︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠷᠪᠠᠨ ᠳᠡᠰ ᠤᠨ ᠭᠤᠶᠤᠴᠢᠯᠠᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠶᠠᠪᠤᠳᠠᠯ ᠭᠦᠶᠴᠡᠳᠬᠡᠬᠦ ᠵᠦᠭᠯᠡᠭᠦᠷ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/10/18
       ᠨᠢᠭᠡ᠂ ᠲᠣᠭᠲᠠᠭᠠᠭᠰᠠᠨ ᠠᠬᠤᠶ ᠪᠠᠶᠢᠳᠠᠯ      ᠲᠠᠯᠪᠢᠬᠤ ᠬᠠᠮᠢᠶᠠᠷᠬᠤ ᠦᠢᠯᠡᠴᠢᠯᠡᠬᠦ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠬᠤᠶᠠᠷ ᠢ ᠰᠢᠯᠢᠳᠡᠭᠵᠢᠭᠦᠯᠬᠦ ᠲᠤᠰᠬᠠᠶ ᠠᠵᠢᠯᠯᠠᠭ᠎ᠠ︾ ᠶᠢ ᠭᠦᠨᠵᠡᠭᠡᠶ ᠥᠷᠨᠢᠭᠦᠯᠬᠦ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ  ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠳᠡᠰ ᠳᠠᠪᠬᠤᠷᠭ᠎ᠠ ᠠᠯᠤᠰᠯᠠᠬᠤ᠂ ᠭᠠᠵᠠᠷ ᠣᠷᠣᠨ ᠠᠯᠤᠰᠯᠠᠭᠰᠠᠨ ᠲᠤᠬᠠᠶᠢᠯᠠᠭᠰᠠᠨ ᠠᠵᠢᠯ ᠤᠨ ᠬᠠᠮᠵᠢᠯᠴᠠᠨ ᠬᠠᠮᠢᠶᠠᠷᠬᠤ ᠪᠠ ᠦᠢᠯᠡᠴᠢᠯᠡᠬᠦ ᠶᠢ ᠴᠢᠩᠭᠠᠳᠬᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠳᠦᠷᠢᠮᠵᠢᠭᠦᠯᠬᠦ᠂ ᠳᠥᠭᠦᠮᠴᠢᠯᠡᠬᠦ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ ᠮᠠᠨ ᠤ ᠭᠠᠵᠠᠷ ᠤᠨ ᠬᠢᠨ        ︽ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠪᠠᠷᠢᠮᠵᠢᠶᠠᠵᠢᠭᠤᠯᠬᠤ ᠵᠢᠷᠤᠮᠵᠢᠭᠤᠯᠬᠤ ᠳᠥᠭᠦᠮᠴᠢᠯᠡᠬᠦ ᠶᠢ ᠲᠦᠷᠭᠡᠳᠬᠡᠨ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠢᠯᠣᠭᠤᠳᠬᠤ ᠰᠠᠨᠠᠯ︾᠂            ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠪᠠᠷᠢᠮᠵᠢᠶᠠᠵᠢᠭᠤᠯᠬᠤ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾᠂       ︽︿ᠬᠤᠶᠠᠷ ᠢ ᠰᠢᠯᠢᠳᠡᠭᠵᠢᠭᠦᠯᠬᠦ﹀ ᠲᠤᠰᠬᠠᠶ ᠠᠵᠢᠯᠯᠠᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠬᠦ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠷᠣᠨ ᠲᠣᠭᠠᠨ ᠤ ᠠᠯᠪᠠᠨ ᠬᠡᠷ   ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠶᠢᠨ ᠮᠡᠳᠡᠭᠳᠡᠯ︾ ᠵᠡᠷᠭᠡ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠲᠤᠰ ᠵᠦᠭᠯᠡᠭᠦᠷ ᠢ ᠲᠣᠭᠲᠠᠭᠠᠪᠠ᠃       ᠬᠤᠶᠠᠷ᠂ ᠭᠤᠣᠯ ᠠᠭᠤᠯᠭ᠎ᠠ      ᠲᠣᠰ ᠵᠦᠭᠯᠡᠭᠦᠷ ᠨᠢ ᠪᠥᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶ᠎ᠡ ᠴᠠᠷᠠᠭ᠎ᠠ ᠶᠢᠨ ᠭᠤᠶᠤᠴᠢᠯᠠᠭᠰᠠᠨ ᠲᠥᠷᠥᠯ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠤᠨ ᠨᠡᠷᠡᠶᠢᠳᠦᠯ᠂ ᠲᠣᠭᠲᠠᠭᠠᠭᠰᠠᠨ ᠦᠨᠳᠦᠰᠦᠯᠡᠯ᠂ ᠭᠥᠯᠢᠶᠡᠨ ᠠᠪᠴᠤ ᠰᠢᠶᠳᠪᠦᠷᠢᠯᠡᠬᠦ ᠨᠥᠬᠦᠴᠡᠯ᠂ ᠭᠤᠶᠤᠴᠢᠯᠠᠭᠰᠠᠨ ᠮᠠᠲ᠋ᠧᠷᠢᠶᠠᠯ᠂ ᠠᠵᠢᠯ ᠶᠠᠪᠤᠳᠠᠯ ᠭᠦᠶᠴᠡᠳᠬᠡᠬᠦ ᠴᠤᠪᠤᠷᠠᠯ ᠤᠨ ᠵᠢᠷᠤᠭ᠂ ᠬᠢᠨᠠᠨ ᠵᠥᠪᠰᠢᠶᠡᠷᠡᠬᠦ ᠲᠠᠰ ᠳᠠᠪᠬᠤᠷᠭ᠎ᠠ᠂ ᠬᠠᠤᠯᠢ ᠪᠠᠷ ᠲᠣᠭᠲᠠᠭᠠᠭᠰᠠᠨ ᠴᠠᠭ ᠤᠨ ᠬᠢᠵᠠᠭᠠᠷ ᠵᠡᠷᠭᠡ ᠶᠢ ᠡᠮᠬᠢᠯᠡᠨ ᠵᠢᠷᠤᠮᠵᠢᠭᠤᠯᠵᠤ᠂ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠢ ᠲᠣᠭᠲᠠᠭᠠᠬᠤ ᠥᠭᠡᠷᠡᠴᠢᠯᠡᠬᠦ ᠬᠦᠴᠦᠨ ᠥᠬᠡᠶ ᠪᠣᠯᠭᠠᠭᠰᠠᠨ ᠪᠠᠶᠢᠳᠠᠯ ᠤᠨ ᠶᠣᠰᠣᠭᠠᠷ᠂ ᠪᠥᠬᠦ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠨᠢᠭᠡ ᠴᠣᠭᠴᠠᠵᠢᠭᠤᠯᠤᠭᠰᠠᠨ ᠲᠠᠪᠴᠠᠩ ᠲᠠᠢ ᠬᠠᠷᠭᠤᠭᠤᠯᠵᠤ᠂ ᠭᠤᠶᠤᠴᠢᠯᠠᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠶᠯᠡᠰ ᠢ ᠨᠡᠶᠢᠲᠡ 137 ᠵᠦᠶᠯ ᠣᠷᠤᠭᠤᠯᠵᠠᠢ᠃ ᠨᠠᠶᠢᠷᠠᠭᠤᠯᠤᠨ ᠵᠣᠬᠢᠶᠠᠭᠰᠠᠨ ᠬᠦᠷᠢᠶ᠎ᠡ ᠬᠡᠪᠴᠢᠶ᠎ᠡ ᠳᠤ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ  ᠶᠢᠨ ᠬᠦᠷᠢᠶᠡᠨ ᠤ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠦᠨᠳᠦᠰᠦᠯᠡᠨ ᠲᠣᠭᠲᠠᠭᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠳᠠᠩᠰᠠᠯᠠᠯ᠂ ᠵᠠᠰᠠᠭ ᠵᠠᠬᠢᠷᠭᠠᠨ ᠤ ᠨᠤᠲᠠᠯᠠᠯᠲᠠ ᠪᠠ ᠪᠤᠰᠤᠳ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠪᠠᠭᠲᠠᠭᠠᠨ᠎ᠠ᠃      ᠭᠤᠷᠪᠠ᠂ ᠠᠵᠢᠯ ᠤᠨ ᠦᠷ᠎ᠡ ᠪᠦᠲᠦᠮᠵᠢ     ︵ᠨᠢᠭᠡ︶ ᠪᠥᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠶᠯᠡᠰ ᠤᠨ ᠡᠯ᠎ᠡ ᠬᠦᠴᠦᠨ ᠵᠦᠢᠯ ᠢ ᠨᠢᠭᠡᠳᠬᠡᠪᠡ᠃ ᠲᠤᠰ ᠵᠦᠭᠯᠡᠭᠦᠷ ᠲᠤ ᠵᠣᠩᠬᠢᠯᠠᠬᠤ ᠣᠯᠠᠨ ᠲᠣᠭᠠᠨ ᠤ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠳᠡᠰ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠶᠤᠴᠢᠯᠠᠭᠰᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯ ︵ᠲᠣᠭᠤᠷᠢᠭ ᠲᠠᠢ ᠬᠤᠲᠠ᠂ ᠥᠪᠡᠷᠲᠡᠭᠡᠨ ᠵᠠᠰᠠᠬᠤ ᠬᠤᠰᠢᠭᠤᠨ ᠤ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠢᠶᠠᠷ ᠲᠣᠭᠲᠠᠭᠠᠭᠰᠠᠨ ᠵᠦᠢᠯ ᠪᠠᠭᠲᠠᠬᠤ ᠦᠭᠡᠶ︶ ᠢ ᠣᠷᠣᠭᠤᠯᠬᠤ ᠶᠢᠨ ᠬᠠᠮᠲᠤ ᠡᠯ᠎ᠡ ᠲᠥᠷᠥᠯ ᠤᠨ ᠬᠡᠷᠡᠭᠵᠢᠭᠦᠯᠬᠦ ᠬᠦᠴᠦᠨ ᠵᠦᠢᠯ ᠢ ᠬᠠᠤᠯᠢ ᠶᠣᠰᠣᠭᠠᠷ ᠴᠢᠩᠭ᠎ᠠ ᠲᠣᠭᠲᠠᠭᠠᠪᠠ᠃ ᠠᠵᠢᠯ ᠲᠥᠷᠥᠯ ᠤᠨ ᠬᠠᠮᠢᠶᠠᠷᠤᠯᠲᠠ ᠶᠢᠨ ᠲᠠᠯ᠎ᠠ ᠠᠴᠠ ᠡᠯ᠎ᠡ ᠭᠠᠵᠠᠷ ᠣᠷᠣᠨ ᠤ ᠠᠳᠠᠯᠢ ᠨᠢᠭᠡᠨ ᠵᠦᠶᠯᠡᠰ ᠢ ᠭᠦᠶᠴᠡᠳᠬᠡᠬᠦ ᠳᠤ ᠴᠢᠬᠤᠯᠠ ᠨᠥᠬᠦᠴᠡᠯ ᠨᠢ ᠠᠳᠠᠯᠢ ᠥᠬᠡᠶ᠂ ᠴᠠᠭ ᠤᠨ ᠬᠢᠵᠠᠭᠠᠷ ᠨᠢ ᠠᠳᠠᠯᠢ ᠥᠬᠡᠶ᠂ ᠴᠤᠪᠤᠷᠠᠯ ᠨᠢ ᠠᠳᠠᠯᠢ ᠥᠬᠡᠶ ᠵᠡᠷᠭᠡ ᠪᠠᠶᠢᠳᠠᠯ ᠢ ᠰᠢᠶᠳᠪᠦᠷᠢᠯᠡᠵᠦ᠂ ᠵᠠᠰᠠᠭ ᠵᠠᠬᠢᠷᠭᠠᠨ  ᠤ ᠬᠠᠷᠢᠴᠠᠩᠭᠤᠶ ᠬᠥᠮᠦᠨ ᠳᠤ ᠨᠡᠶᠢᠳᠡᠮ ᠠᠰᠢᠭ ᠬᠦᠷᠲᠡᠭᠡᠬᠦ᠂ ᠡᠷᠬᠡ ᠲᠡᠭᠰᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠷᠥ ᠶᠢᠨ ᠪᠣᠳᠣᠯᠭ᠎ᠠ ᠶᠢ ᠬᠦᠷᠲᠡᠭᠡᠪᠡ᠃     ︵ᠬᠤᠶᠠᠷ︶ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠵᠠᠰᠠᠭ ᠵᠠᠬᠢᠷᠭᠠᠨ ᠤ ᠳᠠᠩᠰᠠᠯᠠᠭᠤᠯᠬᠤ ᠵᠦᠶᠯᠡᠰ ᠢ ᠠᠩᠬ᠎ᠠ ᠤᠳᠠᠭ᠎ᠠ ᠵᠢᠷᠤᠮᠵᠢᠭᠤᠯᠪᠠ᠃ ᠮᠠᠨ ᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠳᠠᠩᠰᠠᠯᠠᠭᠤᠯᠬᠤ ᠳᠤ ᠣᠷᠣᠰᠢᠵᠤ ᠪᠠᠶᠢᠭ᠎ᠠ ᠠᠰᠠᠭᠤᠳᠠᠯ ᠢ ᠰᠢᠶᠳᠪᠦᠷᠢᠯᠡᠬᠦ ᠶᠢᠨ ᠲᠥᠯᠥᠭᠡ᠂ ᠪᠢᠴᠢᠭ  ᠢᠶᠠᠷ ᠪᠠᠶᠢᠴᠠᠭᠠᠨ ᠰᠤᠳᠤᠯᠤᠯᠲᠠ ᠬᠢᠬᠦ ᠵᠢᠴᠢ ᠾᠧᠪᠧᠶ ᠮᠤᠵᠢ᠂ ᠵᠧᠵᠢᠶᠠᠩ ᠮᠤᠵᠢ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠪᠦᠬᠦ ᠤᠯᠤᠰ ᠤᠨ ᠵᠠᠰᠠᠭ ᠵᠠᠬᠢᠷᠭᠠᠨ ᠤ ᠳᠠᠩᠰᠠᠯᠠᠭᠤᠯᠬᠤ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠳ᠋ᠢᠶᠠᠩᠬᠤᠸᠠ ᠪᠠᠷ ᠯᠠᠪᠯᠠᠨ ᠠᠰᠠᠭᠤᠬᠤ ᠪᠠᠷ ᠳᠠᠮᠵᠢᠨ᠂ ᠲᠤᠰ ᠵᠦᠭᠯᠡᠭᠦᠷ ᠲᠤ ᠪᠦᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠰᠠᠭ ᠵᠠᠬᠢᠷᠭᠠᠨ ᠤ ᠳᠠᠩᠰᠠᠯᠠᠭᠤᠯᠬᠤ ᠬᠡᠪᠴᠢᠶ᠎ᠡ᠂ ᠪᠠᠷᠢᠮᠵᠢᠶ᠎ᠠ᠂ ᠴᠤᠪᠤᠷᠠᠯ᠂ ᠴᠢᠬᠤᠯᠠ ᠨᠥᠬᠦᠴᠡᠯ ᠵᠡᠷᠭᠡ ᠵᠦᠢᠯᠡᠰ ᠢ ᠲᠣᠳᠣᠷᠬᠠᠶᠢᠯᠠᠵᠤ᠂ ᠳᠦᠷᠢᠮ ᠤᠨ ᠲᠠᠯ᠎ᠠ ᠠᠴᠠ ᠵᠠᠰᠠᠭ ᠵᠠᠬᠢᠷᠭᠠᠨ ᠤ ᠳᠠᠩᠰᠠᠯᠠᠭᠤᠯᠬᠤ ᠬᠢᠭᠡᠳ ᠵᠠᠰᠠᠭ ᠵᠠᠬᠢᠷᠭᠠᠨ ᠤ ᠵᠥᠪᠰᠢᠶᠡᠷᠡᠯ ᠤᠨ ᠵᠠᠭᠠᠭ ᠢ ᠴᠢᠩᠭ᠎ᠠ ᠵᠠᠭᠠᠭᠯᠠᠨ ᠲᠣᠭᠲᠠᠭᠠᠵᠤ᠂ ᠳᠠᠩᠰᠠᠯᠠᠭᠤᠯᠬᠤ ᠨᠡᠷ᠎ᠡ ᠪᠠᠷ ᠵᠠᠰᠠᠭ ᠵᠠᠬᠢᠷᠭᠠᠨ ᠤ ᠵᠥᠪᠰᠢᠶᠡᠷᠡᠯ ᠬᠢᠬᠦ ᠵᠢᠴᠢ ᠳᠠᠩᠰᠠᠯᠠᠭᠤᠯᠬᠤ ᠭᠤᠭᠴᠤᠭ᠎ᠠ᠂ ᠴᠢᠬᠤᠯᠠ ᠨᠥᠬᠦᠴᠡᠯ ᠬᠡᠳᠦ ᠠᠷᠪᠢᠨ ᠪᠠᠶᠢᠬᠤ ᠵᠡᠷᠭᠡ ᠪᠠᠶᠢᠳᠠᠯ ᠢ ᠡᠷᠡᠰ ᠬᠤᠷᠢᠭᠯᠠᠪᠠ᠃     ︵ᠭᠤᠷᠪᠠ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠭᠤᠭᠴᠤᠭ᠎ᠠ ᠪᠠ ᠴᠢᠬᠤᠯᠠ ᠨᠥᠬᠦᠴᠡᠯ ᠢ ᠪᠦᠲᠦᠮᠵᠢᠲᠡᠢ ᠪᠠᠭᠠᠰᠬᠠᠪᠠ᠃ ᠲᠣᠰ ᠵᠦᠭᠯᠡᠭᠦᠷ ᠢ ᠲᠤᠭᠤᠷᠪᠢᠬᠤ ᠶᠠᠪᠤᠴᠠ ᠳᠤ᠂ ᠪᠢᠳᠡ ᠬᠠᠤᠯᠢ ᠴᠠᠭᠠᠵᠠ ᠪᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠴᠢᠩᠭ᠎ᠠ ᠵᠢᠷᠤᠮᠯᠠᠨ ᠬᠠᠤᠯᠢ ᠴᠠᠭᠠᠵᠠ ᠬᠠᠤᠯᠢ ᠲᠣᠭᠲᠠᠭᠠᠯ ᠥᠬᠡᠶ ᠶᠢ  ᠨᠢ ᠬᠠᠰᠤᠬᠤ ᠪᠠᠷ ᠦᠨᠳᠦᠰᠦᠯᠡᠯ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠭᠡᠷᠡᠴᠢᠯᠡᠬᠦ ᠵᠦᠶᠯᠡᠰ ᠤᠨ ᠨᠠᠷᠢᠨ ᠳᠠᠩᠰᠠ ᠳᠤ ᠵᠢᠭᠰᠠᠭᠠᠨ ᠣᠷᠣᠭᠤᠯᠤᠭᠰᠠᠨ ᠥᠬᠡᠶ᠂ ᠵᠥᠪᠰᠢᠶᠡᠷᠡᠬᠦ ᠪᠠᠶᠢᠭᠤᠯᠭ᠎ᠠ ᠠᠴᠠ ᠲᠤᠭ᠎ᠠ ᠪᠠᠷᠢᠮᠲᠠ ᠶᠢ ᠬᠠᠮᠲᠤ  ᠪᠠᠷ ᠡᠳ᠋ᠯᠡᠬᠦ᠂ ︽ᠦᠨᠡᠮᠯᠡᠯ ᠠᠪᠬᠤ ᠥᠬᠡᠶ ᠪᠠᠷ ᠭᠦᠶᠴᠡᠳᠬᠡᠬᠦ︾ ᠪᠠᠷ ᠳᠠᠮᠵᠢᠭᠤᠯᠤᠨ ᠲᠤᠭ᠎ᠠ ᠪᠠᠷᠢᠮᠲᠠ ᠶᠢᠨ 54 ᠴᠢᠬᠤᠯᠠ ᠨᠥᠬᠦᠴᠡᠯ ᠢ ᠣᠯᠵᠤ ᠪᠣᠯᠤᠨ᠎ᠠ᠃ 90% ᠶᠢᠨ ᠵᠠᠰᠠᠭ ᠵᠠᠬᠢᠷᠭᠠᠨ ᠤ ᠳᠠᠩᠰᠠᠯᠠᠬᠤ ᠶᠢ ᠳᠠᠷᠤᠶ ᠭᠦᠶᠴᠡᠳᠬᠡᠬᠦ ᠵᠦᠶᠯ ᠪᠣᠯᠭᠠᠨ ᠥᠭᠡᠷᠡᠴᠢᠯᠡᠵᠦ᠂ ᠠᠵᠢᠯ ᠶᠠᠪᠤᠳᠠᠯ ᠭᠦᠶᠴᠡᠳᠬᠡᠬᠦ ᠭᠤᠭᠴᠤᠭ᠎ᠠ ᠶᠢ ᠪᠦᠲᠦᠮᠵᠢᠲᠡᠶ ᠪᠠᠭᠠᠰᠬᠠᠪᠠ᠃      ᠬᠠᠮᠢᠶ᠎ᠠ ᠪᠦᠬᠦᠢ ᠲᠦᠷᠦ ᠶᠢᠨ ᠪᠣᠳᠤᠯᠭ᠎ᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ ᠭᠤᠷᠪᠠᠨ ᠳᠡᠰ ᠤᠨ ᠭᠤᠶᠤᠴᠢᠯᠠᠭᠰᠠᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠤᠨ ᠠᠵᠢᠯ ᠶᠠᠪᠤᠳᠠᠯ ᠭᠦᠶᠴᠡᠳᠬᠡᠬᠦ ᠵᠦᠭᠯᠡᠭᠦᠷ ︵ᠲᠤᠷᠰᠢᠨ ᠬᠡᠷᠡᠭᠵᠢᠭᠦᠯᠬᠦ︶
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号