᠵᠠᠮ ᠤᠨ ᠣᠷᠴᠢᠨ ᠲᠣᠭᠤᠷᠢᠨ ᠤ ᠵᠠᠰᠠᠯᠲᠠ ᠶᠢ ᠦᠷᠭᠦᠯᠵᠢᠯᠡᠨ ᠴᠢᠩᠭᠠᠷᠠᠭᠤᠯᠵᠤ᠂ ᠬᠤᠲᠠ ᠠᠴᠠ ᠭᠠᠷᠬᠤ  ᠵᠠᠮ᠂ ᠤᠯᠤᠰ ᠮᠤᠵᠢ ᠶᠢᠨ ᠭᠤᠤᠯ ᠱᠤᠭᠤᠮ ᠬᠢᠭᠡᠳ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠵᠣᠯᠭᠠᠭᠤᠯᠤᠭᠰᠠᠨ ᠬᠡᠰᠡᠭ᠂ ᠵᠢᠭᠤᠯᠴᠢᠯᠠᠯ ᠤᠨ ᠵᠠᠮ ᠵᠡᠷᠭᠡ ᠭᠤᠤᠯᠳᠠᠯᠭ᠎ᠠ ᠲᠠᠢ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠴᠡᠪᠡᠷᠯᠡᠬᠦ ᠨᠣᠭᠤᠭᠠᠷᠠᠭᠤᠯᠬᠤ ᠭᠤᠶᠤᠵᠢᠭᠤᠯᠬᠤ ᠠᠵᠢᠯ ᠢ ᠭᠤᠤᠯᠳᠠᠯᠭ᠎ᠠ ᠲᠠᠢ ᠴᠢᠩᠭᠠᠳᠬᠠᠵᠤ᠂ ᠲᠠᠭᠠᠯᠠᠮᠵᠢᠲᠠᠶ ᠰᠠᠶᠢᠬᠠᠨ ᠵᠠᠮ  ᠤᠨ ᠣᠷᠴᠢᠨ ᠲᠣᠭᠤᠷᠢᠨ ᠢ ᠴᠢᠷᠮᠠᠶᠢᠨ ᠬᠠᠩᠭᠠᠨ᠎ᠠ᠃ ᠬᠥᠳᠡᠭᠡ ᠲᠣᠰᠬᠤᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠳᠡᠭᠡᠭᠰᠢᠯᠡᠭᠦᠯᠬᠦ ᠠᠵᠢᠯᠯᠠᠭ᠎ᠠ ᠲᠠᠢ ᠤᠶᠠᠯᠳᠤᠭᠤᠯᠤᠨ᠂ ᠵᠠᠮ ᠱᠤᠭᠤᠮ ᠤᠨ ᠣᠷᠴᠢᠨ ᠨᠥᠬᠦᠴᠡᠯ ᠤᠨ ᠵᠠᠰᠠᠯᠲᠠ ᠬᠢᠭᠡᠳ ᠲᠣᠰᠬᠤᠨ ᠤ ᠳᠦᠷᠰᠦ ᠪᠠᠶᠢᠳᠠᠯ ᠢ ᠰᠠᠶᠢᠵᠢᠷᠠᠭᠤᠯᠬᠤ ᠶᠢ ᠵᠡᠷᠭᠡ ᠪᠠᠷ ᠬᠡᠷᠡᠭᠵᠢᠭᠦᠯᠬᠦ ᠶᠢ ᠪᠠᠷᠢᠮᠲᠠᠯᠠᠵᠤ᠂ ︽ᠵᠠᠮ ᠪᠠ ᠲᠠᠷᠢᠶ᠎ᠠ ᠶᠢ ᠰᠠᠯᠭᠠᠬᠤ︾᠂ ︽ᠵᠠᠮ ᠪᠠ ᠣᠷᠣᠨ ᠰᠠᠭᠤᠴᠠ ᠶᠢ ᠰᠠᠯᠭᠠᠬᠤ︾ ᠶᠢ ᠭᠦᠨᠵᠡᠭᠡᠶ ᠠᠬᠢᠭᠤᠯᠵᠤ᠂ ︽ᠰᠠᠭᠠᠳ ᠥᠬᠡᠶ᠂ ᠠᠮᠤᠷ ᠲᠥᠪᠰᠢᠨ᠂ ᠲᠠᠭᠠᠯᠠᠮᠵᠢᠲᠠᠶ᠂  ᠰᠠᠶᠢᠬᠠᠨ︾ ᠶᠠᠪᠤᠵᠤ ᠰᠠᠭᠤᠬᠤ ᠣᠷᠴᠢᠨ ᠨᠥᠬᠦᠴᠡᠯ ᠢ ᠬᠦᠴᠦᠯᠡᠨ ᠪᠣᠶ ᠪᠣᠯᠭᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠤᠯᠢ ᠠᠴᠠ ᠵᠥᠷᠢᠴᠡᠨ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠨ ᠲᠤᠬᠠᠶ ᠶᠢᠨ ᠲᠠᠯᠠᠪᠤᠷ ᠪᠤᠰᠤ ᠬᠠᠤᠯᠢ ᠬᠡᠷᠡᠭᠵᠢᠭᠦᠯᠬᠦ ᠶᠢ ᠰᠦᠪᠡᠭᠴᠢᠯᠡᠨ ᠬᠡᠷᠡᠭᠵᠢᠭᠦᠯᠵᠦ᠂ ᠵᠠᠮ ᠬᠠᠷᠢᠯᠴᠠᠭᠠᠨ ᠤ ᠴᠠᠭᠳᠠᠭ᠎ᠠ᠂ ᠵᠠᠮ ᠬᠠᠷᠢᠯᠴᠠᠭᠠᠨ ᠤ ᠬᠠᠮᠲᠤᠷᠠᠨ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠂ ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠵᠠᠰᠠᠭ ᠵᠠᠬᠢᠷᠭᠠᠨ ᠤ ᠦᠶᠯᠡᠳᠦᠯ᠂ ᠲᠣᠰᠬᠤᠨ ᠤ ᠳᠡᠰ ᠤᠨ ᠵᠠᠮ ᠬᠠᠮᠠᠭᠠᠯᠠᠭᠴᠢ ᠶᠢᠨ ᠨᠢᠭᠡᠳᠦᠭᠡᠷ ᠹᠷᠣᠨᠲ ᠤᠨ ᠬᠢᠨᠠᠯᠲᠠ ᠲᠠᠯᠪᠢᠬᠤ ᠦᠶᠯᠡᠳᠦᠯ ᠢ ᠪᠠᠳᠠᠷᠠᠭᠤᠯᠵᠤ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠵᠠᠰᠠᠮᠠᠯ ᠵᠠᠮ ᠤᠨ ᠬᠠᠤᠯᠢ ᠬᠡᠷᠡᠭᠵᠢᠭᠦᠯᠦᠯᠲᠡ ᠶᠢ ᠰᠢᠶᠠᠩ ᠤᠨ ᠵᠠᠮ ᠳᠠᠰᠢ ᠪᠦᠷᠬᠦᠭᠦᠯᠬᠦ᠂ ᠲᠣᠰᠬᠤᠨ  ᠤ ᠵᠠᠮ ᠳᠠᠰᠢ ᠤᠷᠲᠤᠳᠬᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠦᠨᠳᠦᠰᠦᠨ ᠳᠤ ᠪᠠᠨ ᠪᠣᠶ ᠪᠥᠬᠦᠶ ᠬᠤᠰᠢᠭᠤ ᠰᠢᠶᠠᠨ ᠲᠣᠭᠤᠷᠢᠭ ᠲᠤ ᠵᠠᠰᠠᠮᠠᠯ ᠵᠠᠮ ᠤᠨ ᠬᠠᠤᠯᠢ ᠬᠡᠷᠡᠭᠵᠢᠭᠦᠯᠬᠦ ᠶᠡᠭᠡ ᠠᠩᠭᠢ ᠲᠠᠢ᠂ ᠰᠤᠮᠤ ᠰᠢᠶᠠᠩ ᠳᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠲᠠᠢ᠂ ᠭᠠᠴᠠᠭ᠎ᠠ ᠲᠣᠰᠬᠤᠨ ᠳᠤ ᠵᠠᠮ ᠬᠠᠮᠠᠭᠠᠯᠠᠭᠴᠢ ᠲᠠᠢ ᠵᠠᠮ  ᠤᠨ ᠬᠥᠷᠥᠩᠭᠡ ᠵᠠᠮ ᠤᠨ ᠡᠷᠬᠡ ᠶᠢ ᠬᠠᠮᠠᠭᠠᠯᠠᠬᠤ ᠡᠩᠨᠡᠭᠡ ᠶᠢ ᠪᠠᠶᠢᠭᠤᠯᠵᠠᠢ᠃ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠲᠠᠪᠴᠠᠩ ᠤᠨ ᠪᠠᠶᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠵᠤ᠂ 2023 ᠣᠨ ᠳᠤ᠂ ᠮᠠᠨ ᠤ ᠣᠷᠣᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠶᠡᠷᠦᠩᠬᠡᠶᠢᠯᠡᠭᠰᠡᠨ ᠮᠡᠳᠡᠭᠡ ᠵᠠᠩᠭᠢᠵᠢᠯᠲᠠ ᠶᠢᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠬᠤ ᠬᠠᠮᠢᠶᠠᠷᠬᠤ ᠠᠷᠠᠴᠢᠯᠠᠬᠤ ᠲᠡᠭᠡᠭᠡᠪᠦᠷᠢᠯᠡᠬᠦ ᠪᠥᠬᠦ ᠲᠠᠯ᠎ᠠ ᠶᠢ ᠬᠠᠮᠤᠷᠴᠤ᠂ ᠣᠳᠣᠬᠠᠨ ᠳᠤ ᠶᠠᠭ ᠭᠤᠷᠪᠠᠳᠠᠬᠢ ᠡᠲᠡᠭᠡᠳ ᠤᠨ ᠠᠵᠤ ᠠᠬᠤᠶᠢᠯᠠᠯ ᠲᠠᠢ ᠬᠡᠰᠡᠭ ᠲᠥᠰᠦᠯ ᠢ ᠰᠤᠳᠤᠯᠵᠤ᠂ ᠵᠢᠯ ᠤᠨ ᠰᠡᠭᠦᠯᠴᠢ ᠠᠴᠠ ᠡᠮᠦᠨ᠎ᠡ ᠰᠠᠭᠤᠷᠢ ᠲᠠᠪᠴᠠᠩ ᠤᠨ ᠪᠠᠶᠢᠭᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠵᠤ᠂ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠢᠰᠲ᠋ᠧᠮᠵᠢ ᠪᠠ ᠬᠠᠮᠢᠶᠠᠷᠤᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ ᠪᠣᠯᠣᠨ᠎ᠠ᠃ 2023 - 08 - 29  09᠄ 53᠄ 00 ᠃      ᠬᠥᠲᠥᠯᠥᠭᠴᠢ᠄       ᠶᠦᠨ ᠲᠢᠩᠬᠢᠮ ᠤᠨ ᠳᠠᠷᠤᠭ᠎ᠠ᠂  ᠲᠠ ᠡᠮᠦᠨ᠎ᠡ ᠳᠤᠷᠠᠳᠤᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠲᠠᠯ᠎ᠠ ᠪᠠᠷ ᠶᠡᠭᠡ ᠬᠡᠮᠵᠢᠶᠡᠨ ᠤ ᠠᠷᠠᠴᠢᠯᠠᠨ ᠬᠠᠮᠠᠭᠠᠯᠠᠬᠤ ᠪᠠᠯᠠ ᠮᠥᠩᠭᠦ ᠣᠷᠣᠭᠤᠯᠵᠠᠶ᠂ ᠠᠷᠠᠴᠢᠯᠠᠨ ᠬᠠᠮᠠᠭᠠᠯᠠᠬᠤ ᠠᠵᠢᠯ ᠢ ᠪᠣᠳᠠᠲᠠᠶ ᠬᠡᠷᠬᠢᠨ ᠥᠷᠨᠢᠭᠦᠯᠦᠭᠰᠡᠨ ᠪᠣᠶ︖ 2023 - 08 - 29  09᠄ 58᠄ 00       ᠰᠤᠷᠪᠤᠯᠵᠢᠯᠠᠭ᠎ᠠ ᠬᠦᠯᠢᠶᠡᠭᠴᠢ᠄ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠶᠦᠨ ᠸᠧᠨ ᠵᠢᠩ       ︽ᠠᠷᠪᠠᠨ ᠳᠥᠷᠪᠡᠳᠦᠭᠡᠷ ᠲᠠᠪᠤᠨ ᠵᠢᠯ︾ ᠠᠴᠠ ᠨᠠᠭᠠᠰᠢ᠂ ᠮᠠᠨ ᠤ ᠣᠷᠣᠨ ᠠᠷᠠᠴᠢᠯᠠᠨ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠣᠷᠣᠭᠤᠯᠤᠯᠲᠠ ᠶᠢ ᠨᠡᠮᠡᠭᠳᠡᠭᠦᠯᠦᠨ᠂ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠠᠷᠳᠠᠴᠠ ᠪᠣᠯᠭᠠᠵᠤ᠂ ᠪᠥᠬᠦ ᠣᠷᠣᠨ ᠤ 103 ᠬᠤᠰᠢᠭᠤ ᠰᠢᠶᠠᠨ ᠲᠣᠭᠤᠷᠢᠭ ᠨᠢ ᠰᠢᠶᠠᠨ᠂ ᠰᠢᠶᠠᠩ᠂ ᠲᠣᠰᠬᠤᠨ ᠭᠤᠷᠪᠠᠨ ᠳᠡᠰ ᠤᠨ ᠬᠥᠳᠡᠭᠡ ᠲᠣᠰᠬᠤᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠮᠵᠢ ᠶᠢ 9139 ᠪᠠᠶᠢᠭᠤᠯᠵᠤ᠂ ᠬᠠᠮᠢᠶᠠᠷᠤᠨ ᠠᠷᠠᠴᠢᠯᠠᠬᠤ ᠠᠵᠢᠯᠲᠠᠨ 29205 ᠲᠣᠬᠢᠷᠠᠭᠤᠯᠵᠤ᠂ ᠡᠭᠦᠨ ᠳᠤ ᠰᠢᠶᠠᠨ ᠰᠢᠶᠠᠩ ᠬᠤᠶᠠᠷ ᠳᠡᠰ ᠤᠨ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠠᠵᠢᠯᠲᠠᠨ ᠤ ᠵᠠᠷᠤᠯᠭ᠎ᠠ ᠶᠢ ᠦᠨᠳᠦᠰᠦᠨ ᠳᠡᠭᠡᠨ ᠬᠤᠰᠢᠭᠤ ᠰᠢᠶᠠᠨ ᠲᠣᠭᠤᠷᠢᠭ ᠤᠨ ᠡᠳ᠋ ᠤᠨ ᠵᠠᠰᠠᠭ ᠤᠨ ᠲᠥᠰᠦᠪ  ᠲᠤ ᠣᠷᠣᠭᠤᠯᠪᠠ᠃ 2022 ᠣᠨ ᠤ ᠰᠡᠭᠦᠯᠴᠢ ᠪᠣᠯᠬᠤ ᠳᠤ᠂ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠵᠢᠭᠰᠠᠭᠠᠨ ᠠᠷᠠᠴᠢᠯᠠᠨ ᠬᠠᠮᠠᠭᠠᠯᠠᠬᠤ ᠨᠣᠷᠮ᠎ᠠ ᠨᠢ 100% ᠳᠤ ᠬᠦᠷᠴᠦ᠂ ᠰᠢᠯᠢᠳᠡᠭ ᠳᠤᠮᠳᠠ ᠵᠡᠷᠭᠡ ᠶᠢᠨ ᠵᠠᠮ ᠤᠨ ᠨᠣᠷᠮ᠎ᠠ ᠶᠢ 82.33% ᠪᠣᠯᠣᠨ᠎ᠠ᠃ 2023 ᠣᠨ ᠳᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠠᠴᠠ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠨᠥᠬᠦᠪᠥᠷᠢ ᠪᠠᠯᠠ ᠮᠥᠩᠭᠦ ᠶᠢ ᠨᠡᠶᠢᠲᠡ 18.9 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠪᠠᠯᠠ ᠮᠥᠩᠭᠦ  ᠶᠢ 2.18 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠪᠠ᠃ 2023 ᠣᠨ ᠳᠤ᠂ ᠪᠥᠬᠦ ᠣᠷᠣᠨ ᠳᠤ 150 ᠰᠠᠭᠤᠷᠢ ᠠᠶᠤᠯᠲᠤ ᠬᠥᠭᠦᠷᠭᠡ ᠶᠢ ᠥᠭᠡᠷᠡᠴᠢᠯᠡᠨ ᠵᠠᠰᠠᠬᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠢᠨᠵᠧᠨᠧᠷᠢᠩ  ᠢ 1000 ᠺᠢᠯᠣᠮᠧᠲᠷ᠂ ᠠᠷᠠᠴᠢᠯᠠᠨ ᠬᠠᠮᠠᠭᠠᠯᠠᠬᠤ ᠢᠨᠵᠧᠨᠧᠷᠢᠩ ᠢ 8508 ᠺᠢᠯᠣᠮᠧᠲᠷ ᠬᠡᠷᠡᠭᠵᠢᠭᠦᠯᠬᠦ ᠪᠠᠷ ᠲᠥᠯᠥᠪᠯᠡᠵᠦ ᠂ ᠬᠡᠷᠡᠭᠵᠢᠭᠦᠯᠬᠦ ᠪᠠᠷ ᠲᠥᠯᠥᠪᠯᠡᠭᠰᠡᠨ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ  ᠵᠠᠮ ᠤᠨ ᠣᠷᠳᠣ  ᠨᠢ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠶᠡᠷᠦᠩᠬᠡᠶ ᠵᠠᠮ ᠤᠨ ᠣᠷᠳᠣ ᠶᠢᠨ 5 %  ᠶᠢ ᠡᠵᠡᠯᠡᠨ᠎ᠡ᠃ ᠪᠥᠬᠦ ᠣᠷᠣᠨ ᠲᠥᠷᠥᠯ ᠵᠦᠶᠯ ᠤᠨ ᠠᠬᠢᠴᠠ ᠶᠢᠨ ᠲᠣᠬᠢᠷᠠᠭᠤᠯᠤᠯᠲᠠ ᠪᠠᠷ ᠭᠠᠷᠳᠠᠴᠠ ᠪᠣᠯᠭᠠᠨ᠂ ᠲᠥᠷᠥᠯ ᠵᠦᠶᠯ ᠢ ᠭᠤᠤᠯᠯᠠᠨ ᠠᠳᠬᠤᠵᠤ᠂ ᠲᠥᠷᠥᠯ ᠵᠦᠶᠯ ᠢ ᠶᠡᠭᠡ ᠪᠠᠷ ᠠᠳᠬᠤᠵᠤ᠂ ᠭᠤᠤᠯᠳᠠᠯᠭ᠎ᠠ ᠲᠠᠢ ᠲᠥᠷᠥᠯ ᠵᠦᠶᠯ ᠤᠨ ︽ᠨᠢᠭᠡ ᠬᠤᠶᠠᠷ ᠭᠤᠷᠪᠠ︾ ᠶᠢᠨ ᠲᠣᠬᠢᠷᠠᠭᠤᠯᠤᠯᠲᠠ ᠳᠠᠭᠠᠭᠠᠴᠢᠯᠠᠯᠲᠠ ᠶᠢ ᠪᠠᠲᠤᠯᠠᠬᠤ ᠶᠢ ᠬᠡᠷᠡᠭᠵᠢᠭᠦᠯᠵᠦ᠂ ᠲᠤᠬᠠᠶᠢᠯᠠᠪᠠᠯ ︽ᠨᠢᠭᠡᠳᠦᠭᠡᠷ ᠹᠷᠣᠨᠲ ᠤᠨ ᠲᠣᠬᠢᠷᠠᠭᠤᠯᠤᠯᠲᠠ᠂ ᠬᠤᠶᠠᠷ ᠱᠠᠲᠤᠨ ᠤ ᠳᠠᠭᠠᠭᠠᠴᠢᠯᠠᠯᠲᠠ ᠶᠢ ᠪᠠᠲᠤᠯᠠᠬᠤ᠂ ᠭᠤᠷᠪᠠᠨ ᠨᠢᠭᠡ ᠶᠢᠨ ᠠᠬᠢᠭᠤᠯᠤᠯᠲᠠ︾  ᠪᠣᠯᠤᠨ᠎ᠠ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠨᠢ ᠲᠤᠰᠬᠠᠶ ᠰᠡᠳᠦᠪᠲᠦ ᠲᠣᠬᠢᠷᠠᠭᠤᠯᠤᠯᠲᠠ ᠬᠢᠬᠦ ᠵᠡᠷᠭᠡ ᠠᠷᠭ᠎ᠠ ᠬᠡᠯᠪᠡᠷᠢ ᠶᠢ ᠠᠪᠴᠤ᠂ ᠰᠠᠷ᠎ᠠ ᠪᠦᠷᠢ  ᠸᠢᠳᠢᠤ᠋ ᠶᠢᠨ ᠲᠣᠬᠢᠷᠠᠭᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠢᠭᠤᠷᠲᠠᠨ ᠶᠠᠷᠢᠯᠴᠠᠵᠤ᠂ ᠴᠡᠭ  ᠠᠴᠠ ᠴᠡᠭ ᠲᠠᠢ ᠵᠣᠯᠭᠠᠭᠤᠯᠤᠨ ᠠᠰᠠᠭᠤᠳᠠᠯ ᠢ ᠢᠯᠡᠷᠡᠭᠦᠯᠵᠦ᠂ ᠠᠰᠠᠭᠤᠳᠠᠯ ᠢ ᠲᠤᠰᠢᠶᠠᠨ᠂ ᠠᠰᠠᠭᠤᠳᠠᠯ ᠢ ᠰᠢᠢᠳᠪᠦᠷᠢᠯᠡᠨ᠎ᠡ︔ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠭᠠᠷᠠᠭ ᠤᠨ ᠲᠣᠬᠢᠷᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠦᠶᠯᠡᠰ ᠤᠨ ᠬᠥᠭᠵᠢᠯᠲᠡ ᠶᠢᠨ ᠲᠥᠪ ᠤᠨ ᠮᠥᠷᠳᠡᠨ ᠦᠶᠯᠡᠴᠢᠯᠡᠬᠦ ᠬᠤᠶᠠᠷ ᠱᠠᠲᠤᠨ ᠤ ᠳᠠᠭᠠᠭᠠᠴᠢᠯᠠᠨ ᠪᠠᠲᠤᠯᠠᠬᠤ ᠲᠣᠭᠲᠠᠴᠠ᠂ ᠵᠢᠴᠢ ᠨᠢᠭᠡ ᠲᠥᠷᠥᠯ ᠵᠦᠶᠯ᠂ ᠨᠢᠭᠡ ᠪᠦᠯᠬᠦᠮ᠂ ᠨᠢᠭᠡ ᠬᠤᠯᠪᠣᠭ᠎ᠠ ᠠᠪᠬᠤ ᠴᠤᠭᠯᠠᠷᠠᠯ ᠤᠨ ᠠᠬᠢᠭᠤᠯᠬᠤ ᠲᠣᠭᠲᠠᠴᠠ ᠶᠢ ᠪᠠᠶᠢᠭᠤᠯᠵᠤ᠂ ᠵᠢᠷᠤᠭ ᠡᠯᠭᠦᠨ ᠠᠵᠢᠯᠯᠠᠵᠤ᠂ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢ ᠲᠣᠳᠣᠷᠬᠠᠶᠢᠯᠠᠨ᠂ ᠲᠥᠷᠥᠯ ᠵᠦᠶᠯ ᠢᠶᠠᠨ ᠬᠠᠷᠠᠯᠲᠠᠵᠢᠭᠤᠯᠬᠤ᠂ ᠬᠠᠷᠠᠯᠲᠠ ᠪᠠᠨ ᠵᠠᠩᠭᠢᠶᠠᠰᠤᠵᠢᠭᠤᠯᠬᠤ᠂ ᠵᠠᠩᠭᠢᠶᠠᠰᠤ ᠪᠠᠨ ᠬᠠᠷᠢᠭᠤᠴᠠᠯᠭᠠᠵᠢᠭᠤᠯᠬᠤ  ᠶᠢ ᠪᠡᠶᠡᠯᠡᠭᠦᠯᠵᠦ᠂ ᠲᠥᠷᠥᠯ ᠵᠦᠶᠯ ᠢ ᠲᠦᠷᠭᠡᠨ ᠠᠬᠢᠭᠤᠯᠬᠤ᠂ ᠲᠦᠷᠭᠡᠨ ᠪᠠᠶᠢᠭᠤᠯᠬᠤ᠂ ᠲᠦᠷᠭᠡᠨ ᠳᠠᠭᠤᠰᠬᠠᠬᠤ ᠶᠢ ᠦᠨᠡᠨᠬᠦ ᠪᠠᠲᠤᠯᠠᠨ᠎ᠠ᠃ ᠡᠭᠦᠨ ᠤ ᠬᠠᠮᠲᠤ᠂ ᠣᠯᠠᠨ ᠲᠦᠮᠡᠨ ᠢ ᠢᠳᠡᠪᠬᠢᠲᠡᠶ ᠪᠠᠷ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠳᠤ ᠣᠷᠣᠯᠴᠠᠭᠤᠯᠵᠤ᠂ ᠨᠠᠩ ᠣᠯᠠᠨ ᠠᠵᠢᠯ ᠤᠨ ᠪᠠᠶᠢᠷᠢ ᠬᠠᠩᠭᠠᠨ᠂ ᠵᠠᠮ ᠳᠠᠭᠠᠤ ᠶᠢᠨ ᠣᠷᠣᠯᠭ᠎ᠠ ᠪᠠᠭᠠᠲᠠᠶ ᠣᠯᠠᠨ ᠲᠦᠮᠡᠨ ᠢ ᠤᠷᠢᠳ ᠢᠶᠠᠷ ᠤᠷᠢᠨ ᠬᠡᠷᠡᠭᠯᠡᠵᠦ᠂ 2023 ᠣᠨ ᠤ 7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠬᠥᠳᠡᠭᠡ ᠲᠣᠰᠬᠤᠨ ᠤ ᠵᠠᠰᠠᠮᠠᠯ ᠵᠠᠮ ᠢ ᠬᠠᠮᠢᠶᠠᠷᠴᠤ ᠬᠠᠮᠠᠭᠠᠯᠠᠬᠤ ᠬᠦᠷᠢᠶᠡᠨ ᠳᠤ 20509 ᠠᠵᠢᠯ ᠤᠨ ᠪᠠᠶᠢᠷᠢ ᠬᠠᠩᠭᠠᠪᠠ᠂ ᠡᠭᠦᠨ ᠳᠤ 9369 ᠶᠠᠳᠠᠭᠤ ᠠᠴᠠ ᠠᠩᠭᠢᠵᠢᠷᠠᠭᠰᠠᠨ ᠡᠷᠦᠬᠡ ᠪᠠᠶᠢᠵᠤ᠂ ᠬᠥᠮᠦᠨ ᠳᠤᠮᠳᠠᠴᠢ ᠶᠢᠨ ᠵᠢᠯ ᠤᠨ ᠣᠷᠣᠯᠭ᠎ᠠ ᠨᠢ 1.4 ᠲᠦᠮᠡᠨ ᠲᠥᠭᠦᠷᠢᠭ  ᠲᠤ ᠬᠦᠷᠴᠡᠶ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠮᠡᠷᠭᠡᠵᠢᠯ ᠤᠨ ᠪᠠᠶᠢᠳᠠᠯ ᠤᠨ ᠠᠦ᠋ᠲ᠋ᠣᠴᠢᠯᠠᠭᠰᠠᠨ ᠰᠢᠯᠭᠠᠨ ᠪᠠᠶᠢᠴᠠᠭᠠᠯᠲᠠ ᠰᠢᠯᠭᠠᠨ ᠲᠣᠭᠲᠠᠭᠠᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ 2022 ᠣᠨ ᠳᠤ᠂ ᠥᠪᠡᠷᠲᠡᠭᠡᠨ ᠵᠠᠰᠠᠬᠤ ᠣᠷᠣᠨ ᠠᠴᠠ 920 ᠲᠦᠮᠡᠨ ᠲᠥᠭᠦᠷᠢᠭ ᠤᠨ ᠪᠠᠯᠠ ᠮᠥᠩᠭᠦ ᠲᠣᠬᠢᠷᠠᠭᠤᠯᠤᠨ ᠮᠠᠯᠵᠢᠬᠤ ᠲᠠᠷᠢᠶᠠᠯᠠᠬᠤ ᠣᠷᠣᠨ ᠤ 4.5 ᠲᠦᠮᠡᠨ ᠺᠢᠯᠣᠮᠧᠲᠷ ᠵᠠᠰᠠᠮᠠᠯ ᠵᠠᠮ ᠤᠨ ᠠᠦ᠋ᠲ᠋ᠣᠴᠢᠯᠠᠭᠰᠠᠨ ᠰᠢᠯᠭᠠᠨ ᠪᠠᠶᠢᠴᠠᠭᠠᠯᠲᠠ ᠳᠤ ᠲᠤᠰᠬᠠᠶᠢᠯᠠᠨ ᠬᠡᠷᠡᠭᠯᠡᠵᠦ᠂ 2023 ᠣᠨ ᠳᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠦ᠋ᠲ᠋ᠣᠴᠢᠯᠠᠭᠰᠠᠨ ᠰᠢᠯᠭᠠᠨ ᠪᠠᠶᠢᠴᠠᠭᠠᠯᠲᠠ ᠶᠢᠨ ᠠᠵᠢᠯ ᠢ ᠦᠷᠭᠦᠯᠵᠢᠯᠡᠨ ᠥᠷᠨᠢᠭᠦᠯᠦᠨ᠎ᠡ᠃ ᠠᠷᠠᠴᠢᠯᠠᠨ ᠬᠠᠮᠠᠭᠠᠯᠠᠬᠤ ᠶᠢ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠣᠳᠣᠬᠠᠨ ᠳᠤ᠂ ᠶᠡᠬᠡᠩᠬᠢ ᠬᠡᠰᠡᠭ ᠭᠠᠵᠠᠷ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠢᠨᠵᠧᠨᠧᠷᠢᠩ ᠢ ᠨᠢᠭᠡᠨᠲᠡ ᠵᠠᠬ᠎ᠠ ᠳᠡᠯᠭᠡᠭᠦᠷᠴᠢᠯᠡᠬᠦ ᠶᠢ ᠪᠡᠶᠡᠯᠡᠭᠦᠯᠵᠦ᠂ ᠲᠤᠰᠬᠠᠶ ᠮᠡᠷᠭᠡᠵᠢᠯ  ᠤᠨ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ᠂ ᠪᠠᠶᠢᠴᠠᠭᠠᠨ ᠬᠡᠮᠵᠢᠬᠦ ᠠᠵᠤ ᠠᠬᠤᠶᠢᠯᠠᠯ  ᠠᠴᠠ ᠬᠡᠷᠡᠭᠵᠢᠭᠦᠯᠦᠨ᠎ᠡ︔ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠶᠢ ᠵᠠᠬ᠎ᠠ ᠳᠡᠯᠭᠡᠭᠦᠷᠴᠢᠯᠡᠬᠦ ᠶᠢ ᠶᠠᠭ ᠰᠦᠪᠡᠭᠴᠢᠯᠡᠨ ᠠᠬᠢᠭᠤᠯᠵᠤ ᠪᠠᠶᠢᠨ᠎ᠠ᠃ ᠵᠠᠮ ᠳᠠᠭᠠᠤ ᠶᠢᠨ ᠨᠣᠭᠤᠭᠠᠷᠠᠭᠤᠯᠤᠯᠲᠠ ᠵᠢᠴᠢ ᠵᠠᠮ ᠳᠠᠭᠠᠤ ᠶᠢᠨ ᠲᠣᠰᠬᠤᠨ ᠪᠠᠯᠭᠠᠰᠤ ᠶᠢ ᠭᠤᠶᠤᠵᠢᠭᠤᠯᠬᠤ ᠢᠨᠵᠧᠨᠧᠷᠢᠩ ᠢ ᠦᠷᠭᠦᠯᠵᠢᠯᠡᠨ ᠥᠷᠨᠢᠭᠦᠯᠦᠨ᠎ᠡ᠃ 2023 - 08 - 29  09᠄ 59᠄ 00       ᠬᠥᠲᠥᠯᠥᠭᠴᠢ᠄       ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠮᠠᠯᠴᠢᠨ ᠲᠠᠷᠢᠶᠠᠴᠢᠨ ᠣᠯᠠᠨ ᠲᠦᠮᠡᠨ ᠤ ᠦᠨᠳᠦᠰᠦᠨ ᠠᠰᠢᠭ ᠲᠤᠰᠠ ᠶᠢ ᠬᠠᠮᠠᠭᠠᠯᠠᠬᠤ ᠪᠠ ᠠᠷᠠᠳ ᠣᠯᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠶᠢ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠵᠣᠷᠢᠯᠲᠠ ᠪᠠ ᠲᠤᠰᠤᠯᠲᠠ ᠪᠣᠯᠭᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠢ ᠠᠵᠤ ᠦᠶᠯᠡᠰ ᠤᠨ ᠵᠠᠮ᠂ ᠪᠠᠶᠠᠵᠢᠯ ᠤᠨ ᠵᠠᠮ᠂ ᠵᠣᠯ ᠵᠢᠷᠭᠠᠯ ᠤᠨ ᠵᠠᠮ ᠪᠣᠯᠭᠠᠵᠤ᠂ ᠮᠠᠯᠴᠢᠨ ᠲᠠᠷᠢᠶᠠᠴᠢᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠦᠨ᠎ᠡ ᠃ ︽ᠲᠦᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠲᠠᠮᠵᠢᠨ ᠥᠪᠥᠷ ᠮᠣᠩᠭᠤᠯ ᠤᠨ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠮᠠᠷᠭᠠᠰᠢ ᠯᠠᠪᠲᠠᠢ ᠨᠡᠩ ᠰᠠᠶᠢᠨ ᠰᠠᠶᠢᠬᠠᠨ ᠪᠣᠯᠬᠤ ᠶᠢ ᠪᠢᠳᠡ ᠪᠠᠲᠤ ᠢᠲᠡᠭᠡᠵᠦ ᠪᠠᠶᠢᠨ᠎ᠠ᠃ ᠥᠨᠥᠳᠦᠷ ᠤᠨ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠲᠢᠩᠬᠢᠮ ᠤᠨ ᠳᠠᠷᠤᠭ᠎ᠠ ᠶᠢᠨ ᠲᠠᠨᠢᠯᠴᠠᠭᠤᠯᠤᠭᠰᠠᠨ ᠳᠤ ᠪᠠᠶᠠᠷᠯᠠᠯ᠎ᠠ᠃ 2023 - 08 - 29  10᠄ 07᠄ 00       ᠰᠤᠷᠪᠤᠯᠵᠢᠯᠠᠭ᠎ᠠ ᠬᠦᠯᠢᠶᠡᠭᠴᠢ᠄ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠶᠦᠨ ᠸᠧᠨ ᠵᠢᠩ      ᠬᠥᠲᠥᠯᠥᠭᠴᠢ ᠪᠠ ᠰᠦᠯᠵᠢᠶᠡᠨ ᠠᠨᠳᠠ ᠨᠠᠷ ᠲᠤ ᠲᠠᠯᠠᠷᠬᠠᠵᠤ ᠪᠠᠶᠢᠨ᠎ᠠ︕ 2023 - 08 - 29  10᠄ 08᠄ 00
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号