11 ᠳ᠋ᠦ᠋ᠭᠡᠷ ᠰᠠᠷ᠎ᠠ ᠶᠢᠨ 13 ᠤ ᠡᠳᠦᠷ ᠠᠴᠠ 17 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ | ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠭᠡᠷ | ᠠᠴᠠ ᠨᠢᠭᠡᠳᠦᠯᠲᠡᠶ ᠪᠠᠶᠢᠷᠢᠯᠠᠭᠤᠯᠤᠯᠲᠠ ᠬᠢᠵᠦ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠬᠢᠮ ᠬᠠᠮᠲᠤᠷᠠᠨ ᠬᠠᠲᠤᠨ ᠭᠤᠤᠯ ᠬᠥᠯᠳᠡᠬᠦ ᠠᠴᠠ ᠡᠮᠦᠨᠡᠬᠢ ᠰᠥᠩ ᠬᠠᠯᠢᠶ᠎ᠠ ᠶᠢ ᠰᠡᠷᠭᠡᠶᠢᠯᠡᠬᠦ ᠪᠠᠶᠢᠴᠠᠭᠠᠯᠲᠠ ᠶᠢ | ᠥᠷᠨᠢᠭᠦᠯᠪᠡ᠃ | | | | | | | | ᠪᠠᠶᠢᠴᠠᠭᠠᠬᠤ ᠳᠤᠭᠤᠶᠢᠯᠠᠩ ᠬᠠᠲᠤᠨ ᠭᠤᠤᠯ ᠤᠨ ᠥᠪᠥᠷ ᠮᠣᠩᠭᠤᠯ ᠳᠠᠬᠢ ᠬᠡᠰᠡᠭ ᠤᠨ ᠡᠷᠭᠢ ᠳᠠᠭᠠᠤ | ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠬᠥᠬᠡᠬᠤᠲᠠ᠂ ᠪᠤᠭᠤᠲᠤ ᠬᠤᠲᠠ᠂ ᠣᠷᠳᠣᠰ ᠬᠤᠲᠠ᠂ ᠪᠠᠶᠠᠨᠨᠠᠭᠤᠷ | ᠬᠤᠲᠠ᠂ ᠦᠬᠠᠶ ᠬᠤᠲᠠ᠂ ᠠᠯᠠᠱᠠ ᠠᠶᠢᠮᠠᠭ ᠵᠡᠷᠭᠡ 6 ᠠᠶᠢᠮᠠᠭ ᠬᠤᠲᠠ ᠶᠢᠨ ᠰᠥᠩ ᠬᠠᠯᠢᠶ᠎ᠠ ᠶᠢ ᠰᠡᠷᠭᠡᠶᠢᠯᠡᠬᠦ | ᠠᠮᠤᠷ ᠲᠦᠪᠰᠢᠨ ᠤ ᠪᠡᠯᠡᠳᠬᠡᠯ ᠠᠵᠢᠯ ᠢ ᠨᠠᠷᠢᠨ ᠬᠢᠨᠠᠮᠠᠭᠠᠶ ᠲᠣᠭᠤᠷᠢᠨ ᠪᠠᠶᠢᠴᠠᠭᠠᠪᠠ᠃ ᠤᠰᠤᠨ ᠳᠡᠭᠡᠷᠡᠬᠢ ᠵᠠᠮ | ᠬᠠᠷᠢᠯᠴᠠᠭᠠᠨ ᠤ ᠠᠮᠤᠷ ᠲᠦᠪᠰᠢᠨ ᠤ ᠠᠵᠢᠯ ᠳᠤ ᠴᠢᠭᠯᠡᠭᠦᠯᠦᠨ᠂ ᠲᠤᠬᠠᠶ ᠶᠢᠨ ᠲᠠᠯᠠᠪᠠᠶ ᠳᠤ ᠬᠠᠲᠤᠨ ᠭᠤᠤᠯ ᠤᠨ | 10 ᠬᠥᠪᠦᠮᠡᠯ ᠬᠥᠭᠦᠷᠭᠡ ᠶᠢ ᠪᠠᠶᠢᠴᠠᠭᠠᠵᠤ᠂ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠵᠦ ᠭᠠᠩ | ᠬᠠᠭᠰᠠᠷᠠᠭᠠᠨ ᠲᠠᠢ ᠲᠡᠮᠡᠴᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠭᠡᠷ ᠤᠨ ᠪᠢᠴᠢᠭ ᠮᠠᠲ᠋ᠧᠷᠢᠶᠠᠯ ᠤᠨ | ᠶᠣᠰᠣᠭᠠᠷ᠂ ᠦᠬᠠᠶ ᠬᠤᠲᠠ ᠶᠢᠨ ᠬᠠᠶᠢᠨᠠᠨ ᠲᠣᠭᠤᠷᠢᠭ᠂ ᠪᠠᠶᠠᠨᠨᠠᠭᠤᠷ ᠬᠤᠲᠠ ᠶᠢᠨ ᠳ᠋ᠧᠩᠺᠸᠤ ᠰᠢᠶᠠᠨ ᠤ | ᠪᠤᠭᠤᠲᠤ ᠠᠴᠠ ᠶᠢᠨᠴᠤᠸᠠᠨ ᠬᠦᠷᠬᠦ ᠳᠡᠭᠡᠳᠦ ᠬᠤᠷᠳᠤ ᠶᠢᠨ ᠲᠡᠮᠦᠷ ᠵᠠᠮ ᠤᠨ ᠲᠦᠷ ᠪᠣᠰᠬᠠᠭᠰᠠᠨ 2 ᠬᠥᠪᠦᠮᠡᠯ | ᠬᠥᠭᠦᠷᠭᠡ ᠶᠢ ᠬᠡᠷᠡᠭᠯᠡᠬᠦ ᠪᠠᠨ ᠵᠣᠭᠰᠣᠭᠠᠬᠤ ᠶᠢᠨ ᠬᠠᠮᠲᠤ ᠨᠤᠷᠠᠭᠠᠬᠤ ᠬᠡᠷᠡᠭᠲᠡᠶ ᠭᠡᠵᠦ ᠱᠠᠭᠠᠷᠳᠠᠪᠠ︔ ᠪᠤᠰᠤᠳ 8 | ᠬᠥᠪᠦᠮᠡᠯ ᠬᠥᠭᠦᠷᠭᠡ ︵ᠪᠤᠭᠤᠲᠤ ᠶᠢᠨ ᠵᠣᠣ ᠵᠢᠶᠦ᠋ᠨ᠂ ᠡᠯ ᠳ᠋ᠤᠤ ᠬᠤᠤ᠂ ᠡᠦ ᠵᠢᠤᠢ ᠨᠢᠤ ᠬᠥᠪᠦᠮᠡᠯ ᠬᠥᠭᠦᠷᠭᠡ᠂ | ᠪᠠᠶᠠᠨᠨᠠᠭᠤᠷ ᠬᠤᠲᠠ ᠶᠢᠨ ᠰᠦᠮᠡᠲᠦ ᠬᠥᠪᠦᠮᠡᠯ ᠬᠥᠭᠦᠷᠭᠡ᠂ ᠦᠬᠠᠶ ᠬᠤᠲᠠ ᠶᠢᠨ ᠬᠠᠶ ᠳ᠋ᠠ ᠤᠰᠤᠨ ᠵᠠᠮ ᠤᠨ | ᠲᠡᠭᠡᠭᠡᠪᠦᠷᠢ᠂ ᠷᠠᠰᠠᠩ ᠤᠨ ᠰᠦᠮ᠎ᠡ ᠶᠢᠨ ᠬᠥᠪᠦᠮᠡᠯ ᠬᠥᠭᠦᠷᠭᠡ᠂ ᠠᠯᠠᠱᠠ ᠶᠢᠨ ᠵᠢᠦ ᠵᠢᠦ᠂ ᠬᠤᠤ ᠴᠧᠨ ᠬᠥᠪᠦᠮᠡᠯ | ᠬᠥᠭᠦᠷᠭᠡ︶ ᠶᠢ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ | ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠭᠡᠷ ᠤᠨ ᠮᠡᠳᠡᠭᠳᠡᠯ ᠶᠣᠰᠣᠭᠠᠷ ᠡᠮᠬᠢ ᠵᠢᠷᠤᠮ ᠲᠠᠢ ᠪᠠᠷ ᠵᠠᠳᠠᠯᠵᠤ | ᠤᠭᠰᠠᠷᠠᠨ᠎ᠠ︔ ᠬᠥᠪᠦᠮᠡᠯ ᠬᠥᠭᠦᠷᠭᠡ ᠶᠢᠨ ᠡᠵᠡᠩᠨᠡᠯᠲᠡ ᠶᠢᠨ ᠺᠣᠮᠫᠠᠨᠢ ᠶᠢᠨ ᠬᠠᠷᠠᠭᠠᠨ ᠳᠠᠪᠲᠠᠮᠵᠢ ᠪᠠᠷ ᠬᠢᠨᠠᠨ | ᠡᠵᠡᠮᠳᠡᠬᠦ᠂ ᠠᠮᠤᠷ ᠲᠦᠪᠰᠢᠨ ᠢ ᠮᠡᠳᠡᠭᠳᠡᠬᠦ᠂ ᠵᠢᠵᠢᠭᠦᠷ ᠳᠠᠩᠰᠠᠯᠠᠬᠤ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ | ᠠᠰᠠᠭᠤᠳᠠᠯ ᠳᠤ ᠬᠠᠨᠳᠤᠯᠭᠠᠲᠤ ᠴᠢᠨᠠᠷᠲᠠᠶ ᠴᠡᠭᠴᠡᠯᠡᠨ ᠰᠠᠶᠢᠵᠢᠷᠠᠭᠤᠯᠬᠤ ᠵᠢᠯᠣᠭᠤᠳᠬᠤ ᠰᠠᠨᠠᠯ ᠳᠤᠷᠠᠳᠪᠠ᠃ | ᠪᠠᠶᠢᠴᠠᠭᠠᠬᠤ ᠳᠤᠭᠤᠶᠢᠯᠠᠩ ᠤᠨ ᠬᠢᠨ ᠪᠠᠰᠠ ᠸᠠᠨ ᠵᠢᠶᠠ ᠵᠠᠶ᠂ ᠰᠠᠨ ᠱᠧᠩ ᠬᠥᠩ᠂ ᠬᠠᠶᠢᠷᠤᠪ ᠤᠨ ᠲᠣᠬᠤᠶ ᠶᠢᠨ | ᠤᠰᠤᠨ ᠠᠰᠢᠭᠯᠠᠯᠲᠠ ᠶᠢᠨ ᠬᠦᠶᠰᠦ᠂ ᠬᠠᠲᠤᠨ ᠭᠤᠤᠯ ᠳᠠᠭᠠᠤ ᠶᠢᠨ ᠬᠠᠰᠢᠯᠭ᠎ᠠ ᠳᠠᠯᠠᠩ᠂ ᠠᠶᠤᠯᠲᠠᠶ ᠪᠠᠷᠢᠯᠭ᠎ᠠ | ᠵᠡᠷᠭᠡ ᠬᠤᠯᠪᠣᠭᠳᠠᠯ ᠪᠥᠬᠦᠶ ᠪᠠᠶᠢᠳᠠᠯ ᠢ ᠪᠠᠶᠢᠴᠠᠭᠠᠵᠤ᠂ ᠡᠯ᠎ᠡ ᠭᠠᠵᠠᠷ ᠤᠨ ᠬᠢᠨ ᠢ ᠱᠠᠯᠠᠪᠳᠠᠭᠤᠯᠤᠨ ᠱᠠᠭᠠᠷᠳᠠᠵᠤ | ᠪᠠᠶᠢᠭᠠᠳ ᠰᠢᠨᠵᠢᠯᠡᠬᠦ ᠤᠬᠠᠭᠠᠨᠴᠢ ᠪᠠᠷ ᠪᠡᠯᠡᠳᠬᠡᠯ ᠲᠥᠰᠦᠯ ᠲᠣᠭᠲᠠᠭᠠᠯᠭᠠᠵᠤ᠂ ᠪᠠᠴᠢᠮ ᠪᠠᠶᠢᠳᠠᠯ ᠢ ᠠᠷᠭᠠᠴᠠᠭᠠᠬᠤ | ᠪᠠᠲᠤᠯᠠᠭ᠎ᠠ ᠶᠢ ᠴᠢᠩᠭᠠᠳᠬᠠᠵᠤ᠂ ᠡᠳ᠋ ᠪᠣᠳᠠᠰ ᠤᠨ ᠨᠥᠭᠡᠴᠡᠯᠡᠯᠲᠡ ᠶᠢ ᠰᠠᠶᠢᠲᠤᠷ ᠬᠢᠵᠦ᠂ ᠰᠥᠩ ᠬᠠᠯᠢᠶ᠎ᠠ ᠶᠢᠨ | ᠬᠤᠭᠤᠴᠠᠭᠠᠨ ᠳᠠᠬᠢ ᠬᠠᠲᠤᠨ ᠭᠤᠤᠯ ᠤᠨ ᠤᠰᠤᠨ ᠤ ᠣᠷᠣᠨ ᠤ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ | ᠪᠠᠶᠢᠴᠠᠭᠠᠬᠤ ᠬᠤᠭᠤᠴᠠᠭᠠᠨ ᠳᠤ᠂ ᠬᠥᠬᠡᠬᠤᠲᠠ ᠶᠢᠨ ᠴᠢᠩ ᠱᠦᠶ ᠾᠧ ᠰᠢᠶᠠᠨ ᠤ ᠳᠧᠦ ᠳ᠋ᠤᠤ ᠭᠤᠸᠠᠶ | ᠭᠤᠤᠯ ᠤᠨ ᠬᠡᠰᠡᠭ ᠲᠤ 11 ᠳ᠋ᠦ᠋ᠭᠡᠷ ᠰᠠᠷ᠎ᠠ ᠶᠢᠨ 14 ᠤ ᠡᠳᠦᠷ ᠲᠤ 2023 ᠣᠨ ᠠᠴᠠ 2024 ᠣᠨ | ᠪᠣᠯᠲᠠᠯᠠᠬᠢ ᠬᠠᠲᠤᠨ ᠭᠤᠤᠯ ᠤᠨ ᠠᠩᠬᠠᠨ ᠤ ᠰᠥᠩ ᠬᠠᠯᠢᠶ᠎ᠠ ᠢᠯᠡᠷᠡᠵᠦ᠂ ᠰᠥᠩ ᠬᠠᠯᠢᠶ᠎ᠠ ᠶᠢᠨ ᠨᠢᠭᠲᠠᠴᠠ ᠨᠢ | 10% ᠪᠠᠶᠢᠵᠤ᠂ ᠣᠳᠣᠬᠠᠨ ᠳᠤ ᠶᠡᠭᠡ ᠬᠡᠪᠴᠢᠶᠡᠨ ᠤ ᠰᠥᠩ ᠬᠠᠯᠢᠶ᠎ᠠ ᠬᠠᠷᠠᠬᠠᠨ ᠪᠦᠷᠢᠯᠳᠦᠭᠡᠳᠦᠶ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠦᠶᠯᠡᠰ ᠤᠨ | ᠬᠥᠭᠵᠢᠯᠲᠡ ᠶᠢᠨ ᠲᠥᠪ ᠠᠴᠠ ᠬᠠᠲᠤᠨ ᠭᠤᠤᠯ ᠤᠨ ᠰᠥᠩ ᠬᠠᠯᠢᠶ᠎ᠠ ᠶᠢᠨ ᠬᠥᠳᠡᠯᠦᠩᠭᠦᠶ ᠪᠠᠶᠢᠳᠠᠯ ᠵᠢᠴᠢ ᠬᠥᠪᠦᠮᠡᠯ | ᠬᠥᠭᠦᠷᠭᠡ ᠶᠢ ᠨᠤᠷᠠᠭᠠᠵᠤ ᠤᠭᠰᠠᠷᠠᠬᠤ ᠠᠵᠢᠯ ᠢ ᠦᠷᠭᠦᠯᠵᠢᠯᠡᠨ ᠠᠩᠬᠠᠷᠴᠤ᠂ ᠬᠠᠲᠤᠨ ᠭᠤᠤᠯ ᠤᠨ ᠰᠥᠩ ᠬᠠᠯᠢᠶ᠎ᠠ | ᠶᠢᠨ ᠬᠤᠭᠤᠴᠠᠭ᠎ᠠ᠂ ᠭᠤᠤᠯ ᠬᠦᠯᠳᠡᠬᠦ ᠬᠤᠭᠤᠴᠠᠭᠠᠨ ᠤ ᠤᠰᠤᠨ ᠳᠡᠭᠡᠷᠡᠬᠢ ᠵᠠᠮ ᠬᠠᠷᠢᠯᠴᠠᠭᠠᠨ ᠤ ᠠᠮᠤᠷ ᠲᠦᠪᠰᠢᠨ | ᠲᠣᠭᠲᠠᠭᠤᠨ ᠪᠠᠶᠢᠬᠤ ᠶᠢ ᠪᠠᠲᠤᠯᠠᠬᠤ ᠶᠢ ᠠᠬᠢᠭᠤᠯᠤᠨ᠎ᠠ᠃ |