11 ᠳ᠋ᠦ᠋ᠭᠡᠷ ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ | ᠶᠢᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠰᠢᠨ ᠲᠡᠷᠭᠡᠨ ᠤ ᠵᠢᠯᠣᠭᠤᠴᠢ ᠶᠢ | ᠪᠣᠯᠪᠠᠰᠤᠷᠠᠭᠤᠯᠬᠤ ᠪᠠᠶᠢᠭᠤᠯᠤᠮᠵᠢ ᠶᠢᠨ ᠶᠠᠰᠤ ᠴᠢᠨᠠᠷ ᠤᠨ ᠢᠲᠡᠭᠡᠯ ᠬᠦᠨᠳᠦ ᠶᠢ ᠰᠢᠯᠭᠠᠨ ᠬᠢᠨᠠᠬᠤ ᠠᠷᠭ᠎ᠠ ︵ᠰᠠᠨᠠᠯ | ᠬᠤᠷᠢᠶᠠᠬᠤ ᠨᠣᠤᠷᠠᠭ︶︾ ᠶᠢᠨ ᠲᠤᠰᠬᠠᠶ ᠮᠡᠷᠭᠡᠵᠢᠯᠲᠡᠨ ᠤ ᠨᠤᠲᠠᠯᠠᠬᠤ ᠪᠠ ᠲᠦᠭᠰᠢᠭᠦᠷᠢ ᠶᠢ ᠦᠨᠡᠯᠡᠨ ᠵᠢᠱᠢᠬᠦ | ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ | | | | ᠬᠤᠷᠠᠯ ᠳᠡᠭᠡᠷ᠎ᠡ᠂ ᠤᠷᠢᠭᠳᠠᠭᠰᠠᠨ ᠲᠤᠰᠬᠠᠶ ᠮᠡᠷᠭᠡᠵᠢᠯᠲᠡᠨ ᠲᠣᠰ ᠲᠣᠰ ᠤᠨ ᠬᠦᠷᠢᠶ᠎ᠡ ᠴᠠᠷᠠᠭ᠎ᠠ ᠶᠢᠨ ᠢᠶᠠᠨ | ᠪᠣᠳᠠᠲᠠᠶ ᠲᠠᠢ ᠤᠶᠠᠯᠳᠤᠭᠤᠯᠤᠨ᠂ ︽ᠰᠢᠯᠭᠠᠨ ᠬᠢᠨᠠᠬᠤ ᠠᠷᠭ᠎ᠠ︾ ᠶᠢᠨ ᠬᠠᠤᠯᠢ ᠶᠣᠰᠣᠴᠢ ᠴᠢᠨᠠᠷ᠂ ᠳᠦᠷᠢᠮᠴᠢ | ᠴᠢᠨᠠᠷ᠂ ᠣᠨᠣᠪᠴᠢᠲᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠤᠨ ᠲᠣᠭᠤᠷᠢᠨ ᠳᠤ ᠠᠰᠠᠭᠤᠳᠠᠯ ᠢ ᠶᠠᠷᠢᠵᠤ᠂ | ᠪᠣᠳᠠᠲᠠᠶ ᠠᠷᠭ᠎ᠠ ᠭᠠᠷᠭᠠᠵᠤ᠂ ᠬᠠᠭᠤᠳᠠᠰᠤ ᠠᠭᠤᠯᠭ᠎ᠠ᠂ ᠥᠰᠥᠭ ᠪᠢᠴᠢᠭ ᠦᠭᠡ ᠬᠡᠯᠡᠯᠭᠡ᠂ ᠦᠨᠡᠯᠡᠯᠲᠡ ᠶᠢᠨ ᠨᠠᠷᠢᠨ | ᠲᠦᠷᠢᠮ ᠵᠡᠷᠭᠡ ᠲᠠᠯ᠎ᠠ ᠪᠠᠷ ᠲᠤᠰᠬᠠᠶ ᠮᠡᠷᠭᠡᠵᠢᠯ ᠤᠨ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠪᠠ᠃ | ᠮᠠᠨ ᠤ ᠣᠷᠣᠨ ᠤ ᠵᠢᠯᠣᠭᠤᠴᠢ ᠶᠢ ᠪᠣᠯᠪᠠᠰᠤᠷᠠᠭᠤᠯᠬᠤ ᠠᠵᠢᠯ ᠲᠥᠷᠥᠯ ᠤᠨ ᠬᠠᠮᠢᠶᠠᠷᠤᠯᠲᠠ ᠶᠢ ᠪᠦᠬᠦ ᠲᠠᠯ᠎ᠠ | ᠪᠠᠷ ᠴᠢᠩᠭᠠᠳᠬᠠᠨ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠤᠷᠲᠤ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠶᠢᠨ ᠲᠥᠯᠥᠭᠡ᠂ ᠡᠮᠦᠨᠡᠬᠢ ᠬᠤᠭᠤᠴᠠᠭᠠᠨ ᠳᠤ᠂ ᠥᠪᠡᠷᠲᠡᠭᠡᠨ | ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠳᠣᠲᠣᠭᠠᠳᠤ | ᠶᠢ ᠬᠠᠮᠠᠭᠠᠯᠠᠬᠤ ᠲᠢᠩᠬᠢᠮ ᠲᠠᠢ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠰᠢᠨ | ᠲᠡᠷᠭᠡᠨ ᠤ ᠵᠢᠯᠣᠭᠤᠴᠢ ᠶᠢ ᠪᠣᠯᠪᠠᠰᠤᠷᠠᠭᠤᠯᠬᠤ ᠪᠠᠶᠢᠭᠤᠯᠤᠮᠵᠢ ᠶᠢᠨ ᠶᠠᠰᠤ ᠴᠢᠨᠠᠷ ᠤᠨ ᠢᠲᠡᠭᠡᠯ ᠬᠦᠨᠳᠦ ᠶᠢ ᠰᠢᠯᠭᠠᠨ | ᠬᠢᠨᠠᠬᠤ ᠠᠷᠭ᠎ᠠ ︵ᠰᠠᠨᠠᠯ ᠬᠤᠷᠢᠶᠠᠬᠤ ᠨᠣᠤᠷᠠᠭ︶︾ ᠶᠢ ᠰᠤᠳᠤᠯᠤᠨ ᠲᠤᠭᠤᠷᠪᠢᠵᠤ᠂ ᠠᠶᠢᠮᠠᠭ ᠬᠤᠲᠠ ᠵᠢᠴᠢ | ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠬᠤᠷᠢᠶᠠᠭᠰᠠᠨ ᠤ ᠳᠠᠷᠠᠭ᠎ᠠ ᠰᠠᠨᠠᠯ ᠬᠤᠷᠢᠶᠠᠬᠤ ᠨᠣᠤᠷᠠᠭ ᠢ ᠪᠣᠶ ᠪᠣᠯᠭᠠᠪᠠ᠃ | ᠵᠠᠯᠭᠠᠭᠠᠳ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠲᠤᠰᠬᠠᠶ | ᠮᠡᠷᠭᠡᠵᠢᠯᠲᠡᠨ ᠤ ᠬᠢᠨᠠᠨ ᠲᠣᠭᠲᠠᠭᠠᠭᠰᠠᠨ ᠰᠠᠨᠠᠯ ᠢ ᠦᠨᠳᠦᠰᠦᠯᠡᠨ ᠨᠠᠷᠢᠯᠢᠭᠵᠢᠭᠤᠯᠤᠨ ᠵᠠᠰᠠᠪᠤᠷᠢ ᠣᠷᠣᠭᠤᠯᠬᠤ ᠪᠠ | ᠲᠡᠭᠦᠯᠳᠡᠷᠵᠢᠭᠦᠯᠵᠦ᠂ ︽ᠰᠢᠯᠭᠠᠨ ᠬᠢᠨᠠᠬᠤ ᠠᠷᠭ᠎ᠠ︾ ᠶᠢᠨ ᠭᠤᠤᠯᠳᠠᠯᠭ᠎ᠠ ᠳᠤᠪᠤᠶᠢᠮ᠎ᠠ᠂ ᠴᠠᠭ ᠤᠨ ᠬᠢᠵᠠᠭᠠᠷ | ᠲᠣᠳᠣᠷᠬᠠᠶ᠂ ᠪᠢᠲᠡᠭᠦᠦ ᠴᠠᠭᠠᠷᠢᠭ ᠪᠦᠷᠢᠯᠳᠦᠬᠦ ᠶᠢ ᠦᠨᠡᠨ ᠬᠦ ᠪᠠᠲᠤᠯᠠᠵᠤ᠂ ᠨᠠᠶᠢᠳᠠᠪᠤᠷᠢᠵᠢᠭᠤᠯᠤᠨ | ᠪᠤᠲᠠᠲᠠᠶᠢᠵᠢᠭᠤᠯᠬᠤ ᠶᠢ ᠠᠬᠢᠭᠤᠯᠤᠨ᠂ ᠮᠠᠨ ᠤ ᠣᠷᠣᠨ ᠤ ᠵᠢᠯᠣᠭᠤᠴᠢ ᠶᠢ ᠪᠣᠯᠪᠠᠰᠤᠷᠠᠭᠤᠯᠬᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠪᠠ ᠰᠢᠯᠭᠠᠨ ᠬᠢᠨᠠᠵᠤ ᠦᠨᠡᠯᠡᠬᠦ ᠲᠣᠭᠲᠠᠴᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠎ᠠ᠃ | |