︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ | ᠢᠯᠡ ᠪᠣᠯᠭᠠᠬᠤ ᠲᠦᠷᠢᠮ︾ ︵ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ 711 ᠳ᠋ᠦ᠋ᠭᠡᠷ ᠲᠣᠭᠠᠲᠤ︶᠂ | ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠣᠯᠭᠠᠬᠤ ᠠᠵᠢᠯ ᠤᠨ ᠣᠨ ᠤ ᠮᠡᠳᠡᠭᠦᠯᠦᠯᠲᠡ ᠶᠢᠨ ᠵᠠᠭᠪᠤᠷ﹀ ᠢ ᠳᠠᠷᠤᠮᠠᠯᠯᠠᠨ ᠲᠠᠷᠬᠠᠭᠠᠬᠤ ᠲᠤᠬᠠᠶ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠡ ᠵᠠᠩᠭᠢ ᠬᠢᠭᠡᠳ ᠵᠠᠰᠠᠭ ᠤᠨ ᠶᠠᠪᠤᠳᠠᠯ ᠢ ᠢᠯᠡ ᠪᠣᠯᠭᠠᠬᠤ | ᠠᠯᠪᠠᠨ ᠬᠡᠷ ᠤᠨ ᠮᠡᠳᠡᠭᠳᠡᠯ︾ ︵ᠲᠥᠷᠥ ᠠᠯᠪᠠᠨ ᠢᠯᠡ ᠪᠣᠯᠭᠠᠬᠤ ᠠᠯᠪᠠᠨ ᠵᠠᠬᠢᠳᠠᠯ〔 2021〕30 ᠳ᠋ᠤᠭᠠᠷ | ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠢᠩᠬᠢᠮ 2022 ᠣᠨ ᠤ ᠵᠠᠰᠠᠭ ᠤᠨ ᠣᠷᠳᠣᠨ ᠤ | ᠮᠡᠳᠡᠭᠡ ᠵᠠᠩᠭᠢ ᠶᠢᠨ ᠠᠵᠢᠯ ᠤᠨ ᠣᠨ ᠤ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠪᠠ᠃ ᠲᠣᠰ ᠣᠨ ᠤ | ᠮᠡᠳᠡᠭᠦᠯᠦᠯᠲᠡ ᠶᠢᠨ ᠡᠯᠧᠺᠲᠷᠣᠨ ᠬᠡᠪᠯᠡᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠰᠦᠯᠵᠢᠶ᠎ᠡ ︵http᠄ //jtyst.nmg.gov.cn/︶ ᠠᠴᠠ | ᠪᠠᠭᠤᠯᠭᠠᠨ ᠠᠪᠴᠤ ᠪᠣᠯᠤᠨ᠎ᠠ᠃ ᠬᠡᠷᠪᠡ ᠲᠤᠰ ᠣᠨ ᠤ ᠮᠡᠳᠡᠭᠦᠯᠦᠯᠲᠡ ᠳᠤ ᠰᠡᠵᠢᠭᠯᠡᠯ ᠲᠠᠢ ᠪᠠᠶᠢᠪᠠᠯ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠠᠯᠪᠠᠨ ᠬᠡᠷ ᠲᠠᠢ | ᠬᠠᠷᠢᠯᠴᠠᠭᠠᠷᠠᠶ ︵ᠳ᠋ᠢᠶᠠᠩᠬᠤᠸᠠ᠄ 0471 - 6960316︶᠃ | ᠨᠢᠭᠡ᠂ ᠶᠡᠷᠦᠩᠬᠡᠢ ᠪᠠᠶᠢᠳᠠᠯ | 2022 ᠣᠨ ᠳᠤ᠂ ᠮᠠᠨ ᠤ ᠲᠢᠩᠬᠢᠮ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ | ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠪᠥᠬᠦ ᠲᠠᠯ᠎ᠠ ᠪᠠᠷ ᠠᠬᠢᠭᠤᠯᠬᠤ ᠲᠤᠬᠠᠶ ᠲᠥᠪ ᠪᠠ ᠥᠪᠡᠷᠲᠡᠭᠡᠨ | ᠵᠠᠰᠠᠬᠤ ᠣᠷᠣᠨ ᠤ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠵᠠᠰᠠᠭ ᠤᠨ ᠣᠷᠳᠣᠨ ᠤ ᠭᠤᠤᠯ ᠠᠵᠢᠯ ᠤᠨ ᠲᠣᠭᠤᠷᠢᠨ ᠳᠤ᠂ ᠨᠡᠶᠢᠭᠡᠮ ᠤᠨ ᠠᠩᠬᠠᠷᠤᠯ ᠳᠤ | ᠲᠥᠪᠯᠡᠷᠡᠭᠦᠯᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠵᠢᠷᠤᠮᠵᠢᠭᠤᠯᠬᠤ ᠬᠢᠷᠢ ᠲᠦᠪᠰᠢᠨ ᠢᠶᠠᠨ ᠲᠠᠰᠤᠷᠠᠯᠲᠠ | ᠥᠬᠡᠶ ᠳᠡᠭᠡᠭᠰᠢᠯᠡᠭᠦᠯᠪᠡ᠃ ᠲᠢᠩᠬᠢᠮ ᠤᠨ ᠫᠣᠷᠲ᠋ᠧᠯ ᠰᠦᠯᠵᠢᠶ᠎ᠡ ᠨᠢ ᠪᠥᠬᠦ ᠵᠢᠯ ᠳᠤ ᠡᠯ᠎ᠡ ᠲᠥᠷᠥᠯ ᠤᠨ ᠮᠡᠳᠡᠭᠡ | ᠵᠠᠩᠭᠢ ᠶᠢ 5.19 ᠲᠦᠮᠡᠨ ᠵᠤᠷᠪᠤᠰ ᠨᠡᠶᠢᠲᠡᠯᠡᠪᠡ᠃ | ︵ᠨᠢᠭᠡ︶ ᠰᠠᠨᠠᠭᠠᠴᠢᠯᠠᠭ᠎ᠠ ᠠᠴᠠ ᠪᠠᠨ ᠢᠯᠡ ᠪᠣᠯᠭᠠᠭᠰᠠᠨ ᠪᠠᠶᠢᠳᠠᠯ᠃ 2022 ᠣᠨ ᠤ ᠵᠠᠰᠠᠭ ᠤᠨ | ᠶᠠᠪᠤᠳᠠᠯ ᠢ ᠢᠯᠡ ᠪᠣᠯᠭᠠᠬᠤ ᠠᠵᠢᠯ ᠤᠨ ᠭᠤᠣᠯᠳᠠᠯᠭ᠎ᠠ ᠶᠢ ᠳᠠᠷᠤᠮᠠᠯᠯᠠᠨ ᠲᠠᠷᠬᠠᠭᠠᠵᠤ᠂ ᠪᠦᠬᠦ ᠵᠢᠯ ᠤᠨ ᠵᠠᠰᠠᠭ ᠤᠨ | ᠶᠠᠪᠤᠳᠠᠯ ᠢ ᠢᠯᠡ ᠪᠣᠯᠭᠠᠬᠤ ᠠᠵᠢᠯ ᠢ ᠨᠢᠭᠡᠳᠦᠯᠲᠡᠢ ᠲᠥᠯᠥᠪᠯᠡᠨ ᠵᠢᠯᠣᠭᠤᠳᠪᠠ᠃ ︽ᠵᠠᠰᠠᠭ ᠤᠨ ᠣᠷᠳᠣᠨ ᠤ | ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ︾ ᠤᠨ ᠬᠠᠮᠢᠶ᠎ᠠ ᠪᠥᠬᠦᠶ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ | ᠲᠣᠰ ᠣᠨ ᠳᠤ ᠮᠠᠨ ᠤ ᠲᠢᠩᠬᠢᠮ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠤᠰᠬᠠᠶ | ᠪᠤᠯᠤᠩ ᠳᠤ ᠨᠡᠶᠢᠲᠡ 229 ᠵᠤᠷᠪᠤᠰ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ | ᠨᠡᠶᠢᠲᠡᠯᠡᠨ᠂ ᠡᠭᠦᠨ ᠳᠤ 15 ᠬᠤᠪᠢ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ | ᠨᠡᠶᠢᠲᠡᠯᠡᠵᠦ᠂ 15 ᠵᠤᠷᠪᠤᠰ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠮᠡᠳᠡᠭᠡ ᠵᠠᠩᠭᠢ ᠶᠢ ᠨᠡᠶᠢᠲᠡᠯᠡᠪᠡ︔ | ᠠᠵᠤ ᠠᠬᠤᠶᠢᠯᠠᠯ ᠳᠤ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠶᠢᠨ ᠲᠤᠰᠬᠠᠶ ᠪᠤᠯᠤᠩ ᠨᠡᠮᠡᠵᠦ᠂ ᠠᠵᠤ | ᠠᠬᠤᠶᠢᠯᠠᠯ ᠳᠤ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ 4 ᠵᠤᠷᠪᠤᠰ ᠨᠡᠶᠢᠲᠡᠯᠡᠪᠡ︔ | ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢ 28 ᠵᠤᠷᠪᠤᠰ ᠨᠡᠶᠢᠲᠡᠯᠡᠪᠡ︔ ᠲᠢᠩᠬᠢᠮ ᠤᠨ ᠲᠣᠰ ᠱᠠᠲᠤ ᠵᠢᠴᠢ | ᠬᠠᠷᠢᠶ᠎ᠠ ᠬᠤᠶᠠᠳᠤᠭᠠᠷ ᠳᠡᠰ ᠤᠨ ᠨᠢᠭᠡᠴᠢ ᠶᠢᠨ ᠲᠥᠰᠦᠪ ᠪᠠ ᠲᠥᠰᠦᠪ ᠤᠨ ᠭᠦᠶᠴᠡᠳᠬᠡᠯ ᠤᠨ ᠮᠡᠳᠡᠭᠡ ᠵᠠᠩᠭᠢ ᠶᠢ | 45 ᠵᠤᠷᠪᠤᠰ ᠢᠯᠡ ᠪᠣᠯᠭᠠᠪᠠ︔ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ | ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠭᠦᠶᠴᠡᠳᠬᠡᠭᠰᠡᠨ ᠦᠷ᠎ᠡ | ᠳ᠋ᠦᠩ 31 ᠵᠤᠷᠪᠤᠰ ᠵᠡᠷᠭᠡ ᠮᠡᠳᠡᠭᠡ ᠵᠠᠩᠭᠢ ᠶᠢ ᠢᠯᠡ ᠪᠣᠯᠭᠠᠪᠠ᠃ 23 ᠵᠤᠷᠪᠤᠰ ᠲᠠᠶᠢᠯᠤᠮᠵᠢ ᠶᠢ ᠨᠡᠶᠢᠲᠡᠯᠡᠬᠦ ᠪᠠ | ᠰᠢᠯᠵᠢᠭᠦᠯᠦᠨ ᠨᠡᠶᠢᠲᠡᠯᠡᠵᠦ᠂ ᠲᠢᠩᠬᠢᠮ ᠤᠨ ᠳᠠᠷᠤᠭ᠎ᠠ ᠶᠢᠨ ᠵᠠᠬᠢᠳᠠᠯ ᠤᠨ ᠬᠠᠶᠢᠷᠴᠠᠭ᠂ ᠰᠦᠯᠵᠢᠶᠡᠨ ᠳᠡᠭᠡᠷᠡᠬᠢ | ᠯᠠᠪᠯᠠᠭ᠎ᠠ᠂ ᠵᠠᠬᠢᠳᠠᠯ ᠰᠤᠷᠪᠤᠯᠵᠢᠯᠠᠭ᠎ᠠ ᠶᠢᠨ ᠵᠠᠭᠠᠯᠳᠤᠯᠭ᠎ᠠ ᠶᠢ ᠲᠣᠰ ᠲᠣᠰ 72᠂ 140᠂ 40 ᠵᠤᠷᠪᠤᠰ ᠭᠥᠯᠢᠶᠡᠨ | ᠠᠪᠬᠤ ᠶᠢᠨ ᠬᠠᠮᠲᠤ ᠭᠦᠶᠴᠡᠳᠬᠡᠵᠦ᠂ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ᠂ ᠰᠠᠨᠠᠯ ᠬᠤᠷᠢᠶᠠᠬᠤ᠂ ᠰᠦᠯᠵᠢᠶᠡᠨ | ᠳᠡᠭᠡᠷᠡᠬᠢ ᠪᠠᠶᠢᠴᠠᠭᠠᠯᠲᠠ ᠶᠢ ᠲᠣᠰ ᠲᠣᠰ 3᠂ 16᠂ 2 ᠵᠤᠷᠪᠤᠰ ᠨᠡᠶᠢᠲᠡᠯᠡᠪᠡ᠃ | ︵ᠬᠤᠶᠠᠷ︶ ᠭᠤᠶᠤᠴᠢᠯᠠᠯ ᠶᠣᠰᠣᠭᠠᠷ ᠢᠯᠡ ᠪᠣᠯᠭᠠᠭᠰᠠᠨ ᠪᠠᠶᠢᠳᠠᠯ᠃ ᠠᠭᠤᠯᠭ᠎ᠠ ᠶᠢᠨ ᠬᠢᠨᠠᠨ | ᠬᠠᠷᠭᠤᠭᠤᠯᠤᠯᠲᠠ ᠶᠢ ᠴᠢᠩᠭᠠᠳᠬᠠᠵᠤ᠂ ᠪᠠᠷᠢᠮᠵᠢᠶᠠᠲᠤ ᠲᠣᠪᠬᠢᠮᠠᠯ ᠢ ᠬᠡᠷᠡᠭᠵᠢᠭᠦᠯᠦᠨ᠂ ᠭᠦᠶᠴᠡᠳᠬᠡᠬᠦ ᠶᠠᠰᠤ ᠴᠢᠨᠠᠷ ᠢ | ᠪᠥᠬᠦ ᠲᠠᠯ᠎ᠠ ᠪᠠᠷ ᠳᠡᠭᠡᠭᠰᠢᠯᠡᠭᠦᠯᠪᠡ᠃ 2022 ᠣᠨ ᠳᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠣᠯᠭᠠᠬᠤ ᠭᠤᠶᠤᠴᠢᠯᠠᠯ ᠢ 14 ᠬᠤᠪᠢ ᠭᠦᠢᠴᠡᠳᠬᠡᠵᠦ᠂ ᠠᠳᠠᠯᠢ ᠬᠤᠭᠤᠴᠠᠭᠠᠨ ᠤ ᠬᠢ ᠠᠴᠠ 28% ᠪᠠᠷ | ᠨᠡᠮᠡᠭᠳᠡᠵᠦ᠂ ᠮᠡᠳᠡᠭᠡ ᠵᠠᠩᠭᠢ ᠶᠢ ᠢᠯᠡ ᠪᠣᠯᠭᠠᠬᠤ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠳᠠᠬᠢᠨ ᠵᠥᠪᠯᠡᠬᠦ | ᠶᠠᠪᠤᠳᠠᠯ ᠭᠠᠷᠤᠭᠰᠠᠨ ᠥᠬᠡᠶ᠃ | ︵ᠭᠤᠷᠪᠠ︶ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠪᠠᠶᠢᠳᠠᠯ᠃ ᠨᠢᠭᠡ ᠳᠤ᠂ | 2021 ᠣᠨ ᠳᠤ ᠪᠥᠬᠦ ᠲᠠᠯ᠎ᠠ ᠪᠠᠷ ᠢᠯᠭᠠᠷᠠᠭᠤᠯᠤᠭᠰᠠᠨ ᠤ ᠳᠠᠷᠠᠭ᠎ᠠ ᠦᠷᠭᠦᠯᠵᠢᠯᠡᠨ ᠬᠦᠴᠦᠨ ᠲᠠᠢ ᠭᠠᠷᠴᠠᠭ ᠲᠤ | ᠵᠢᠭᠰᠠᠭᠠᠨ ᠣᠷᠣᠭᠤᠯᠤᠭᠰᠠᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠢᠯᠭᠠᠷᠠᠭᠤᠯᠵᠤ᠂ | ᠦᠷᠭᠦᠯᠵᠢᠯᠡᠨ ᠬᠦᠴᠦᠨ ᠲᠠᠢ ᠨᠢ 35 ᠬᠤᠪᠢ᠂ 1 ᠬᠤᠪᠢ ᠶᠢ ᠬᠦᠴᠦᠨ ᠥᠬᠡᠶ ᠪᠣᠯᠭᠠᠪᠠ᠃ ᠬᠤᠶᠠᠷ ᠲᠤ᠂ | ︽ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ | ᠪᠣᠯᠭᠠᠬᠤ ᠪᠠᠷᠢᠮᠵᠢᠶ᠎ᠠ ᠶᠢᠨ ᠵᠢᠯᠣᠭᠤᠳᠤᠮᠵᠢ︾ ᠪᠣᠯᠤᠨ ︽ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠠᠵᠤ | ᠠᠬᠤᠶᠢᠯᠠᠯ ᠤᠨ ᠮᠡᠳᠡᠭᠡ ᠵᠠᠩᠭᠢ ᠶᠢ ᠢᠯᠡ ᠪᠣᠯᠭᠠᠬᠤ ᠲᠣᠭᠲᠠᠭᠠᠯ︾ ᠤᠨ ᠨᠠᠶᠢᠳᠠᠪᠤᠷᠢᠵᠢᠭᠤᠯᠤᠯᠲᠠ ᠶᠢ ᠤᠯᠠᠮ ᠨᠢᠭᠡ | ᠠᠯᠬᠤᠮ ᠠᠬᠢᠭᠤᠯᠵᠤ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠬᠤ | ᠪᠠ ᠵᠢᠷᠤᠮᠵᠢᠭᠤᠯᠬᠤ ᠪᠠᠶᠢᠭᠤᠯᠤᠯᠲᠠ ᠶᠢ ᠠᠬᠢᠭᠤᠯᠵᠤ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠠᠵᠤ | ᠠᠬᠤᠶᠢᠯᠠᠯ ᠤᠨ ᠣᠯᠠᠨ ᠨᠡᠶᠢᠲᠡ ᠶᠢᠨ ᠦᠶᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠪᠡ᠃ | ︵ᠳᠥᠷᠪᠡ︶ ᠲᠠᠪᠴᠠᠩ ᠤᠨ ᠪᠠᠶᠢᠭᠤᠯᠤᠯᠲᠠ ᠶᠢᠨ ᠪᠠᠶᠢᠳᠠᠯ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢ | ᠢᠯᠡ ᠪᠣᠯᠭᠠᠬᠤ ᠲᠠᠪᠴᠠᠩ ᠢ ᠦᠷᠭᠦᠯᠵᠢᠯᠡᠨ ᠲᠡᠭᠦᠯᠳᠡᠷᠵᠢᠭᠦᠯᠵᠦ᠂ IPv6 ᠶᠢᠨ ᠥᠭᠡᠷᠡᠴᠢᠯᠡᠯᠲᠡ᠂ ᠵᠠᠰᠠᠭ ᠤᠨ | ᠣᠷᠳᠣᠨ ᠤ ᠰᠦᠯᠵᠢᠶᠡᠨ ᠥᠷᠲᠡᠭᠡ ᠶᠢᠨ ᠨᠠᠰᠤᠲᠠᠶᠢᠴᠤᠳ ᠲᠤ ᠲᠣᠬᠢᠷᠠᠭᠤᠯᠬᠤ ᠪᠥᠲᠥᠭᠡᠨ ᠪᠠᠶᠢᠭᠤᠯᠤᠯᠲᠠ ᠪᠠ | ᠰᠠᠭᠠᠳ ᠥᠬᠡᠶ ᠪᠣᠯᠭᠠᠬᠤ ᠥᠭᠡᠷᠡᠴᠢᠯᠡᠯᠲᠡ ᠶᠢ ᠪᠡᠶᠡᠯᠡᠭᠦᠯᠪᠡ᠃ ᠣᠯᠠᠨ ᠨᠡᠶᠢᠲᠡ ᠶᠢᠨ ᠶᠠᠪᠤᠵᠤ ᠰᠠᠭᠤᠬᠤ | ᠲᠠᠪᠴᠠᠩ ᠢ ᠳᠡᠰ ᠳᠡᠪᠰᠢᠭᠦᠯᠵᠦ᠂ ᠡᠯ᠎ᠡ ᠲᠥᠷᠥᠯ ᠤᠨ ᠵᠠᠮ ᠬᠠᠷᠢᠯᠴᠠᠭᠠᠨ ᠤ ᠮᠡᠳᠡᠭᠡ ᠵᠠᠩᠭᠢ ᠶᠢᠨ ᠡᠬᠢ ᠪᠠᠶᠠᠯᠢᠭ ᠢ | ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ ᠴᠠᠭ ᠲᠤᠬᠠᠶ ᠳᠤ ᠨᠢ ᠪᠠᠶᠢᠴᠠᠭᠠᠨ ᠯᠠᠪᠯᠠᠬᠤ ᠶᠢ ᠪᠡᠶᠡᠯᠡᠭᠦᠯᠪᠡ᠃ | ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ ᠶᠢᠨ ᠬᠥᠮᠥᠷᠭᠡ ᠶᠢᠨ ᠲᠤᠰᠬᠠᠶ ᠪᠤᠯᠤᠩ ᠢ ᠨᠡᠮᠡᠵᠦ᠂ ᠵᠠᠮ | ᠲᠡᠭᠡᠭᠡᠪᠦᠷᠢ᠂ ᠠᠶᠠᠨᠴᠢᠳ ᠤᠨ ᠲᠡᠭᠡᠭᠡᠪᠦᠷᠢ ᠶᠢᠨ ᠬᠠᠮᠢᠶᠠᠷᠤᠯᠲᠠ᠂ ᠬᠢᠷᠢ ᠬᠡᠮ ᠤᠨ ᠰᠢᠯᠭᠠᠯᠲᠠ᠂ ᠵᠠᠰᠠᠮᠠᠯ ᠵᠠᠮ | ᠤᠰᠤᠨ ᠵᠠᠮ᠂ ᠮᠠᠰᠢᠨ ᠲᠡᠷᠭᠡ ᠰᠡᠯᠪᠢᠨ ᠵᠠᠰᠠᠬᠤ ᠵᠡᠷᠭᠡ ᠲᠠᠯ᠎ᠠ ᠶᠢᠨ ᠲᠥᠷᠥ ᠶᠢᠨ ᠪᠣᠳᠣᠯᠭ᠎ᠠ ᠶᠢ ᠠᠰᠠᠭᠤᠯᠲᠠ | ᠬᠠᠷᠢᠭᠤᠯᠲᠠ ᠶᠢᠨ ᠬᠡᠯᠪᠡᠷᠢ ᠪᠠᠷ ᠨᠡᠶᠢᠲᠡᠯᠡᠪᠡ᠃ | ︵ᠲᠠᠪᠤ︶ ᠬᠢᠨᠠᠯᠲᠠ ᠲᠠᠯᠪᠢᠯᠲᠠ ᠶᠢᠨ ᠪᠠᠲᠤᠯᠠᠭ᠎ᠠ ᠶᠢᠨ ᠪᠠᠶᠢᠳᠠᠯ᠃ ᠲᠢᠩᠬᠢᠮ ᠤᠨ ᠫᠤᠷᠲ᠋ᠧᠯ ᠰᠦᠯᠵᠢᠶ᠎ᠡ ᠶᠢᠨ | ᠪᠠᠶᠢᠩᠭᠤᠵᠢᠭᠰᠠᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠨᠢᠭᠡᠴᠢ ᠡᠯ᠎ᠡ ᠰᠠᠯᠠᠭ᠎ᠠ ᠮᠥᠴᠢᠷ ᠤᠨ ᠢᠯᠡ | ᠪᠣᠯᠭᠠᠭᠰᠠᠨ ᠪᠠᠶᠢᠳᠠᠯ ᠳᠤ ︽ᠤᠯᠠᠷᠢᠯ + ᠵᠢᠯ ᠤᠨ ᠡᠴᠦᠰ︾ ᠢᠶᠠᠷ ᠦᠨᠡᠯᠡᠨ ᠵᠢᠱᠢᠯᠲᠡ ᠬᠢᠵᠦ᠂ ᠰᠢᠯᠭᠠᠨ ᠬᠢᠨᠠᠵᠤ | ᠦᠨᠡᠯᠡᠨ ᠵᠢᠱᠢᠬᠦ ᠪᠠᠷ ᠠᠵᠢᠯ ᠢᠶᠠᠨ ᠠᠬᠢᠭᠤᠯᠤᠨ᠂ ᠠᠵᠢᠯ ᠢᠶᠠᠨ ᠰᠠᠶᠢᠵᠢᠷᠠᠭᠤᠯᠵᠤ᠂ ᠤᠳᠤᠷᠢᠳᠤᠮᠵᠢ ᠶᠢ ᠪᠤᠢ | ᠪᠣᠯᠭᠠᠨ᠂ ᠡᠯ᠎ᠡ ᠵᠦᠶᠯ ᠤᠨ ᠠᠵᠢᠯ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠪᠠ᠃ | ᠵᠠᠰᠠᠭ ᠤᠨ ᠶᠠᠪᠤᠳᠠᠯ ᠢ ᠢᠯᠡ ᠪᠣᠯᠭᠠᠬᠤ ᠪᠣᠯᠪᠠᠰᠤᠷᠠᠭᠤᠯᠤᠯ ᠢ ᠥᠷᠨᠢᠭᠦᠯᠵᠦ᠂ ᠲᠢᠩᠬᠢᠮ ᠤᠨ ᠰᠢᠭᠤᠳ ᠬᠠᠷᠢᠶ᠎ᠠ | ᠨᠢᠭᠡᠴᠢ ᠪᠠ ᠪᠠᠶᠢᠭᠤᠯᠭ᠎ᠠ ᠶᠢᠨ ᠭᠠᠵᠠᠷ ᠲᠠᠰᠤᠭ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠲᠤ | ᠲᠥᠪᠯᠡᠷᠡᠭᠦᠯᠦᠭᠰᠡᠨ ᠪᠣᠯᠪᠠᠰᠤᠷᠠᠭᠤᠯᠤᠯ ᠦᠷᠨᠢᠭᠦᠯᠪᠡ᠃ | | | ᠬᠤᠶᠠᠷ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠭᠰᠠᠨ | ᠪᠠᠶᠢᠳᠠᠯ | | | | | | ᠭᠤᠷᠪᠠ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠᠷ ᠭᠤᠶᠤᠴᠢᠯᠠᠬᠤ ᠶᠢ ᠬᠦᠯᠢᠶᠡᠨ | ᠠᠪᠤᠭᠰᠠᠨ ᠪᠠ ᠰᠢᠢᠳᠪᠦᠷᠢᠯᠡᠭᠰᠡᠨ ᠪᠠᠶᠢᠳᠠᠯ | | | | | | | ᠳᠥᠷᠪᠡ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢᠨ ᠵᠠᠰᠠᠭ ᠵᠠᠬᠢᠷᠭᠠᠨ ᠤ ᠳᠠᠬᠢᠨ | ᠵᠥᠪᠯᠡᠭᠰᠡᠨ᠂ ᠵᠠᠰᠠᠭ ᠵᠠᠬᠢᠷᠭᠠᠨ ᠤ ᠵᠠᠷᠭᠤ ᠶᠢᠨ ᠪᠠᠶᠢᠳᠠᠯ | | | | | ᠲᠠᠪᠤ᠂ ᠣᠷᠣᠰᠢᠵᠤ ᠪᠠᠶᠢᠭ᠎ᠠ ᠭᠤᠣᠯ ᠠᠰᠠᠭᠤᠳᠠᠯ ᠬᠢᠭᠡᠳ ᠰᠠᠶᠢᠵᠢᠷᠠᠭᠤᠯᠤᠭᠰᠠᠨ ᠪᠠᠶᠢᠳᠠᠯ | 2022 ᠣᠨ ᠳᠤ᠂ ᠮᠠᠨ ᠤ ᠲᠢᠩᠬᠢᠮ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ | ᠠᠵᠢᠯ ᠳᠤ ᠮᠦᠨ ᠵᠠᠷᠢᠮ ᠠᠰᠠᠭᠤᠳᠠᠯ ᠪᠠ ᠬᠦᠷᠦᠯᠴᠡᠬᠦ ᠥᠬᠡᠶ ᠲᠠᠯ᠎ᠠ ᠣᠷᠣᠰᠢᠵᠤ ᠪᠠᠶᠢᠨ᠎ᠠ᠂ ᠭᠤᠤᠯᠳᠠᠭᠤ᠄ ᠮᠡᠳᠡᠭᠡ | ᠵᠠᠩᠭᠢ ᠶᠢ ᠢᠯᠡ ᠪᠣᠯᠭᠠᠬᠤ ᠠᠭᠤᠯᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠠᠵᠢᠯ ᠲᠥᠷᠥᠯ ᠤᠨ | ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠵᠢᠯᠣᠭᠤᠳᠣᠯᠭ᠎ᠠ ᠶᠢ ᠴᠢᠩᠭᠠᠳᠬᠠᠬᠤ | ᠴᠢᠬᠤᠯᠠᠲᠠᠶ᠃ ᠮᠠᠨ ᠤ ᠲᠢᠩᠬᠢᠮ ᠳᠣᠤᠷᠠᠬᠢ ᠠᠵᠢᠯ ᠤᠳ ᠢ ᠬᠦᠴᠦᠯᠡᠨ ᠬᠢᠵᠡᠶ᠃ ᠨᠢᠭᠡ ᠳᠤ᠂ ᠢᠯᠡ ᠪᠣᠯᠭᠠᠬᠤ | ᠠᠭᠤᠯᠭ᠎ᠠ ᠶᠢ ᠰᠢᠯᠢᠳᠡᠭᠵᠢᠭᠦᠯᠪᠡ᠃ ᠠᠷᠠᠳ ᠣᠯᠠᠨ ᠤ ᠠᠰᠢᠭ ᠲᠤᠰᠠ ᠲᠠᠢ ᠨᠢᠭᠲᠠ ᠬᠤᠯᠪᠣᠭ᠎ᠠ ᠲᠠᠢ ᠲᠥᠷᠥ ᠶᠢᠨ | ᠪᠣᠳᠣᠯᠭ᠎ᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠤᠯᠠᠮ ᠴᠢᠨᠠᠭᠰᠢᠲᠠ ᠥᠷᠭᠡᠳᠬᠡᠪᠡ᠃ ᠬᠤᠶᠠᠷ ᠲᠤ᠂ | ᠪᠢᠴᠢᠭ ᠮᠠᠲ᠋ᠧᠷᠢᠶᠠᠯ ᠳᠠᠷᠤᠮᠠᠯᠯᠠᠨ ᠲᠠᠷᠬᠠᠭᠠᠵᠤ ᠦᠨᠳᠦᠰᠦᠨ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ | ᠮᠥᠴᠢᠷ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠵᠢᠯᠣᠭᠤᠳᠣᠯᠭ᠎ᠠ ᠶᠢ ᠴᠢᠩᠭᠠᠳᠬᠠᠪᠠ᠃ | | ᠵᠢᠷᠭᠤᠭ᠎ᠠ᠂ ᠮᠡᠳᠡᠭᠦᠯᠬᠦ ᠴᠢᠬᠤᠯᠠᠲᠠᠶ ᠪᠤᠰᠤᠳ ᠵᠦᠢᠯᠡᠰ | ᠲᠣᠰ ᠵᠢᠯ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠬᠢᠮ ᠨᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠮᠡᠳᠡᠭᠡ ᠵᠠᠩᠭᠢ ᠶᠢ ᠰᠢᠶᠳᠪᠦᠷᠢᠯᠡᠬᠦ | ᠰᠦᠶᠳᠬᠡᠯ ᠬᠤᠷᠢᠶᠠᠭᠰᠠᠨ ᠥᠬᠡᠶ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ | | 2023 ᠣᠨ ᠤ 1 ᠳ᠋ᠦ᠋ᠭᠡᠷ ᠰᠠᠷ᠎ᠠ ᠶᠢᠨ 30 ᠤ ᠡᠳᠦᠷ | | | ᠳᠠᠭᠠᠯᠳᠤᠭᠤᠯᠤᠯ᠄ 2022 ᠣᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ | ᠠᠵᠢᠯ ᠤᠨ ᠣᠨ ᠤ ᠮᠡᠳᠡᠭᠦᠯᠦᠯᠲᠡ | |