︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠡᠯᠧᠺᠲᠷᠣᠨ ᠦᠨᠡᠮᠯᠡᠯ ᠤᠨ ᠬᠠᠮᠢᠶᠠᠷᠤᠯᠲᠠ ᠶᠢᠨ ᠠᠷᠭ᠎ᠠ︾᠎ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/11/3
    ᠨᠢᠭᠡ᠂ ᠲᠣᠭᠲᠠᠭᠠᠭᠰᠠᠨ ᠠᠬᠤᠶ ᠪᠠᠶᠢᠳᠠᠯ    ᠣᠶᠢᠷ᠎ᠠ ᠶᠢᠨ ᠵᠢᠯ ᠤᠳ ᠠᠴᠠ᠂ ᠤᠯᠤᠰ᠂ ᠥᠪᠡᠷᠲᠡᠭᠡᠨ ᠵᠠᠰᠠᠬᠤ ᠣᠷᠣᠨ ᠠᠴᠠ ᠠᠯᠢ ᠣᠯᠠᠨ ᠪᠢᠴᠢᠭ ᠮᠠᠲ᠋ᠧᠷᠢᠶᠠᠯ ᠤᠨ ᠲᠣᠭᠲᠠᠭᠠᠯ ᠢ ᠨᠡᠶᠢᠲᠡᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠭᠠᠴᠢᠯᠠᠭᠰᠠᠨ ᠬᠡᠯᠪᠡᠷᠢ ᠶᠢᠨ ᠬᠤᠪᠢᠷᠠᠭᠤᠯᠤᠯᠲᠠ ᠶᠢ ᠲᠦᠷᠭᠡᠳᠬᠡᠵᠦ᠂ ᠡᠯᠧᠺᠲᠷᠣᠨ ᠦᠨᠡᠮᠯᠡᠯ ᠤᠨ ᠬᠠᠮᠢᠶᠠᠷᠤᠯᠲᠠ ᠬᠢᠭᠡᠳ ᠬᠡᠷᠡᠭᠯᠡᠯᠲᠡ ᠶᠢ ᠵᠢᠷᠤᠮᠵᠢᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾᠂ ︽ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ︾ ᠥᠭᠡᠷᠡᠴᠢᠯᠡᠯᠲᠡ ᠶᠢ ᠠᠬᠢᠭᠤᠯᠤᠨ ᠭᠦᠨᠵᠡᠭᠡᠶᠢᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠬᠡᠷᠡᠭᠲᠡᠢ ᠭᠡᠵᠦ ᠱᠠᠭᠠᠷᠳᠠᠪᠠ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ            ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠯᠧᠺᠲᠷᠣᠨ ᠭᠠᠷ ᠤᠨ ᠥᠰᠥᠭ ᠵᠢᠷᠤᠬᠤ ᠬᠠᠤᠯᠢ︾᠂ ︽ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ ᠤᠳ︾ ᠪᠠ ︽ᠪᠥᠬᠦ ᠤᠯᠤᠰ ᠤᠨ ᠨᠢᠭᠡ ᠴᠤᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠡᠯᠧᠺᠲᠷᠣᠨ ᠦᠨᠡᠮᠯᠡᠯ ᠤᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠵᠡᠷᠭᠡ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠲᠣᠰ ᠠᠷᠭ᠎ᠠ ᠶᠢ ᠲᠤᠭᠤᠷᠪᠢᠪᠠ᠃    ᠬᠤᠶᠠᠷ᠂ ᠭᠤᠣᠯ ᠠᠭᠤᠯᠭ᠎ᠠ    ᠲᠣᠰ ᠠᠷᠭ᠎ᠠ ᠶᠢ ᠳᠥᠷᠪᠡᠨ ᠪᠦᠯᠦᠭ ᠬᠤᠪᠢᠶᠠᠵᠤ᠂ ᠨᠡᠶᠢᠲᠡ ᠭᠤᠴᠢᠨ ᠭᠤᠷᠪᠠᠨ ᠵᠦᠢᠯ ᠪᠣᠢ᠃ ᠨᠢᠭᠡᠳᠦᠭᠡᠷ ᠪᠦᠯᠦᠭ ᠶᠡᠷᠦᠩᠬᠡᠢ ᠳᠦᠷᠢᠮ ᠳᠤ᠂ ᠡᠯᠧᠺᠲᠷᠣᠨ ᠦᠨᠡᠮᠯᠡᠯ ᠤᠨ ᠬᠠᠮᠢᠶᠠᠷᠤᠯᠲᠠ ᠶᠢᠨ ᠠᠷᠭ᠎ᠠ ᠶᠢᠨ ᠬᠡᠷᠡᠭᠯᠡᠬᠦ ᠬᠡᠪᠴᠢᠶ᠎ᠡ᠂ ᠵᠢᠷᠤᠮᠯᠠᠬᠤ ᠵᠠᠷᠴᠢᠮ ᠵᠢᠴᠢ ᠬᠠᠮᠢᠶ᠎ᠠ ᠪᠦᠬᠦᠢ ᠠᠵᠢᠯ ᠤᠨ ᠬᠤᠪᠢᠶᠠᠷᠢᠯᠠᠯ ᠵᠡᠷᠭᠡ ᠠᠭᠤᠯᠭ᠎ᠠ ᠶᠢ ᠲᠣᠳᠤᠷᠬᠠᠶᠢᠯᠠᠪᠠ᠃ ᠬᠤᠶᠠᠳᠤᠭᠠᠷ ᠪᠦᠯᠦᠭ ᠲᠣᠭᠲᠠᠭᠠᠵᠤ ᠲᠠᠷᠬᠠᠭᠠᠬᠤ ᠪᠠ ᠬᠡᠷᠡᠭᠯᠡᠬᠦ ᠳᠤ᠂ ᠬᠠᠮᠠᠭᠠᠯᠠᠬᠤ ᠪᠠ ᠰᠢᠨᠡᠳᠬᠡᠬᠦ᠂ ᠮᠡᠳᠡᠭᠡ ᠵᠠᠩᠭᠢ ᠶᠢ ᠬᠤᠷᠠᠮᠳᠤᠭᠤᠯᠬᠤ᠂ ᠮᠡᠳᠡᠭᠡ ᠵᠠᠩᠭᠢ ᠶᠢ ᠰᠢᠯᠭᠠᠨ ᠪᠠᠲᠤᠯᠠᠬᠤ᠂ ᠬᠠᠮᠲᠤ ᠪᠠᠷ ᠬᠦᠷᠲᠡᠵᠦ ᠬᠡᠷᠡᠭᠯᠡᠬᠦ᠂ ᠨᠡᠶᠢᠭᠡᠮᠴᠢᠯᠡᠨ ᠬᠡᠷᠡᠭᠯᠡᠬᠦ ᠶᠢ ᠭᠤᠶᠤᠴᠢᠯᠠᠬᠤ ᠵᠡᠷᠭᠡ ᠬᠠᠮᠢᠶ᠎ᠠ ᠪᠥᠬᠦᠶ ᠬᠠᠮᠢᠶᠠᠷᠤᠯᠲᠠ ᠶᠢᠨ ᠱᠠᠭᠠᠷᠳᠠᠯᠭ᠎ᠠ ᠶᠢ ᠲᠣᠳᠤᠷᠬᠠᠶᠢᠯᠠᠪᠠ᠃ ᠭᠤᠷᠪᠠᠳᠤᠭᠠᠷ ᠪᠦᠯᠦᠭ ᠠᠮᠤᠷ ᠲᠦᠪᠰᠢᠨ ᠬᠢᠭᠡᠳ ᠬᠢᠨᠠᠯᠲᠠ ᠲᠠᠯᠪᠢᠬᠤ ᠳᠤ᠂ ᠬᠡᠷᠡᠭᠯᠡᠬᠦ ᠦᠨᠡᠮᠯᠡᠯ ᠤᠨ ᠮᠡᠳᠡᠭᠡ ᠵᠠᠩᠭᠢ ᠶᠢᠨ ᠠᠮᠤᠷ ᠲᠦᠪᠰᠢᠨ᠂ ᠴᠢᠬᠤᠯᠠ ᠪᠦᠬᠦᠢ ᠮᠡᠷᠭᠡᠵᠢᠯ ᠤᠨ ᠠᠷᠭ᠎ᠠ ᠪᠠᠷᠢᠯ ᠵᠡᠷᠭᠡ ᠠᠵᠢᠯ ᠤᠨ ᠳᠤᠮᠳᠠ ᠡᠯᠧᠺᠲᠷᠣᠨ ᠦᠨᠡᠮᠯᠡᠯ ᠬᠡᠷᠡᠭᠯᠡᠬᠦ ᠦᠶ᠎ᠡ ᠶᠢᠨ ᠪᠣᠳᠠᠲᠠᠶ ᠱᠠᠭᠠᠷᠳᠠᠯᠭ᠎ᠠ ᠶᠢ ᠳᠤᠷᠠᠳᠤᠨ  ᠭᠠᠷᠭᠠᠪᠠ᠃ ᠳᠥᠷᠪᠡᠳᠦᠭᠡᠷ ᠪᠦᠯᠦᠭ ᠳᠠᠭᠠᠯᠳᠤᠭᠤᠯᠤᠭᠰᠠᠨ ᠲᠦᠷᠢᠮ ᠳᠤ᠂ ᠬᠡᠷᠡᠭᠵᠢᠭᠦᠯᠬᠦ ᠴᠠᠭ ᠵᠡᠷᠭᠡ ᠠᠭᠤᠯᠭ᠎ᠠ ᠶᠢ ᠲᠣᠳᠣᠷᠬᠠᠶᠢᠯᠠᠪᠠ᠃    ᠬᠠᠮᠢᠶ᠎ᠠ ᠪᠥᠬᠦᠶ ᠲᠥᠷᠥ ᠶᠢᠨ ᠪᠣᠳᠣᠯᠭ᠎ᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠡᠯᠧᠺᠲᠷᠣᠨ ᠦᠨᠡᠮᠯᠡᠯ ᠤᠨ ᠬᠠᠮᠢᠶᠠᠷᠤᠯᠲᠠ ᠶᠢᠨ ᠠᠷᠭ᠎ᠠ
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号