2 ᠳ᠋ᠤᠭᠠᠷ ᠰᠠᠷ᠎ᠠ ᠶᠢᠨ 10 ᠤ ᠡᠳᠦᠷ᠂ ᠴᠡᠭᠡ ᠪᠣᠭᠤᠮᠲᠠ ᠪᠠᠷᠠᠭᠠᠨ ᠤ ᠲᠡᠭᠡᠭᠡᠪᠦᠷᠢ ᠶᠢᠨ ᠪᠣᠭᠤᠮᠲᠠ ᠪᠠᠷ | ᠥᠩᠭᠡᠷᠡᠬᠦ ᠶᠢ ᠪᠦᠬᠦ ᠲᠠᠯ᠎ᠠ ᠪᠠᠷ ᠰᠡᠷᠭᠦᠭᠡᠪᠡ᠃ ᠲᠣᠰ ᠡᠳᠦᠷ᠂ ᠴᠡᠭᠡ ᠪᠣᠭᠤᠮᠲᠠ ᠶᠢᠨ ᠬᠢᠯᠢ ᠪᠠᠷ ᠨᠡᠪᠲᠡᠷᠡᠬᠦ ᠲᠡᠷᠭᠡ | 696 ᠰᠠᠤᠷᠢ ᠪᠠᠶᠢᠵᠤ᠂ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦ 5.13 ᠲᠦᠮᠡᠨ ᠲᠣᠨ ᠳᠤ ᠬᠦᠷᠴᠦ᠂ | ᠭᠠᠳᠠᠭᠠᠳᠤ ᠠᠴᠠ ᠣᠷᠣᠭᠤᠯᠤᠭᠰᠠᠨ ᠲᠦᠭᠦᠬᠡᠢ ᠨᠡᠭᠦᠷᠡᠰᠦ ᠨᠢ ᠨᠡᠶᠢᠲᠡ 110.89 ᠲᠦᠮᠡᠨ ᠲᠣᠨ ᠳᠤ ᠬᠦᠷᠪᠡ᠃ | | | | | ᠣᠶᠢᠯᠠᠭᠠᠭᠰᠠᠨ ᠢᠶᠠᠷ᠂ ᠪᠠᠷᠠᠭᠠᠨ ᠤ ᠲᠡᠭᠡᠭᠡᠪᠦᠷᠢ ᠶᠢᠨ ᠪᠣᠭᠤᠮᠲᠠ ᠪᠠᠷ ᠥᠩᠭᠡᠷᠡᠭᠦᠯᠬᠦ ᠶᠢ ᠪᠥᠬᠦ ᠲᠠᠯ᠎ᠠ ᠪᠠᠷ | ᠰᠡᠷᠭᠦᠭᠡᠬᠦ ᠶᠢ ᠳᠠᠭᠠᠯᠳᠤᠨ᠂ ᠪᠠᠷᠠᠭᠠᠨ ᠤ ᠲᠡᠭᠡᠭᠡᠪᠦᠷᠢ ᠶᠢᠨ ᠨᠡᠪᠲᠡᠷᠡᠬᠦ ᠵᠠᠮ ᠤᠨ ᠡᠮᠦᠨ᠎ᠡ ᠲᠠᠪᠴᠠᠩ ᠤᠨ ᠰᠢᠯᠭᠠᠨ | ᠪᠠᠲᠤᠯᠠᠬᠤ ᠵᠢᠴᠢ ᠲᠡᠷᠭᠡᠨ ᠪᠡᠶ᠎ᠡ ᠶᠢᠨ ᠪᠠᠶᠢᠴᠠᠭᠠᠨ ᠰᠢᠯᠭᠠᠬᠤ ᠭᠤᠭᠴᠤᠭ᠎ᠠ ᠶᠢ ᠪᠥᠬᠦ ᠲᠠᠯ᠎ᠠ ᠪᠠᠷ ᠰᠡᠷᠭᠦᠭᠡᠵᠦ᠂ | ᠪᠣᠭᠤᠮᠲᠠ ᠪᠠᠷ ᠥᠩᠭᠡᠷᠡᠭᠦᠯᠬᠦ ᠵᠠᠭᠪᠤᠷ ᠢ ︽ᠴᠢᠩᠭᠡᠯᠢᠭ ᠢ ᠳᠡᠭᠦᠵᠢᠯᠡᠨ ᠲᠣᠨᠤᠭᠯᠠᠵᠤ ᠰᠢᠯᠵᠢᠭᠦᠯᠦᠨ ᠲᠡᠭᠡᠭᠡᠪᠦᠷᠢᠯᠡᠬᠦ︾ | ᠪᠠᠶᠢᠭᠰᠠᠨ ᠠᠴᠠ ᠨᠢ ︽ᠳᠡᠭᠦᠵᠢᠯᠡᠨ ᠲᠣᠨᠤᠭᠯᠠᠵᠤ ᠰᠢᠯᠵᠢᠭᠦᠯᠦᠨ ᠲᠡᠭᠡᠭᠡᠪᠦᠷᠢᠯᠡᠬᠦ + ᠰᠤᠯᠠ ᠪᠠᠷ ᠲᠡᠭᠡᠭᠡᠪᠦᠷᠢᠯᠡᠵᠦ | ᠪᠠᠷᠠᠭ᠎ᠠ ᠥᠩᠭᠡᠷᠡᠭᠦᠯᠬᠦ︾ ᠶᠢ ᠵᠡᠷᠭᠡ ᠳᠤ ᠨᠢ ᠠᠵᠢᠯᠯᠠᠭᠤᠯᠬᠤ ᠪᠣᠯᠭᠠᠨ ᠰᠢᠯᠢᠳᠡᠭᠵᠢᠭᠦᠯᠦᠨ ᠲᠣᠬᠢᠷᠠᠭᠤᠯᠵᠤ᠂ | ᠪᠣᠭᠤᠮᠲᠠ ᠪᠠᠷ ᠥᠩᠭᠡᠷᠡᠭᠦᠯᠬᠦ ᠴᠤᠪᠤᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠳᠥᠭᠦᠮᠴᠢᠯᠡᠨ᠂ ᠪᠣᠭᠤᠮᠲᠠ ᠪᠠᠷ | ᠥᠩᠭᠡᠷᠡᠭᠦᠯᠬᠦ ᠴᠠᠭ ᠢ ᠪᠣᠭᠤᠨᠢᠰᠬᠠᠵᠤ᠂ ᠪᠣᠭᠤᠮᠲᠠ ᠪᠠᠷ ᠥᠩᠭᠡᠷᠡᠭᠦᠯᠬᠦ ᠬᠤᠷᠳᠤᠴᠠ ᠶᠢ ᠳᠡᠭᠡᠭᠰᠢᠯᠡᠭᠦᠯᠦᠨ᠂ ᠲᠡᠷᠭᠡ | ᠬᠥᠰᠬᠡ ᠶᠢᠨ ᠪᠣᠭᠤᠮᠲᠠ ᠪᠠᠷ ᠥᠩᠭᠡᠷᠡᠭᠦᠯᠬᠦ ᠳᠤ ︽ᠥᠯᠥ ᠬᠦᠯᠢᠶᠡᠬᠦ︾᠂ ᠪᠠᠶᠢᠴᠠᠭᠠᠨ ᠰᠢᠯᠭᠠᠬᠤ ᠭᠤᠭᠴᠤᠭ᠎ᠠ ᠶᠢ | ︽ᠥᠯᠥ ᠬᠤᠶᠢᠰᠢᠯᠠᠭᠤᠯᠬᠤ︾ ᠶᠢ ᠦᠨᠡᠨ ᠬᠦ ᠪᠠᠲᠤᠯᠠᠬᠤ ᠶᠢᠨ ᠬᠠᠮᠲᠤ᠂ ︽ᠪᠠᠷᠠᠭᠠᠨ ᠤ ᠲᠡᠭᠡᠭᠡᠪᠦᠷᠢ ᠶᠢᠨ | ᠪᠣᠭᠤᠮᠲᠠ ᠪᠠᠷ ᠥᠩᠭᠡᠷᠡᠭᠦᠯᠬᠦ ᠶᠢ ᠪᠠᠶᠢᠩᠭᠤᠵᠢᠭᠤᠯᠬᠤ︾ ᠶᠢ ᠲᠣᠭᠲᠠᠭᠤᠨ ᠢᠶᠠᠷ ᠰᠢᠯᠵᠢᠭᠦᠯᠬᠦ ᠶᠢ ᠪᠡᠶᠡᠯᠡᠭᠦᠯᠪᠡ᠃ | | | | | ᠴᠡᠭᠡ ᠪᠣᠭᠤᠮᠲᠠ ᠨᠢ ᠠᠯᠠᠱᠠ ᠠᠶᠢᠮᠠᠭ ᠤᠨ ᠡᠵᠡᠨ᠎ᠡ ᠬᠤᠰᠢᠭᠤᠨ ᠤ ᠬᠢᠯᠢ ᠳᠣᠲᠤᠷ᠎ᠠ ᠪᠠᠶᠢᠵᠤ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭᠤᠨ ᠬᠡᠰᠡᠭ ᠤᠨ ᠬᠢᠯᠢ ᠶᠢᠨ ᠪᠣᠭᠤᠮᠲᠠ ᠪᠠᠶᠢᠵᠤ᠂ ᠮᠣᠩᠭᠤᠯ | ᠤᠯᠤᠰ ᠤᠨ ᠡᠮᠦᠨ᠎ᠡ ᠭᠤᠪᠢ ᠮᠤᠵᠢ ᠶᠢᠨ ᠰᠢᠪᠡᠭᠡ ᠬᠦᠷᠢᠶ᠎ᠡ ᠪᠣᠭᠤᠮᠲᠠ ᠲᠠᠢ ᠬᠠᠷᠠᠭᠠᠯᠵᠠᠵᠤ᠂ ᠭᠠᠳᠠᠭᠰᠢ ᠪᠠᠨ | ᠮᠣᠩᠭᠤᠯ ᠤᠯᠤᠰ ᠤᠨ ᠡᠮᠦᠨ᠎ᠡ ᠭᠤᠪᠢ᠂ ᠪᠠᠶᠠᠨ ᠬᠤᠩᠭᠤᠷ᠂ ᠭᠤᠪᠢ ᠠᠯᠲᠠᠶ᠂ ᠦᠪᠦᠷ ᠬᠠᠩᠭᠠᠶ᠂ ᠠᠷᠤ ᠬᠠᠩᠭᠠᠶ | ᠵᠡᠷᠭᠡ ᠮᠠᠯ ᠤᠨ ᠪᠦᠲᠦᠭᠡᠭᠳᠡᠬᠦᠨ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠨᠡᠯᠢᠶᠡᠳ ᠡᠯᠪᠡᠭ ᠪᠠᠶᠢᠬᠤ | ᠲᠠᠪᠤᠨ ᠮᠤᠵᠢ ᠣᠷᠣᠨ ᠢ ᠨᠥᠯᠦᠭᠡᠯᠡᠵᠦ᠂ ᠠᠯᠠᠱᠠ ᠠᠶᠢᠮᠠᠭ ᠤᠨ ᠭᠠᠳᠠᠭᠠᠳᠤ ᠨᠡᠭᠡᠭᠡᠯᠲᠡ ᠬᠢᠬᠦ ᠣᠯᠠᠨ ᠤᠯᠤᠰ ᠤᠨ | ᠨᠡᠪᠲᠡᠷᠡᠯ ᠵᠠᠮ ᠮᠥᠨ᠂ ᠥᠪᠥᠷ ᠮᠣᠩᠭᠤᠯ᠂ ᠱᠠᠨᠰᠢ᠂ ᠭᠠᠨᠰᠤ᠂ ᠨᠢᠩᠰᠢᠶᠠ᠂ ᠬᠦᠬᠡᠨᠠᠭᠤᠷ ᠲᠠᠪᠤᠨ ᠮᠤᠵᠢ ᠣᠷᠣᠨ | ᠤ ᠬᠠᠮᠲᠤ ᠶᠢᠨ ᠬᠠᠭᠤᠷᠠᠶ ᠵᠠᠮ ᠤᠨ ᠪᠣᠭᠤᠮᠲᠠ ᠮᠦᠨ᠂ ᠮᠠᠨ ᠤ ᠤᠯᠤᠰ ᠤᠨ ᠪᠠᠷᠠᠭᠤᠨ ᠬᠤᠶᠢᠲᠤ ᠣᠷᠣᠨ ᠤ ᠤᠯᠤᠰ | ᠤᠨ ᠳᠣᠲᠣᠭᠠᠳᠤ ᠭᠠᠳᠠᠭᠠᠳᠤ ᠶᠢ ᠬᠤᠯᠪᠣᠭᠰᠠᠨ ᠴᠢᠬᠤᠯᠠ ᠵᠠᠮ ᠬᠠᠷᠢᠯᠴᠠᠭᠠᠨ ᠤ ᠬᠦᠢᠰᠦ᠂ ᠠᠷᠠᠯᠵᠢᠶ᠎ᠠ | ᠬᠤᠳᠠᠯᠳᠤᠭᠠᠨ ᠤ ᠲᠥᠪ᠂ ᠪᠠᠷᠠᠭ᠎ᠠ ᠲᠥᠪᠯᠡᠷᠡᠭᠦᠯᠵᠦ ᠲᠠᠷᠬᠠᠭᠠᠬᠤ ᠭᠠᠵᠠᠷ ᠪᠠ ᠡᠬᠢ ᠪᠠᠶᠠᠯᠢᠭ ᠤᠨ ᠶᠡᠭᠡ ᠵᠠᠮ ᠮᠦᠨ᠃ | | | | | | ᠴᠡᠭᠡ ᠪᠣᠭᠤᠮᠲᠠ ᠶᠢᠨ 2011 ᠣᠨ ᠤ ᠪᠠᠷᠠᠭ᠎ᠠ ᠥᠩᠭᠡᠷᠡᠭᠦᠯᠦᠭᠰᠡᠨ ᠬᠡᠮᠵᠢᠶ᠎ᠡ ᠨᠢ ᠠᠩᠬ᠎ᠠ ᠤᠳᠠᠭ᠎ᠠ | 1000 ᠲᠦᠮᠡᠨ ᠲᠣᠨ ᠢ ᠳᠠᠪᠠᠵᠤ᠂ 2016 ᠣᠨ ᠳᠤ ᠪᠠᠷᠠᠭ᠎ᠠ ᠥᠩᠭᠡᠷᠡᠭᠦᠯᠦᠭᠰᠡᠨ ᠬᠡᠮᠵᠢᠶ᠎ᠡ ᠨᠢ 1257 | ᠭᠠᠷᠤᠶ ᠲᠦᠮᠡᠨ ᠲᠣᠨ ᠳᠤ ᠬᠦᠷᠦᠭᠰᠡᠨ ᠪᠥᠭᠡᠳ 5 ᠵᠢᠯ ᠳᠠᠷᠠᠭᠠᠯᠠᠨ ᠪᠠᠷᠠᠭ᠎ᠠ ᠥᠩᠭᠡᠷᠡᠭᠦᠯᠦᠭᠰᠡᠨ ᠬᠡᠮᠵᠢᠶ᠎ᠡ ᠨᠢ | ᠴᠥᠮ ᠮᠢᠩᠭᠠᠨ ᠲᠦᠮᠡᠨ ᠲᠣᠨ ᠠᠴᠠ ᠳᠡᠭᠡᠭᠰᠢ ᠪᠣᠯᠵᠤ᠂ ᠣᠲᠣ ᠪᠣᠯᠲᠠᠯ᠎ᠠ᠂ ᠪᠠᠷᠠᠭ᠎ᠠ ᠥᠩᠭᠡᠷᠡᠭᠦᠯᠦᠭᠰᠡᠨ ᠬᠡᠮᠵᠢᠶ᠎ᠡ | ᠨᠢ ᠬᠠᠮᠤᠭ ᠤᠨ ᠥᠨᠳᠥᠷ ᠲᠤ ᠪᠠᠨ 2019 ᠣᠨ ᠳᠤ ᠢᠯᠡᠷᠡᠵᠦ᠂ 1415 ᠭᠠᠷᠤᠶ ᠲᠦᠮᠡᠨ ᠲᠣᠨ ᠳᠤ ᠬᠦᠷᠴᠠᠢ᠃ | | | ᠮᠡᠳᠡᠭᠡ ᠵᠠᠩᠭᠢ ᠶᠢᠨ ᠢᠷᠡᠯᠲᠡ᠄ ᠠᠯᠠᠱᠠ ᠡᠳᠦᠷ ᠤᠨ ᠰᠣᠨᠢᠨ ᠤ ᠠᠯᠪᠠᠨ ᠸᠢᠴᠠᠲ ︽ᠥᠨᠥᠳᠦᠷ ᠤᠨ ᠠᠯᠠᠱᠠ | ︾ |