ᠥᠪᠥᠷ ᠮᠣᠩᠭᠤᠯ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠦᠯᠦᠭᠯᠡᠯ ᠎ ᠳᠤ ᠨᠢᠰᠬᠡᠯ ᠤᠨ ᠪᠠᠭᠤᠳᠠᠯ ᠤᠨ ᠨᠡᠷ᠎ᠡ ᠶᠢ ᠬᠠᠯᠠᠬᠤ ᠲᠥᠯᠥᠪᠯᠡᠭᠡ ᠪᠠᠶᠢᠬᠤ ᠡᠰᠡᠬᠦ ᠶᠢ ᠯᠠᠪᠯᠠᠬᠤ ᠰᠠᠨᠠᠭᠠᠲᠠᠶ
ᠨᠡᠶᠢᠲᠡᠯᠡᠭᠰᠡᠨ ᠴᠠᠭ᠄
2023/2/9
     ᠯᠠᠪᠯᠠᠬᠤ ᠠᠭᠤᠯᠭ᠎ᠠ᠄ ᠠᠷᠠᠳ ᠤᠨ ᠠᠭᠠᠷ ᠤᠨ ᠲᠡᠭᠡᠭᠡᠪᠦᠷᠢ ᠶᠢᠨ ᠲᠣᠪᠴᠢᠶ᠎ᠠ ᠶᠢᠨ ᠬᠠᠮᠤᠭ ᠤᠨ ᠰᠢᠨ᠎ᠡ ︽ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠬᠡᠷᠡᠭᠯᠡᠬᠦ ᠵᠥᠪᠰᠢᠶᠡᠷᠡᠯ ᠤᠨ ᠲᠣᠭᠲᠠᠭᠠᠯ︾᠎ ᠢ ᠦᠨᠳᠦᠰᠦᠯᠡᠪᠡᠯ᠂ ᠨᠢᠰᠬᠡᠯ ᠤᠨ ᠪᠠᠭᠤᠳᠠᠯ ᠨᠢᠭᠡᠪᠦᠷᠢ ᠳᠤ ᠴᠥᠮ ᠲᠤᠰᠬᠠᠶ ᠨᠡᠷ᠎ᠡ ᠪᠠᠶᠢᠬᠤ ᠬᠡᠷᠡᠭᠲᠡᠶ᠂ 2019 ᠣᠨ ᠳᠤ ᠲᠣᠰ ᠰᠢᠨ᠎ᠡ ᠲᠣᠭᠲᠠᠭᠠᠯ ᠢ ᠨᠡᠶᠢᠲᠡᠯᠡᠭᠰᠡᠨ ᠤ ᠳᠠᠷᠠᠭ᠎ᠠ᠂ ᠨᠢᠰᠬᠡᠯ ᠤᠨ ᠪᠠᠭᠤᠳᠠᠯ ᠬᠤᠶᠢᠨ᠎ᠠ ᠬᠤᠶᠢᠨ᠎ᠠ ᠠᠴᠠ ᠪᠠᠨ ᠨᠡᠷ᠎ᠡ ᠪᠠᠨ ᠬᠠᠯᠠᠭᠰᠠᠨ ᠪᠠᠶᠢᠨ᠎ᠠ᠂ ᠪᠥᠬᠦ ᠤᠯᠤᠰ ᠲᠤ ᠣᠳᠣᠬᠠᠨ ᠳᠤ ᠵᠥᠪᠬᠡᠨ 16 ᠨᠢᠰᠬᠡᠯ ᠤᠨ ᠪᠠᠭᠤᠳᠠᠯ ᠲᠤᠰᠬᠠᠶ ᠨᠡᠷ᠎ᠡ ᠪᠠᠶᠢᠬᠤ ᠥᠬᠡᠶ᠂ ᠬᠠᠷᠢᠨ ᠥᠪᠥᠷ ᠮᠣᠩᠭᠤᠯ ᠤᠨ ᠬᠠᠷᠢᠶ᠎ᠠ ᠣᠷᠣᠨ ᠳᠤ ᠰᠢᠯᠢᠩᠬᠤᠲᠠ᠂ ᠲᠦᠩᠯᠢᠶᠣᠤ᠂ ᠬᠤᠤᠯᠢᠨ ᠭᠤᠤᠯ᠂ ᠦᠬᠠᠶ ᠵᠡᠷᠭᠡ 4 ᠨᠢᠰᠬᠡᠯ ᠤᠨ ᠪᠠᠭᠤᠳᠠᠯ ᠲᠤᠰᠬᠠᠶ ᠨᠡᠷ᠎ᠡ ᠪᠠᠶᠢᠬᠤ ᠥᠬᠡᠶ᠂ ᠨᠢᠰᠬᠡᠯ ᠤᠨ ᠪᠠᠭᠤᠳᠠᠯ ᠤᠨ ᠨᠡᠷᠡᠶᠢᠳᠦᠯ ᠤᠨ ᠲᠣᠭᠲᠠᠭᠠᠯ ᠳᠤ ᠨᠡᠶᠢᠴᠡᠬᠦ ᠥᠬᠡᠶ ᠲᠤᠭ᠎ᠠ ᠬᠡᠮᠵᠢᠶ᠎ᠡ ᠨᠢ ᠪᠥᠬᠦ ᠤᠯᠤᠰ ᠤᠨ ᠳᠥᠷᠪᠡᠨ ᠤ ᠨᠢᠭᠡ ᠶᠢ ᠡᠵᠡᠯᠡᠪᠡ᠃ ᠥᠪᠥᠷ ᠮᠣᠩᠭᠤᠯ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠦᠯᠦᠭᠯᠡᠯ ᠨᠢ ᠡᠨᠡ ᠳᠥᠷᠪᠡᠨ ᠨᠢᠰᠬᠡᠯ ᠤᠨ ᠪᠠᠭᠤᠳᠠᠯ ᠤᠨ ᠨᠡᠷ᠎ᠡ ᠶᠢ ᠬᠠᠯᠠᠬᠤ ᠲᠥᠯᠥᠪᠯᠡᠭᠡ ᠪᠠᠶᠢᠨ᠎ᠠ ᠦᠦ᠂ ᠡᠰᠡᠬᠦᠯ᠎ᠡ ᠶᠠᠮᠠᠷ ᠨᠢᠭᠡᠨ ᠬᠤᠪᠢᠷᠠᠭᠤᠯᠬᠤ ᠪᠠᠷ ᠪᠡᠯᠡᠳᠬᠡᠵᠦ ᠪᠠᠶᠢᠭ᠎ᠠ ᠨᠡᠷᠡᠶᠢᠳᠦᠯ ᠪᠠᠶᠢᠨ᠎ᠠ ᠦᠦ᠂ ᠡᠰᠡᠬᠦᠯ᠎ᠡ ᠨᠢᠰᠬᠡᠯ ᠎ ᠤᠨ ᠪᠠᠭᠤᠳᠠᠯ ᠤᠨ ᠨᠡᠷᠡᠶᠢᠳᠦᠯ ᠢ ᠠᠷᠠᠳ ᠤᠨ ᠠᠭᠠᠷ ᠤᠨ ᠲᠡᠭᠡᠭᠡᠪᠦᠷᠢ ᠶᠢᠨ ᠲᠣᠪᠴᠢᠶ᠎ᠠ ᠳᠤ ᠨᠢᠭᠡᠨᠲᠡ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠳᠠᠬᠢᠨ ᠴᠤᠬᠤᠯᠠᠪᠤᠷᠢᠯᠠᠵᠤ ᠬᠤᠪᠢᠷᠠᠭᠤᠯᠤᠭᠰᠠᠨ ᠦᠦ︖      ᠬᠠᠷᠢᠭᠤᠯᠲᠠ᠄ ᠲᠠ ᠰᠠᠶᠢᠨ ᠦᠦ᠂ ᠲᠠᠨ ᠤ ᠯᠠᠪᠯᠠᠭᠰᠠᠨ ᠥᠪᠥᠷ ᠮᠣᠩᠭᠤᠯ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠦᠯᠦᠭᠯᠡᠯ ᠨᠢ ᠨᠢᠰᠬᠡᠯ ᠤᠨ ᠪᠠᠭᠤᠳᠠᠯ ᠤᠨ ᠨᠡᠷ᠎ᠡ ᠶᠢ ᠬᠠᠯᠠᠬᠤ ᠲᠥᠯᠥᠪᠯᠡᠭᠡ ᠪᠠᠶᠢᠬᠤ ᠡᠰᠡᠬᠦ ᠨᠢ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠬᠠᠮᠢᠶᠠᠷᠤᠯᠲᠠ ᠶᠢᠨ ᠬᠡᠪᠴᠢᠶᠡᠨ ᠎ ᠳᠤ ᠬᠠᠷᠢᠶᠠᠯᠠᠭᠳᠠᠬᠤ ᠥᠬᠡᠶ᠂ ᠬᠠᠮᠢᠶ᠎ᠠ ᠪᠥᠬᠦᠶ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠯᠠᠪᠯᠠᠭᠠᠷᠠᠶ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号