ᠦᠪᠦᠷ ᠵᠠᠮ ᠲᠠᠷᠬᠠᠭᠠᠭᠰᠠᠨ〔2023〕6 ᠳ᠋ᠤᠭᠠᠷ ᠲᠣᠭᠠᠲᠤ | | ᠡᠯ᠎ᠡ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠄ | ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢᠨ ᠦᠢᠯᠡ ᠠᠵᠢᠯᠯᠠᠭ᠎ᠠ ᠶᠢ | ᠤᠯᠠᠮ ᠨᠢᠭᠡ ᠠᠯᠬᠤᠮ ᠵᠢᠷᠤᠮᠵᠢᠭᠤᠯᠵᠤ᠂ ᠠᠵᠢᠯ ᠲᠥᠷᠥᠯ ᠤᠨ ᠵᠠᠰᠠᠯᠲᠠ ᠶᠢᠨ ᠬᠢᠷᠢ ᠲᠥᠪᠰᠢᠨ ᠢ ᠳᠡᠭᠡᠭᠰᠢᠯᠡᠭᠦᠯᠬᠦ | ᠶᠢᠨ ᠲᠤᠰᠠᠳᠠ᠂ ᠮᠠᠨ ᠤ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ | ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ︾ ᠶᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ᠪᠣᠯᠭᠠᠨ | ᠵᠠᠰᠠᠪᠤᠷᠢ ᠣᠷᠣᠭᠤᠯᠪᠠ᠃ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠵᠤ᠂ ᠵᠢᠷᠤᠮᠯᠠᠨ ᠬᠡᠷᠡᠭᠵᠢᠭᠦᠯᠦᠭᠡᠷᠡᠢ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ | ᠶᠢᠨ ᠲᠢᠩᠬᠢᠮ | 2023 ᠣᠨ ᠤ 1 ᠳ᠋ᠦ᠋ᠭᠡᠷ ᠰᠠᠷ᠎ᠠ ᠶᠢᠨ 5 ᠤ ᠡᠳᠦᠷ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ | ᠬᠢᠨᠠᠯᠲᠠ ᠬᠠᠮᠢᠶᠠᠷᠤᠯᠲᠠ ᠶᠢᠨ ᠠᠷᠭ᠎ᠠ | | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠪᠦᠬᠦ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ | ᠴᠢᠩᠭᠠᠳᠬᠠᠨ᠂ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠪᠠᠷᠢᠯᠭ᠎ᠠ ᠶᠢᠨ ᠶᠠᠰᠤ ᠴᠢᠨᠠᠷ | ᠢ ᠪᠠᠲᠤᠯᠠᠨ᠂ ᠪᠡᠯᠡ ᠣᠷᠣᠭᠤᠯᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠵᠠᠰᠠᠮᠠᠯ ᠵᠠᠮ ᠤᠨ ᠪᠦᠲᠦᠭᠡᠨ | ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠬᠤ ᠶᠢᠨ ᠲᠤᠰᠠᠳᠠ᠂ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠮᠠᠯ ᠵᠠᠮ ᠤᠨ ᠬᠠᠤᠯᠢ︾᠂ ︽ᠵᠠᠰᠠᠮᠠᠯ ᠵᠠᠮ ᠤᠨ ᠪᠦᠲᠦᠭᠡᠨ | ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠷᠭ᠎ᠠ︾᠂ ︽ᠵᠠᠰᠠᠮᠠᠯ ᠵᠠᠮ ᠤᠨ ᠪᠦᠲᠦᠭᠡᠨ | ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ᠪᠣᠯᠤᠨ ᠤᠯᠤᠰ᠂ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠮᠠᠨ ᠤ ᠣᠷᠣᠨ ᠤ ᠵᠠᠰᠠᠮᠠᠯ ᠵᠠᠮ ᠤᠨ | ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠵᠤ ᠲᠤᠰ ᠠᠷᠭ᠎ᠠ ᠶᠢ | ᠲᠣᠭᠲᠠᠭᠠᠪᠠ᠃ | ᠬᠤᠶᠠᠳᠤᠭᠠᠷ ᠵᠦᠢᠯ ᠲᠤᠰ ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠬᠢᠯᠢ ᠳᠣᠲᠣᠷᠠᠬᠢ ᠤᠯᠤᠰ ᠮᠤᠵᠢ | ᠶᠢᠨ ᠵᠠᠰᠠᠮᠠᠯ ᠵᠠᠮ ᠤᠨ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠭᠡᠷᠡᠴᠢᠯᠡᠵᠦ ᠥᠷᠭᠡᠳᠬᠡᠨ | ᠪᠠᠶᠢᠭᠤᠯᠬᠤ ᠪᠠᠷᠢᠯᠭ᠎ᠠ ᠵᠢᠴᠢ ᠲᠤᠰᠠᠭᠠᠷ ᠪᠠᠶᠢᠭ᠎ᠠ ᠵᠠᠰᠠᠮᠠᠯ ᠵᠠᠮ ᠤᠨ ᠣᠨᠴᠠ ᠶᠡᠭᠡ ᠬᠥᠭᠦᠷᠭᠡ᠂ ᠣᠨᠴᠠ ᠤᠷᠲᠤ | ᠨᠦᠬᠡᠨ ᠵᠠᠮ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠳᠤ ᠬᠡᠷᠡᠭᠯᠡᠨ᠂ ᠲᠠᠷᠢᠶᠠᠯᠠᠬᠤ ᠮᠠᠯᠵᠢᠬᠤ ᠣᠷᠣᠨ ᠤ | ᠵᠠᠰᠠᠮᠠᠯ ᠵᠠᠮ ᠳᠤ ᠲᠡᠭᠦᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ ᠪᠠᠷ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ | ᠣᠷᠣᠨ ᠤ ᠬᠢᠯᠢ ᠳᠣᠲᠣᠷ᠎ᠠ ᠵᠠᠰᠠᠮᠠᠯ ᠵᠠᠮ ᠪᠦᠲᠦᠭᠡᠨ ᠪᠠᠶᠢᠭᠤᠯᠬᠤ ᠨᠢᠭᠡᠴᠢ ᠪᠣᠯᠤᠨ ᠠᠵᠢᠯᠲᠠᠨ ᠡᠷᠬᠡᠪᠰᠢ ᠲᠤᠰ | ᠠᠷᠭ᠎ᠠ ᠶᠢ ᠵᠢᠷᠤᠮᠯᠠᠬᠤ ᠬᠡᠷᠡᠭᠲᠡᠶ᠃ | ᠭᠤᠷᠪᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ | ᠭᠡᠳᠡᠭ ᠨᠢ ᠵᠠᠰᠠᠮᠠᠯ ᠵᠠᠮ᠂ ᠬᠥᠭᠦᠷᠭᠡ᠂ ᠨᠦᠬᠡᠨ ᠵᠠᠮ᠂ ᠵᠠᠮ ᠬᠠᠷᠢᠯᠴᠠᠭᠠᠨ ᠤ ᠪᠠᠷᠢᠯᠭ᠎ᠠ ᠵᠢᠴᠢ ᠵᠠᠮ ᠳᠠᠭᠠᠤ | ᠲᠥᠬᠦᠭᠡᠷᠦᠮᠵᠢ ᠶᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠪᠠ ᠥᠭᠡᠷᠡᠴᠢᠯᠡᠵᠦ ᠥᠷᠭᠡᠳᠬᠡᠨ | ᠪᠠᠶᠢᠭᠤᠯᠬᠤ ᠲᠥᠷᠥᠯ ᠵᠦᠢᠯ ᠤᠨ ᠰᠠᠨᠠᠭᠤᠯᠭ᠎ᠠ ᠶᠢᠨ ᠪᠢᠴᠢᠭ᠂ ᠪᠣᠯᠤᠮᠵᠢᠲᠤ ᠰᠤᠳᠤᠯᠤᠯ᠂ ᠬᠠᠶᠢᠨ ᠪᠠᠶᠢᠴᠠᠭᠠᠯᠲᠠ᠂ | ᠵᠢᠷᠤᠭ ᠲᠥᠯᠥᠪᠯᠡᠭᠡ᠂ ᠪᠠᠷᠢᠯᠭ᠎ᠠ ᠪᠠᠷᠢᠬᠤ᠂ ᠪᠠᠷᠢᠯᠭ᠎ᠠ ᠳᠠᠭᠤᠰᠬᠤ ︵ᠲᠤᠰᠢᠶᠠᠬᠤ︶ ᠠᠵᠢᠯ ᠢ ᠰᠢᠯᠭᠠᠨ ᠠᠪᠬᠤ ᠪᠠ | ᠳᠠᠷᠠᠭᠠᠬᠢ ᠦᠨᠡᠯᠡᠯᠲᠡ ᠶᠢᠨ ᠪᠦᠬᠦ ᠶᠠᠪᠤᠴᠠ ᠶᠢᠨ ᠠᠵᠢᠯᠯᠠᠭ᠎ᠠ ᠶᠢ ᠵᠢᠭᠠᠵᠤ ᠪᠤᠶ᠃ | ᠳᠥᠷᠪᠡᠳᠦᠭᠡᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ | ᠵᠠᠰᠠᠮᠠᠯ ᠵᠠᠮ ᠤᠨ ᠲᠥᠷᠥᠯ ᠵᠦᠢᠯ ᠭᠡᠳᠡᠭ ᠨᠢ ᠬᠢᠨᠠᠨ ᠵᠥᠪᠰᠢᠶᠡᠷᠡᠬᠦ ᠠᠷᠭ᠎ᠠ ᠮᠠᠶ᠋ᠢᠭ ᠢᠶᠠᠷ ᠲᠥᠷᠥᠯ ᠵᠦᠢᠯ | ᠪᠠᠶᠢᠭᠤᠯᠤᠭᠰᠠᠨ᠂ ᠡᠯ᠎ᠡ ᠱᠠᠲᠤᠨ ᠤ ᠵᠠᠰᠠᠭ ᠤᠨ ᠣᠷᠳᠣᠨ ᠠᠴᠠ ᠰᠢᠭᠤᠳ ᠪᠡᠯᠡ ᠣᠷᠣᠭᠤᠯᠬᠤ ᠠᠷᠭ᠎ᠠ ᠮᠠᠶ᠋ᠢᠭ | ᠪᠤᠶᠤ ᠬᠥᠷᠥᠩᠭᠡ ᠮᠥᠩᠭᠦ ᠣᠷᠣᠭᠤᠯᠬᠤ ᠠᠷᠭ᠎ᠠ ᠮᠠᠶ᠋ᠢᠭ ᠢ ᠠᠪᠴᠤ ᠪᠡᠯᠡ ᠣᠷᠣᠭᠤᠯᠤᠭᠰᠠᠨ ᠵᠠᠰᠠᠮᠠᠯ ᠵᠠᠮ ᠤᠨ | ᠲᠥᠷᠥᠯ ᠵᠦᠢᠯ ᠢ ᠵᠢᠭᠠᠵᠤ ᠪᠤᠶ᠃ ᠡᠵᠡᠩᠨᠡᠯᠲᠡ ᠶᠢᠨ ᠴᠢᠨᠠᠷᠲᠠᠶ ᠵᠠᠰᠠᠮᠠᠯ ᠵᠠᠮ ᠤᠨ ᠲᠥᠷᠥᠯ ᠵᠦᠢᠯ ᠭᠡᠳᠡᠭ ᠨᠢ ᠬᠢᠨᠠᠨ | ᠵᠥᠪᠰᠢᠶᠡᠷᠡᠬᠦ ᠳᠦᠷᠢᠮ ᠢᠶᠠᠷ ᠲᠥᠷᠥᠯ ᠵᠦᠢᠯ ᠪᠠᠶᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ | ᠠᠬᠤᠶ ᠶᠢᠨ ᠵᠣᠬᠢᠶᠠᠨ ᠪᠠᠶᠢᠭᠤᠯᠤᠯᠲᠠ ᠠᠴᠠ ᠪᠡᠯᠡ ᠣᠷᠣᠭᠤᠯᠤᠨ ᠪᠦᠲᠦᠭᠡᠨ ᠪᠠᠶᠢᠭᠤᠯᠬᠤ ᠵᠠᠰᠠᠮᠠᠯ ᠵᠠᠮ ᠤᠨ ᠲᠥᠷᠥᠯ | ᠵᠦᠢᠯ ᠢ ᠵᠢᠭᠠᠵᠤ ᠪᠤᠶ᠃ | ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ ︵PPP︶ ᠶᠢᠨ ᠵᠠᠭᠪᠤᠷ | ︵ᠳᠣᠷᠣᠭᠰᠢ PPP ᠲᠥᠷᠥᠯ ᠵᠦᠶᠯ ᠭᠡᠵᠦ ᠲᠣᠪᠴᠢᠯᠠᠨ᠎ᠠ︶ ᠢ ᠬᠡᠷᠡᠭᠯᠡᠬᠦ ᠶᠢ ᠵᠣᠷᠢᠭᠵᠢᠭᠤᠯᠵᠤ᠂ ᠨᠡᠶᠢᠭᠡᠮ ᠤᠨ | ᠬᠥᠷᠥᠩᠭᠡ ᠶᠢ ᠲᠠᠲᠠᠵᠤ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠳᠤ | ᠣᠷᠣᠯᠴᠠᠭᠤᠯᠤᠨ᠎ᠠ᠃ | ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ ᠡᠷᠬᠡᠪᠰᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ | ᠲᠣᠭᠲᠠᠭᠠᠯ ᠵᠢᠴᠢ ᠲᠤᠰ ᠠᠷᠭ᠎ᠠ ᠶᠢᠨ ᠲᠣᠭᠲᠠᠭᠠᠯ ᠶᠣᠰᠣᠭᠠᠷ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠳᠤ | ᠬᠢᠨᠠᠯᠲᠠ ᠬᠠᠮᠢᠶᠠᠷᠤᠯᠲᠠ ᠬᠡᠷᠡᠭᠵᠢᠭᠦᠯᠬᠦ ᠬᠡᠷᠡᠭᠲᠡᠶ᠃ ᠬᠤᠯᠪᠣᠭᠳᠠᠯ ᠪᠦᠬᠦᠢ ᠨᠢᠭᠡᠴᠢ ᠪᠣᠯᠤᠨ ᠬᠤᠪᠢ ᠬᠥᠮᠦᠨ ᠨᠢ ᠵᠠᠮ | ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠤᠯᠢ ᠶᠣᠰᠣᠭᠠᠷ ᠶᠠᠪᠤᠭᠤᠯᠬᠤ | ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠢᠨᠠᠯᠲᠠ ᠪᠠᠶᠢᠴᠠᠭᠠᠯᠲᠠ ᠶᠢ ᠬᠦᠯᠢᠶᠡᠬᠦ ᠶᠢᠨ ᠬᠠᠮᠲᠤ ᠳᠡᠮᠵᠢᠯᠭᠡ | ᠦᠵᠡᠭᠦᠯᠬᠦ ᠪᠠ ᠬᠠᠮᠵᠢᠯᠴᠠᠵᠤ᠂ ᠲᠡᠪᠴᠢᠬᠦ ᠪᠤᠶᠤ ᠬᠠᠷᠰᠢᠯᠠᠵᠤ ᠪᠣᠯᠬᠤ ᠦᠭᠡᠶ᠃ | ᠵᠢᠷᠭᠤᠳᠤᠭᠠᠷ ᠵᠦᠢᠯ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠳᠤ ᠲᠥᠷᠥᠯ ᠵᠦᠢᠯ ᠤᠨ ᠬᠠᠤᠯᠢ ᠶᠢᠨ | ᠡᠷᠬᠡᠲᠡᠨ ᠤ ᠬᠠᠷᠢᠭᠤᠴᠠᠯᠭ᠎ᠠ ᠶᠢᠨ ᠳᠦᠷᠢᠮ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠳᠦᠷᠢᠮ᠂ | ᠪᠠᠷᠢᠯᠭ᠎ᠠ ᠶᠢᠨ ᠬᠢᠨᠠᠨ ᠬᠠᠮᠢᠶᠠᠷᠬᠤ ᠳᠦᠷᠢᠮ ᠪᠣᠯᠤᠨ ᠭᠡᠷ᠎ᠡ ᠶᠢᠨ ᠬᠠᠮᠢᠶᠠᠷᠤᠯᠲᠠ ᠶᠢᠨ ᠳᠦᠷᠢᠮ ᠢ ᠴᠢᠩᠭ᠎ᠠ | ᠬᠡᠷᠡᠭᠵᠢᠭᠦᠯᠬᠦ ᠬᠡᠷᠡᠭᠲᠡᠶ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠰᠠᠮᠠᠯ ᠵᠠᠮ ᠤᠨ ᠪᠦᠲᠦᠭᠡᠨ | ᠪᠠᠶᠢᠭᠤᠯᠤᠯᠲᠠ ᠶᠢᠨ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠲᠣᠭᠲᠠᠭᠠᠯ ᠳᠤ ᠨᠡᠶᠢᠴᠡᠬᠦ ᠵᠠᠰᠠᠮᠠᠯ ᠵᠠᠮ ᠤᠨ | ᠪᠦᠲᠦᠭᠡᠨ ᠪᠠᠶᠢᠭᠤᠯᠤᠯᠲᠠ ᠶᠢᠨ ᠠᠵᠢᠯ ᠡᠷᠬᠢᠯᠡᠬᠦ ᠨᠢᠭᠡᠴᠢ ᠴᠥᠮ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠲᠤ ᠣᠷᠣᠵᠤ ᠪᠣᠯᠤᠨ᠎ᠠ᠃ | ᠳᠣᠯᠣᠳᠤᠭᠠᠷ ᠵᠦᠢᠯ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠵᠠᠮ ᠬᠠᠷᠢᠯᠴᠠᠭᠠᠨ ᠤ ᠬᠦᠴᠦᠷᠬᠡᠭ | ᠤᠯᠤᠰ ᠢ ᠲᠦᠷᠭᠡᠳᠬᠡᠨ ᠪᠠᠶᠢᠭᠤᠯᠬᠤ ᠶᠡᠷᠦᠩᠬᠡᠶ ᠪᠠᠶᠢᠷᠢᠯᠠᠭᠤᠯᠤᠯᠲᠠ ᠶᠢᠨ ᠶᠣᠰᠣᠭᠠᠷ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠣᠳᠣᠬᠢᠴᠢᠯᠠᠭᠰᠠᠨ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ᠂ | ᠵᠠᠮ ᠬᠠᠷᠢᠯᠴᠠᠭᠠᠨ ᠤ ᠠᠶᠤᠯᠭᠦᠢ ᠦᠢᠯᠡᠳᠪᠦᠷᠢᠯᠡᠯ ᠤᠨ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ | ᠪᠣᠬᠢᠷᠲᠤᠯ ᠦᠭᠡᠶ᠂ ᠠᠷᠪᠢᠲᠠᠶ ᠡᠷᠴᠢᠮᠯᠢᠭ ᠪᠠ ᠳᠣᠣᠷ᠎ᠠ ᠨᠡᠭᠦᠷᠡᠰᠦᠲᠥ᠋ᠷᠥᠭᠴᠢᠲᠦ ᠣᠷᠴᠢᠨ ᠲᠣᠭᠤᠷᠢᠨ ᠢ | ᠬᠠᠮᠠᠭᠠᠯᠠᠬᠤ ᠪᠦᠲᠦᠭᠡᠨ ᠪᠠᠶᠢᠭᠤᠯᠤᠯᠲᠠ ᠶᠢᠨ ᠮᠡᠷᠭᠡᠵᠢᠯ ᠢ ᠬᠡᠷᠡᠭᠯᠡᠨ᠂ ᠰᠣᠳᠣᠨ ᠪᠦᠲᠦᠭᠡᠯ ᠪᠠᠶᠢᠭᠤᠯᠬᠤ ᠪᠠ ᠨᠠᠷᠢᠯᠢᠭ | ᠬᠠᠮᠢᠶᠠᠷᠬᠤ ᠶᠢ ᠲᠦᠯᠬᠢᠨ ᠠᠬᠢᠭᠤᠯᠬᠤ ᠬᠡᠷᠡᠭᠲᠡᠶ᠃ | ᠨᠠᠶᠮᠠᠳᠤᠭᠠᠷ ᠵᠦᠢᠯ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠡᠷᠬᠡᠪᠰᠢ | ᠪᠠᠷᠢᠯᠭ᠎ᠠ ᠶᠢᠨ ᠭᠡᠷ᠎ᠡ ᠪᠣᠯᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠭᠡᠷ᠎ᠡ ᠶᠢᠨ ︽ᠬᠤᠣᠰ ᠭᠡᠷ᠎ᠡ ᠶᠢᠨ ᠳᠦᠷᠢᠮ︾ | ᠢ ᠬᠡᠷᠡᠭᠵᠢᠭᠦᠯᠬᠦ ᠬᠡᠷᠡᠭᠲᠡᠶ᠃ ᠲᠥᠷᠥᠯ ᠵᠦᠢᠯ ᠤᠨ ᠬᠠᠤᠯᠢ ᠶᠢᠨ ᠡᠷᠬᠡᠲᠡᠨ ᠨᠢ ᠠᠷᠢᠭᠤᠨ ᠴᠢᠬᠡᠴᠢ ᠪᠠᠷ ᠵᠠᠰᠠᠭ | ᠪᠠᠷᠢᠬᠤ ᠳᠤ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠳᠤ | ᠬᠢᠨᠠᠯᠲᠠ ᠲᠠᠯᠪᠢᠬᠤ ᠡᠷᠬᠡ ᠲᠤᠰᠢᠶᠠᠯᠲᠤ ᠰᠠᠯᠠᠭ᠎ᠠ ᠮᠥᠴᠢᠷ ᠢ ᠪᠠᠶᠢᠭᠤᠯᠵᠤ᠂ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠪᠦᠬᠦ ᠶᠠᠪᠤᠴᠠ ᠳᠤ ᠬᠢᠨᠠᠯᠲᠠ ᠲᠠᠯᠪᠢᠬᠤ ᠬᠡᠷᠡᠭᠲᠡᠶ᠃ | | | ᠬᠤᠶᠠᠳᠤᠭᠠᠷ ᠪᠦᠯᠦᠭ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠬᠢᠭᠡᠳ ᠡᠷᠬᠡ ᠮᠡᠳᠡᠯ | ᠶᠢᠰᠦᠳᠦᠭᠡᠷ ᠵᠦᠢᠯ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢᠨ | ᠡᠭᠦᠷᠭᠡ ᠬᠠᠷᠢᠭᠤᠴᠠᠯᠭ᠎ᠠ ᠳᠤ᠄ | ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠵᠠᠰᠠᠮᠠᠯ ᠵᠠᠮ ᠤᠨ ᠪᠦᠲᠦᠭᠡᠨ | ᠪᠠᠶᠢᠭᠤᠯᠤᠯᠲᠠ ᠶᠢᠨ ᠠᠵᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ ᠪᠣᠯᠤᠨ ᠬᠠᠤᠯᠢ ᠴᠠᠭᠠᠵᠠ᠂ ᠬᠠᠤᠯᠢ | ᠲᠣᠭᠲᠠᠭᠠᠯ᠂ ᠳᠦᠷᠢᠮ ᠲᠣᠭᠲᠠᠭᠠᠯ᠂ ᠠᠯᠪᠠᠳᠠᠯᠭ᠎ᠠ ᠶᠢᠨ ᠴᠢᠨᠠᠷᠲᠠᠶ ᠮᠡᠷᠭᠡᠵᠢᠯ ᠤᠨ ᠪᠠᠷᠢᠮᠵᠢᠶ᠎ᠠ ᠶᠢᠨ | ᠬᠡᠷᠡᠭᠵᠢᠭᠦᠯᠦᠯᠲᠡ ᠳᠤ ᠬᠢᠨᠠᠯᠲᠠ ᠲᠠᠯᠪᠢᠨ᠎ᠠ︔ | ︵ᠬᠤᠶᠠᠷ︶ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠬᠤ | ᠳᠡᠰ ᠳᠠᠷᠠᠭᠠᠯᠠᠯ ᠢ ᠭᠦᠢᠴᠡᠳᠬᠡᠬᠦ ᠳᠤ ᠬᠢᠨᠠᠯᠲᠠ ᠲᠠᠯᠪᠢᠨ᠎ᠠ︔ | ︵ᠭᠤᠷᠪᠠ︶ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠳᠤ | ᠬᠢᠨᠠᠯᠲᠠ ᠲᠠᠯᠪᠢᠨ᠎ᠠ︔ | ︵ᠳᠥᠷᠪᠡ︶ ᠵᠠᠰᠠᠮᠠᠯ ᠵᠠᠮ ᠤᠨ ᠪᠠᠷᠢᠯᠭ᠎ᠠ ᠶᠢᠨ ᠶᠠᠰᠤ ᠴᠢᠨᠠᠷ ᠪᠣᠯᠤᠨ ᠪᠠᠷᠢᠯᠭ᠎ᠠ ᠶᠢᠨ ᠠᠮᠤᠷ ᠲᠥᠪᠰᠢᠨ ᠳᠤ | ᠬᠢᠨᠠᠯᠲᠠ ᠲᠠᠯᠪᠢᠨ᠎ᠠ︔ | ︵ᠲᠠᠪᠤ︶ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠬᠡᠷᠡᠭᠯᠡᠯᠲᠡ ᠳᠤ ᠬᠢᠨᠠᠯᠲᠠ | ᠲᠠᠯᠪᠢᠨ᠎ᠠ︔ | ︵ᠵᠢᠷᠭᠤᠭ᠎ᠠ︶ ᠳᠣᠣᠷ᠎ᠠ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ | ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠵᠢᠯᠣᠭᠤᠳᠤᠨ | ᠪᠠᠶᠢᠴᠠᠭᠠᠨ᠎ᠠ︔ | ︵ᠳᠣᠯᠤᠭ᠎ᠠ︶ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ | ᠠᠷᠪᠠᠳᠤᠭᠠᠷ ᠵᠦᠢᠯ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠳᠤ ᠡᠷᠬᠡ ᠬᠠᠷᠢᠭᠤᠴᠠᠯᠭ᠎ᠠ ᠶᠢ | ᠨᠢᠭᠡᠳᠦᠯᠲᠡᠶ ᠪᠠᠶᠢᠯᠭᠠᠬᠤ ᠵᠠᠷᠴᠢᠮ ᠤᠨ ᠶᠣᠰᠣᠭᠠᠷ᠂ ᠨᠢᠭᠡᠳᠦᠯᠲᠡᠶ ᠬᠠᠮᠢᠶᠠᠷᠬᠤ᠂ ᠱᠠᠲᠤ ᠬᠤᠪᠢᠶᠠᠨ ᠬᠠᠷᠢᠭᠤᠴᠠᠬᠤ ᠶᠢ | ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠪᠦᠬᠦ | ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢ ᠭᠤᠣᠯᠯᠠᠨ ᠬᠠᠮᠢᠶᠠᠷᠴᠤ᠂ | ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ | ᠨᠢ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠲᠤᠰ ᠵᠠᠰᠠᠭ ᠵᠠᠬᠢᠷᠭᠠᠨ ᠤ | ᠣᠷᠣᠨ ᠤ ᠪᠠᠨ ᠳᠣᠲᠣᠷᠠᠬᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢ | ᠬᠠᠷᠢᠭᠤᠴᠠᠬᠤ ᠬᠡᠷᠡᠭᠲᠡᠶ᠃ | ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ ᠵᠠᠰᠠᠮᠠᠯ ᠵᠠᠮ ᠤᠨ ᠲᠥᠷᠥᠯ ᠵᠦᠢᠯ ᠳᠠᠬᠢ ᠤᠯᠤᠰ ᠤᠨ | ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠥᠷᠥᠯ ᠵᠦᠢᠯ ᠵᠢᠴᠢ ᠥᠪᠡᠷᠲᠡᠭᠡᠨ ᠵᠠᠰᠠᠬᠤ ᠣᠷᠣᠨ ᠠᠴᠠ | ᠲᠣᠭᠲᠠᠭᠠᠭᠰᠠᠨ ᠬᠡᠰᠡᠭ ᠴᠢᠬᠤᠯᠠ ᠶᠡᠭᠡ ᠲᠥᠷᠥᠯ ᠵᠦᠢᠯ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠠᠴᠠ | ᠪᠡᠯᠡ ᠣᠷᠤᠭᠤᠯᠤᠭᠰᠠᠨ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ ᠥᠮᠴᠢᠯᠡᠯᠲᠦ ᠵᠠᠮ | ᠬᠠᠷᠢᠯᠴᠠᠭᠠᠨ ᠤ ᠠᠵᠤ ᠠᠬᠤᠶᠢᠯᠠᠯ ᠤᠨ ᠬᠡᠷᠡᠭᠵᠢᠭᠦᠯᠦᠭᠰᠡᠨ ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ | ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠠᠭᠲᠠᠭᠠᠭᠠᠳ᠂ ᠥᠪᠡᠷᠲᠡᠭᠡᠨ ᠵᠠᠰᠠᠬᠤ ᠣᠷᠣᠨ | ᠤ ᠲᠤᠰ ᠱᠠᠲᠤᠨ ᠤ ᠭᠤᠣᠯᠳᠠᠯᠭ᠎ᠠ ᠲᠠᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠭᠡᠵᠦ | ᠨᠢᠭᠡᠳᠦᠯᠲᠡᠶ ᠨᠡᠷᠡᠶᠢᠳᠴᠦ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ | ᠪᠣᠳᠠᠲᠠᠶ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ︔ ᠣᠷᠣᠨ ᠨᠤᠲᠤᠭ ᠤᠨ ᠳᠡᠭᠡᠳᠦ ᠬᠤᠷᠳᠤ ᠶᠢᠨ ᠵᠠᠰᠠᠮᠠᠯ ᠵᠠᠮ᠂ | ᠡᠩ ᠤᠨ ᠤᠯᠤᠰ ᠮᠤᠵᠢ ᠶᠢᠨ ᠵᠠᠰᠠᠮᠠᠯ ᠵᠠᠮ ᠢ ᠡᠯ᠎ᠡ ᠠᠶᠢᠮᠠᠭ ᠬᠤᠲᠠ ᠠᠴᠠ ᠬᠠᠷᠢᠭᠤᠴᠠᠨ ᠪᠦᠲᠦᠭᠡᠨ ᠪᠠᠶᠢᠭᠤᠯᠬᠤ | ᠪᠡᠯᠡ ᠮᠥᠩᠭᠦ ᠴᠤᠭᠯᠠᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯ᠎ᠡ ᠠᠶᠢᠮᠠᠭ ᠬᠤᠲᠠ ᠶᠢᠨ | ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠠᠴᠠ ᠪᠣᠳᠠᠲᠠᠶ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ᠡᠵᠡᠩᠨᠡᠯᠲᠡ ᠶᠢᠨ ᠴᠢᠨᠠᠷᠲᠠᠶ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠢ ᠲᠥᠷᠥᠯ | ᠵᠦᠶᠯ ᠤᠨ ᠪᠠᠶᠢᠭ᠎ᠠ ᠭᠠᠵᠠᠷ ᠤᠨ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠠᠴᠠ | ᠬᠠᠷᠢᠭᠤᠴᠠᠨ ᠬᠢᠨᠠᠨ ᠬᠠᠮᠢᠶᠠᠷᠤᠨ᠎ᠠ᠃ ᠠᠶᠢᠮᠠᠭ ᠬᠤᠲᠠ ᠠᠯᠤᠰᠯᠠᠭᠰᠠᠨ ᠡᠵᠡᠩᠨᠡᠯᠲᠡ ᠶᠢᠨ ᠴᠢᠨᠠᠷᠲᠠᠶ ᠵᠠᠰᠠᠮᠠᠯ ᠵᠠᠮ ᠤᠨ | ᠲᠥᠷᠥᠯ ᠵᠦᠶᠯ ᠢ ᠣᠨᠴᠠ ᠵᠥᠪᠰᠢᠶᠡᠷᠡᠯ ᠤᠨ ᠡᠵᠡᠩᠨᠡᠯᠲᠡ ᠶᠢᠨ ᠡᠷᠬᠡ ᠣᠯᠭᠤᠭᠰᠠᠨ ᠠᠶᠢᠮᠠᠭ ᠬᠤᠲᠠ ᠶᠢᠨ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠠᠴᠠ ᠬᠠᠷᠢᠭᠤᠴᠠᠨ ᠬᠢᠨᠠᠨ ᠬᠠᠮᠢᠶᠠᠷᠤᠨ᠎ᠠ᠃ | | | ᠭᠤᠷᠪᠠᠳᠤᠭᠠᠷ ᠪᠦᠯᠦᠭ ᠪᠦᠲᠦᠭᠡᠨ ᠪᠠᠶᠢᠭᠤᠯᠬᠤ ᠳᠡᠰ ᠳᠠᠷᠠᠭᠠᠯᠠᠯ ᠤᠨ ᠬᠢᠨᠠᠯᠲᠠ ᠬᠠᠮᠢᠶᠠᠷᠤᠯᠲᠠ | ᠠᠷᠪᠠᠨ ᠨᠢᠭᠡᠳᠦᠭᠡᠷ ᠵᠦᠢᠯ ᠵᠠᠰᠠᠮᠠᠯ ᠵᠡᠮ ᠤᠨ ᠪᠦᠳᠦᠭᠡᠠ ᠪᠠᠶᠢᠭᠤᠯᠤᠯᠲᠠ ᠶᠢ ᠤᠯᠤᠰ ᠠᠴᠠ ᠲᠣᠭᠲᠠᠭᠠᠭᠰᠠᠨ | ᠪᠦᠳᠦᠭᠡᠠ ᠪᠠᠶᠢᠭᠤᠯᠬᠤ ᠳᠡᠰ ᠳᠠᠷᠠᠭᠠᠯᠠᠯ ᠪᠣᠯᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠢᠬᠦ ᠬᠡᠷᠡᠭᠲᠡᠢ᠂ | ᠪᠦᠳᠦᠭᠡᠠ ᠪᠠᠶᠢᠭᠤᠯᠬᠤ ᠳᠡᠰ ᠳᠠᠷᠠᠭᠠᠯᠠᠯ ᠢ ᠵᠥᠷᠢᠴᠡᠭᠰᠡᠨ ᠪᠤᠶᠤ ᠳᠤᠷ᠎ᠠ ᠪᠠᠷ ᠢᠶᠠᠨ ᠳᠥᠭᠦᠮᠴᠢᠯᠡᠵᠦ ᠪᠣᠯᠬᠤ ᠤᠢᠭᠡᠢ᠃ | | ᠠᠷᠪᠠᠨ ᠬᠤᠶᠠᠳᠤᠭᠠᠷ ᠵᠦᠢᠯ ᠡᠮᠦᠨᠡᠬᠢ ᠬᠤᠭᠤᠴᠠᠭᠠᠨ ᠤ ᠬᠡᠰᠡᠭ ᠠᠵᠢᠯ ᠢ ᠬᠠᠷᠢᠯᠴᠠᠨ ᠰᠣᠯᠪᠢᠴᠠᠭᠤᠯᠤᠨ | ᠶᠠᠪᠤᠭᠳᠠᠭᠤᠯᠵᠤ ᠪᠣᠯᠤᠨ᠎ᠠ᠂ ᠪᠣᠯᠤᠮᠵᠢᠲᠤ ᠰᠤᠳᠤᠯᠤᠯ ᠤᠨ ᠱᠠᠲᠤ ᠦᠶ᠎ᠡ ᠶᠢᠨ ᠲᠥᠰᠦᠯ ᠢ ᠦᠨᠳᠦᠰᠦᠨ ᠳᠤ ᠪᠠᠨ | ᠲᠣᠭᠲᠠᠭᠠᠭᠰᠠᠨ ᠤᠷᠢᠲᠠᠯ ᠳᠣᠣᠷ᠎ᠠ᠂ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠠᠵᠢᠯ ᠢ ᠤᠷᠢᠳᠴᠢᠯᠠᠨ | ᠥᠷᠨᠢᠭᠦᠯᠵᠦ ᠪᠣᠯᠤᠨ᠎ᠠ︔ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢ ᠵᠥᠪᠰᠢᠶᠡᠷᠡᠭᠰᠡᠨ ᠤ ᠳᠠᠷᠠᠭ᠎ᠠ᠂ ᠭᠠᠵᠠᠷ | ᠲᠠᠲᠠᠪᠤᠷᠢᠯᠠᠨ ᠨᠤᠷᠠᠭᠠᠵᠤ ᠨᠡᠭᠦᠯᠭᠡᠬᠦ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠮᠡᠳᠡᠭᠦᠯᠦᠨ | ᠵᠥᠪᠰᠢᠶᠡᠷᠡᠭᠦᠯᠬᠦ ᠠᠵᠢᠯ ᠢ ᠬᠢᠵᠦ ᠪᠣᠯᠤᠨ᠎ᠠ᠃ | ᠠᠷᠪᠠᠨ ᠭᠤᠷᠪᠠᠳᠤᠭᠠᠷ ᠵᠦᠢᠯ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠢ | ᠡᠮᠦᠨᠡᠬᠢ ᠬᠤᠭᠤᠴᠠᠭᠠᠨ ᠤ ᠠᠵᠢᠯ ᠢᠶᠠᠨ ᠥᠷᠨᠢᠭᠦᠯᠬᠦ ᠳᠤ᠂ ᠲᠥᠷᠥᠯ ᠵᠦᠢᠯ ᠤᠨ ᠬᠠᠤᠯᠢ ᠶᠢᠨ ᠡᠷᠬᠡᠲᠡᠨ | ᠲᠣᠭᠲᠠᠭᠠᠬᠤ ᠪᠤᠶᠤ ᠵᠣᠬᠢᠶᠠᠨ ᠪᠠᠶᠢᠭᠤᠯᠵᠤ᠂ ᠡᠮᠦᠨᠡᠬᠢ ᠬᠤᠭᠤᠴᠠᠭᠠᠨ ᠤ ᠡᠯ᠎ᠡ ᠵᠦᠢᠯ ᠤᠨ ᠠᠵᠢᠯ ᠳᠤ | ᠤᠷᠢᠳᠴᠢᠯᠠᠨ ᠣᠷᠣᠯᠴᠠᠭᠤᠯᠬᠤ ᠬᠡᠷᠡᠭᠲᠡᠶ︔ PPP ᠵᠠᠭᠪᠤᠷ ᠤᠨ ᠲᠥᠷᠥᠯ ᠵᠦᠶᠯ ᠢ ᠬᠡᠷᠡᠭᠵᠢᠭᠦᠯᠬᠦ ᠪᠠᠶᠢᠭᠤᠯᠤᠮᠵᠢ | ᠨᠢ ᠲᠤᠰᠬᠠᠶ ᠠᠩᠭᠢ ᠪᠠᠶᠢᠭᠤᠯᠵᠤ ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠠᠵᠢᠯ ᠢ ᠠᠬᠢᠭᠤᠯᠬᠤ ᠬᠡᠷᠡᠭᠲᠡᠶ᠃ | | ᠠᠷᠪᠠᠨ ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠠᠴᠠ ᠲᠤᠰ ᠱᠠᠲᠤᠨ ᠤ ᠤᠯᠤᠰ ᠤᠨ | ᠥᠮᠴᠢᠯᠡᠯᠲᠦ ᠵᠠᠮ ᠬᠠᠷᠢᠯᠴᠠᠭᠠᠨ ᠤ ᠠᠵᠤ ᠠᠬᠤᠶᠢᠯᠠᠯ ᠢ ᠲᠤᠰ ᠱᠠᠲᠤᠨ ᠤ ᠭᠤᠣᠯᠳᠠᠯᠭ᠎ᠠ ᠲᠠᠢ ᠵᠠᠰᠠᠮᠠᠯ ᠵᠠᠮ ᠤᠨ | ᠲᠥᠷᠥᠯ ᠵᠦᠢᠯ ᠤᠨ ᠪᠡᠯᠡ ᠣᠷᠣᠭᠤᠯᠤᠯᠲᠠ ᠪᠦᠲᠦᠭᠡᠨ ᠪᠠᠶᠢᠭᠤᠯᠤᠯᠲᠠ ᠶᠢᠨ ᠭᠤᠣᠯ ᠴᠣᠭᠴᠠ ᠪᠣᠯᠭᠠᠬᠤ ᠪᠠᠷ | ᠲᠣᠭᠲᠠᠭᠠᠵᠤ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠤᠭᠤᠳ ᠪᠡᠯᠡ ᠴᠤᠭᠯᠠᠭᠤᠯᠬᠤ | ᠭᠤᠣᠯ ᠴᠣᠭᠴᠠ ᠶᠢᠨ ᠱᠠᠲᠤ ᠳᠠᠪᠬᠤᠷᠭ᠎ᠠ ᠶᠢ ᠦᠨᠳᠦᠰᠦᠯᠡᠨ ᠠᠳᠠᠯᠢ ᠱᠠᠲᠤᠨ ᠤ ᠤᠯᠤᠰ ᠤᠨ ᠥᠮᠴᠢᠯᠡᠯᠲᠦ ᠵᠠᠮ | ᠬᠠᠷᠢᠯᠴᠠᠭᠠᠨ ᠤ ᠠᠵᠤ ᠠᠬᠤᠶᠢᠯᠠᠯ ᠢ ᠵᠠᠰᠠᠮᠠᠯ ᠵᠠᠮ ᠤᠨ ᠪᠡᠯᠡ ᠣᠷᠣᠭᠤᠯᠤᠯᠲᠠ ᠪᠦᠲᠦᠭᠡᠨ ᠪᠠᠶᠢᠭᠤᠯᠤᠯᠲᠠ ᠶᠢᠨ | ᠭᠤᠣᠯ ᠴᠣᠭᠴᠠ ᠪᠣᠯᠭᠠᠬᠤ ᠪᠠᠷ ᠲᠣᠭᠲᠠᠭᠠᠵᠤ ᠪᠣᠯᠤᠨ᠎ᠠ᠃ | ᠠᠷᠪᠠᠨ ᠲᠠᠪᠤᠳᠤᠭᠠᠷ ᠵᠦᠢᠯ ᠲᠥᠷᠥᠯ ᠵᠦᠢᠯ ᠤᠨ ᠬᠠᠤᠯᠢ ᠶᠢᠨ ᠡᠷᠬᠡᠲᠡᠨ ᠠᠴᠠ ᠵᠠᠮ ᠬᠠᠷᠢᠯᠴᠠᠭ᠎ᠠ | ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ | ᠢᠶᠠᠨ ᠮᠡᠳᠡᠭᠦᠯᠦᠨ ᠬᠦᠷᠭᠡᠬᠦ ᠳᠤ ᠪᠠᠨ᠂ ᠥᠪᠡᠷ ᠢᠶᠠᠨ ᠬᠠᠮᠢᠶᠠᠷᠬᠤ ᠵᠠᠭᠪᠤᠷ᠂ ᠬᠠᠯᠠᠨ ᠰᠠᠶᠢᠵᠢᠷᠠᠭᠤᠯᠤᠭᠰᠠᠨ | ᠤᠯᠠᠮᠵᠢᠯᠠᠯᠲᠤ ᠵᠠᠭᠪᠤᠷ᠂ ᠣᠷᠣᠯᠠᠨ ᠪᠠᠶᠢᠭᠤᠯᠬᠤ ᠵᠠᠭᠪᠤᠷ ᠵᠡᠷᠭᠡ ᠶᠢ ᠪᠠᠭᠲᠠᠭᠠᠭᠰᠠᠨ ᠪᠦᠲᠦᠭᠡᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠵᠠᠭᠪᠤᠷ ᠢᠶᠠᠨ ᠬᠠᠮᠲᠤ ᠳᠤ ᠨᠢ ᠮᠡᠳᠡᠭᠦᠯᠦᠨ ᠬᠦᠷᠭᠡᠬᠦ ᠬᠡᠷᠡᠭᠲᠡᠶ᠃ ᠵᠢᠷᠤᠭ ᠲᠥᠯᠥᠪᠯᠡᠭᠡ ᠶᠢᠨ | ᠪᠢᠴᠢᠭ ᠮᠠᠲ᠋ᠧᠷᠢᠶᠠᠯ ᠢ ᠴᠣᠬᠤᠯᠠᠪᠤᠷᠢᠯᠠᠬᠤ ᠳᠤ ᠪᠠᠨ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠵᠠᠭᠪᠤᠷ ᠢ ᠲᠣᠳᠣᠷᠬᠠᠶᠢᠯᠠᠬᠤ ᠬᠡᠷᠡᠭᠲᠡᠶ᠃ ᠲᠥᠷᠥᠯ ᠵᠦᠶᠯ ᠤᠨ ᠬᠠᠤᠯᠢ ᠶᠢᠨ ᠡᠷᠬᠡᠲᠡᠨ ᠨᠢ | ᠲᠣᠭᠲᠠᠭᠰᠠᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠵᠣᠬᠢᠴᠠᠩᠭᠤᠶ ᠴᠢᠳᠠᠪᠤᠷᠢ | ᠶᠢ ᠪᠦᠷᠢᠯᠳᠦᠭᠦᠯᠦᠭᠰᠡᠨ ᠥᠬᠡᠶ ᠪᠠᠶᠢᠪᠠᠯ᠂ ᠱᠠᠭᠠᠷᠳᠠᠯᠭ᠎ᠠ ᠳᠤ ᠨᠡᠶᠢᠴᠡᠭᠰᠡᠨ ᠣᠷᠣᠯᠠᠨ ᠪᠠᠶᠢᠭᠤᠯᠬᠤ ᠨᠢᠭᠡᠴᠢ ᠶᠢ | ᠬᠠᠤᠯᠢ ᠶᠣᠰᠣᠭᠠᠷ ᠲᠣᠭᠲᠠᠭᠠᠵᠤ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠬᠢᠯᠭᠡᠬᠦ | ᠬᠡᠷᠡᠭᠲᠡᠶ᠃ | ᠠᠷᠪᠠᠨ ᠵᠢᠷᠭᠤᠳᠤᠭᠠᠷ ᠵᠦᠢᠯ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠢ ᠲᠥᠷᠥᠯ ᠵᠦᠢᠯ ᠤᠨ ᠬᠠᠮᠢᠶᠠᠷᠤᠯᠲᠠ ᠶᠢᠨ ᠡᠷᠬᠡ ᠮᠡᠳᠡᠯ ᠤᠨ | ᠶᠣᠰᠣᠭᠠᠷ᠂ ᠡᠯ᠎ᠡ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠬᠠᠷᠢᠭᠤᠴᠠᠨ ᠬᠢᠨᠠᠨ ᠵᠥᠪᠰᠢᠶᠡᠷᠡᠨ᠎ᠡ᠃ | ᠤᠯᠤᠰ ᠠᠴᠠ ᠬᠢᠨᠠᠨ ᠵᠥᠪᠰᠢᠶᠡᠷᠡᠬᠦ ᠶᠢ ᠭᠠᠷᠭᠠᠪᠠᠯ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ | ᠭᠤᠤᠯᠳᠠᠯᠭ᠎ᠠ ᠲᠠᠢ ᠵᠠᠰᠠᠮᠠᠯ ᠵᠠᠮ ᠤᠨ ᠲᠥᠷᠥᠯ ᠵᠦᠶᠯ ᠤᠨ ᠵᠢᠷᠤᠭ ᠲᠥᠯᠥᠪᠯᠡᠭᠡ ᠶᠢ ᠥᠪᠡᠷᠲᠡᠭᠡᠨ ᠵᠠᠰᠠᠬᠤ ᠣᠷᠣᠨ | ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠬᠢᠨᠠᠨ ᠵᠥᠪᠰᠢᠶᠡᠷᠡᠨ᠎ᠡ᠃ | ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ ᠣᠷᠣᠨ ᠨᠤᠲᠤᠭ ᠤᠨ ᠳᠡᠭᠡᠳᠦ ᠬᠤᠷᠳᠤ ᠶᠢᠨ ᠵᠠᠰᠠᠮᠠᠯ | ᠵᠠᠮ ᠤᠨ ᠲᠥᠷᠥᠯ ᠵᠦᠢᠯ ᠵᠢᠴᠢ ᠡᠩ ᠤᠨ ᠤᠯᠤᠰ ᠮᠤᠵᠢ ᠶᠢᠨ ᠵᠠᠮ ᠤᠨ ᠰᠦᠢᠳᠬᠡᠯ ᠬᠤᠷᠢᠶᠠᠬᠤ ᠵᠠᠰᠠᠮᠠᠯ ᠵᠠᠮ ᠤᠨ | ᠲᠥᠷᠥᠯ ᠵᠦᠢᠯ ᠤᠨ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢ ᠥᠪᠡᠷᠲᠡᠭᠡᠨ ᠵᠠᠰᠠᠬᠤ ᠣᠷᠣᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠬᠢᠨᠠᠨ ᠵᠥᠪᠰᠢᠶᠡᠷᠡᠵᠦ᠂ ᠪᠠᠷᠢᠯᠭ᠎ᠠ ᠶᠢᠨ ᠠᠵᠢᠯ ᠤᠨ ᠵᠢᠷᠤᠭ | ᠲᠥᠯᠥᠪᠯᠡᠭᠡ ᠶᠢ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠠᠴᠠ ᠬᠢᠨᠠᠨ | ᠵᠥᠪᠰᠢᠶᠡᠷᠡᠨ᠎ᠡ᠃ | ᠪᠤᠰᠤᠳ ᠡᠩ ᠤᠨ ᠤᠯᠤᠰ ᠮᠤᠵᠢ ᠶᠢᠨ ᠵᠠᠮ ᠤᠨ ᠲᠥᠷᠥᠯ ᠵᠦᠢᠯ᠂ ᠡᠵᠡᠩᠨᠡᠯᠲᠡ ᠶᠢᠨ ᠴᠢᠨᠠᠷᠲᠠᠶ ᠵᠠᠰᠠᠮᠠᠯ | ᠵᠠᠮ ᠤᠨ ᠲᠥᠷᠥᠯ ᠵᠦᠢᠯ ᠤᠨ ᠵᠢᠷᠤᠭ ᠲᠥᠯᠥᠪᠯᠡᠭᠡ ᠶᠢ ᠴᠥᠮ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ | ᠶᠢᠨ ᠲᠣᠪᠴᠢᠶ᠎ᠠ ᠠᠴᠠ ᠬᠢᠨᠠᠨ ᠵᠥᠪᠰᠢᠶᠡᠷᠡᠵᠦ᠂ ᠠᠶᠢᠮᠠᠭ ᠬᠤᠲᠠ ᠠᠯᠤᠰᠯᠠᠭᠰᠠᠨ ᠡᠵᠡᠩᠨᠡᠯᠲᠡ ᠶᠢᠨ ᠴᠢᠨᠠᠷᠲᠠᠶ ᠵᠠᠰᠠᠮᠠᠯ | ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠢᠷᠤᠭ ᠲᠥᠯᠥᠪᠯᠡᠭᠡ ᠶᠢ ᠣᠨᠴᠠ ᠵᠥᠪᠰᠢᠶᠡᠷᠡᠯ ᠤᠨ | ᠡᠵᠡᠩᠨᠡᠯᠲᠡ ᠶᠢᠨ ᠡᠷᠬᠡ ᠣᠯᠭᠤᠭᠰᠠᠨ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠠᠴᠠ | ᠬᠢᠨᠠᠨ ᠵᠥᠪᠰᠢᠶᠡᠷᠡᠨ᠎ᠡ᠃ | ᠠᠷᠪᠠᠨ ᠳᠣᠯᠣᠳᠤᠭᠠᠷ ᠵᠦᠢᠯ ᠵᠠᠰᠠᠮᠠᠯ ᠵᠠᠮ ᠤᠨ ᠪᠠᠷᠢᠯᠭ᠎ᠠ ᠶᠢᠨ ᠬᠠᠶᠢᠨ ᠪᠠᠶᠢᠴᠠᠭᠠᠵᠤ ᠵᠢᠷᠤᠭᠯᠠᠨ | ᠲᠥᠯᠥᠪᠯᠡᠬᠦ ᠶᠢᠨ ᠬᠠᠮᠢᠶᠠᠷᠤᠯᠲᠠ ᠪᠠ ᠬᠢᠨᠠᠨ ᠵᠥᠪᠰᠢᠶᠡᠷᠡᠬᠦ ᠳᠤ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ | ᠪᠦᠬᠦᠢ ᠲᠣᠭᠲᠠᠭᠠᠯ ᠢ ᠬᠡᠷᠡᠭᠵᠢᠭᠦᠯᠬᠦ ᠬᠡᠷᠡᠭᠲᠡᠶ᠃ ᠨᠢᠭᠡᠨᠲᠡ ᠵᠥᠪᠰᠢᠶᠡᠷᠡᠭᠦᠯᠦᠭᠰᠡᠨ ᠵᠠᠰᠠᠮᠠᠯ ᠵᠠᠮ ᠤᠨ ᠪᠠᠷᠢᠯᠭ᠎ᠠ ᠶᠢᠨ | ᠵᠢᠷᠤᠭ ᠲᠥᠯᠥᠪᠯᠡᠭᠡ ᠶᠢ ᠦᠨᠡᠨ ᠬᠦ ᠬᠤᠪᠢᠷᠠᠭᠤᠯᠬᠤ ᠴᠢᠬᠤᠯᠠᠲᠠᠶ ᠪᠠᠶᠢᠪᠠᠯ᠂ ᠬᠠᠮᠢᠶ᠎ᠠ ᠪᠦᠬᠦᠢ ᠲᠣᠭᠲᠠᠭᠠᠯ ᠶᠣᠰᠣᠭᠠᠷ | ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠭᠦᠢᠴᠡᠳᠬᠡᠬᠦ ᠬᠡᠷᠡᠭᠲᠡᠶ᠂ ᠡᠭᠦᠨ ᠳᠤ ᠴᠢᠬᠤᠯᠠ ᠶᠡᠭᠡ ᠵᠢᠷᠤᠭ ᠲᠥᠯᠥᠪᠯᠡᠭᠡ | ᠶᠢ ᠬᠤᠪᠢᠷᠠᠭᠤᠯᠬᠤ ᠳᠤ ᠪᠠᠨ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢ ᠬᠢᠨᠠᠨ ᠵᠥᠪᠰᠢᠶᠡᠷᠡᠬᠦ ᠨᠢᠭᠡᠴᠢ ᠳᠤ | ᠮᠡᠳᠡᠭᠦᠯᠦᠨ ᠬᠢᠨᠠᠨ ᠵᠥᠪᠰᠢᠶᠡᠷᠡᠭᠦᠯᠵᠦ᠂ ᠨᠡᠯᠢᠶᠡᠳ ᠶᠡᠭᠡ ᠵᠢᠷᠤᠭ ᠲᠥᠯᠥᠪᠯᠡᠭᠡ ᠶᠢ ᠬᠤᠪᠢᠷᠠᠭᠤᠯᠬᠤ ᠳᠤ ᠪᠠᠨ | ᠪᠠᠷᠢᠯᠭ᠎ᠠ ᠶᠢᠨ ᠵᠢᠷᠤᠭ ᠲᠥᠯᠥᠪᠯᠡᠭᠡ ᠶᠢ ᠬᠢᠨᠠᠨ ᠵᠥᠪᠰᠢᠶᠡᠷᠡᠬᠦ ᠨᠢᠭᠡᠴᠢ ᠳᠤ ᠮᠡᠳᠡᠭᠦᠯᠦᠨ ᠬᠢᠨᠠᠨ ᠵᠥᠪᠰᠢᠶᠡᠷᠡᠭᠦᠯᠵᠦ᠂ | ᠡᠩ ᠤᠨ ᠵᠢᠷᠤᠭ ᠲᠥᠯᠥᠪᠯᠡᠭᠡ ᠶᠢ ᠬᠤᠪᠢᠷᠠᠭᠤᠯᠬᠤ ᠳᠤ ᠪᠠᠨ ᠲᠥᠷᠥᠯ ᠵᠦᠢᠯ ᠤᠨ ᠬᠠᠤᠯᠢ ᠶᠢᠨ ᠡᠷᠬᠡᠲᠡᠨ ᠠᠴᠠ | ᠬᠢᠨᠠᠨ ᠵᠥᠪᠰᠢᠶᠡᠷᠡᠨ᠎ᠡ᠃ | ᠠᠷᠪᠠᠨ ᠨᠠᠶᠮᠠᠳᠤᠭᠠᠷ ᠵᠦᠢᠯ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ | ᠪᠠᠷᠢᠯᠭ᠎ᠠ ᠪᠠᠷᠢᠬᠤ ᠵᠥᠪᠰᠢᠶᠡᠷᠡᠯ ᠤᠨ ᠳᠦᠷᠢᠮ ᠢ ᠬᠠᠤᠯᠢ ᠶᠣᠰᠣᠭᠠᠷ ᠬᠡᠷᠡᠭᠵᠢᠭᠦᠯᠦᠨ᠎ᠡ᠃ ᠪᠠᠷᠢᠯᠭ᠎ᠠ ᠪᠠᠷᠢᠬᠤ | ᠵᠥᠪᠰᠢᠶᠡᠷᠡᠯ ᠢ ᠪᠣᠳᠠᠲᠠᠢ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ ᠪᠠᠶᠢᠭ᠎ᠠ ᠵᠠᠮ ᠬᠠᠷᠢᠯᠴᠠᠭ᠎ᠠ ᠲᠡᠭᠡᠭᠡᠪᠦᠷᠢ ᠶᠢᠨ | ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠡᠷᠡᠭᠵᠢᠭᠦᠯᠦᠨ᠎ᠡ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠨᠢ ᠪᠠᠷᠢᠯᠭ᠎ᠠ ᠪᠠᠷᠢᠬᠤ ᠵᠥᠪᠰᠢᠶᠡᠷᠡᠯ ᠢ ᠭᠦᠶᠴᠡᠳᠬᠡᠬᠦ ᠳᠤ ᠪᠠᠨ ᠮᠠᠲ᠋ᠧᠷᠢᠶᠠᠯ ᠢ | ᠪᠠᠭᠠᠰᠬᠠᠬᠤ᠂ ᠴᠠᠭ ᠤᠨ ᠬᠢᠵᠠᠭᠠᠷ ᠢ ᠪᠠᠭᠠᠰᠬᠠᠬᠤ ᠵᠡᠷᠭᠡ ᠠᠷᠭ᠎ᠠ ᠮᠠᠶ᠋ᠢᠭ ᠢ ᠠᠪᠴᠤ᠂ ᠪᠠᠷᠢᠯᠭ᠎ᠠ ᠪᠠᠷᠢᠬᠤ | ᠵᠥᠪᠰᠢᠶᠡᠷᠡᠯ ᠤᠨ ᠭᠦᠶᠴᠡᠳᠬᠡᠬᠦ ᠴᠤᠪᠤᠷᠠᠯ ᠢ ᠰᠢᠯᠢᠳᠡᠭᠵᠢᠭᠦᠯᠦᠨ᠎ᠡ᠃ | ᠠᠷᠪᠠ ᠶᠢᠰᠦᠳᠦᠭᠡᠷ ᠵᠦᠶᠯ ᠲᠥᠷᠥᠯ ᠵᠦᠶᠯ ᠳᠠᠭᠤᠰᠤᠭᠰᠠᠨ ᠤ ᠳᠠᠷᠠᠭ᠎ᠠ ᠲᠥᠷᠥᠯ ᠵᠦᠶᠯ ᠤᠨ ᠬᠠᠤᠯᠢ ᠶᠢᠨ | ᠡᠷᠬᠡᠲᠡᠨ ᠨᠢ ᠪᠠᠷᠢᠯᠭ᠎ᠠ ᠲᠤᠰᠢᠶᠠᠵᠤ ᠰᠢᠯᠭᠠᠨ ᠠᠪᠬᠤ ᠶᠢ ᠴᠠᠭ ᠲᠤᠬᠠᠶ ᠳᠤ ᠨᠢ ᠵᠣᠬᠢᠶᠠᠨ ᠪᠠᠶᠢᠭᠤᠯᠵᠤ᠂ ᠲᠤᠰᠢᠶᠠᠨ | ᠥᠭᠴᠦ ᠬᠡᠷᠡᠭᠯᠡᠭᠦᠯᠬᠦ ᠭᠡᠵᠦ ᠪᠠᠶᠢᠪᠠᠯ᠂ ᠡᠵᠡᠩᠨᠡᠯᠲᠡ᠂ ᠠᠷᠠᠴᠢᠯᠠᠯᠲᠠ ᠬᠠᠮᠢᠶᠠᠷᠤᠯᠲᠠ ᠶᠢᠨ ᠨᠢᠭᠡᠴᠢ ᠶᠢ ᠤᠷᠢᠨ | ᠣᠷᠣᠯᠴᠠᠭᠤᠯᠬᠤ ᠬᠡᠷᠡᠭᠲᠡᠶ᠃ ᠪᠠᠷᠢᠯᠭ᠎ᠠ ᠲᠤᠰᠢᠶᠠᠵᠤ ᠰᠢᠯᠭᠠᠨ ᠠᠪᠬᠤ ᠶᠢ ᠥᠩᠭᠡᠷᠡᠭᠦᠯᠦᠭᠰᠡᠨ ᠤ ᠳᠠᠷᠠᠭ᠎ᠠ᠂ ᠲᠥᠷᠥᠯ | ᠵᠦᠶᠯ ᠤᠨ ᠬᠠᠤᠯᠢ ᠶᠢᠨ ᠡᠷᠬᠡᠲᠡᠨ ᠠᠴᠠ ᠪᠠᠷᠢᠯᠭ᠎ᠠ ᠲᠤᠰᠢᠶᠠᠵᠤ ᠰᠢᠯᠭᠠᠨ ᠠᠪᠤᠭᠰᠠᠨ ᠮᠡᠳᠡᠭᠦᠯᠦᠯᠲᠡ ᠪᠠᠨ ᠪᠣᠳᠠᠲᠠᠶ | ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ ᠪᠠᠶᠢᠭ᠎ᠠ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ | ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠤᠨ᠎ᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ | ᠰᠠᠯᠠᠭ᠎ᠠ ᠮᠥᠴᠢᠷ ᠨᠢ 15 ᠡᠳᠦᠷ ᠤᠨ ᠳᠣᠲᠣᠷ᠎ᠠ ᠳᠠᠩᠰᠠᠯᠠᠭᠤᠯᠤᠭᠰᠠᠨ ᠲᠥᠷᠥᠯ ᠵᠦᠶᠯ ᠤᠨ ᠪᠠᠷᠢᠯᠭ᠎ᠠ ᠲᠤᠰᠢᠶᠠᠵᠤ | ᠰᠢᠯᠭᠠᠨ ᠠᠪᠬᠤ ᠮᠡᠳᠡᠭᠦᠯᠦᠯᠲᠡ ᠳᠤ ᠣᠨᠳᠣᠤ ᠰᠠᠨᠠᠯ ᠳᠤᠷᠠᠳᠤᠭᠰᠠᠨ ᠥᠬᠡᠶ ᠪᠠᠶᠢᠪᠠᠯ᠂ ᠲᠥᠷᠥᠯ ᠵᠦᠶᠯ ᠤᠨ ᠬᠠᠤᠯᠢ | ᠶᠢᠨ ᠡᠷᠬᠡᠲᠡᠨ ᠨᠢ ᠵᠠᠮ ᠬᠠᠷᠢᠯᠴᠠᠭ᠎ᠠ ᠶᠢ ᠴᠢᠯᠥᠭᠡᠲᠡᠶ ᠨᠡᠭᠡᠭᠡᠵᠦ ᠲᠤᠷᠰᠢᠨ ᠡᠵᠡᠩᠨᠡᠬᠦ ᠬᠤᠭᠤᠴᠠᠭᠠᠨ ᠳᠤ ᠣᠷᠤᠭᠤᠯᠵᠤ | ᠪᠣᠯᠤᠨ᠎ᠠ᠂ ᠲᠤᠷᠰᠢᠨ ᠡᠵᠡᠩᠨᠡᠬᠦ ᠬᠤᠭᠤᠴᠠᠭ᠎ᠠ ᠶᠢ 3 ᠵᠢᠯ ᠠᠴᠠ ᠬᠡᠲᠦᠷᠡᠭᠦᠯᠵᠦ ᠪᠣᠯᠬᠤ ᠥᠬᠡᠶ᠃ ᠵᠠᠰᠠᠮᠠᠯ ᠵᠠᠮ ᠤᠨ | ᠪᠠᠷᠢᠯᠭ᠎ᠠ ᠶᠢᠨ ᠲᠥᠷᠥᠯ ᠵᠦᠶᠯ ᠤᠨ ᠪᠠᠷᠢᠯᠭ᠎ᠠ ᠳᠠᠭᠤᠰᠴᠤ ︵ᠲᠤᠰᠢᠶᠠᠵᠤ︶ ᠰᠢᠯᠭᠠᠨ ᠠᠪᠬᠤ ᠳᠤ ᠳᠣᠲᠣᠭᠠᠳᠤ ᠶᠢ | ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠢ ᠣᠷᠣᠯᠴᠠᠭᠤᠯᠬᠤ | ᠬᠡᠷᠡᠭᠲᠡᠶ᠃ ᠪᠠᠷᠢᠯᠭ᠎ᠠ ᠲᠤᠰᠢᠶᠠᠵᠤ ᠰᠢᠯᠭᠠᠨ ᠠᠪᠬᠤ ᠶᠢ ᠳᠠᠮᠵᠢᠭᠰᠠᠨ ᠥᠬᠡᠶ᠂ ᠪᠠᠷᠢᠯᠭ᠎ᠠ ᠲᠤᠰᠢᠶᠠᠵᠤ ᠰᠢᠯᠭᠠᠨ | ᠠᠪᠬᠤ ᠳᠤ ᠬᠢᠷᠢ ᠲᠡᠩᠴᠡᠭᠰᠡᠨ ᠥᠬᠡᠶ ᠪᠤᠶᠤ ᠳᠠᠩᠰᠠᠯᠠᠭᠤᠯᠤᠭᠰᠠᠨ ᠥᠬᠡᠶ ᠪᠠᠷᠢᠯᠭ᠎ᠠ ᠶᠢ ᠲᠤᠷᠰᠢᠨ ᠡᠵᠡᠩᠨᠡᠯᠲᠡ ᠳᠤ | ᠣᠷᠣᠭᠤᠯᠵᠤ ᠪᠣᠯᠬᠤ ᠥᠬᠡᠶ᠃ | ᠬᠤᠷᠢᠳᠤᠭᠠᠷ ᠵᠦᠢᠯ ᠲᠥᠷᠥᠯ ᠵᠦᠢᠯ ᠨᠢ ᠠᠵᠢᠯ ᠲᠤᠰᠢᠶᠠᠵᠤ ᠰᠢᠯᠭᠠᠨ ᠠᠪᠬᠤ ᠶᠢ ᠥᠩᠭᠡᠷᠡᠭᠦᠯᠦᠭᠰᠡᠨ ᠤ | ᠳᠠᠷᠠᠭ᠎ᠠ᠂ ᠲᠥᠷᠥᠯ ᠵᠦᠢᠯ ᠤᠨ ᠬᠠᠤᠯᠢ ᠶᠢᠨ ᠡᠷᠬᠡᠲᠡᠨ ᠨᠢ ᠱᠠᠭᠠᠷᠳᠠᠯᠭ᠎ᠠ ᠶᠣᠰᠣᠭᠠᠷ ᠪᠠᠷᠢᠯᠭ᠎ᠠ ᠳᠠᠭᠤᠰᠤᠭᠰᠠᠨ | ᠲᠥᠰᠦᠪ ᠤᠨ ᠭᠦᠢᠴᠡᠳᠬᠡᠯ ᠵᠢᠴᠢ ᠬᠢᠨᠠᠨ ᠪᠣᠳᠣᠬᠤ᠂ ᠪᠠᠷᠢᠯᠭ᠎ᠠ ᠶᠢᠨ ᠶᠠᠰᠤ ᠴᠢᠨᠠᠷ ᠢ ᠬᠢᠨᠠᠨ ᠲᠣᠭᠲᠠᠭᠠᠬᠤ ᠠᠵᠢᠯ ᠢ | ᠴᠠᠭ ᠲᠤᠬᠠᠶ ᠳᠤ ᠨᠢ ᠪᠡᠶᠡᠯᠡᠭᠦᠯᠵᠦ᠂ ᠣᠷᠴᠢᠨ ᠲᠣᠭᠤᠷᠢᠨ ᠤ ᠬᠠᠮᠠᠭᠠᠯᠠᠯᠲᠠ᠂ ᠳᠠᠩᠰᠠ ᠡᠪᠬᠡᠮᠡᠯ ᠵᠡᠷᠭᠡ ᠳᠠᠩ ᠵᠦᠢᠯ | ᠤᠨ ᠰᠢᠯᠭᠠᠨ ᠠᠪᠬᠤ ᠠᠵᠢᠯ ᠢ ᠪᠡᠶᠡᠯᠡᠭᠦᠯᠬᠦ ᠬᠡᠷᠡᠭᠲᠡᠶ᠃ ᠪᠠᠷᠢᠯᠭ᠎ᠠ ᠲᠠᠭᠤᠰᠬᠠᠵᠤ ᠰᠢᠯᠭᠠᠨ ᠠᠪᠬᠤ ᠨᠥᠬᠦᠴᠡᠯ ᠢ | ᠪᠦᠷᠢᠯᠳᠦᠭᠦᠯᠪᠡᠯ ᠪᠠᠷᠢᠯᠭ᠎ᠠ ᠳᠠᠭᠤᠰᠬᠠᠵᠤ ᠰᠢᠯᠭᠠᠨ ᠠᠪᠬᠤ ᠪᠠᠷ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ ᠰᠢᠯᠭᠠᠨ ᠠᠪᠬᠤ ᠠᠴᠠ ᠭᠠᠳᠠᠨ᠎ᠠ᠂ ᠪᠤᠰᠤᠳ ᠲᠦᠷᠦᠯ ᠵᠦᠢᠯ ᠢ | ᠪᠣᠳᠠᠲᠠᠢ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ ᠪᠠᠶᠢᠭ᠎ᠠ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠪᠠᠷᠢᠯᠭ᠎ᠠ ᠳᠠᠭᠤᠰᠬᠠᠵᠤ ᠰᠢᠯᠭᠠᠨ ᠠᠪᠬᠤ ᠶᠢ ᠵᠣᠬᠢᠶᠠᠨ ᠪᠠᠶᠢᠭᠤᠯᠤᠨ᠎ᠠ᠃ | | ᠳᠥᠷᠪᠡᠳᠦᠭᠡᠷ ᠪᠦᠯᠦᠭ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ | ᠬᠤᠷᠢᠨ ᠨᠢᠭᠡᠳᠦᠭᠡᠷ ᠵᠦᠢᠯ ᠲᠥᠷᠥᠯ ᠵᠦᠢᠯ ᠤᠨ ᠬᠠᠤᠯᠢ ᠶᠢᠨ ᠡᠷᠬᠡᠲᠡᠨ ᠨᠢ ᠲᠥᠷᠥᠯ ᠵᠦᠢᠯ ᠤᠨ | ᠣᠨᠴᠠᠯᠢᠭ ᠶᠣᠰᠣᠭᠠᠷ ᠲᠥᠷᠥᠯ ᠵᠦᠢᠯ ᠤᠨ ᠲᠤᠬᠠᠶ ᠶᠢᠨ ᠲᠠᠯᠠᠪᠠᠶ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢ | ᠵᠣᠬᠢᠶᠠᠨ ᠪᠠᠶᠢᠭᠤᠯᠵᠤ᠂ ᠲᠥᠷᠥᠯ ᠵᠦᠢᠯ ᠤᠨ ᠲᠤᠬᠠᠶ ᠶᠢᠨ ᠲᠠᠯᠠᠪᠠᠶ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ | ᠬᠢᠷᠢ ᠬᠡᠮ ᠢ ᠪᠣᠳᠠᠲᠠᠶ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ ᠪᠠᠶᠢᠭ᠎ᠠ ᠵᠠᠮ ᠬᠠᠷᠢᠯᠴᠠᠭ᠎ᠠ ᠲᠡᠭᠡᠭᠡᠪᠦᠷᠢ ᠶᠢᠨ | ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ ᠬᠠᠷᠭᠤᠭᠤᠯᠵᠤ ᠳᠠᠩᠰᠠᠯᠠᠭᠤᠯᠬᠤ ᠬᠡᠷᠡᠭᠲᠡᠶ᠃ | ᠲᠥᠷᠥᠯ ᠵᠦᠶᠯ ᠤᠨ ᠬᠠᠤᠯᠢ ᠶᠢᠨ ᠡᠷᠬᠡᠲᠡᠨ ᠨᠢ ᠠᠩᠬ᠎ᠠ ᠠᠯᠬᠤᠮ ᠤᠨ ᠵᠢᠷᠤᠭ ᠲᠥᠯᠥᠪᠯᠡᠭᠡ ᠢ ᠮᠡᠳᠡᠭᠦᠯᠦᠨ | ᠵᠥᠪᠰᠢᠶᠡᠷᠡᠭᠦᠯᠬᠦ ᠠᠴᠠ ᠡᠮᠦᠨ᠎ᠡ᠂ ᠲᠥᠷᠥᠯ ᠵᠦᠶᠯ ᠤᠨ ᠲᠤᠬᠠᠶ ᠶᠢᠨ ᠲᠠᠯᠠᠪᠠᠶ ᠶᠢᠨ ᠬᠠᠮᠢᠶᠠᠷᠤᠯᠲᠠ ᠶᠢᠨ | ᠪᠠᠶᠢᠭᠤᠯᠤᠮᠵᠢ ᠶᠢᠨ ᠬᠢᠷᠢ ᠬᠡᠮ ᠤᠨ ᠬᠢᠨᠠᠨ ᠬᠠᠷᠭᠤᠭᠤᠯᠵᠤ ᠳᠠᠩᠰᠠᠯᠠᠭᠤᠯᠬᠤ ᠶᠢ ᠪᠡᠶᠡᠯᠡᠭᠦᠯᠵᠦ᠂ PPP ᠲᠥᠷᠥᠯ | ᠵᠦᠶᠯ ᠢ ᠪᠠᠯᠠ ᠣᠷᠣᠭᠤᠯᠤᠭᠴᠢ ᠶᠢ ᠲᠣᠭᠲᠠᠭᠠᠭᠰᠠᠨ ᠤ ᠳᠠᠷᠠᠭ᠎ᠠ ᠲᠡᠷᠡᠴᠢᠯᠡᠨ ᠠᠵᠢᠯ ᠡᠬᠢᠯᠡᠭᠦᠯᠬᠦ ᠠᠴᠠ ᠡᠮᠦᠨ᠎ᠡ | ᠬᠢᠨᠠᠨ ᠬᠠᠷᠭᠤᠭᠤᠯᠵᠤ ᠳᠠᠩᠰᠠᠯᠠᠭᠤᠯᠬᠤ ᠶᠢ ᠪᠡᠶᠡᠯᠡᠭᠦᠯᠵᠦ ᠪᠣᠯᠤᠨ᠎ᠠ᠃ | ᠬᠤᠷᠢᠨ ᠬᠤᠶᠠᠳᠤᠭᠠᠷ ᠵᠦᠢᠯ ᠲᠥᠷᠥᠯ ᠵᠦᠢᠯ ᠤᠨ ᠲᠤᠬᠠᠶ ᠶᠢᠨ ᠲᠠᠯᠠᠪᠠᠢ ᠶᠢᠨ ᠬᠠᠮᠢᠶᠠᠷᠤᠯᠲᠠ ᠶᠢᠨ | ᠪᠠᠶᠢᠭᠤᠯᠤᠮᠵᠢ ᠨᠢ ᠲᠥᠯᠥᠪᠯᠡᠭᠡ᠂ ᠭᠡᠷ᠎ᠡ᠂ ᠮᠡᠷᠭᠡᠵᠢᠯ᠂ ᠶᠠᠰᠤ ᠴᠢᠨᠠᠷ᠂ ᠠᠮᠤᠷ ᠲᠦᠪᠰᠢᠨ᠂ ᠡᠳ᠋ ᠤᠨ ᠶᠠᠪᠤᠳᠠᠯ᠂ | ᠠᠷᠢᠭᠤᠨ ᠴᠢᠬᠡᠴᠢ ᠪᠠᠷ ᠵᠠᠰᠠᠭ ᠪᠠᠷᠢᠬᠤ ᠵᠡᠷᠭᠡ ᠡᠷᠬᠡ ᠲᠤᠰᠢᠶᠠᠯ ᠲᠠᠢ ᠰᠠᠯᠠᠭ᠎ᠠ ᠮᠥᠴᠢᠷ ᠪᠠᠶᠢᠷᠢᠯᠠᠭᠤᠯᠵᠤ᠂ | ᠠᠵᠢᠯᠲᠠᠨ ᠨᠢ ᠳᠣᠣᠷᠠᠬᠢ ᠱᠠᠭᠠᠷᠳᠠᠯᠭ᠎ᠠ ᠶᠢ ᠬᠠᠩᠭᠠᠬᠤ ᠬᠡᠷᠡᠭᠲᠡᠶ᠄ | ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠥᠷᠥᠯ ᠵᠦᠶᠯ ᠪᠤᠶᠤ ᠲᠤᠰᠠᠭᠠᠷ ᠣᠨᠴᠠ ᠶᠡᠭᠡ ᠬᠡᠯᠪᠡᠷᠢ ᠶᠢᠨ | ᠬᠥᠭᠦᠷᠭᠡ᠂ ᠨᠦᠬᠡᠨ ᠵᠠᠮ ᠤᠨ ᠲᠥᠷᠥᠯ ᠵᠦᠶᠯ ᠶᠢᠨ ᠪᠠᠷᠢᠯᠭ᠎ᠠ ᠶᠢᠨ ᠮᠡᠷᠭᠡᠵᠢᠯ ᠤᠨ ᠠᠵᠢᠯᠲᠠᠨ ᠨᠢ ᠬᠠᠮᠢᠶᠠᠷᠤᠯᠲᠠ | ᠶᠢᠨ ᠠᠵᠢᠯᠲᠠᠨ ᠤ ᠶᠡᠷᠦᠩᠬᠡᠶ ᠲᠣᠭᠠᠨ ᠤ 65% ᠠᠴᠠ ᠪᠠᠭ᠎ᠠ ᠪᠠᠶᠢᠵᠤ ᠪᠣᠯᠬᠤ ᠥᠬᠡᠶ᠂ ᠳᠤᠮᠳᠠ ᠵᠡᠷᠭᠡ ᠵᠢᠴᠢ | ᠲᠡᠭᠦᠨ ᠠᠴᠠ ᠳᠡᠭᠡᠭᠰᠢᠬᠢ ᠲᠤᠰᠬᠠᠶ ᠮᠡᠷᠭᠡᠵᠢᠯ ᠤᠨ ᠴᠣᠯᠠ ᠲᠠᠢ ᠬᠥᠮᠦᠰ ᠨᠢ ᠪᠠᠷᠢᠯᠭ᠎ᠠ ᠶᠢᠨ ᠮᠡᠷᠭᠡᠵᠢᠯ ᠤᠨ | ᠠᠵᠢᠯᠲᠠᠨ ᠤ ᠶᠡᠷᠦᠩᠬᠡᠶ ᠲᠣᠭᠠᠨ ᠤ 70% ᠠᠴᠠ ᠳᠡᠭᠡᠭᠰᠢᠬᠢ ᠶᠢ ᠡᠵᠡᠯᠡᠵᠦ᠂ ᠪᠠᠷᠢᠯᠭ᠎ᠠ ᠶᠢᠨ ᠲᠤᠬᠠᠶ ᠶᠢᠨ ᠲᠠᠯᠠᠪᠠᠶ | ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠨᠢ ᠳᠤᠮᠳᠠ ᠵᠡᠷᠭᠡ ᠵᠢᠴᠢ ᠲᠡᠭᠦᠨ ᠠᠴᠠ | ᠳᠡᠭᠡᠭᠰᠢᠬᠢ᠂ ᠮᠡᠷᠭᠡᠵᠢᠯ ᠤᠨ ᠬᠠᠷᠢᠭᠤᠴᠠᠯᠭᠠᠲᠠᠨ ᠨᠢ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠴᠣᠯᠠ ᠲᠠᠢ | ᠪᠠᠶᠢᠬᠤ ᠬᠡᠷᠡᠭᠲᠡᠢ᠂ 2 ᠵᠢᠴᠢ ᠲᠡᠭᠦᠨ ᠠᠴᠠ ᠳᠡᠭᠡᠭᠰᠢᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠥᠷᠥᠯ ᠵᠦᠶᠯ ᠢ | ᠪᠥᠲᠥᠭᠡᠨ ᠪᠠᠶᠢᠭᠤᠯᠵᠤ ᠬᠠᠮᠢᠶᠠᠷᠤᠭᠰᠠᠨ ᠥᠩᠭᠡᠷᠡᠯᠲᠡ ᠲᠠᠢ᠂ ᠡᠳ᠋ ᠤᠨ ᠶᠠᠪᠤᠳᠠᠯ ᠤᠨ ᠬᠠᠷᠢᠭᠤᠴᠠᠯᠭᠠᠲᠠᠨ ᠨᠢ | ᠳᠤᠮᠳᠠ ᠵᠡᠷᠭᠡ ᠵᠢᠴᠢ ᠲᠡᠭᠦᠨ ᠠᠴᠠ ᠳᠡᠭᠡᠭᠰᠢᠬᠢ ᠮᠡᠷᠭᠡᠵᠢᠯ ᠤᠨ ᠴᠣᠯᠠ ᠲᠠᠢ ᠪᠠᠶᠢᠬᠤ ᠬᠡᠷᠡᠭᠲᠡᠶ ᠪᠥᠭᠡᠳ 1 ᠵᠢᠴᠢ | ᠲᠡᠭᠦᠨ ᠠᠴᠠ ᠳᠡᠭᠡᠭᠰᠢᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠥᠷᠥᠯ ᠵᠦᠶᠯ ᠢ ᠬᠠᠮᠢᠶᠠᠷᠤᠭᠰᠠᠨ | ᠥᠩᠭᠡᠷᠡᠯᠲᠡ ᠲᠠᠢ ᠪᠠᠶᠢᠬᠤ ᠬᠡᠷᠡᠭᠲᠡᠶ︔ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠢ ᠵᠣᠬᠢᠬᠤ ᠠᠵᠢᠯ ᠤᠨ ᠪᠠᠶᠢᠷᠢ | ᠶᠢᠨ ᠲᠤᠰᠬᠠᠶ ᠮᠡᠷᠭᠡᠵᠢᠯ ᠪᠠ ᠲᠤᠰᠢᠶᠠᠯ ᠬᠠᠷᠢᠭᠤᠴᠠᠬᠤ ᠬᠢᠷᠢ ᠬᠡᠮ ᠢ ᠪᠦᠷᠢᠯᠳᠦᠭᠦᠯᠦᠭᠰᠡᠨ ᠪᠠᠶᠢᠬᠤ ᠶᠢᠨ ᠬᠠᠮᠲᠤ᠂ 1 | ᠲᠥᠷᠥᠯ ᠵᠢᠴᠢ ᠲᠡᠭᠦᠨ ᠠᠴᠠ ᠳᠡᠭᠡᠭᠰᠢᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠥᠷᠥᠯ ᠵᠦᠶᠯ ᠤᠨ | ᠬᠠᠮᠢᠶᠠᠷᠤᠯᠲᠠ ᠶᠢᠨ ᠥᠩᠭᠡᠷᠡᠯᠲᠡ ᠲᠠᠢ ᠪᠠᠶᠢᠬᠤ ᠬᠡᠷᠡᠭᠲᠡᠶ︔ | ᠪᠤᠰᠤᠳ ᠵᠡᠷᠭᠡ ᠳᠡᠰ ᠤᠨ ᠵᠠᠰᠠᠮᠠᠯ ᠵᠠᠮ ᠤᠨ ᠲᠥᠷᠥᠯ ᠵᠦᠢᠯ ᠤᠨ ᠲᠤᠬᠠᠶ ᠶᠢᠨ ᠭᠠᠵᠠᠷ ᠤᠨ ᠬᠠᠮᠢᠶᠠᠷᠤᠯᠲᠠ | ᠶᠢᠨ ᠪᠠᠶᠢᠭᠤᠯᠤᠮᠵᠢ ᠶᠢᠨ ᠪᠠᠷᠢᠯᠭ᠎ᠠ ᠶᠢᠨ ᠮᠡᠷᠭᠡᠵᠢᠯ ᠤᠨ ᠠᠵᠢᠯᠲᠠᠨ ᠨᠢ ᠬᠠᠮᠢᠶᠠᠷᠤᠯᠲᠠ ᠶᠢᠨ ᠠᠵᠢᠯᠲᠠᠨ ᠤ ᠶᠡᠷᠦᠩᠬᠡᠶ | ᠲᠣᠭᠠᠨ ᠤ 55% ᠠᠴᠠ ᠪᠠᠭ᠎ᠠ ᠪᠠᠶᠢᠵᠤ ᠪᠣᠯᠬᠤ ᠥᠬᠡᠶ᠂ ᠳᠤᠮᠳᠠ ᠵᠡᠷᠭᠡ ᠵᠢᠴᠢ ᠲᠡᠭᠦᠨ ᠠᠴᠠ ᠳᠡᠭᠡᠭᠰᠢᠬᠢ | ᠲᠤᠰᠬᠠᠶ ᠮᠡᠷᠭᠡᠵᠢᠯ ᠤᠨ ᠴᠣᠯᠠ ᠲᠠᠢ ᠬᠥᠮᠦᠰ ᠢ ᠪᠠᠷᠢᠯᠭ᠎ᠠ ᠶᠢᠨ ᠮᠡᠷᠭᠡᠵᠢᠯ ᠤᠨ ᠠᠵᠢᠯᠲᠠᠨ ᠤ ᠶᠡᠷᠦᠩᠬᠡᠶ ᠲᠣᠭᠠᠨ ᠤ | 60% ᠠᠴᠠ ᠳᠡᠭᠡᠭᠰᠢᠬᠢ ᠶᠢ ᠡᠵᠡᠯᠡᠭᠦᠯᠵᠦ᠂ ᠪᠠᠷᠢᠯᠭ᠎ᠠ ᠶᠢᠨ ᠲᠤᠬᠠᠶ ᠶᠢᠨ ᠲᠠᠯᠠᠪᠠᠢ ᠶᠢᠨ ᠬᠠᠮᠢᠶᠠᠷᠤᠯᠲᠠ ᠶᠢᠨ | ᠪᠠᠶᠢᠭᠤᠯᠤᠮᠵᠢ ᠶᠢᠨ ᠬᠠᠷᠢᠭᠤᠴᠠᠯᠭᠠᠲᠠᠨ᠂ ᠮᠡᠷᠭᠡᠵᠢᠯ ᠤᠨ ᠬᠠᠷᠢᠭᠤᠴᠠᠯᠭᠠᠲᠠᠨ᠂ ᠡᠳ᠋ ᠤᠨ ᠶᠠᠪᠤᠳᠠᠯ ᠤᠨ | ᠬᠠᠷᠢᠭᠤᠴᠠᠯᠭᠠᠲᠠᠨ ᠨᠢ ᠳᠤᠮᠳᠠ ᠵᠡᠷᠭᠡ ᠵᠢᠴᠢ ᠲᠡᠭᠦᠨ ᠠᠴᠠ ᠳᠡᠭᠡᠭᠰᠢᠬᠢ ᠲᠤᠰᠬᠠᠶ ᠮᠡᠷᠭᠡᠵᠢᠯ ᠤᠨ ᠴᠣᠯᠠ ᠲᠠᠢ | ᠪᠠᠶᠢᠬᠤ ᠶᠢᠨ ᠬᠠᠮᠲᠤ 1 ᠵᠢᠴᠢ ᠲᠡᠭᠦᠨ ᠠᠴᠠ ᠳᠡᠭᠡᠭᠰᠢᠬᠢ ᠵᠣᠬᠢᠴᠠᠩᠭᠤᠶ ᠵᠡᠷᠭᠡ ᠳᠡᠰ ᠤᠨ ᠵᠠᠰᠠᠮᠠᠯ ᠵᠠᠮ ᠤᠨ | ᠲᠥᠷᠥᠯ ᠵᠦᠢᠯ ᠤᠨ ᠬᠠᠮᠢᠶᠠᠷᠤᠯᠲᠠ ᠶᠢᠨ ᠥᠩᠭᠡᠷᠡᠯᠲᠡ ᠲᠠᠢ ᠪᠠᠶᠢᠬᠤ ᠬᠡᠷᠡᠭᠲᠡᠶ︔ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠢ ᠵᠣᠬᠢᠬᠤ ᠠᠵᠢᠯ ᠤᠨ ᠪᠠᠶᠢᠷᠢ ᠶᠢᠨ ᠲᠤᠰᠬᠠᠶ ᠮᠡᠷᠭᠡᠵᠢᠯ ᠪᠠ ᠲᠤᠰᠢᠶᠠᠯ ᠬᠠᠷᠢᠭᠤᠴᠠᠬᠤ ᠬᠢᠷᠢ | ᠬᠡᠮ ᠢ ᠪᠦᠷᠢᠯᠳᠦᠭᠦᠯᠦᠭᠰᠡᠨ ᠪᠠᠶᠢᠬᠤ ᠶᠢᠨ ᠬᠠᠮᠲᠤ᠂ 1 ᠲᠥᠷᠥᠯ ᠵᠢᠴᠢ ᠲᠡᠭᠦᠨ ᠠᠴᠠ ᠳᠡᠭᠡᠭᠰᠢᠬᠢ ᠵᠣᠬᠢᠬᠤ ᠲᠠᠰ | ᠤᠨ ᠵᠠᠰᠠᠮᠠᠯ ᠵᠠᠮ ᠤᠨ ᠲᠥᠷᠥᠯ ᠵᠦᠶᠯ ᠤᠨ ᠬᠠᠮᠢᠶᠠᠷᠤᠯᠲᠠ ᠶᠢᠨ ᠥᠩᠭᠡᠷᠡᠯᠲᠡ ᠲᠠᠢ ᠪᠠᠶᠢᠬᠤ ᠬᠡᠷᠡᠭᠲᠡᠶ᠃ | ᠬᠤᠷᠢᠨ ᠭᠤᠷᠪᠠᠳᠤᠭᠠᠷ ᠵᠦᠢᠯ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠢ | ᠡᠷᠬᠡᠪᠰᠢ ᠳᠠᠭᠠᠭᠠᠴᠢᠯᠠᠯᠲᠠ ᠵᠠᠷᠯᠠᠬᠤ ᠬᠡᠪᠴᠢᠶᠡᠨ ᠤ ᠪᠠᠷᠢᠮᠵᠢᠶ᠎ᠠ ᠳᠤ ᠬᠦᠷᠦᠭᠰᠡᠨ ᠪᠦᠬᠦᠨ ᠨᠢ᠂ ᠤᠯᠤᠰ ᠤᠨ ᠬᠠᠤᠯᠢ | ᠴᠠᠭᠠᠵᠠ ᠬᠠᠤᠯᠢ ᠲᠣᠭᠲᠠᠭᠠᠯ ᠵᠢᠴᠢ ᠲᠥᠷᠥᠯ ᠵᠦᠢᠯ ᠢ ᠬᠢᠨᠠᠨ ᠴᠣᠬᠤᠯᠠᠪᠤᠷᠢᠯᠠᠬᠤ ︵ᠬᠢᠨᠠᠨ ᠵᠥᠪᠰᠢᠶᠡᠷᠡᠬᠦ︶ | ᠰᠠᠯᠠᠭ᠎ᠠ ᠮᠥᠴᠢᠷ ᠤᠨ ᠵᠥᠪᠰᠢᠶᠡᠷᠡᠭᠰᠡᠨ ᠳᠠᠭᠠᠭᠠᠴᠢᠯᠠᠯᠲᠠ ᠵᠠᠷᠯᠠᠬᠤ ᠬᠡᠪᠴᠢᠶ᠎ᠡ᠂ ᠠᠷᠭ᠎ᠠ ᠮᠠᠶ᠋ᠢᠭ ᠪᠣᠯᠤᠨ ᠵᠣᠬᠢᠶᠠᠨ | ᠪᠠᠶᠢᠭᠤᠯᠤᠯᠲᠠ ᠶᠢᠨ ᠬᠡᠯᠪᠡᠷᠢ ᠶᠣᠰᠣᠭᠠᠷ᠂ ᠳᠠᠭᠠᠭᠠᠴᠢᠯᠠᠯᠲᠠ ᠵᠠᠷᠯᠠᠬᠤ ᠪᠠᠷ ᠳᠠᠮᠵᠢᠭᠤᠯᠤᠨ ᠬᠠᠮᠢᠶ᠎ᠠ ᠪᠦᠬᠦᠢ ᠨᠢᠭᠡᠴᠢ | ᠶᠢ ᠲᠣᠭᠲᠠᠭᠠᠬᠤ ᠬᠡᠷᠡᠭᠲᠡᠶ᠃ | ᠬᠤᠷᠢᠨ ᠳᠥᠷᠪᠡᠳᠦᠭᠡᠷ ᠵᠦᠢᠯ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ | ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ ᠲᠠᠷᠢᠶᠠᠴᠢᠨ ᠮᠠᠯᠴᠢᠨ ᠬᠦᠴᠦ | ᠶᠠᠪᠤᠭᠰᠠᠳ ᠤᠨ ᠴᠠᠯᠢᠩ ᠤᠨ ︽ᠨᠢᠭᠡ ᠮᠥᠩᠭᠦ ᠭᠤᠷᠪᠠᠨ ᠳᠦᠷᠢᠮ︾ ᠤᠨ ᠬᠠᠮᠢᠶᠠᠷᠤᠯᠲᠠ ᠶᠢ ᠬᠡᠷᠡᠭᠵᠢᠭᠦᠯᠬᠦ | ᠬᠡᠷᠡᠭᠲᠡᠶ᠂ ᠲᠤᠬᠠᠶᠢᠯᠠᠪᠠᠯ ᠴᠠᠯᠢᠩ ᠤᠨ ᠪᠠᠲᠤᠯᠠᠭᠠᠲᠤ ᠮᠥᠩᠭᠦ ᠬᠢᠭᠡᠳ ᠴᠠᠯᠢᠩ ᠪᠠᠷᠢᠯᠭ᠎ᠠ ᠶᠢᠨ ᠵᠣᠭᠤᠰ ᠢ ᠠᠰ ᠲᠤ | ᠨᠢ ᠳᠠᠩᠰᠠ ᠪᠠᠶᠢᠭᠤᠯᠬᠤ ᠳᠦᠷᠢᠮ᠂ ᠦᠨᠡᠨ ᠨᠡᠷ᠎ᠡ ᠶᠢᠨ ᠳᠦᠷᠢᠮ᠂ ᠪᠠᠩᠬᠢ ᠠᠴᠠ ᠣᠷᠣᠯᠠᠨ ᠲᠠᠷᠬᠠᠭᠠᠬᠤ ᠳᠦᠷᠢᠮ ᠢ | ᠬᠡᠷᠡᠭᠵᠢᠭᠦᠯᠵᠦ᠂ ᠠᠵᠢᠯᠴᠢᠨ ᠬᠡᠷᠡᠭᠯᠡᠬᠦ ᠨᠢᠭᠡᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠂ ᠲᠠᠷᠢᠶᠠᠴᠢᠨ ᠮᠠᠯᠴᠢᠨ ᠬᠦᠴᠦ ᠶᠠᠪᠤᠭᠰᠠᠳ ᠯᠤᠭ᠎ᠠ ᠶᠢᠨ ᠬᠥᠳᠡᠯᠮᠦᠷᠢ ᠶᠢᠨ ᠭᠡᠷ᠎ᠡ ᠶᠢᠨ | ᠬᠠᠮᠢᠶᠠᠷᠤᠯᠲᠠ ᠶᠢ ᠴᠢᠩᠳᠠᠯᠠᠵᠤ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠵᠢᠴᠢ ᠡᠯ᠎ᠡ ᠵᠦᠢᠯ ᠤᠨ | ᠬᠥᠳᠡᠯᠮᠦᠷᠢ ᠶᠢᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠲᠠᠯᠠᠪᠤᠷ ᠲᠤ ᠣᠷᠣᠵᠤ ᠪᠠᠷᠢᠯᠭ᠎ᠠ | ᠶᠢᠨ ᠠᠵᠢᠯ ᠬᠢᠭᠰᠡᠳ ᠲᠤ ᠮᠡᠷᠭᠡᠵᠢᠯ ᠤᠨ ᠴᠢᠳᠠᠪᠤᠷᠢ ᠶᠢᠨ ᠠᠮᠤᠷ ᠲᠥᠪᠰᠢᠨ ᠵᠡᠷᠭᠡ ᠬᠠᠮᠢᠶ᠎ᠠ ᠪᠦᠬᠦᠢ | ᠪᠣᠯᠪᠠᠰᠤᠷᠠᠭᠤᠯᠤᠯ ᠢ ᠥᠷᠨᠢᠭᠦᠯᠵᠦ᠂ ᠲᠠᠷᠢᠶᠠᠴᠢᠨ ᠮᠠᠯᠴᠢᠨ ᠬᠦᠴᠦ ᠶᠠᠪᠤᠭᠰᠠᠳ ᠤᠨ ᠬᠠᠤᠯᠢ ᠶᠣᠰᠣᠨ ᠤ ᠡᠷᠬᠡ | ᠠᠰᠢᠭ ᠢ ᠪᠠᠲᠤᠯᠠᠬᠤ ᠬᠡᠷᠡᠭᠲᠡᠶ᠃ | ᠬᠤᠷᠢᠨ ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠬᠢᠮ ᠨᠢ ᠪᠦᠬᠦ ᠣᠷᠣᠨ ᠤ ᠵᠠᠰᠠᠮᠠᠯ ᠵᠠᠮ ᠤᠨ ᠠᠵᠢᠯ ᠡᠷᠬᠢᠯᠡᠬᠦ ᠠᠵᠤ ᠠᠬᠤᠶᠢᠯᠠᠯ ᠪᠣᠯᠤᠨ ᠠᠵᠢᠯᠲᠠᠨ ᠤ | ᠢᠲᠡᠭᠡᠮᠵᠢ ᠶᠢᠨ ᠦᠨᠡᠯᠡᠯᠲᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠡᠯ᠎ᠡ ᠠᠶᠢᠮᠠᠭ ᠬᠤᠲᠠ ᠶᠢᠨ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢ ᠲᠥᠷᠥᠯ ᠵᠦᠶᠯ ᠤᠨ ᠬᠠᠤᠯᠢ ᠶᠢᠨ ᠡᠷᠬᠡᠲᠡᠨ ᠲᠠᠢ ᠬᠠᠮᠲᠤᠷᠠᠨ ᠬᠠᠷᠢᠶ᠎ᠠ | ᠲᠥᠷᠥᠯ ᠵᠦᠶᠯ ᠤᠨ ᠰᠠᠭᠤᠷᠢ ᠦᠨᠡᠯᠡᠯᠲᠡ ᠶᠢᠨ ᠠᠵᠢᠯ ᠢ ᠬᠠᠷᠢᠭᠤᠴᠠᠨ᠎ᠠ᠃ ᠲᠥᠷᠥᠯ ᠵᠦᠶᠯ ᠤᠨ ᠬᠠᠤᠯᠢ ᠶᠢᠨ | ᠡᠷᠬᠡᠲᠡᠨ ᠨᠢ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠠᠵᠤ ᠠᠬᠤᠶᠢᠯᠠᠯ᠂ ᠪᠠᠷᠢᠯᠭ᠎ᠠ ᠶᠢᠨ ᠠᠵᠤ ᠠᠬᠤᠶᠢᠯᠠᠯ᠂ | ᠬᠢᠨᠠᠨ ᠬᠠᠮᠢᠶᠠᠷᠬᠤ ᠠᠵᠤ ᠠᠬᠤᠶᠢᠯᠠᠯ᠂ ᠲᠤᠷᠰᠢᠯᠲᠠ ᠬᠢᠵᠦ ᠪᠠᠶᠢᠴᠠᠭᠠᠨ ᠬᠡᠮᠵᠢᠬᠦ ᠪᠠᠶᠢᠭᠤᠯᠤᠮᠵᠢ ᠪᠠ ᠬᠢᠨᠠᠨ | ᠬᠠᠮᠢᠶᠠᠷᠬᠤ ᠢᠨᠵᠧᠨᠧᠷ᠂ ᠲᠤᠷᠰᠢᠯᠲᠠ ᠬᠢᠵᠦ ᠪᠠᠶᠢᠴᠠᠭᠠᠨ ᠬᠡᠮᠵᠢᠬᠦ ᠠᠵᠢᠯᠲᠠᠨ ᠤ ᠢᠲᠡᠭᠡᠮᠵᠢ ᠶᠢ ᠦᠨᠡᠯᠡᠬᠦ ᠠᠵᠢᠯ | ᠤᠨ ᠡᠬᠡ ᠲᠠᠩᠰᠠ ᠶᠢ ᠪᠠᠶᠢᠭᠤᠯᠵᠤ᠂ ᠡᠯ᠎ᠡ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ | ᠰᠠᠯᠠᠭ᠎ᠠ ᠮᠥᠴᠢᠷ᠂ ᠶᠠᠰᠤ ᠴᠢᠨᠠᠷ ᠲᠤ ᠬᠢᠨᠠᠯᠲᠠ ᠲᠠᠯᠪᠢᠬᠤ ᠰᠠᠯᠠᠭ᠎ᠠ ᠮᠥᠴᠢᠷ᠂ ᠲᠥᠷᠥᠯ ᠵᠦᠶᠯ ᠤᠨ ᠬᠠᠤᠯᠢ ᠶᠢᠨ | ᠡᠷᠬᠡᠲᠡᠨ ᠤ ᠰᠢᠮᠳᠠᠭᠤᠯᠤᠨ ᠪᠠᠶᠢᠴᠠᠭᠠᠬᠤ᠂ ᠰᠤᠭᠤᠴᠢᠨ ᠪᠠᠶᠢᠴᠠᠭᠠᠬᠤ᠂ ᠪᠠᠶᠢᠴᠠᠭᠠᠬᠤ ᠦᠷ᠎ᠡ ᠳ᠋ᠦᠩ ᠢ ᠴᠢᠩᠭ᠎ᠠ | ᠵᠢᠷᠤᠮᠯᠠᠨ ᠣᠨ ᠤ ᠢᠲᠡᠭᠡᠮᠵᠢ ᠶᠢ ᠦᠨᠡᠯᠡᠬᠦ ᠠᠵᠢᠯ ᠢ ᠦᠨᠡᠨ ᠪᠣᠳᠠᠲᠠᠶ ᠪᠠᠷ ᠥᠷᠨᠢᠭᠦᠯᠬᠦ ᠬᠡᠷᠡᠭᠲᠡᠶ᠃ ᠥᠪᠡᠷᠲᠡᠭᠡᠨ | ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠳᠡᠭᠡᠭᠰᠢ ᠮᠡᠳᠡᠭᠦᠯᠦᠭᠰᠡᠨ ᠠᠩᠬ᠎ᠠ ᠠᠯᠬᠤᠮ ᠤᠨ | ᠦᠨᠡᠯᠡᠯᠲᠡ ᠶᠢᠨ ᠣᠯᠤᠭᠰᠠᠨ ᠬᠤᠪᠢ ᠶᠢ ᠳᠠᠬᠢᠨ ᠬᠢᠨᠠᠬᠤ᠂ ᠬᠤᠷᠢᠶᠠᠩᠭᠤᠶᠢᠯᠠᠬᠤ᠂ ᠪᠤᠳᠤᠵᠤ᠂ ᠲᠦᠷᠢᠮ ᠶᠣᠰᠣᠭᠠᠷ | ᠢᠲᠡᠭᠡᠮᠵᠢ ᠶᠢᠨ ᠵᠡᠷᠭᠡ ᠳᠡᠰ ᠢ ᠲᠣᠭᠲᠠᠭᠠᠬᠤ ᠶᠢᠨ ᠬᠠᠮᠲᠤ ᠢᠯᠡ ᠨᠡᠶᠢᠲᠡᠯᠡᠵᠦ᠂ ᠠᠯᠪᠠᠨ ᠵᠠᠷ ᠭᠠᠷᠭᠠᠨ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠳᠤ ᠮᠡᠳᠡᠭᠦᠯᠬᠦ ᠶᠢᠨ ᠬᠠᠮᠲᠤ ᠬᠠᠮᠢᠶ᠎ᠠ ᠪᠥᠬᠦᠶ ᠢᠲᠡᠭᠡᠮᠵᠢ ᠶᠢᠨ ᠲᠠᠪᠴᠠᠩ ᠳᠤ | ᠳᠡᠪᠰᠢᠭᠦᠯᠦᠨ᠎ᠡ᠃ | ᠬᠤᠷᠢᠨ ᠵᠢᠷᠭᠤᠳᠤᠭᠠᠷ ᠵᠦᠢᠯ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠠᠮ | ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠳᠤ ᠴᠢᠭᠯᠡᠭᠦᠯᠦᠭᠰᠡᠨ ᠰᠢᠮᠳᠠᠭᠤᠯᠤᠨ ᠪᠠᠶᠢᠴᠠᠭᠠᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠵᠢᠯ | ᠤᠨ ᠡᠬᠢᠨ ᠳᠤ ᠰᠢᠮᠳᠠᠭᠤᠯᠤᠨ ᠪᠠᠶᠢᠴᠠᠭᠠᠬᠤ ᠲᠥᠯᠥᠪᠯᠡᠭᠡ ᠲᠣᠭᠲᠠᠭᠠᠵᠤ᠂ ︽ᠬᠤᠶᠠᠷ ᠢ ᠲᠠᠰᠢᠷᠠᠮ ᠳᠠᠭᠠᠤ ᠬᠢᠬᠦ᠂ | ᠨᠢᠭᠡ ᠶᠢ ᠢᠯᠡ ᠪᠣᠯᠭᠠᠬᠤ︾ ᠠᠷᠭ᠎ᠠ ᠮᠠᠶ᠋ᠢᠭ ᠢ ᠠᠪᠴᠤ ᠪᠠᠶᠢᠭᠠᠳ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ | ᠳᠤ ᠬᠢᠨᠠᠯᠲᠠ ᠪᠠᠶᠢᠴᠠᠭᠠᠯᠲᠠ ᠬᠢᠬᠦ ᠬᠡᠷᠡᠭᠲᠡᠶ᠃ | ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ ᠵᠠᠰᠠᠮᠠᠯ ᠵᠠᠮ ᠤᠨ | ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ᠂ ᠪᠠᠷᠢᠯᠭ᠎ᠠ ᠶᠢᠨ ᠠᠬᠢᠴᠠ᠂ ᠪᠠᠷᠢᠯᠭ᠎ᠠ ᠶᠢᠨ | ᠶᠠᠰᠤ ᠴᠢᠨᠠᠷ ᠤᠨ ᠪᠠᠶᠢᠳᠠᠯ᠂ ᠪᠠᠷᠢᠯᠭ᠎ᠠ ᠶᠢᠨ ᠶᠠᠰᠤ ᠴᠢᠨᠠᠷ ᠪᠣᠯᠤᠨ ᠠᠮᠤᠷ ᠲᠥᠪᠰᠢᠨ ᠤ ᠠᠳᠡᠯ ᠢ ᠰᠢᠶᠳᠪᠦᠷᠢᠯᠡᠬᠦ | ᠵᠡᠷᠭᠡ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠭᠡᠮ ᠳᠤ ᠨᠡᠶᠢᠲᠡᠯᠡᠵᠦ᠂ ᠨᠡᠶᠢᠭᠡᠮ ᠤᠨ ᠬᠢᠨ ᠤ | ᠬᠢᠨᠠᠯᠲᠠ ᠲᠠᠯᠪᠢᠬᠤ ᠶᠢ ᠬᠦᠯᠢᠶᠡᠬᠦ ᠬᠡᠷᠡᠭᠲᠡᠶ᠃ | | ᠲᠠᠪᠤᠳᠤᠭᠠᠷ ᠪᠦᠯᠦᠭ ᠶᠠᠰᠤ ᠴᠢᠨᠠᠷ ᠤᠨ ᠠᠮᠤᠷ ᠲᠥᠪᠰᠢᠨ ᠤ ᠬᠢᠨᠠᠯᠲᠠ ᠬᠠᠮᠢᠶᠠᠷᠤᠯᠲᠠ | ᠬᠤᠷᠢᠨ ᠳᠣᠯᠣᠳᠤᠭᠠᠷ ᠵᠦᠢᠯ ᠡᠯ᠎ᠡ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ | ᠰᠠᠯᠠᠭ᠎ᠠ ᠮᠥᠴᠢᠷ ᠤᠳ ᠶᠠᠰᠤ ᠴᠢᠨᠠᠷ ᠤᠨ ᠠᠮᠤᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠡᠭᠦᠷᠭᠡ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠬᠡᠨ ᠬᠢᠨᠠᠨ ᠵᠥᠪᠰᠢᠶᠡᠷᠡᠭᠰᠡᠨ ᠪᠣᠯ ᠲᠡᠷᠡ ᠬᠢᠨᠠᠨ | ᠬᠠᠮᠢᠶᠠᠷᠴᠤ᠂ ᠬᠡᠨ ᠭᠤᠣᠯᠯᠠᠨ ᠬᠠᠮᠢᠶᠠᠷᠤᠭᠰᠠᠨ ᠪᠣᠯ ᠲᠡᠷᠡ ᠬᠢᠨᠠᠨ ᠬᠠᠮᠢᠶᠠᠷᠬᠤ︾ ᠵᠠᠷᠴᠢᠮ ᠶᠣᠰᠣᠭᠠᠷ᠂ ᠶᠠᠰᠤ | ᠴᠢᠨᠠᠷ ᠤᠨ ᠠᠮᠤᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠲᠣᠭᠲᠠᠭᠠᠬᠤ ᠬᠡᠷᠡᠭᠲᠡᠶ᠃ | ᠡᠭᠦᠨ ᠳᠤ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠭᠤᠤᠯᠳᠠᠯᠭ᠎ᠠ ᠲᠠᠢ ᠵᠠᠰᠠᠮᠠᠯ ᠵᠠᠮ ᠤᠨ ᠲᠥᠷᠥᠯ | ᠵᠦᠶᠯ ᠤᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠥᠪᠡᠷᠲᠡᠭᠡᠨ ᠵᠠᠰᠠᠬᠤ ᠣᠷᠣᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠬᠡᠷᠡᠭᠵᠢᠭᠦᠯᠵᠦ᠂ ᠪᠤᠰᠤᠳ ᠤᠯᠤᠰ ᠮᠤᠵᠢ ᠶᠢᠨ ᠵᠠᠰᠠᠮᠠᠯ ᠵᠠᠮ ᠤᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠢ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ ᠪᠤᠶᠤ ᠲᠡᠭᠦᠨ ᠤ ᠨᠠᠶᠢᠳᠠᠭᠰᠠᠨ ᠵᠠᠰᠠᠮᠠᠯ ᠵᠠᠮ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠪᠠᠶᠢᠭᠤᠯᠤᠮᠵᠢ | ᠠᠴᠠ ᠬᠡᠷᠡᠭᠵᠢᠭᠦᠯᠵᠦ᠂ ᠵᠠᠰᠠᠮᠠᠯ ᠵᠠᠮ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠪᠠᠶᠢᠭᠤᠯᠤᠮᠵᠢ ᠶᠢᠨ ᠠᠵᠢᠯᠲᠠᠨ᠂ | ᠲᠥᠬᠦᠭᠡᠷᠦᠮᠵᠢ ᠨᠢ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠤᠨ ᠲᠣᠭᠲᠠᠭᠠᠯ ᠤᠨ ᠱᠠᠭᠠᠷᠳᠠᠯᠭ᠎ᠠ ᠶᠢ ᠬᠠᠩᠭᠠᠬᠤ | ᠬᠡᠷᠡᠭᠲᠡᠶ᠃ ᠡᠯ᠎ᠡ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ | ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠵᠠᠰᠠᠮᠠᠯ ᠵᠠᠮ ᠤᠨ ᠪᠠᠷᠢᠯᠭ᠎ᠠ ᠶᠢᠨ ᠠᠶᠤᠯᠭᠦᠢ | ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠂ ᠪᠣᠳᠠᠲᠠᠶ ᠬᠢᠨᠠᠯᠲᠠ ᠲᠠᠯᠪᠢᠵᠤ | ᠬᠠᠮᠢᠶᠠᠷᠬᠤ ᠲᠥᠷᠥᠯ ᠵᠦᠢᠯ ᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠭᠤᠣᠯᠳᠠᠯᠭ᠎ᠠ ᠲᠠᠢ | ᠰᠠᠶᠢᠲᠤᠷ ᠬᠢᠬᠦ ᠬᠡᠷᠡᠭᠲᠡᠶ᠃ | ᠬᠤᠷᠢᠨ ᠨᠠᠶᠮᠠᠳᠤᠭᠠᠷ ᠵᠦᠢᠯ ᠡᠯ᠎ᠡ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ | ᠰᠠᠯᠠᠭ᠎ᠠ ᠮᠥᠴᠢᠷ ᠤᠳ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠤᠨ | ᠲᠣᠭᠲᠠᠴᠠ ᠶᠢ ᠪᠦᠷᠢᠨᠰᠢᠭᠦᠯᠵᠦ᠂ ᠬᠢᠨᠠᠨ ᠵᠥᠪᠰᠢᠶᠡᠷᠡᠬᠦ ᠬᠢᠨᠠᠯᠲᠠ ᠬᠠᠮᠢᠶᠠᠷᠤᠯᠲᠠ ᠶᠢᠨ ᠡᠷᠬᠡ ᠬᠠᠷᠢᠭᠤᠴᠠᠯᠭ᠎ᠠ ᠶᠢ | ᠨᠢᠭᠡᠳᠦᠯᠲᠡᠶ ᠪᠠᠶᠢᠯᠭᠠᠬᠤ ᠶᠢ ᠪᠠᠲᠤᠯᠠᠨ᠂ ᠵᠢᠷᠤᠵᠤ ᠲᠥᠯᠥᠪᠯᠡᠬᠦ᠂ ᠳᠠᠭᠠᠭᠠᠴᠢᠯᠠᠯᠲᠠ ᠵᠠᠷᠯᠠᠨ ᠳᠠᠭᠠᠭᠠᠴᠢᠯᠠᠯᠲᠠ | ᠬᠦᠯᠢᠶᠡᠬᠦ᠂ ᠪᠠᠷᠢᠯᠭ᠎ᠠ ᠪᠠᠷᠢᠬᠤ ᠶᠢ ᠵᠥᠪᠰᠢᠶᠡᠷᠡᠬᠦ᠂ ᠪᠦᠲᠦᠭᠡᠨ ᠪᠠᠶᠢᠭᠤᠯᠤᠯᠲᠠ ᠳᠤ ᠬᠢᠨᠠᠯᠲᠠ ᠲᠠᠯᠪᠢᠬᠤ᠂ ᠰᠢᠯᠭᠠᠨ | ᠠᠪᠬᠤ ᠵᠡᠷᠭᠡ ᠶᠠᠰᠤ ᠴᠢᠨᠠᠷ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ | ᠴᠢᠩᠭᠠᠷᠠᠭᠤᠯᠵᠤ᠂ ᠬᠡᠷᠡᠭ ᠤᠨ ᠡᠮᠦᠨ᠎ᠡ ᠬᠡᠷᠡᠭ ᠤᠨ ᠳᠤᠮᠳᠠ ᠬᠡᠷᠡᠭ ᠤᠨ ᠬᠤᠶᠢᠨᠠᠬᠢ ᠪᠦᠬᠦ ᠬᠡᠯᠬᠢᠶᠡᠰᠦ ᠶᠢᠨ | ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠬᠦ ᠬᠡᠷᠡᠭᠲᠡᠶ᠃ | ᠬᠤᠷᠢ ᠶᠢᠰᠦᠳᠦᠭᠡᠷ ᠵᠦᠢᠯ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ | ᠨᠢ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢ ᠠᠪᠴᠤ᠂ ᠮᠡᠷᠭᠡᠵᠢᠯ ᠤᠨ | ᠴᠢᠳᠠᠪᠤᠷᠢ ᠪᠠᠷ ᠴᠢᠩᠭ᠎ᠠ᠂ ᠦᠢᠯᠡᠴᠢᠯᠡᠭᠡᠨ ᠤ ᠬᠢᠷᠢ ᠲᠥᠪᠰᠢᠨ ᠢᠶᠠᠷ ᠥᠨᠳᠥᠷ ᠪᠠ ᠢᠲᠡᠭᠡᠮᠵᠢ ᠪᠠᠷ ᠰᠠᠶᠢᠨ ᠮᠡᠷᠭᠡᠵᠢᠯ | ᠤᠨ ᠦᠢᠯᠡᠴᠢᠯᠡᠭᠡᠨ ᠤ ᠪᠠᠶᠢᠭᠤᠯᠤᠮᠵᠢ ᠳᠤ ᠨᠠᠶᠢᠳᠠᠵᠤ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠥᠪᠰᠢᠨ ᠤ | ᠬᠢᠨᠠᠯᠲᠠ ᠬᠠᠮᠢᠶᠠᠷᠤᠯᠲᠠ ᠶᠢᠨ ᠠᠵᠢᠯ ᠳᠤ ᠮᠡᠷᠭᠡᠵᠢᠯ ᠤᠨ ᠦᠢᠯᠡᠴᠢᠯᠡᠭᠡ ᠬᠠᠩᠭᠠᠯᠭᠠᠵᠤ ᠪᠣᠯᠤᠨ᠎ᠠ᠃ ᠮᠡᠷᠭᠡᠵᠢᠯ ᠤᠨ | ᠦᠶᠯᠡᠴᠢᠯᠡᠭᠡᠨ ᠤ ᠪᠠᠶᠢᠭᠤᠯᠤᠮᠵᠢ ᠨᠤᠭᠤᠳ ᠮᠡᠷᠭᠡᠵᠢᠯ ᠤᠨ ᠦᠶᠯᠡᠴᠢᠯᠡᠭᠡᠨ ᠤ ᠦᠷ᠎ᠡ ᠳ᠋ᠦᠩ ᠤᠨ ᠦᠨᠡᠨ ᠪᠣᠳᠠᠲᠤ | ᠴᠢᠨᠠᠷ᠂ ᠰᠢᠨᠵᠢᠯᠡᠬᠦ ᠤᠬᠠᠭᠠᠨᠴᠢ ᠴᠢᠨᠠᠷ ᠢ ᠪᠠᠲᠤᠯᠠᠬᠤ ᠬᠡᠷᠡᠭᠲᠡᠶ᠃ ᠮᠡᠷᠭᠡᠵᠢᠯ ᠤᠨ ᠦᠢᠯᠡᠴᠢᠯᠡᠭᠡᠨ ᠤ ᠠᠵᠢᠯ ᠤᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠮᠡᠷᠭᠡᠵᠢᠯ ᠤᠨ ᠦᠢᠯᠡᠴᠢᠯᠡᠭᠡᠨ ᠤ ᠠᠵᠢᠯ ᠤᠨ ᠡᠭᠦᠷᠭᠡ ᠬᠠᠷᠢᠭᠤᠴᠠᠯᠭ᠎ᠠ | ᠪᠣᠯᠤᠨ ᠠᠵᠢᠯ ᠤᠨ ᠪᠠᠷᠢᠮᠵᠢᠶ᠎ᠠ ᠶᠢ ᠲᠣᠳᠣᠷᠬᠠᠶᠢᠯᠠᠵᠤ᠂ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠥᠪᠰᠢᠨ ᠤ | ᠬᠢᠨᠠᠯᠲᠠ ᠬᠠᠮᠢᠶᠠᠷᠤᠯᠲᠠ ᠶᠢᠨ ᠠᠵᠢᠯ ᠤᠨ ᠮᠡᠷᠭᠡᠵᠢᠯ ᠤᠨ ᠬᠢᠷᠢ ᠲᠥᠪᠰᠢᠨ ᠢ ᠲᠠᠰᠤᠷᠠᠯᠲᠠ ᠤᠢᠭᠡᠢ ᠳᠡᠭᠡᠭᠰᠢᠯᠡᠭᠦᠯᠬᠦ | ᠶᠢ ᠪᠠᠲᠤᠯᠠᠬᠤ ᠬᠡᠷᠡᠭᠲᠡᠶ᠃ | ᠭᠤᠴᠢᠳᠤᠭᠠᠷ ᠵᠦᠢᠯ ᠲᠥᠷᠥᠯ ᠵᠦᠢᠯ ᠤᠨ ᠬᠠᠤᠯᠢ ᠶᠢᠨ ᠡᠷᠬᠡᠲᠡᠨ ᠬᠢᠭᠡᠳ ᠠᠵᠢᠯ ᠡᠷᠬᠢᠯᠡᠬᠦ ᠨᠢᠭᠡᠴᠢ ᠨᠢ | ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠬᠤ ᠰᠢᠰᠲ᠋ᠧᠮᠵᠢ ᠬᠢᠭᠡᠳ ᠬᠠᠮᠢᠶᠠᠷᠤᠯᠲᠠ ᠶᠢᠨ ᠲᠥᠷᠢᠮ ᠢ ᠪᠠᠶᠢᠭᠤᠯᠤᠨ | ᠪᠥᠷᠢᠨᠰᠢᠬᠦᠯᠬᠦ ᠬᠡᠷᠡᠭᠲᠡᠢ᠃ ᠪᠥᠲᠥᠭᠡᠨ ᠪᠠᠶᠢᠭᠤᠯᠬᠤ ᠨᠢᠭᠡᠴᠢ ᠶᠢᠨ ᠪᠠᠷᠢᠯᠭ᠎ᠠ ᠶᠢᠨ ᠶᠠᠰᠤ ᠴᠢᠨᠠᠷ ᠤᠨ ᠲᠡᠷᠢᠭᠦᠨ | ᠴᠢᠬᠤᠯᠠ ᠬᠠᠷᠢᠭᠤᠴᠠᠯᠭ᠎ᠠ ᠶᠢ ᠴᠢᠩᠭᠠᠷᠠᠭᠤᠯᠵᠤ᠂ ᠬᠠᠶᠢᠨ ᠪᠠᠶᠢᠴᠠᠭᠠᠬᠤ᠂ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ | ᠬᠢᠨᠠᠨ ᠬᠠᠮᠢᠶᠠᠷᠬᠤ ᠵᠡᠷᠭᠡ ᠨᠢᠭᠡᠴᠢ ᠨᠢ ᠪᠠᠷᠢᠯᠭ᠎ᠠ ᠶᠢᠨ ᠶᠠᠰᠤ ᠴᠢᠨᠠᠷ ᠲᠤ ᠵᠣᠬᠢᠬᠤ ᠭᠤᠤᠯ ᠴᠣᠭᠴᠠ ᠶᠢᠨ | ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠶ᠃ ᠵᠠᠰᠠᠮᠠᠯ ᠵᠠᠮ ᠤᠨ ᠪᠠᠷᠢᠯᠭ᠎ᠠ ᠨᠢ ᠵᠢᠷᠤᠵᠤ ᠲᠥᠯᠥᠪᠯᠡᠨ ᠬᠡᠷᠡᠭᠯᠡᠬᠦ | ᠬᠤᠭᠤᠴᠠᠭᠠᠨ ᠳᠤ ᠪᠠᠷᠢᠯᠭ᠎ᠠ ᠶᠢᠨ ᠲᠥᠷᠥᠯ ᠵᠦᠶᠯ ᠤᠨ ᠶᠠᠰᠤ ᠴᠢᠨᠠᠷ ᠲᠤ ᠡᠭᠦᠷᠢᠳᠡ ᠶᠢᠨ ᠬᠠᠷᠢᠭᠤᠴᠠᠯᠭ᠎ᠠ ᠶᠢᠨ | ᠲᠦᠷᠢᠮ ᠢ ᠬᠡᠷᠡᠭᠵᠢᠭᠦᠯᠵᠦ᠂ ᠪᠠᠷᠢᠯᠭ᠎ᠠ ᠶᠢᠨ ᠶᠠᠰᠤ ᠴᠢᠨᠠᠷ ᠲᠤ ᠡᠭᠦᠷᠢᠳᠡ ᠶᠢᠨ ᠬᠠᠷᠢᠭᠤᠴᠠᠯᠭ᠎ᠠ ᠶᠢᠨ ᠪᠢᠴᠢᠭᠯᠡᠭᠰᠡᠨ | ᠠᠮᠠᠯᠠᠯᠲᠠ ᠶᠢᠨ ᠲᠦᠷᠢᠮ᠂ ᠡᠭᠦᠷᠢᠳᠡ ᠶᠢᠨ ᠴᠢᠨᠠᠷᠲᠠᠶ ᠫᠠᠶᠢᠰᠠ ᠢᠯᠡᠷᠬᠡᠶᠢᠯᠡᠯ ᠤᠨ ᠲᠦᠷᠢᠮ᠂ ᠶᠠᠰᠤ ᠴᠢᠨᠠᠷ ᠤᠨ | ᠮᠡᠳᠡᠭᠡ ᠵᠠᠩᠭᠢ ᠶᠢᠨ ᠲᠠᠩᠰᠠ ᠡᠪᠬᠡᠮᠡᠯ ᠵᠡᠷᠭᠡ ᠲᠦᠷᠢᠮ ᠢ ᠨᠠᠶᠢᠳᠠᠪᠤᠷᠢᠵᠢᠭᠤᠯᠤᠨ᠎ᠠ᠃ | ᠭᠤᠴᠢᠨ ᠨᠢᠭᠡᠳᠦᠭᠡᠷ ᠵᠦᠢᠯ ᠪᠦᠲᠦᠭᠡᠨ ᠪᠠᠶᠢᠭᠤᠯᠬᠤ᠂ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ᠂ | ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠵᠡᠷᠭᠡ ᠠᠵᠢᠯ ᠡᠷᠬᠢᠯᠡᠬᠦ ᠨᠢᠭᠡᠴᠢ ᠨᠢ ᠵᠠᠰᠠᠮᠠᠯ ᠵᠠᠮ ᠤᠨ ᠪᠠᠷᠢᠯᠭ᠎ᠠ ᠶᠢᠨ | ᠲᠥᠷᠥᠯ ᠵᠦᠢᠯ ᠤᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠠᠵᠤ | ᠠᠬᠤᠶᠢᠯᠠᠯ ᠤᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ ᠪᠣᠳᠠᠲᠠᠢ ᠡᠵᠡᠮᠳᠡᠭᠴᠢ᠂ ᠪᠣᠳᠠᠲᠠᠢ | ᠬᠠᠷᠢᠭᠤᠴᠠᠯᠭᠠᠲᠠᠨ ᠪᠣᠯ ᠠᠶᠤᠯᠭᠦᠢ ᠦᠢᠯᠡᠳᠪᠦᠷᠢᠯᠡᠯ ᠤᠨ ᠨᠢᠭᠡᠳᠦᠭᠡᠷ ᠬᠠᠷᠢᠭᠤᠴᠠᠯᠭᠠᠲᠠᠨ ᠮᠥᠨ᠂ ᠳᠤᠰ ᠨᠢᠭᠡᠴᠢ | ᠶᠢᠨ ᠢᠶᠠᠨ ᠠᠶᠤᠯᠭᠦᠢ ᠦᠢᠯᠡᠳᠪᠦᠷᠢᠯᠡᠯ ᠤᠨ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠨ᠎ᠡ᠃ ᠵᠠᠰᠠᠮᠠᠯ ᠵᠠᠮ ᠤᠨ | ᠪᠠᠷᠢᠯᠭ᠎ᠠ ᠶᠢᠨ ᠲᠥᠷᠥᠯ ᠵᠦᠢᠯ ᠨᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠬᠤᠯᠪᠣᠭᠳᠠᠯ ᠪᠦᠬᠦᠢ ᠪᠠᠷᠢᠮᠵᠢᠶ᠎ᠠ | ᠶᠣᠰᠣᠭᠠᠷ ᠠᠶᠤᠯᠭᠦᠢ ᠦᠢᠯᠡᠳᠪᠦᠷᠢᠯᠡᠯ ᠤᠨ ᠨᠥᠬᠦᠴᠡᠯ ᠢ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠨ ᠪᠠᠶᠢᠴᠠᠭᠠᠬᠤ | ᠳᠡᠰ ᠳᠠᠷᠠᠭᠠᠯᠠᠯ ᠢ ᠴᠢᠩᠭ᠎ᠠ ᠭᠦᠢᠴᠡᠳᠬᠡᠵᠦ᠂ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ ᠰᠠᠶ᠋ᠢ ᠵᠣᠬᠢᠶᠠᠨ | ᠪᠠᠶᠢᠭᠤᠯᠤᠨ ᠪᠠᠷᠢᠯᠭ᠎ᠠ ᠪᠠᠷᠢᠵᠤ ᠪᠣᠯᠤᠨ᠎ᠠ᠃ ᠵᠠᠰᠠᠮᠠᠯ ᠵᠠᠮ ᠤᠨ ᠪᠠᠷᠢᠯᠭ᠎ᠠ ᠶᠢᠨ ᠲᠥᠷᠥᠯ ᠵᠦᠢᠯ ᠢ ᠪᠠᠶᠢᠭᠤᠯᠬᠤ ᠳᠤ | ᠣᠷᠣᠯᠴᠠᠭᠰᠠᠨ ᠡᠯ᠎ᠡ ᠲᠠᠯ᠎ᠠ ᠶᠢᠨ ᠬᠢᠨ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ | ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠰᠠᠭᠤᠭ᠎ᠠ ᠭᠠᠵᠠᠷ ᠤᠨ ᠪᠦᠲᠦᠭᠡᠨ ᠪᠠᠶᠢᠭᠤᠯᠤᠯᠲᠠ᠂ ᠠᠮᠤᠷ | ᠲᠥᠪᠰᠢᠨ ᠤ ᠬᠠᠮᠢᠶᠠᠷᠤᠯᠲᠠ᠂ ᠪᠠᠷᠢᠯᠭ᠎ᠠ ᠶᠢᠨ ᠠᠵᠢᠯ᠂ ᠲᠥᠬᠦᠭᠡᠷᠦᠮᠵᠢ ᠶᠢᠨ ᠬᠠᠮᠢᠶᠠᠷᠤᠯᠲᠠ ᠵᠡᠷᠭᠡ ᠶᠢ | ᠴᠢᠩᠭᠠᠷᠠᠭᠤᠯᠤᠨ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠬᠠᠮᠢᠶᠠᠷᠤᠯᠲᠠ ᠶᠢ ᠪᠡᠶᠡᠯᠡᠭᠦᠯᠬᠦ ᠬᠡᠷᠡᠭᠲᠡᠶ᠃ | | | ᠵᠢᠷᠭᠤᠳᠤᠭᠠᠷ ᠪᠦᠯᠦᠭ ᠪᠦᠲᠦᠭᠡᠨ ᠪᠠᠶᠢᠭᠤᠯᠬᠤ ᠪᠡᠯᠡ ᠮᠦᠩᠭᠦ ᠶᠢᠨ ᠬᠢᠨᠠᠯᠲᠠ ᠬᠠᠮᠢᠶᠠᠷᠤᠯᠲᠠ | ᠭᠤᠴᠢᠨ ᠬᠤᠶᠠᠳᠤᠭᠠᠷ ᠵᠦᠢᠯ ᠵᠠᠰᠠᠭ ᠤᠨ ᠣᠷᠳᠣᠨ ᠤ ᠪᠡᠯᠠ ᠣᠷᠣᠭᠤᠯᠤᠭᠰᠠᠨ ᠵᠠᠰᠠᠮᠠᠯ ᠵᠡᠮ ᠤᠨ ᠲᠦᠷᠦᠯ | ᠵᠦᠢᠯ ᠳᠤ᠂ ᠵᠡᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠡᠷᠬᠡᠪᠰᠢ ᠵᠠᠰᠠᠮᠠᠯ ᠵᠡᠮ | ᠤᠨ ᠪᠦᠳᠦᠭᠡᠠ ᠪᠠᠶᠢᠭᠤᠯᠤᠯᠲᠠ ᠶᠢᠨ ᠪᠡᠯᠠ ᠮᠥᠩᠭᠦ ᠶᠢ ᠴᠤᠭᠯᠠᠭᠤᠯᠬᠤ᠂ ᠬᠡᠷᠡᠭᠯᠡᠬᠦ ᠪᠠ ᠬᠠᠮᠢᠶᠠᠷᠬᠤ ᠪᠦᠬᠦ ᠶᠠᠪᠤᠴᠠ | ᠳᠤ ᠬᠢᠨᠠᠯᠲᠠ ᠪᠠᠶᠢᠴᠠᠭᠠᠯᠲᠠ ᠬᠢᠵᠦ᠂ ᠪᠦᠳᠦᠭᠡᠠ ᠪᠠᠶᠢᠭᠤᠯᠤᠯᠲᠠ ᠶᠢᠨ ᠪᠡᠯᠠ ᠮᠥᠩᠭᠦ ᠶᠢᠨ ᠠᠮᠤᠷ ᠲᠥᠪᠰᠢᠨ ᠢ | ᠦᠨᠡᠨ ᠬᠦ ᠪᠠᠲᠤᠯᠠᠬᠤ ᠬᠡᠷᠡᠭᠲᠡᠢ᠃ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠭᠤᠣᠯ ᠠᠭᠤᠯᠭ᠎ᠠ᠄ | ︵ᠨᠢᠭᠡ︶ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠲᠤᠰᠬᠠᠶ ᠵᠣᠭᠤᠰ ᠢ ᠲᠤᠰᠬᠠᠶ ᠵᠦᠶᠯ ᠳᠤ | ᠨᠢ ᠬᠡᠷᠡᠭᠯᠡᠬᠦ᠂ ᠲᠤᠰᠬᠠᠶ ᠳᠠᠩᠰᠠ ᠪᠠᠷ ᠬᠠᠳᠠᠭᠠᠯᠠᠬᠤ᠂ ᠡᠵᠡᠯᠡᠨ ᠠᠪᠴᠤ ᠨᠡᠭᠦᠯᠭᠡᠨ ᠬᠡᠷᠡᠭᠯᠡᠵᠦ ᠪᠣᠯᠬᠤ ᠦᠭᠡᠶ ᠵᠡᠷᠭᠡ | ᠬᠤᠯᠪᠣᠭᠳᠠᠯ ᠪᠦᠬᠦᠢ ᠬᠠᠮᠢᠶᠠᠷᠤᠯᠲᠠ ᠶᠢᠨ ᠲᠣᠭᠲᠠᠭᠠᠯ ᠢ ᠴᠢᠩᠭ᠎ᠠ ᠬᠡᠷᠡᠭᠵᠢᠭᠦᠯᠦᠭᠰᠡᠨ ᠡᠰᠡᠬᠦ︔ | ︵ᠬᠤᠶᠠᠷ︶ ᠲᠣᠶᠢᠮᠣ ᠲᠥᠰᠦᠪ ᠤᠨ ᠬᠠᠮᠢᠶᠠᠷᠤᠯᠲᠠ ᠶᠢᠨ ᠲᠣᠭᠲᠠᠭᠠᠯ ᠢ ᠴᠢᠩᠭ᠎ᠠ ᠬᠡᠷᠡᠭᠵᠢᠭᠦᠯᠦᠭᠰᠡᠨ | ᠡᠰᠡᠬᠦ᠂ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠲᠥᠯᠥᠪᠯᠡᠭᠡ ᠠᠴᠠ ᠭᠠᠳᠠᠨᠠᠬᠢ ᠪᠠᠷᠢᠯᠭ᠎ᠠ ᠳᠤ | ᠬᠡᠷᠡᠭᠯᠡᠭᠰᠡᠨ ᠡᠰᠡᠬᠦ︔ | ︵ᠭᠤᠷᠪᠠ︶ ᠪᠡᠯᠡ ᠮᠥᠩᠭᠦ ᠶᠢᠨ ᠢᠷᠡᠯᠲᠡ ᠨᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠳᠤ | ᠨᠡᠶᠢᠴᠡᠬᠦ ᠡᠰᠡᠬᠦ᠂ ᠢᠵᠢ ᠪᠦᠷᠢᠳᠦᠭᠦᠯᠬᠦ ᠪᠡᠯᠡ ᠮᠥᠩᠭᠦ ᠶᠢ ᠨᠠᠶᠢᠳᠠᠪᠤᠷᠢᠵᠢᠭᠤᠯᠤᠭᠰᠠᠨ ᠡᠰᠡᠬᠦ᠂ ᠴᠠᠭ ᠲᠤᠬᠠᠶ ᠳᠤ ᠨᠢ | ᠪᠣᠳᠠᠲᠠᠶᠢᠵᠢᠭᠤᠯᠤᠭᠰᠠᠨ ᠡᠰᠡᠬᠦ︔ | ︵ᠳᠥᠷᠪᠡ︶ ᠪᠠᠷᠢᠯᠭ᠎ᠠ ᠶᠢᠨ ᠠᠬᠢᠴᠠ ᠶᠢᠨ ᠵᠣᠭᠤᠰ ᠢ ᠭᠡᠷ᠎ᠡ ᠳᠤ ᠲᠣᠭᠲᠠᠭᠠᠭᠰᠠᠨ ᠶᠣᠰᠣᠭᠠᠷ ᠰᠠᠯᠭᠠᠨ | ᠥᠭᠭᠦᠭᠰᠡᠨ ᠡᠰᠡᠬᠦ᠂ ᠥᠨᠳᠥᠷ ᠵᠢᠱᠢᠵᠦ ᠬᠠᠭᠤᠷᠮᠠᠭᠯᠠᠨ ᠪᠣᠳᠣᠭᠰᠠᠨ᠂ ᠬᠤᠳᠠᠯ ᠢᠶᠠᠷ ᠮᠡᠳᠡᠭᠦᠯᠵᠦ ᠬᠠᠭᠤᠷᠮᠠᠭᠯᠠᠨ | ᠠᠪᠤᠭᠰᠠᠨ ᠪᠠᠶᠢᠳᠠᠯ ᠪᠠᠶᠢᠬᠤ ᠡᠰᠡᠬᠦ᠂ ᠪᠠᠷᠢᠯᠭ᠎ᠠ ᠶᠢᠨ ᠪᠡᠯᠡᠳᠬᠡᠯ ᠵᠠᠷᠤᠳᠠᠯ ᠢ ᠬᠡᠷᠡᠭᠯᠡᠭᠰᠡᠨ ᠨᠢ ᠬᠤᠯᠪᠣᠭᠳᠠᠯ ᠪᠦᠬᠦᠢ | ᠲᠣᠭᠲᠠᠭᠠᠯ ᠳᠤ ᠨᠡᠶᠢᠴᠡᠬᠦ ᠡᠰᠡᠬᠦ︔ | ︵ᠲᠠᠪᠤ︶ ᠬᠢᠵᠠᠭᠠᠷᠯᠠᠬᠤ ᠲᠤᠭ᠎ᠠ ᠬᠡᠮᠵᠢᠶᠡᠨ ᠳᠣᠲᠣᠷ᠎ᠠ ᠲᠣᠭᠲᠠᠭᠠᠯ ᠶᠣᠰᠣᠭᠠᠷ ᠪᠦᠲᠦᠭᠡᠨ ᠪᠠᠶᠢᠭᠤᠯᠤᠯᠲᠠ | ᠶᠢᠨ ᠬᠠᠮᠢᠶᠠᠷᠤᠯᠲᠠ ᠶᠢᠨ ᠵᠠᠷᠤᠳᠠᠯ ᠢ ᠬᠡᠷᠡᠭᠯᠡᠭᠰᠡᠨ ᠡᠰᠡᠬᠦ᠂ ᠲᠣᠭᠲᠠᠭᠠᠭᠰᠠᠨ ᠬᠠᠷᠢᠴᠠᠯ ᠶᠣᠰᠣᠭᠠᠷ ᠪᠠᠷᠢᠯᠭ᠎ᠠ ᠶᠢᠨ | ᠶᠠᠰᠤ ᠴᠢᠨᠠᠷ ᠤᠨ ᠪᠠᠲᠤᠯᠠᠭ᠎ᠠ ᠶᠢᠨ ᠮᠥᠩᠭᠦ ᠶᠢ ᠤᠷᠢᠳᠴᠢᠯᠠᠨ ᠦᠯᠡᠳᠡᠭᠡᠭᠰᠡᠨ ᠡᠰᠡᠬᠦ᠂ ᠪᠦᠲᠦᠭᠡᠨ ᠪᠠᠶᠢᠭᠤᠯᠤᠯᠲᠠ | ᠶᠢᠨ ᠥᠪᠡᠷ ᠤᠨ ᠥᠷᠲᠡᠭ ᠢ ᠬᠠᠤᠯᠢ ᠪᠤᠰᠤ ᠪᠠᠷ ᠥᠷᠭᠡᠳᠬᠡᠭᠰᠡᠨ ᠠᠰᠠᠭᠤᠳᠠᠯ ᠪᠠᠶᠢᠬᠤ ᠡᠰᠡᠬᠦ︔ | ︵ᠵᠢᠷᠭᠤᠭ᠎ᠠ︶ ᠲᠥᠷᠥᠯ ᠵᠦᠶᠯ ᠤᠨ ᠪᠠᠷᠢᠯᠭ᠎ᠠ ᠳᠠᠭᠤᠰᠤᠭᠰᠠᠨ ᠡᠳ᠋ ᠤᠨ ᠶᠠᠪᠤᠳᠠᠯ ᠤᠨ ᠲᠥᠰᠦᠪ ᠤᠨ | ᠭᠦᠶᠴᠡᠳᠬᠡᠯ ᠢ ᠲᠣᠭᠲᠠᠭᠠᠯ ᠶᠣᠰᠣᠭᠠᠷ ᠨᠠᠶᠢᠷᠠᠭᠤᠯᠤᠨ ᠵᠣᠬᠢᠶᠠᠭᠰᠠᠨ ᠡᠰᠡᠬᠦ᠂ ᠡᠳ᠋ ᠬᠥᠷᠥᠩᠭᠡ ᠶᠢ ᠰᠢᠯᠵᠢᠭᠦᠯᠦᠨ | ᠲᠤᠰᠢᠶᠠᠬᠤ ᠭᠠᠷᠳᠠᠮ ᠢ ᠭᠦᠶᠴᠡᠳᠬᠡᠭᠰᠡᠨ ᠡᠰᠡᠬᠦ᠂ ᠪᠣᠶ ᠪᠣᠯᠤᠭᠰᠠᠨ ᠡᠳ᠋ ᠬᠥᠷᠥᠩᠭᠡ ᠶᠢ ᠴᠠᠭ ᠲᠤᠬᠠᠶ ᠳᠤ ᠨᠢ | ᠳᠡᠩᠰᠡᠯᠡᠵᠦ ᠳᠠᠩᠰᠠᠨ ᠳᠤ ᠣᠷᠣᠭᠤᠯᠤᠭᠰᠠᠨ ᠡᠰᠡᠬᠦ︔ | ︵ᠲᠤᠯᠤᠭ᠎ᠠ︶ ᠡᠳ᠋ ᠤᠨ ᠶᠠᠪᠤᠳᠠᠯ ᠤᠨ ᠨᠢᠭᠲᠠᠯᠠᠨ ᠪᠤᠳᠤᠬᠤ ᠪᠠᠶᠢᠭᠤᠯᠤᠮᠵᠢ ᠶᠢ ᠪᠠᠶᠢᠭᠤᠯᠤᠨ | ᠲᠡᠭᠦᠯᠳᠡᠷᠵᠢᠭᠦᠯᠵᠦ᠂ ᠵᠣᠬᠢᠴᠠᠩᠭᠤᠢ ᠡᠳ᠋ ᠤᠨ ᠶᠠᠪᠤᠳᠠᠯ ᠤᠨ ᠨᠢᠭᠲᠠᠯᠠᠨ ᠪᠤᠳᠤᠬᠤ ᠠᠵᠢᠯᠳᠠᠨ ᠢ ᠲᠤᠬᠢᠷᠠᠭᠤᠯᠤᠭᠰᠠᠨ | ᠡᠰᠡᠬᠦ᠃ ᠡᠯ᠎ᠡ ᠵᠦᠢᠯ ᠤᠨ ᠤᠭ ᠲᠡᠮᠳᠡᠭᠯᠡᠯ᠂ ᠲᠤᠭ᠎ᠠ ᠪᠦᠷᠢᠳᠬᠡᠯ ᠤᠨ ᠡᠬᠡ ᠳᠠᠩᠰᠠ᠂ ᠭᠡᠷᠡᠴᠢ ᠪᠠᠷᠢᠮᠲᠠ ᠶᠢᠨ | ᠳᠠᠩᠰᠠ᠂ ᠨᠢᠭᠲᠠᠯᠠᠨ ᠪᠣᠳᠣᠵᠤ ᠲᠣᠭᠠᠴᠠᠭ᠎ᠠ ᠬᠢᠬᠦ᠂ ᠡᠳ᠋ ᠤᠨ ᠶᠠᠪᠤᠳᠠᠯ ᠤᠨ ᠮᠡᠳᠡᠭᠦᠯᠦᠯᠲᠡ᠂ ᠳᠣᠲᠣᠭᠠᠳᠤ | ᠡᠵᠡᠮᠳᠡᠯ ᠤᠨ ᠳᠦᠷᠢᠮ ᠵᠡᠷᠭᠡ ᠰᠠᠭᠤᠷᠢ ᠴᠢᠨᠠᠷᠲᠠᠶ ᠠᠵᠢᠯ ᠨᠢ ᠪᠦᠷᠢᠨ ᠲᠡᠭᠦᠯᠳᠡᠷ᠂ ᠵᠢᠷᠤᠮᠵᠢᠭᠰᠠᠨ ᠡᠰᠡᠬᠦ᠃ | ᠠᠵᠤ ᠠᠬᠤᠶᠢᠯᠠᠯ ᠤᠨ ᠪᠡᠯᠡ ᠣᠷᠣᠭᠤᠯᠤᠭᠰᠠᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠳᠤ᠂ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ ᠪᠠᠶᠢᠭ᠎ᠠ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠪᠡᠯᠡ ᠮᠥᠩᠭᠦ ᠶᠢ ᠪᠣᠳᠠᠲᠠᠶᠢᠵᠢᠭᠤᠯᠵᠤ ᠪᠠᠶᠢᠭ᠎ᠠ ᠪᠠᠶᠢᠳᠠᠯ᠂ ᠬᠡᠷᠡᠭᠯᠡᠵᠦ ᠪᠠᠶᠢᠭ᠎ᠠ | ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠬᠡᠷᠡᠭᠲᠡᠶ᠃ | ᠭᠤᠴᠢᠨ ᠭᠤᠷᠪᠠᠳᠤᠭᠠᠷ ᠵᠦᠢᠯ ᠲᠥᠷᠥᠯ ᠵᠦᠢᠯ ᠤᠨ ᠬᠠᠤᠯᠢ ᠶᠢᠨ ᠡᠷᠬᠡᠲᠡᠨ ᠨᠢ ᠵᠠᠰᠠᠮᠠᠯ ᠵᠠᠮ ᠤᠨ | ᠪᠠᠷᠢᠯᠭ᠎ᠠ ᠶᠢᠨ ᠥᠷᠲᠡᠭ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ᠲᠥᠷᠥᠯ ᠵᠦᠢᠯ ᠤᠨ | ᠥᠷᠲᠡᠭ ᠲᠤ ᠪᠦᠬᠦ ᠶᠠᠪᠤᠴᠠ ᠶᠢᠨ ᠬᠠᠮᠢᠶᠠᠷᠤᠯᠲᠠ ᠪᠠ ᠡᠵᠡᠮᠳᠡᠯ ᠬᠢᠵᠦ᠂ ᠪᠦᠲᠦᠭᠡᠨ ᠪᠠᠶᠢᠭᠤᠯᠬᠤ ᠥᠪᠡᠷ ᠤᠨ | ᠥᠷᠲᠡᠭ ᠢ ᠵᠦᠢ ᠵᠣᠬᠢᠰᠲᠠᠶ ᠡᠵᠡᠮᠳᠡᠬᠦ ᠶᠢᠨ ᠬᠠᠮᠲᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ | ᠰᠠᠯᠠᠭ᠎ᠠ ᠮᠥᠴᠢᠷ ᠤᠨ ᠬᠢᠨᠠᠯᠲᠠ ᠪᠠᠶᠢᠴᠠᠭᠠᠯᠲᠠ ᠶᠢ ᠬᠦᠯᠢᠶᠡᠬᠦ ᠬᠡᠷᠡᠭᠲᠡᠶ᠃ ᠲᠥᠷᠥᠯ ᠵᠦᠶᠯ ᠤᠨ ᠪᠠᠷᠢᠯᠭ᠎ᠠ | ᠲᠤᠰᠢᠶᠠᠵᠤ ᠰᠢᠯᠭᠠᠨ ᠠᠪᠤᠭᠰᠠᠨ ᠤ ᠳᠠᠷᠠᠭ᠎ᠠ᠂ ᠲᠥᠷᠥᠯ ᠵᠦᠶᠯ ᠤᠨ ᠬᠠᠤᠯᠢ ᠶᠢᠨ ᠡᠷᠬᠡᠲᠡᠨ ᠨᠢ ᠦᠯᠡᠳᠡᠭᠳᠡᠯ | ᠪᠠᠷᠢᠯᠭ᠎ᠠ ᠶᠢ ᠴᠠᠭ ᠲᠤᠬᠠᠶ ᠳᠤ ᠨᠢ ᠵᠣᠬᠢᠶᠠᠨ ᠪᠠᠶᠢᠭᠤᠯᠤᠨ ᠪᠡᠶᠡᠯᠡᠭᠦᠯᠵᠦ᠂ ᠪᠠᠷᠢᠯᠭ᠎ᠠ ᠶᠢᠨ ᠲᠥᠰᠦᠪ ᠤᠨ | ᠭᠦᠶᠴᠡᠳᠬᠡᠯ ᠢ ᠨᠠᠶᠢᠷᠠᠭᠤᠯᠤᠨ ᠵᠣᠬᠢᠶᠠᠵᠤ᠂ ᠪᠠᠷᠢᠯᠭ᠎ᠠ ᠳᠠᠭᠤᠰᠤᠭᠰᠠᠨ ᠲᠥᠰᠦᠪ ᠤᠨ ᠭᠦᠶᠴᠡᠳᠬᠡᠯ ᠤᠨ ᠬᠢᠨᠠᠨ | ᠪᠤᠳᠤᠯᠲᠠ ᠶᠢ ᠪᠡᠶᠡᠯᠡᠭᠦᠯᠬᠦ ᠬᠡᠷᠡᠭᠲᠡᠶ᠃ ᠪᠠᠷᠢᠯᠭ᠎ᠠ ᠶᠢᠨ ᠲᠥᠷᠥᠯ ᠵᠦᠢᠯ ᠤᠨ ᠶᠠᠰᠤ ᠴᠢᠨᠠᠷ ᠤᠨ ᠳᠤᠲᠠᠭᠳᠠᠯ ᠤᠨ | ᠬᠠᠷᠢᠭᠤᠴᠠᠯᠭ᠎ᠠ ᠶᠢᠨ ᠬᠤᠭᠤᠴᠠᠭ᠎ᠠ ᠨᠢ ᠳᠦᠭᠦᠷᠦᠭᠰᠡᠨ ᠤ ᠳᠠᠷᠠᠭ᠎ᠠ᠂ ᠲᠥᠷᠥᠯ ᠵᠦᠢᠯ ᠤᠨ ᠬᠠᠤᠯᠢ ᠶᠢᠨ ᠡᠷᠬᠡᠲᠡᠨ | ᠨᠢ ᠶᠠᠰᠤ ᠴᠢᠨᠠᠷ ᠤᠨ ᠬᠢᠨᠠᠨ ᠲᠣᠭᠲᠠᠭᠠᠯᠲᠠ ᠬᠢᠯᠭᠡᠬᠦ ᠪᠠᠷ ᠴᠠᠭ ᠲᠤᠬᠠᠶ ᠳᠤ ᠨᠢ ᠭᠤᠶᠤᠴᠢᠯᠠᠵᠤ᠂ ᠬᠢᠨᠠᠨ | ᠲᠣᠭᠲᠠᠭᠠᠯᠲᠠ ᠬᠢᠭᠡᠳ ᠬᠢᠷᠢ ᠲᠡᠩᠴᠡᠭᠰᠡᠨ ᠪᠣᠯ ᠪᠠᠷᠢᠯᠭ᠎ᠠ ᠶᠢᠨ ᠶᠠᠰᠤ ᠴᠢᠨᠠᠷ ᠤᠨ ᠪᠠᠲᠤᠯᠠᠭᠠᠲᠤ ᠮᠥᠩᠭᠦ ᠶᠢ ᠴᠠᠭ | ᠲᠤᠬᠠᠶ ᠳᠤ ᠨᠢ ᠪᠤᠴᠠᠭᠠᠬᠤ ᠬᠡᠷᠡᠭᠲᠡᠶ᠃ | ᠭᠤᠴᠢᠨ ᠳᠥᠷᠪᠡᠳᠦᠭᠡᠷ ᠵᠦᠢᠯ ᠲᠥᠷᠥᠯ ᠵᠦᠢᠯ ᠤᠨ ᠬᠠᠤᠯᠢ ᠶᠢᠨ ᠡᠷᠬᠡᠲᠡᠨ ᠨᠢ ᠵᠠᠰᠠᠮᠠᠯ ᠵᠠᠮ ᠤᠨ | ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ ᠪᠣᠯᠤᠨ ᠣᠨ ᠤ ᠪᠡᠯᠡ ᠣᠷᠣᠭᠤᠯᠤᠯᠲᠠ ᠶᠢᠨ ᠲᠥᠯᠥᠪᠯᠡᠭᠡ ᠶᠢᠨ | ᠶᠣᠰᠣᠭᠠᠷ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠴᠤᠭᠯᠠᠭᠤᠯᠬᠤ ᠶᠢᠨ ᠬᠠᠮᠲᠤ᠂ ᠭᠡᠷ᠎ᠡ ᠶᠢᠨ ᠲᠣᠭᠲᠠᠭᠠᠯ | ᠶᠣᠰᠣᠭᠠᠷ ᠪᠠᠷᠢᠯᠭ᠎ᠠ ᠶᠢᠨ ᠵᠣᠭᠤᠰ ᠢ ᠥᠭᠴᠦ᠂ ᠤᠴᠢᠷ ᠰᠢᠯᠲᠠᠭᠠᠨ ᠦᠭᠡᠶ ᠪᠠᠷ ᠥᠷᠢᠲᠦᠵᠦ ᠪᠣᠯᠬᠤ ᠦᠭᠡᠶ᠃ | ᠣᠷᠣᠨ ᠨᠤᠲᠤᠭ ᠤᠨ ᠢᠵᠢ ᠪᠦᠷᠢᠳᠦᠭᠦᠯᠬᠦ ᠪᠡᠯᠡ ᠮᠥᠩᠭᠦ ᠶᠢ ᠪᠣᠳᠠᠲᠠᠶᠢᠵᠢᠭᠤᠯᠤᠭᠰᠠᠨ ᠦᠭᠡᠶ ᠠᠴᠠ ᠪᠣᠯᠵᠤ᠂ | ᠠᠬᠢᠴᠠ᠂ ᠶᠠᠰᠤ ᠴᠢᠨᠠᠷ᠂ ᠠᠮᠤᠷ ᠲᠥᠪᠰᠢᠨ ᠢ ᠨᠥᠯᠥᠭᠡᠯᠡᠭᠰᠡᠨ ᠪᠤᠶᠤ ᠨᠡᠶᠢᠭᠡᠮ ᠳᠤ ᠮᠠᠭᠤ ᠨᠥᠯᠥᠭᠡ | ᠦᠵᠡᠭᠦᠯᠦᠭᠰᠡᠨ ᠪᠣᠯ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠳᠠᠷᠠᠭ᠎ᠠ ᠵᠢᠯ ᠤᠨ ᠲᠤᠰᠠᠯᠠᠮᠵᠢ ᠶᠢᠨ ᠪᠡᠯᠡ | ᠮᠥᠩᠭᠦ ᠶᠢᠨ ᠲᠣᠬᠢᠷᠠᠭᠤᠯᠤᠯᠲᠠ ᠶᠢ ᠪᠠᠭᠠᠰᠬᠠᠵᠤ ᠪᠣᠯᠤᠨ᠎ᠠ᠃ | | | ᠳᠣᠯᠣᠳᠤᠭᠠᠷ ᠪᠦᠯᠦᠭ ᠳᠠᠭᠠᠯᠳᠤᠭᠤᠯᠤᠭᠰᠠᠨ ᠲᠦᠷᠢᠮ | ᠭᠤᠴᠢᠨ ᠲᠠᠪᠤᠳᠤᠭᠠᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ | ᠳᠠᠷᠠᠭ᠎ᠠ ᠬᠡᠷᠡᠭᠵᠢᠭᠦᠯᠵᠦ᠂ ᠬᠦᠴᠦᠨ ᠲᠠᠢ ᠬᠤᠭᠤᠴᠠᠭ᠎ᠠ ᠨᠢ 5 ᠵᠢᠯ ᠪᠣᠯᠤᠨ᠎ᠠ᠃ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ︾ | ︵ᠥᠪᠥᠷ ᠵᠠᠮ ᠲᠠᠷᠬᠠᠭᠠᠭᠰᠠᠨ〔 2009〕571 ᠳ᠋ᠦ᠋ᠭᠡᠷ ᠲᠣᠭᠠᠲᠤ︶ ᠶᠢ ᠬᠠᠮᠲᠤ ᠳᠤ ᠨᠢ ᠬᠦᠴᠦᠨ ᠦᠭᠡᠶ | ᠪᠣᠯᠭᠠᠨ᠎ᠠ᠃ | ᠭᠤᠴᠢᠨ ᠵᠢᠷᠭᠤᠳᠤᠭᠠᠷ ᠵᠦᠶᠯ ᠲᠣᠰ ᠠᠷᠭ᠎ᠠ ᠳᠤ ᠡᠰᠢᠯᠡᠨ ᠬᠡᠷᠡᠭᠯᠡᠭᠰᠡᠨ ᠤᠯᠤᠰ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠲᠣᠭᠲᠠᠭᠠᠯ ᠳᠤ᠂ ᠳᠠᠭᠢᠵᠤ | ᠵᠠᠰᠠᠪᠤᠷᠢ ᠣᠷᠣᠭᠤᠯᠤᠨ ᠨᠡᠶᠢᠲᠡᠯᠡᠵᠦ ᠬᠡᠷᠡᠭᠵᠢᠭᠦᠯᠦᠭᠰᠡᠨ ᠪᠠᠶᠢᠪᠠᠯ᠂ ᠬᠠᠮᠤᠭ ᠤᠨ ᠰᠢᠨ᠎ᠡ ᠠᠷᠭ᠎ᠠ ᠪᠠᠷ | ᠬᠡᠷᠡᠭᠵᠢᠭᠦᠯᠦᠨ᠎ᠡ᠃ | ᠭᠤᠴᠢᠨ ᠳᠣᠯᠣᠳᠤᠭᠠᠷ ᠵᠦᠢᠯ ᠲᠤᠰ ᠠᠷᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠬᠠᠷᠢᠭᠤᠴᠠᠨ ᠲᠠᠶᠢᠯᠪᠤᠷᠢᠯᠠᠨ᠎ᠠ᠃ | | | ᠬᠠᠮᠢᠶ᠎ᠠ ᠪᠥᠬᠦᠶ ᠲᠠᠶᠢᠯᠤᠮᠵᠢ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ | ᠪᠥᠲᠥᠭᠡᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ᠶᠢᠨ ᠲᠠᠶᠢᠯᠤᠮᠵᠢ | ᠬᠠᠮᠢᠶ᠎ᠠ ᠪᠥᠬᠦᠶ ᠵᠢᠷᠤᠭᠲᠤ ᠲᠠᠶᠢᠯᠤᠮᠵᠢ᠄ ᠨᠢᠭᠡ ᠵᠢᠷᠤᠭ ᠢᠶᠠᠷ ᠤᠩᠰᠢᠵᠤ ᠣᠶᠢᠯᠠᠭᠠᠶ᠎ᠠ — ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠬᠢᠨᠠᠯᠲᠠ | ᠬᠠᠮᠢᠶᠠᠷᠤᠯᠲᠠ ᠶᠢᠨ ᠠᠷᠭ᠎ᠠ︾ |