ᠲᠠ ᠰᠠᠶᠢᠨ ᠤᠤ᠂ ᠪᠢ ᠳᠣᠲᠣᠭᠠᠳᠤ ᠭᠤᠤᠯ ᠮᠦᠷᠡᠨ ᠪᠤᠶᠤ ᠨᠠᠭᠤᠷ ᠴᠦᠭᠦᠷᠦᠮ ᠳᠤ ᠤᠰᠤᠨ ᠳᠡᠭᠡᠷᠡᠬᠢ ᠲᠣᠭᠤᠷᠢᠨ ᠵᠢᠭᠤᠯᠴᠢᠯᠠᠬᠤ ᠣᠩᠭᠤᠴᠠ ᠪᠠ ᠬᠤᠳᠠᠯᠳᠤᠭᠠᠨ ᠳᠤ ᠬᠡᠷᠡᠭᠯᠡᠬᠦ ᠬᠤᠷᠳᠤᠨ ᠵᠡᠪᠢ ᠵᠢᠯᠤᠭᠤᠳᠬᠤ ᠳᠤ ᠶᠠᠮᠠᠷ ᠦᠨᠡᠮᠯᠡᠯ ᠭᠦᠢᠴᠡᠳᠬᠡᠪᠡᠯ ᠰᠠᠶ᠋ᠢ ᠡᠵᠡᠩᠨᠡᠵᠦ ᠪᠣᠯᠬᠤ ᠪᠣᠶ
ᠨᠡᠶᠢᠲᠡᠯᠡᠭᠰᠡᠨ ᠴᠠᠭ᠄
2023/3/22
     ᠯᠠᠪᠯᠠᠬᠤ ᠠᠭᠤᠯᠭ᠎ᠠ᠄ ᠲᠠ ᠰᠠᠶᠢᠨ ᠦᠦ᠂ ᠪᠢ ᠳᠣᠲᠣᠭᠠᠳᠤ ᠭᠤᠤᠯ ᠮᠦᠷᠡᠨ ᠪᠤᠶᠤ ᠨᠠᠭᠤᠷ ᠴᠦᠭᠦᠷᠦᠮ ᠳᠤ ᠤᠰᠤᠨ ᠳᠡᠭᠡᠷᠡᠬᠢ ᠲᠣᠭᠤᠷᠢᠨ ᠵᠢᠭᠤᠯᠴᠢᠯᠠᠬᠤ ᠣᠩᠭᠤᠴᠠ ᠪᠠ ᠬᠤᠳᠠᠯᠳᠤᠭᠠᠨ ᠳᠤ ᠬᠡᠷᠡᠭᠯᠡᠬᠦ ᠬᠤᠷᠳᠤᠨ ᠵᠡᠪᠢ ᠵᠢᠯᠤᠭᠤᠳᠬᠤ ᠰᠠᠨᠠᠭ᠎ᠠ ᠲᠠᠢ᠂ ᠶᠠᠮᠠᠷ ᠦᠨᠡᠮᠯᠡᠯ ᠭᠦᠢᠴᠡᠳᠬᠡᠪᠡᠯ ᠰᠠᠶ᠋ᠢ ᠡᠵᠡᠩᠨᠡᠵᠦ ᠪᠣᠯᠬᠤ ᠪᠣᠶ᠂ ᠶᠠᠮᠠᠷ ᠭᠠᠵᠠᠷ ᠣᠴᠢᠵᠤ ᠭᠦᠶᠴᠡᠳᠬᠡᠬᠦ ᠪᠣᠶ︖      ᠬᠠᠷᠢᠭᠤᠯᠲᠠ᠄ ︽ᠤᠯᠤᠰ ᠤᠨ ᠳᠣᠲᠣᠭᠠᠳᠤ ᠶᠢᠨ ᠤᠰᠤᠨ ᠵᠠᠮ ᠤᠨ ᠲᠡᠭᠡᠭᠡᠪᠦᠷᠢ ᠶᠢᠨ ᠬᠠᠮᠢᠶᠠᠷᠤᠯᠲᠠ ᠶᠢᠨ ᠲᠦᠷᠢᠮ︾ ᠵᠢᠴᠢ ᠬᠠᠮᠢᠶ᠎ᠠ ᠪᠥᠬᠦᠶ ᠲᠣᠭᠲᠠᠭᠠᠯ ᠶᠣᠰᠣᠭᠠᠷ᠂ ᠭᠤᠶᠤᠴᠢᠯᠠᠭᠴᠢ ᠠᠴᠠ ᠬᠠᠤᠯᠢ ᠶᠣᠰᠣᠭᠠᠷ ᠤᠰᠤᠨ ᠲᠡᠭᠡᠭᠡᠪᠦᠷᠢ ᠶᠢᠨ ᠠᠵᠤ ᠠᠬᠤᠶᠢᠯᠠᠯ ᠪᠠᠶᠢᠭᠤᠯᠵᠤ᠂ ᠪᠠᠶᠢᠭ᠎ᠠ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠎ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠬᠦᠷᠴᠦ ᠲᠡᠭᠡᠭᠡᠪᠦᠷᠢ ᠶᠢᠨ ᠴᠢᠳᠠᠪᠤᠷᠢ ᠶᠢᠨ ᠵᠥᠪᠰᠢᠶᠡᠷᠡᠯ ᠢ ᠭᠤᠶᠤᠴᠢᠯᠠᠵᠤ᠂ ᠳᠠᠷᠠᠭ᠎ᠠ ᠨᠢ ᠣᠩᠭᠤᠴᠠ ᠰᠠᠯ ᠬᠤᠳᠠᠯᠳᠤᠨ ᠠᠪᠴᠤ᠂ ᠣᠩᠭᠤᠴᠠ ᠰᠠᠯ ᠢ ᠳᠡᠩᠰᠡᠯᠡᠨ ᠲᠡᠮᠳᠡᠭᠯᠡᠭᠰᠡᠨ ᠦᠨᠡᠮᠯᠡᠯ᠂ ᠣᠩᠭᠤᠴᠠ ᠰᠠᠯ ᠢ ᠰᠢᠯᠭᠠᠨ ᠪᠠᠶᠢᠴᠠᠭᠠᠭᠰᠠᠨ ᠦᠨᠡᠮᠯᠡᠯ ᠪᠠ ᠣᠩᠭᠤᠴᠠ ᠰᠠᠯ ᠤᠨ ᠲᠡᠭᠡᠭᠡᠪᠦᠷᠢ ᠡᠵᠡᠩᠨᠡᠬᠦ ᠦᠨᠡᠮᠯᠡᠯ ᠢ ᠭᠦᠶᠴᠡᠳᠬᠡᠵᠦ᠂ ᠣᠩᠭᠤᠴᠠ ᠰᠠᠯ ᠤᠨ ᠦᠨᠡᠮᠯᠡᠯ ᠪᠦᠷᠢᠨ ᠭᠦᠶᠴᠡᠳ ᠪᠣᠯᠤᠭᠰᠠᠨ ᠎ ᠤ ᠳᠠᠷᠠᠭ᠎ᠠ᠂ ᠠᠵᠢᠯ ᠤᠨ ᠪᠠᠶᠢᠷᠢ ᠶᠢᠨ ᠱᠠᠭᠠᠷᠳᠠᠯᠭ᠎ᠠ ᠳᠤ ᠨᠡᠶᠢᠴᠡᠭᠰᠡᠨ ᠣᠩᠭᠤᠴᠠᠴᠢᠨ ᠢ ᠭᠦᠶᠴᠡᠳ ᠳᠣᠭᠢᠷᠠᠭᠤᠯᠪᠠᠯ ᠰᠠᠶ᠋ᠢ ᠤᠰᠤᠨ ᠵᠠᠮ ᠤᠨ ᠲᠡᠭᠡᠭᠡᠪᠦᠷᠢ ᠶᠢᠨ ᠲᠤᠬᠠᠶᠢᠯᠠᠭᠰᠠᠨ ᠠᠵᠢᠯ ᠢ ᠡᠷᠭᠢᠯᠡᠵᠦ ᠪᠣᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号