10 ᠳ᠋ᠤᠭᠠᠷ ᠰᠠᠷ᠎ᠠ ᠶᠢᠨ 20 ᠤ ᠡᠳᠦᠷ᠂ ᠬᠠᠮᠤᠭ ᠤᠨ ᠰᠡᠭᠦᠯᠴᠢ ᠶᠢᠨ ᠨᠢᠭᠡ ᠺᠦᠪ ᠮᠧᠲᠷ ᠪᠧᠲ᠋ᠤᠨ ᠢ | ᠴᠢᠳᠬᠤᠵᠤ ᠳᠠᠭᠤᠰᠬᠤ ᠶᠢ ᠳᠠᠭᠠᠯᠳᠤᠨ᠂ G1015 ᠰᠢᠨ ᠹᠠ ᠠᠴᠠ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤ ᠬᠥᠷᠬᠦ ᠳᠡᠭᠡᠳᠦ ᠬᠤᠷᠳᠤ ᠶᠢᠨ ᠵᠠᠰᠠᠮᠠᠯ ᠵᠠᠮ ᠤᠨ ᠭᠤᠣᠯ ᠤᠨ ᠪᠠᠶᠢᠰᠢᠩ ᠦᠶᠯᠡᠴᠢᠯᠡᠭᠡᠨ ᠤ ᠲᠣᠭᠤᠷᠢᠭ | ᠤᠨ ᠵᠡᠭᠦᠨ ᠲᠣᠭᠤᠷᠢᠭ ᠤᠨ ᠶᠡᠷᠦᠩᠬᠡᠶᠢᠯᠡᠭᠰᠡᠨ ᠠᠰᠠᠷ ᠤᠨ ᠭᠤᠤᠯ ᠴᠣᠭᠴᠠ ᠶᠢᠨ ᠪᠦᠲᠦᠴᠡ ᠶᠢ ᠤᠷᠤᠭᠰᠢᠲᠠᠶ | ᠠᠳᠠᠷᠯᠠᠪᠠ᠃ | | | | G1015 ᠰᠢᠨ ᠹᠠ ᠠᠴᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠥᠷᠬᠦ ᠳᠡᠭᠡᠳᠦ ᠬᠤᠷᠳᠤ ᠶᠢᠨ | ᠵᠠᠰᠠᠮᠠᠯ ᠵᠠᠮ ᠤᠨ ᠭᠤᠣᠯ ᠤᠨ ᠪᠠᠶᠢᠰᠢᠩ ᠦᠶᠯᠡᠴᠢᠯᠡᠭᠡᠨ ᠤ ᠲᠣᠭᠤᠷᠢᠭ ᠤᠨ ᠬᠡᠷ ᠪᠠᠶᠢᠰᠢᠩ ᠤᠨ ᠪᠥᠲᠥᠭᠡᠨ | ᠪᠠᠶᠢᠭᠤᠯᠤᠯᠲᠠ ᠶᠢᠨ ᠪᠠᠷᠢᠯᠭ᠎ᠠ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠩᠭᠠᠨ ᠠᠶᠢᠮᠠᠭ ᠤᠨ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠢᠯᠢ ᠳᠤ ᠪᠠᠶᠢᠷᠢᠯᠠᠵᠤ᠂ ᠶᠡᠷᠦᠩᠬᠡᠶ ᠲᠠᠯᠠᠪᠠᠶ ᠨᠢ 136 ᠮᠥ | ᠪᠠᠶᠢᠵᠤ᠂ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ 6580.98 ᠲᠡᠭᠰᠢ ᠳᠥᠷᠪᠡᠯᠵᠢᠨ ᠮᠧᠲᠷ ᠪᠠᠶᠢᠵᠤ᠂ ᠣᠯᠠᠨ | ᠳᠠᠪᠬᠤᠷᠭᠠᠲᠤ ᠠᠷᠠᠳ ᠤᠨ ᠬᠡᠷᠡᠭᠯᠡᠭᠡᠨ ᠤ ᠪᠠᠷᠢᠯᠭ᠎ᠠ ᠳᠤ ᠬᠠᠷᠢᠶᠠᠯᠠᠭᠳᠠᠵᠤ᠂ ᠪᠦᠳᠦᠭᠦᠪᠴᠢ ᠪᠦᠲᠦᠴᠡ ᠲᠠᠢ᠂ | ᠪᠠᠷᠢᠯᠭ᠎ᠠ ᠶᠢᠨ ᠥᠨᠳᠥᠷ ᠨᠢ 14.75 ᠮᠧᠲᠷ ᠪᠣᠯᠤᠨ᠎ᠠ᠃ | ᠭᠤᠣᠯ ᠤᠨ ᠪᠠᠶᠢᠰᠢᠩ ᠦᠢᠯᠡᠴᠢᠯᠡᠭᠡᠨ ᠤ ᠲᠣᠭᠤᠷᠢᠭ ᠤᠨ ᠵᠡᠭᠦᠨ ᠲᠣᠭᠤᠷᠢᠭ ᠤᠨ ᠶᠡᠷᠦᠩᠬᠡᠶᠢᠯᠡᠭᠰᠡᠨ ᠠᠰᠠᠷ ᠢ | ᠡᠬᠢᠯᠡᠨ ᠪᠠᠶᠢᠭᠤᠯᠤᠭᠰᠠᠨ ᠠᠴᠠ ᠨᠠᠭᠠᠰᠢ᠂ ᠬᠡᠷ ᠪᠠᠶᠢᠰᠢᠩ ᠤᠨ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ | ᠲᠦᠷᠭᠡᠨ ᠪᠦᠭᠡᠳ ᠡᠮᠬᠢ ᠳᠢᠭᠯᠢᠮ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠲᠦᠷᠦᠯ ᠵᠦᠢᠯ ᠢ | ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠰᠢᠨᠵᠢᠯᠡᠬᠦ ᠤᠬᠠᠭᠠᠨᠴᠢ ᠪᠠᠷ ᠲᠥᠰᠦᠪᠯᠡᠬᠦ᠂ ᠨᠠᠷᠢᠨ ᠨᠢᠮᠪᠠᠢ | ᠵᠣᠬᠢᠶᠠᠨ ᠪᠠᠶᠢᠭᠤᠯᠬᠤ᠂ ᠴᠢᠩᠭ᠎ᠠ ᠬᠠᠮᠢᠶᠠᠷᠬᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ | ᠦᠷᠭᠦᠯᠵᠢᠯᠡᠭᠰᠡᠨ ᠪᠣᠷᠣᠭᠠᠨ ᠤ ᠤᠯᠠᠷᠢᠯ᠂ ᠰᠠᠯᠬᠢ ᠡᠯᠡᠰᠦᠨ ᠤ ᠴᠠᠭ ᠠᠭᠤᠷ ᠵᠡᠷᠭᠡ ᠠᠰᠢᠭ ᠦᠭᠡᠢ ᠬᠦᠴᠦᠨ ᠵᠦᠢᠯ | ᠤᠨ ᠨᠥᠯᠥᠭᠡ ᠶᠢ ᠢᠯᠠᠨ ᠳᠠᠪᠠᠵᠤ᠂ ᠪᠠᠷᠢᠯᠭ᠎ᠠ ᠶᠢᠨ ᠠᠵᠢᠯ ᠤᠨ ᠵᠠᠩᠭᠢᠯᠠᠭ᠎ᠠ ᠶᠢᠨ ᠴᠡᠭ ᠤᠨ ᠡᠭᠦᠷᠭᠡ ᠶᠢ | ᠲᠣᠭᠲᠠᠭᠰᠠᠨ ᠬᠤᠭᠤᠴᠠᠭᠠᠨ ᠳᠤ ᠪᠠᠨ ᠪᠡᠶᠡᠯᠡᠭᠦᠯᠵᠦ᠂ ᠬᠤᠶᠢᠰᠢᠳᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ | ᠪᠠᠲᠤᠯᠠᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ᠃ |