ᠵᠢᠷᠤᠮᠵᠢᠭᠤᠯᠬᠤ ᠶᠢ ᠠᠳᠬᠤᠵᠤ ᠴᠣᠮᠬᠠᠳᠬᠠᠬᠤ ᠶᠢ ᠴᠢᠬᠤᠯᠠᠴᠢᠯᠠᠨ ᠬᠤᠷᠳᠤᠴᠠ ᠶᠢ ᠳᠡᠭᠡᠭᠰᠢᠯᠡᠭᠦᠯᠦᠨ᠎ᠡ | | ᠮᠠᠨ ᠤ ᠣᠷᠣᠨ ︽ᠬᠤᠶᠠᠷ ᠢ ᠰᠢᠯᠢᠳᠡᠭᠵᠢᠭᠦᠯᠬᠦ︾ ᠠᠵᠢᠯᠯᠠᠭ᠎ᠠ ᠪᠠᠷ ︽ᠭᠤᠷᠪᠠᠨ ᠤᠳᠠᠭᠠᠨ︾ ᠰᠤᠷᠲᠠᠯ ᠢ | ᠬᠦᠴᠦᠯᠡᠨ ᠠᠷᠢᠯᠭᠠᠪᠠ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︽ᠡᠷᠬᠡ ᠲᠤᠰᠢᠶᠠᠯ ᠡᠭᠦᠷᠭᠡ ᠬᠠᠷᠢᠭᠤᠴᠠᠯᠭ᠎ᠠ ᠪᠠᠨ | ᠰᠢᠯᠢᠳᠡᠭᠵᠢᠭᠦᠯᠵᠦ᠂ ᠠᠵᠢᠯ ᠤᠨ ᠴᠤᠪᠤᠷᠠᠯ ᠢᠶᠠᠨ ᠰᠢᠯᠢᠳᠡᠭᠵᠢᠭᠦᠯᠬᠦ︾ ᠲᠤᠰᠬᠠᠶ ᠠᠵᠢᠯᠯᠠᠭ᠎ᠠ ᠶᠢ ᠪᠠᠶᠢᠷᠢᠯᠠᠭᠤᠯᠤᠨ | ᠥᠷᠨᠢᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ | ᠠᠯᠪᠠᠨ ᠬᠡᠷ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠲᠦᠷᠦᠭᠦᠯᠡᠨ ᠬᠢᠬᠦ ᠦᠶᠯᠡᠳᠦᠯ ᠢᠶᠠᠨ | ᠢᠳᠡᠪᠬᠢᠲᠡᠶ ᠪᠠᠳᠠᠷᠠᠭᠤᠯᠵᠤ᠂ ᠡᠯ᠎ᠡ ᠰᠠᠯᠠᠭ᠎ᠠ ᠮᠥᠴᠢᠷ ᠨᠢᠭᠡᠴᠢ ᠶᠢᠨ ᠬᠢᠨ ᠵᠠᠷᠯᠢᠭ ᠢ ᠰᠣᠨᠣᠰᠤᠮᠠᠭᠴᠠ | ᠬᠥᠳᠡᠯᠦᠯᠴᠡᠵᠦ᠂ ︽ᠭᠤᠷᠪᠠᠨ ᠤᠳᠠᠭᠠᠨ︾ ᠤ ᠠᠰᠠᠭᠤᠳᠠᠯ ᠢ ᠰᠢᠶᠳᠪᠦᠷᠢᠯᠡᠬᠦ ᠳᠤ ᠦᠷᠭᠦᠯᠵᠢᠯᠡᠨ ᠬᠦᠴᠦᠯᠡᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ᠡᠷᠬᠡ ᠲᠤᠰᠢᠶᠠᠯ ᠤᠨ ᠵᠦᠶᠯᠡᠰ ᠢ ᠲᠠᠯᠪᠢᠵᠤ ᠪᠣᠯᠬᠤ ᠶᠢ ᠨᠢ ᠲᠠᠯᠪᠢᠵᠤ᠂ ᠡᠷᠬᠡ | ᠲᠤᠰᠢᠶᠠᠯ ᠤᠨ ᠵᠦᠶᠯᠡᠰ ᠢ ᠦᠯᠡᠳᠡᠭᠡᠬᠦ ᠠᠵᠢᠯ ᠤᠨ ᠴᠤᠪᠤᠷᠠᠯ ᠢ ᠭᠦᠨᠵᠡᠭᠡᠶ ᠰᠢᠯᠢᠳᠡᠭᠵᠢᠭᠦᠯᠵᠦ᠂ ᠭᠤᠭᠴᠤᠭ᠎ᠠ᠂ | ᠮᠠᠲ᠋ᠧᠷᠢᠶᠠᠯ᠂ ᠴᠠᠭ ᠤᠨ ᠬᠢᠵᠠᠭᠠᠷ ᠢ ᠬᠠᠰᠤᠵᠤ ᠪᠣᠯᠬᠤ ᠶᠢ ᠨᠢ ᠬᠠᠰᠤᠵᠤ᠂ ᠡᠭᠦᠷᠭᠡ ᠬᠠᠷᠢᠭᠤᠴᠠᠯᠭ᠎ᠠ ᠪᠠᠨ | ᠭᠦᠶᠴᠡᠳᠬᠡᠬᠦ ᠶᠢ ᠵᠢᠷᠤᠮᠵᠢᠭᠤᠯᠬᠤ ᠪᠠᠷ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠡᠷᠬᠡ ᠶᠢ ︽ | ᠬᠠᠰᠤᠬᠤ ᠠᠷᠭ᠎ᠠ︾ ᠪᠠᠷ ᠦᠶᠯᠡᠴᠢᠯᠡᠭᠡᠨ ᠤ ︽ᠨᠡᠮᠡᠬᠦ ᠠᠷᠭ᠎ᠠ︾ ᠪᠣᠯᠭᠠᠵᠤ᠂ ᠠᠵᠢᠯ ᠤᠨ ︽ᠳᠥᠭᠦᠮ ᠬᠡᠮᠵᠢᠶ᠎ᠡ︾ | ᠪᠠᠷ ᠦᠷ᠎ᠡ ᠪᠦᠲᠦᠮᠵᠢ ᠶᠢᠨ ︽ ᠬᠤᠷᠳᠤᠳᠬᠠᠯ︾ ᠢ ᠲᠦᠷᠭᠡᠳᠬᠡᠪᠡ᠃ | | ︽ᠵᠢᠷᠤᠮᠵᠢᠭᠤᠯᠬᠤ︾ ᠶᠢ ᠠᠳᠬᠤᠵᠤ ᠵᠣᠬᠢᠴᠠᠭᠤᠯᠤᠨ ᠬᠠᠮᠵᠢᠯᠴᠠᠬᠤ ᠶᠢ ᠲᠡᠭᠦᠯᠳᠡᠷᠵᠢᠭᠦᠯᠪᠡ | | ᠲᠤᠰᠬᠠᠶ ᠠᠵᠢᠯᠯᠠᠭ᠎ᠠ ᠶᠢᠨ ᠳᠤᠮᠳᠠ᠂ ᠡᠯ᠎ᠡ ᠰᠠᠯᠠᠭ᠎ᠠ ᠮᠥᠴᠢᠷ ᠨᠢᠭᠡᠴᠢ ᠬᠠᠤᠯᠢ ᠴᠠᠭᠠᠵᠠ ᠬᠠᠤᠯᠢ ᠲᠣᠭᠲᠠᠭᠠᠯ | ᠂ ︽ᠭᠤᠷᠪᠠ ᠶᠢ ᠲᠣᠭᠲᠠᠭᠠᠬᠤ︾ ᠲᠣᠭᠲᠠᠭᠠᠯ ᠵᠡᠷᠭᠡ ᠲᠠᠢ ᠬᠠᠷᠢᠴᠠᠭᠤᠯᠵᠤ᠂ ᠦᠪᠡᠷ ᠢᠶᠠᠨ ᠪᠠᠶᠢᠴᠠᠭᠠᠵᠤ | ᠥᠪᠡᠰᠦᠪᠡᠨ ᠵᠠᠯᠠᠷᠠᠭᠤᠯᠬᠤ ᠶᠢ ᠨᠡᠶᠢᠳᠡᠮ ᠪᠥᠷᠬᠦᠭᠦᠯᠵᠦ᠂ ᠡᠷᠬᠡ ᠲᠤᠰᠢᠶᠠᠯ ᠤᠨ ᠵᠦᠶᠯᠡᠰ ᠤᠨ ︽ᠲᠤᠶᠢᠯᠪᠤᠷᠢᠲᠠᠢ | ᠪᠠᠶᠢᠴᠠᠭᠠᠯᠲᠠ︾ ᠶᠢ ᠪᠡᠶᠡᠯᠡᠭᠦᠯᠪᠡ᠃ ︽ᠭᠤᠷᠪᠠᠨ ᠤᠳᠠᠭᠠᠨ︾ ᠤ ᠠᠰᠠᠭᠤᠳᠠᠯ ᠤᠨ ᠦᠨᠳᠦᠰᠦ ᠰᠤᠷᠪᠤᠯᠵᠢ ᠶᠢ | ᠣᠨᠣᠪᠴᠢᠲᠠᠶ ᠡᠷᠢᠵᠦ᠂ ᠡᠷᠬᠡ ᠶᠢ ᠨᠠᠩ ᠰᠠᠶᠢᠨ ᠵᠢᠷᠤᠮᠵᠢᠭᠤᠨ ᠬᠡᠷᠡᠭᠯᠡᠬᠦ᠂ ᠬᠠᠷᠢᠭᠤᠴᠠᠯᠭ᠎ᠠ ᠶᠢ ᠪᠥᠬᠦ ᠲᠠᠯ᠎ᠠ ᠪᠠᠷ | ᠭᠦᠶᠴᠡᠳᠬᠡᠬᠦ ᠳᠤ ᠰᠠᠶᠢᠨ ᠰᠠᠶᠢᠬᠠᠨ ᠰᠠᠭᠤᠷᠢ ᠲᠠᠯᠪᠢᠵᠤ ᠥᠭᠪᠡ᠃ ᠡᠭᠦᠷᠭᠡ ᠬᠠᠷᠢᠭᠤᠴᠠᠯᠭ᠎ᠠ ᠶᠢᠨ ᠵᠠᠭᠠᠭ ᠬᠢᠵᠠᠭᠠᠷ | ᠢ ᠲᠣᠳᠣᠷᠬᠠᠶᠢᠯᠠᠬᠤ᠂ ᠬᠠᠮᠲᠤᠷᠠᠨ ᠬᠠᠮᠵᠢᠯᠴᠠᠬᠤ ᠲᠣᠭᠲᠠᠴᠠ ᠶᠢ ᠲᠡᠭᠦᠯᠳᠡᠷᠵᠢᠭᠦᠯᠬᠦ᠂ ᠬᠡᠷᠡᠭ ᠵᠥᠪᠯᠡᠵᠦ | ᠵᠣᠬᠢᠴᠠᠭᠤᠯᠬᠤ ᠪᠠᠶᠢᠭᠤᠯᠤᠮᠵᠢ ᠶᠢᠨ ᠪᠦᠷᠢᠯᠳᠦᠬᠦᠨ ᠨᠢᠭᠡᠴᠢ ᠶᠢᠨ ᠠᠵᠢᠯ ᠤᠨ ᠬᠤᠪᠢᠶᠠᠷᠢᠯᠠᠯ ᠢ ᠰᠢᠯᠢᠳᠡᠭᠵᠢᠭᠦᠯᠬᠦ᠂ | ᠵᠠᠭᠠᠭ ᠬᠢᠵᠠᠭᠠᠷ ᠠᠴᠠ ᠳᠠᠪᠠᠵᠤ ᠡᠷᠬᠡ ᠠᠴᠠ ᠳᠠᠪᠠᠭ᠋ᠤ᠂ ᠬᠠᠷᠢᠭᠤᠴᠠᠯᠭ᠎ᠠ ᠪᠠᠨ ᠲᠦᠯᠬᠢᠵᠦ ᠡᠷᠬᠡ ᠠᠳᠬᠤᠬᠤ ᠵᠡᠷᠭᠡ | ᠠᠰᠠᠭᠤᠳᠠᠯ ᠢ ᠰᠢᠶᠳᠪᠦᠷᠢᠯᠡᠬᠦ ᠶᠢ ᠠᠬᠢᠭᠤᠯᠬᠤ ᠪᠠᠷ ᠳᠠᠮᠵᠢᠭᠤᠯᠤᠨ᠂ ᠰᠠᠯᠠᠭ᠎ᠠ ᠮᠥᠴᠢᠷ ᠤᠳ ᠤᠨ ᠬᠤᠭᠤᠷᠣᠨᠳᠣᠬᠢ | ᠡᠷᠬᠡ ᠬᠠᠷᠢᠭᠤᠴᠠᠯᠭ᠎ᠠ ᠶᠢᠨ ᠬᠠᠷᠢᠴᠠᠭ᠎ᠠ ᠶᠢ ᠤᠯᠠᠮ ᠨᠢᠭᠡ ᠠᠯᠬᠤᠮ ᠰᠢᠯᠤᠭᠤᠳᠬᠠᠵᠤ᠂ ᠠᠵᠢᠯ ᠤᠨ ᠨᠡᠶᠢᠯᠡᠮᠡᠯ | ᠬᠦᠴᠦᠨ ᠢ ᠪᠣᠶ ᠪᠣᠯᠭᠠᠨ᠂ ︽ᠲᠣᠰ ᠲᠣᠰ ᠲᠤ ᠪᠠᠨ ᠲᠤᠭ ᠪᠤᠰᠬᠠᠬᠤ︾ ᠶᠢ ︽ᠬᠤᠷᠤᠭᠤ ᠪᠠᠨ ᠵᠠᠩᠭᠢᠳᠤᠨ | ᠨᠢᠳᠤᠷᠭ᠎ᠠ ᠪᠣᠯᠭᠠᠬᠤ︾ ᠪᠣᠯᠭᠠᠨ ᠬᠤᠪᠢᠷᠠᠭᠤᠯᠪᠠ᠃ ︽ᠭᠤᠷᠪᠠ ᠶᠢ ᠲᠣᠭᠲᠠᠭᠠᠬᠤ︾ ᠲᠣᠭᠲᠠᠭᠠᠯ ᠢ | ᠨᠠᠷᠢᠯᠢᠬᠵᠢᠭᠤᠯᠬᠤ ᠪᠠᠷ ᠳᠠᠮᠵᠢᠭᠤᠯᠤᠨ᠂ ᠪᠠᠶᠢᠭᠤᠯᠭ᠎ᠠ ᠶᠢᠨ ᠭᠠᠵᠠᠷ ᠲᠠᠰᠤᠭ ᠤᠨ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠳᠣᠲᠣᠭᠠᠳᠤ ᠶᠢᠨ ᠠᠵᠢᠯ ᠶᠠᠪᠤᠳᠠᠯ | ᠭᠦᠶᠴᠡᠳᠬᠡᠬᠦ ᠴᠣᠪᠤᠷᠠᠯ ᠢ ᠰᠢᠯᠢᠳᠡᠭᠵᠢᠭᠦᠯᠦᠨ᠂ ᠪᠠᠶᠢᠭᠤᠯᠭ᠎ᠠ ᠶᠢᠨ ᠳᠣᠲᠣᠭᠠᠳᠤ ᠶᠢᠨ ᠬᠠᠮᠢᠶᠠᠷᠤᠯᠲᠠ ᠶᠢ | ᠵᠢᠷᠤᠮᠵᠢᠭᠤᠯᠵᠤ᠂ ᠪᠠᠶᠢᠭᠤᠯᠭ᠎ᠠ ᠶᠢᠨ ᠥᠨᠳᠥᠷ ᠪᠦᠲᠦᠮᠵᠢᠲᠡᠶ ᠠᠵᠢᠯᠯᠠᠬᠤ ᠶᠢ ᠬᠦᠴᠦᠲᠡᠶ ᠠᠬᠢᠭᠤᠯᠪᠠ᠃ ᠪᠦᠷᠢᠳᠬᠡᠯ | ᠢ ᠦᠨᠳᠦᠰᠦᠯᠡᠪᠡᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠠᠵᠢᠯ ᠤᠨ | ᠠᠯᠬᠤᠮ ᠳᠠᠷᠠᠭ᠎ᠠ ᠪᠠᠨ ︽ᠵᠢᠷᠤᠭ ᠬᠦᠰᠦᠨᠦᠭᠵᠢᠭᠦᠯᠵᠦ︾᠂ 13 ᠵᠦᠢᠯ ᠤᠨ ᠠᠵᠢᠯ ᠶᠠᠪᠤᠳᠠᠯ ᠭᠦᠶᠴᠡᠳᠬᠡᠬᠦ ᠲᠠᠰ | ᠳᠠᠷᠠᠭᠠᠯᠠᠯ ᠢ ᠳᠥᠭᠦᠮᠴᠢᠯᠡᠨ᠂ ᠪᠠᠶᠢᠭᠤᠯᠭ᠎ᠠ ᠶᠢᠨ ᠵᠢᠷᠤᠮᠵᠢᠯ ᠲᠠᠢ ᠪᠠᠷ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ᠂ | ᠪᠥᠬᠦ ᠲᠠᠯ᠎ᠠ ᠪᠠᠷ ᠬᠠᠷᠢᠭᠤᠴᠠᠯᠭ᠎ᠠ ᠪᠠᠨ ᠭᠦᠶᠴᠡᠳᠬᠡᠬᠦ ᠶᠢ ᠦᠨᠡᠨ ᠬᠦ ᠪᠠᠲᠤᠯᠠᠵᠤ᠂ ᠲᠤᠰᠬᠠᠶ ᠠᠵᠢᠯᠯᠠᠭ᠎ᠠ ᠶᠢᠨ ᠦᠷ᠎ᠡ | ᠪᠦᠲᠦᠮᠵᠢ ᠶᠢ ᠦᠨᠡᠨ ᠬᠦ ︽ᠭᠤᠷᠪᠠ ᠳᠤ ᠦᠶᠯᠡᠴᠢᠯᠡᠬᠦ︾ ᠠᠵᠢᠯ ᠤᠨ ︽ᠲᠦᠯᠬᠢᠭᠴᠢ︾ ᠪᠣᠯᠭᠠᠨ ᠬᠤᠪᠢᠷᠠᠭᠤᠯᠪᠠ | ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠡᠯ᠎ᠡ ᠵᠦᠶᠯ ᠤᠨ ᠠᠵᠢᠯ ᠤᠨ | ᠡᠭᠦᠷᠭᠡ ᠬᠠᠷᠢᠭᠤᠴᠠᠯᠭ᠎ᠠ ᠶᠢ ᠭᠠᠵᠠᠷ ᠲᠠᠰᠤᠭ ᠲᠤ ᠬᠤᠪᠢᠶᠠᠨ ᠥᠭᠴᠦ᠂ ᠠᠵᠢᠯ ᠤᠨ ᠪᠠᠶᠢᠷᠢ ᠳᠤ ᠨᠠᠷᠢᠯᠢᠬᠵᠢᠭᠤᠯᠤᠨ | ᠂ ᠠᠵᠢᠯᠲᠠᠨ ᠳᠤ ᠪᠣᠳᠠᠲᠠᠶᠢᠵᠢᠭᠤᠯᠵᠤ᠂ ︽ᠬᠤᠶᠠᠷ ᠢ ᠰᠢᠯᠢᠳᠡᠭᠵᠢᠭᠦᠯᠬᠦ︾ ᠲᠤᠰᠬᠠᠶ ᠠᠵᠢᠯᠯᠠᠭ᠎ᠠ ᠶᠢᠨ ᠦᠷ᠎ᠡ | ᠪᠦᠲᠦᠭᠡᠯ ᠢ 30 ᠵᠦᠶᠯ ᠪᠦᠷᠢᠯᠳᠦᠭᠦᠯᠵᠦ᠂ ᠡᠯ᠎ᠡ ᠵᠦᠶᠯ ᠤᠨ ᠠᠵᠢᠯ ᠢ ᠦᠳᠲᠡᠷ ᠲᠦᠷᠭᠡᠨ ᠴᠢᠩᠭᠠᠳᠬᠠᠵᠤ᠂ | ᠬᠥᠳᠡᠯᠦᠯᠴᠡᠵᠦ᠂ ᠠᠵᠢᠯᠯᠠᠬᠤ ᠶᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶ᠎ᠠ ᠵᠢᠴᠢ | ᠰᠢᠭᠤᠳ ᠬᠠᠷᠢᠶ᠎ᠠ ᠨᠢᠭᠡᠴᠢ 355 ᠵᠦᠶᠯ ᠤᠨ ᠳᠣᠲᠣᠭᠠᠳᠤ ᠶᠢᠨ ᠠᠵᠢᠯ ᠤᠨ ᠴᠤᠪᠤᠷᠠᠯ ᠢ ᠰᠢᠯᠤᠭᠤᠳᠬᠠᠵᠤ᠂ ᠪᠥᠬᠦ | ᠰᠢᠰᠲ᠋ᠧᠮ ᠤᠨ ᠠᠵᠢᠯᠯᠠᠭᠠᠨ ᠤ ᠦᠷ᠎ᠡ ᠪᠦᠲᠦᠮᠵᠢ ᠶᠢ ᠬᠦᠴᠦᠲᠡᠶ ᠳᠡᠭᠡᠭᠰᠢᠯᠡᠭᠦᠯᠪᠡ᠃ | | ᠴᠣᠮᠬᠠᠳᠬᠠᠬᠤ ᠶᠢ ᠴᠢᠬᠤᠯᠠᠴᠢᠯᠠᠨ ᠲᠥᠷᠥ ᠶᠢᠨ ᠪᠣᠳᠣᠯᠭ᠎ᠠ ᠶᠢᠨ ᠠᠮᠢᠵᠢᠷᠠᠯ ᠤᠨ ᠬᠦᠴᠦᠨ ᠢ ᠪᠠᠳᠠᠷᠠᠭᠤᠯᠪᠠ | | ᠡᠯ᠎ᠡ ᠰᠠᠯᠠᠭ᠎ᠠ ᠮᠥᠴᠢᠷ ᠨᠢᠭᠡᠴᠢ ᠶᠢᠨ ᠬᠢᠨ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ | ᠶᠢ ᠪᠠᠷᠢᠮᠲᠠᠯᠠᠭᠰᠠᠨ ᠤᠷᠢᠲᠠᠯ ᠳᠣᠣᠷ᠎ᠠ᠂ ᠤᠯᠠᠨ ᠲᠦᠮᠡᠨ ᠤ ᠬᠠᠯᠠᠮᠵᠢᠯᠠᠵᠤ ᠪᠠᠶᠢᠭ᠎ᠠ᠂ ᠦᠨᠳᠦᠰᠦᠨ ᠱᠠᠲᠤᠨ ᠤ | ᠠᠩᠬᠠᠷᠴᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ ᠤ ᠬᠠᠮᠢᠶᠠᠷᠤᠯᠲᠠ | ᠳᠤ ᠨᠡᠩ ᠰᠢᠭᠤᠳ᠂ ᠨᠡᠩ ᠪᠦᠲᠦᠮᠵᠢᠲᠡᠢ ᠡᠷᠬᠡ ᠲᠤᠰᠢᠶᠠᠯ ᠤᠨ ᠵᠦᠢᠯᠡᠰ ᠢ ᠬᠠᠰᠤᠪᠠᠰᠤ ᠵᠣᠬᠢᠬᠤ ᠶᠢ ᠨᠢ ᠪᠦᠷ | ᠬᠠᠰᠤᠵᠤ᠂ ᠲᠠᠯᠪᠢᠪᠠᠰᠤ ᠵᠣᠬᠢᠬᠤ ᠶᠢ ᠨᠢ ᠪᠦᠷ ᠲᠠᠯᠪᠢᠵᠤ᠂ ᠠᠵᠤ ᠠᠬᠤᠶᠢᠯᠠᠯ᠂ ᠤᠯᠠᠨ ᠲᠦᠮᠡᠨ ᠳᠤ ᠠᠵᠢᠯ | ᠶᠠᠪᠤᠳᠠᠯ ᠭᠦᠢᠴᠡᠳᠬᠡᠬᠦ ᠳᠤ ᠨᠡᠩ ᠳᠥᠭᠦᠮ ᠳᠥᠲᠡ᠂ ᠨᠡᠩ ᠲᠠᠭᠠᠯᠠᠮᠵᠢᠲᠠᠢ ᠪᠠᠶᠢᠬᠤ ᠶᠢ ᠦᠨᠡᠨ ᠬᠦ ᠮᠡᠳᠡᠷᠡᠭᠦᠯᠪᠡ᠃ | ᠲᠥᠷᠥᠯ ᠬᠤᠪᠢᠶᠠᠨ ᠲᠦᠷᠦ ᠶᠢᠨ ᠪᠣᠳᠣᠯᠭ᠎ᠠ ᠬᠡᠷᠡᠭᠵᠢᠭᠦᠯᠬᠦ᠂ ᠣᠨᠣᠪᠴᠢᠲᠠᠶ ᠪᠠᠷ ᠳᠣᠷᠣᠭᠰᠢ ᠪᠠᠭᠤᠯᠭᠠᠬᠤ ᠶᠢ | ᠪᠠᠷᠢᠮᠲᠠᠯᠠᠬᠤ ᠶᠢᠨ ᠬᠠᠮᠲᠤ᠂ ᠡᠷᠬᠡ ᠶᠢ ᠳᠣᠷᠣᠭᠰᠢ ᠪᠠᠭᠤᠯᠭᠠᠭᠰᠠᠨ ᠤ ᠳᠠᠷᠠᠭᠠᠬᠢ ᠬᠠᠮᠢᠶ᠎ᠠ ᠪᠥᠬᠦᠶ ᠲᠥᠷᠥ ᠶᠢᠨ | ᠪᠣᠳᠣᠯᠭ᠎ᠠ ᠪᠠ ᠮᠡᠷᠭᠡᠵᠢᠯ ᠤᠨ ᠳᠡᠮᠵᠢᠯᠭᠡ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠵᠡᠷᠭᠡ ᠪᠠᠲᠤᠯᠠᠭ᠎ᠠ ᠶᠢᠨ | ᠠᠷᠭ᠎ᠠ ᠬᠡᠮᠵᠢᠶ᠎ᠡ ᠶᠢ ᠮᠦᠷᠳᠡᠨ ᠳᠠᠭᠠᠵᠤ᠂ ᠡᠷᠬᠡ ᠶᠢ ︽ᠳᠣᠷᠣᠭᠰᠢ ᠪᠠᠭᠤᠯᠭᠠᠭᠠᠳ ᠬᠠᠮᠢᠶᠠᠷᠬᠤ ᠦᠭᠡᠢ︾ ᠠᠴᠠ | ᠵᠠᠶᠢᠯᠠᠰᠬᠢᠵᠦ᠂ ᠦᠨᠳᠦᠰᠦᠨ ᠱᠠᠲᠤᠨ ᠤ ᠭᠥᠯᠢᠶᠡᠨ ᠠᠪᠴᠤ᠂ ᠰᠠᠶᠢᠲᠤᠷ ᠬᠡᠷᠡᠭᠯᠡᠬᠦ ᠶᠢ ᠦᠨᠡᠨ ᠬᠦ ᠪᠠᠲᠤᠯᠠᠬᠤ ᠶᠢᠨ | ᠬᠠᠮᠲᠤ᠂ ᠬᠡᠷᠡᠭ ᠤᠨ ᠳᠤᠮᠳᠠ ᠪᠠ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ︽ᠡᠷᠬᠡ | ᠶᠢ ᠬᠠᠰᠤᠪᠠᠴᠤ ᠬᠠᠷᠢᠭᠤᠴᠠᠯᠭ᠎ᠠ ᠶᠢ ᠬᠥᠩᠭᠡᠷᠡᠭᠦᠯᠬᠦ ᠥᠬᠡᠶ᠂ ᠡᠷᠬᠡ ᠶᠢ ᠪᠠᠭᠤᠯᠭᠠᠪᠠᠴᠤ ᠳᠤᠷ᠎ᠠ ᠪᠠᠷ ᠨᠢ ᠲᠠᠯᠪᠢᠬᠤ | ᠥᠬᠡᠶ︾ ᠪᠠᠶᠢᠬᠤ ᠶᠢ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ | ᠪᠠᠶᠢᠭᠤᠯᠬᠤ ᠬᠡᠯᠲᠡᠰ ᠺᠠᠳ᠋ᠷ ᠤᠨ ᠬᠠᠮᠢᠶᠠᠷᠤᠯᠲᠠ ᠶᠢᠨ ᠡᠷᠬᠡ ᠶᠢᠨ ᠬᠢᠵᠠᠭᠠᠷ ᠢ ᠰᠢᠯᠢᠳᠡᠭᠵᠢᠭᠦᠯᠵᠦ᠂ ᠺᠠᠳ᠋ᠷ ᠤᠨ | ᠬᠠᠮᠢᠶᠠᠷᠤᠯᠲᠠ ᠶᠢᠨ ᠲᠠᠰ ᠳᠠᠷᠠᠭᠠᠯᠠᠯ ᠢ ᠳᠥᠭᠦᠮᠴᠢᠯᠡᠵᠦ᠂ 562 ᠭᠠᠵᠠᠷ ᠤᠨ ᠲᠠᠰ ᠤᠨ ᠤᠳᠤᠷᠢᠳᠬᠤ ᠪᠠᠶᠢᠷᠢ ᠶᠢ | ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠡᠷᠬᠡ ᠶᠢᠨ ᠬᠢᠵᠠᠭᠠᠷ ᠢ ᠠᠶᠢᠮᠠᠭ ᠬᠤᠲᠠ ᠪᠠ ᠣᠷᠣᠨ ᠤ | ᠰᠢᠭᠤᠳ ᠬᠠᠷᠢᠶ᠎ᠠ ᠨᠢᠭᠡᠴᠢ ᠶᠢᠨ ᠨᠠᠮ ᠤᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠳᠤ ᠪᠠᠭᠤᠯᠭᠠᠵᠤ᠂ | ᠺᠠᠳ᠋ᠷ ᠤᠨ ᠬᠠᠮᠢᠶᠠᠷᠤᠯᠲᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ | ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ ᠨᠢ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠳᠣᠷᠬᠠᠶ ᠲᠣᠭᠲᠠᠭᠠᠭᠰᠠᠨ ᠥᠪᠡᠷᠲᠡᠭᠡᠨ | ᠵᠠᠰᠠᠬᠤ ᠣᠷᠣᠨ ᠤ ᠲᠣᠰ ᠱᠠᠲᠤᠨ ᠤ ᠬᠡᠷᠡᠭᠵᠢᠭᠦᠯᠬᠦ ᠡᠷᠬᠡ ᠠᠴᠠ ᠪᠤᠰᠤᠳ ᠢ ᠨᠢ ᠴᠥᠮ ᠠᠶᠢᠮᠠᠭ ᠬᠤᠲᠠ ᠳᠤ | ᠪᠠᠭᠤᠯᠭᠠᠵᠤ᠂ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠳᠠᠬᠢᠨ 149 | ᠵᠦᠢᠯ ᠤᠨ ᠡᠯ᠎ᠡ ᠲᠥᠷᠥᠯ ᠤᠨ ᠭᠡᠷᠡᠴᠢ ᠶᠢ ᠬᠦᠴᠦᠨ ᠥᠬᠡᠶ ᠪᠣᠯᠭᠠᠵᠤ᠂ ᠠᠵᠤ ᠠᠬᠤᠶᠢᠯᠠᠯ ᠣᠯᠠᠨ ᠲᠦᠮᠡᠨ ᠤ | ᠠᠵᠢᠯ ᠶᠠᠪᠤᠳᠠᠯ ᠭᠦᠶᠴᠡᠳᠬᠡᠬᠦ ᠳᠤ ᠨᠠᠩ ᠳᠥᠭᠦᠮ ᠳᠥᠲᠡ ᠪᠣᠯᠭᠠᠪᠠ᠃ ᠥᠪᠡᠷᠲᠡᠭᠡᠨ ᠵᠠᠰᠠᠬᠤ ᠣᠷᠣᠨ ᠤ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠣᠯᠠᠨ ᠨᠡᠶᠢᠲᠡ ᠶᠢᠨ ᠦᠶᠯᠡᠴᠢᠯᠡᠭᠡᠨ ᠤ ᠵᠦᠶᠯᠡᠰ ᠤᠨ ᠡᠷᠬᠡ ᠶᠢ | ᠳᠣᠷᠣᠭᠰᠢ ᠪᠠᠭᠤᠯᠭᠠᠵᠤ ᠡᠷᠬᠡ ᠶᠢ ᠬᠠᠰᠤᠭᠰᠠᠨ ᠨᠣᠷᠮ᠎ᠠ 81% ᠳᠤ ᠬᠦᠷᠴᠦ᠂ ᠲᠣᠰ ᠱᠠᠲᠤᠨ ᠤ ᠰᠢᠯᠵᠢᠭᠦᠯᠦᠨ | ᠦᠷᠭᠦᠯᠵᠢᠯᠡᠭᠦᠯᠬᠦ ᠵᠡᠷᠭᠡ 22 ᠵᠦᠶᠯ ᠤᠨ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠶᠴᠡᠳᠬᠡᠬᠦ ᠲᠤᠬᠠᠶᠢᠯᠠᠭᠰᠠᠨ | ᠠᠵᠢᠯ ᠤᠨ ᠡᠷᠬᠡ ᠶᠢᠨ ᠬᠢᠵᠠᠭᠠᠷ ᠢ ᠠᠶᠢᠮᠠᠭ ᠬᠤᠲᠠ ᠳᠤ ᠪᠠᠭᠤᠯᠭᠠᠵᠤ᠂ ᠣᠯᠠᠨ ᠲᠦᠮᠡᠨ ᠣᠶᠢᠷ᠎ᠠ ᠬᠠᠪᠢ ᠳᠤ ᠪᠠᠨ | ᠪᠥᠬᠦ ᠣᠷᠣᠨ ᠤ ᠶᠠᠮᠠᠷᠪᠠ ᠨᠢᠭᠡᠨ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠶᠴᠡᠳᠬᠡᠬᠦ ᠪᠠᠶᠢᠭᠤᠯᠤᠮᠵᠢ ᠶᠢ | ᠰᠣᠩᠭᠤᠵᠤ ᠭᠦᠶᠴᠡᠳᠬᠡᠵᠦ ᠪᠣᠯᠤᠨ᠎ᠠ᠃ | | ︽ᠬᠤᠷᠳᠤᠴᠠ︾ ᠶᠢ ᠳᠡᠭᠡᠭᠰᠢᠯᠡᠭᠦᠯᠵᠦ ᠴᠣᠪᠤᠷᠠᠯ ᠢ ᠰᠢᠯᠢᠳᠡᠭᠵᠢᠭᠦᠯᠦᠨ ᠳᠠᠬᠢᠨ ᠪᠦᠲᠦᠭᠡᠪᠡ | | ᠡᠯ᠎ᠡ ᠰᠠᠯᠠᠭ᠎ᠠ ᠮᠥᠴᠢᠷ ᠨᠢᠭᠡᠴᠢ ᠬᠤᠷᠳᠤᠴᠠ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ︽ | ᠥᠩᠭᠡᠷᠡᠭᠰᠡᠨ ᠳᠤ ᠪᠢᠳᠡ ᠢᠩᠭᠢᠵᠦ ᠬᠢᠭᠰᠡᠭᠡᠷ ᠢᠷᠡᠭᠰᠡᠨ︾ ᠭᠡᠬᠦ ᠢᠨᠧᠷᠼᠢᠲᠦ ᠰᠡᠳᠬᠢᠬᠦᠶ ᠪᠠᠨ ᠲᠠᠶᠠᠭᠳᠠᠵᠤ᠂ ︽ | ᠪᠡᠶ᠎ᠡ ᠶᠢᠨ ᠭᠠᠷᠤᠯ ᠢᠶᠠᠨ ᠰᠣᠯᠢᠬᠤ︾᠂ ︽ᠴᠤᠪᠤᠷᠠᠯ ᠢᠶᠠᠷ ᠭᠦᠢᠴᠡᠳᠬᠡᠬᠦ︾ ᠵᠡᠷᠭᠡ ᠠᠷᠭ᠎ᠠ ᠬᠡᠯᠪᠡᠷᠢ ᠪᠠᠷ | ᠳᠠᠮᠵᠢᠭᠤᠯᠤᠨ᠂ ᠵᠥᠪ ᠪᠤᠷᠤᠭᠤ ᠶᠢ ᠨᠢ ᠤᠯᠠᠷᠢᠭᠤᠯᠤᠨ ᠪᠣᠳᠤᠵᠤ᠂ ᠣᠭ ᠦᠨᠳᠦᠰᠦ ᠶᠢ ᠨᠢ ᠡᠷᠢᠵᠦ᠂ ᠠᠵᠢᠯ ᠤᠨ | ᠦᠷ᠎ᠡ ᠪᠦᠲᠦᠮᠵᠢ ᠶᠢ ᠬᠢᠵᠠᠭᠠᠷᠯᠠᠬᠤ᠂ ᠠᠵᠢᠯ ᠤᠨ ᠶᠠᠰᠤ ᠴᠢᠨᠠᠷ ᠢ ᠨᠥᠯᠥᠭᠡᠯᠡᠬᠦ ᠲᠦᠭᠵᠢᠷᠡᠯ᠂ ᠬᠤᠷᠢᠭ᠎ᠠ᠂ | ᠬᠦᠴᠢᠷᠳᠡᠯ ᠢ ᠬᠦᠴᠦᠯᠡᠨ ᠣᠨᠣᠪᠴᠢᠲᠠᠶ ᠡᠷᠢᠵᠦ᠂ ᠲᠤᠰᠬᠠᠶ ᠠᠵᠢᠯᠯᠠᠭ᠎ᠠ ᠪᠠᠷ ᠳᠠᠮᠵᠢᠭᠤᠯᠤᠨ ︽ᠳᠠᠷᠤᠶ ᠲᠦᠷᠭᠡᠨ | ᠰᠢᠶᠳᠪᠦᠷᠢᠯᠡᠬᠦ᠂ ᠦᠨᠡᠨ ᠬᠦ ᠠᠳᠬᠤᠵᠤ ᠪᠣᠳᠠᠲᠠᠶ ᠬᠢᠬᠦ︾ ᠰᠤᠷᠲᠠᠯ ᠢ ᠪᠣᠶ ᠪᠣᠯᠭᠠᠵᠤ᠂ ᠰᠡᠳᠬᠢᠬᠦᠶ ᠶᠢᠨ ᠵᠠᠭᠪᠤᠷ | ᠢᠶᠠᠨ ᠬᠤᠪᠢᠷᠠᠭᠤᠯᠤᠨ᠂ ᠠᠵᠢᠯ ᠤᠨ ᠰᠡᠳᠬᠢᠮᠵᠢ ᠪᠠᠨ ᠰᠢᠨᠡᠳᠬᠡᠵᠦ᠂ ᠳᠡᠭᠡᠭᠰᠢᠯᠡᠭᠦᠯᠬᠦ ᠴᠢᠭᠯᠡᠯ ᠢᠶᠠᠨ ᠣᠨᠣᠪᠴᠢᠲᠠᠶ | ᠣᠯᠵᠤ᠂ ᠴᠢᠳᠠᠪᠤᠷᠢ ᠶᠢᠨ ᠪᠠᠶᠢᠭᠤᠯᠤᠯᠲᠠ ᠶᠢᠨ ︽ᠲᠦᠷᠭᠡᠨ ᠠᠶᠢᠵᠠᠮ︾ ᠢ ᠪᠣᠶ ᠪᠣᠯᠭᠠᠪᠠ᠃ ᠠᠵᠢᠯ ᠤᠨ ᠴᠤᠪᠤᠷᠠᠯ | ᠢᠶᠠᠨ ᠰᠢᠯᠢᠳᠡᠭᠵᠢᠭᠦᠯᠵᠦ᠂ ᠨᠡᠶᠢᠯᠡᠭᠦᠯᠵᠦ ᠪᠣᠯᠬᠤ ᠶᠢ ᠨᠢ ᠨᠡᠶᠢᠯᠡᠭᠦᠯᠵᠦ᠂ ᠬᠦᠴᠦᠨ ᠥᠬᠡᠶ ᠪᠣᠯᠭᠠᠵᠤ ᠪᠣᠯᠬᠤ ᠶᠢ ᠨᠢ | ᠬᠦᠴᠦᠨ ᠥᠬᠡᠶ ᠪᠣᠯᠭᠠᠵᠤ᠂ ᠠᠵᠢᠯ ᠶᠠᠪᠤᠳᠠᠯ ᠭᠦᠶᠴᠡᠳᠬᠡᠬᠦ ᠲᠠᠰ ᠳᠠᠷᠠᠭᠠᠯᠠᠯ ᠢ ᠶᠡᠭᠡ ᠪᠠᠷ ᠳᠥᠭᠦᠮᠴᠢᠯᠡᠨ᠂ ᠠᠵᠢᠯ | ᠶᠠᠪᠤᠳᠠᠯ ᠭᠦᠶᠴᠡᠳᠬᠡᠬᠦ ᠴᠢᠬᠤᠯᠠ ᠨᠥᠬᠦᠴᠡᠯ ᠢ ᠴᠣᠮᠬᠠᠳᠬᠠᠵᠤ᠂ ᠠᠵᠢᠯ ᠶᠠᠪᠤᠳᠠᠯ ᠭᠦᠶᠴᠡᠳᠬᠡᠬᠦ ᠴᠠᠭ ᠤᠨ ᠬᠢᠵᠠᠭᠠᠷ | ᠢ ᠪᠣᠭᠤᠨᠢᠰᠬᠠᠨ᠂ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠲᠦᠷᠭᠡᠳᠬᠡᠬᠦ᠂ ᠠᠵᠢᠯ ᠤᠨ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠶᠢ ᠬᠦᠴᠦᠲᠡᠶ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠶᠢᠨ ᠣᠷᠣᠨ ᠲᠤᠭ᠎ᠠ ᠶᠢᠨ ᠠᠯᠪᠠᠨ ᠬᠡᠷ ᠨᠢ ᠣᠷᠣᠨ ᠲᠤᠭ᠎ᠠ ᠶᠢᠨ ᠬᠥᠳᠡᠯᠦᠩᠭᠦᠶ ᠲᠣᠬᠢᠷᠠᠭᠤᠯᠤᠯᠲᠠ ᠶᠢ ᠣᠨᠣᠪᠴᠢᠲᠠᠶ | ᠠᠬᠢᠭᠤᠯᠵᠤ᠂ ᠣᠷᠣᠨ ᠲᠤᠭ᠎ᠠ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ 16 ᠵᠦᠶᠯ ᠤᠨ ᠡᠷᠬᠡ ᠲᠤᠰᠢᠶᠠᠯ ᠤᠨ ᠵᠦᠶᠯᠡᠰ ᠢ ᠬᠦᠴᠦᠨ ᠥᠬᠡᠶ ᠪᠣᠯᠭᠠᠭᠰᠠᠨ ᠪᠠ ᠳᠣᠷᠣᠭᠰᠢ | ᠪᠠᠭᠤᠯᠭᠠᠭᠰᠠᠨ ᠤ ᠬᠠᠮᠲᠤ᠂ ᠡᠷᠬᠡ ᠲᠤᠰᠢᠶᠠᠯ ᠤᠨ ᠵᠦᠶᠯᠡᠰ ᠢ ᠦᠯᠡᠳᠡᠭᠡᠬᠦ ᠭᠤᠭᠴᠤᠭ᠎ᠠ ᠶᠢ 38 ᠬᠠᠰᠤᠵᠤ᠂ | ᠮᠠᠲ᠋ᠧᠷᠢᠶᠠᠯ ᠢ 34 ᠬᠤᠪᠢ ᠬᠠᠰᠤᠵᠤ᠂ ᠴᠠᠭ ᠤᠨ ᠬᠢᠵᠠᠭᠠᠷ ᠢ 268 ᠡᠳᠦᠷ ᠬᠠᠰᠤᠪᠠ᠃ ᠥᠪᠡᠷᠲᠡᠭᠡᠨ ᠵᠠᠰᠠᠬᠤ | ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ 108 ᠵᠦᠶᠯ | ᠤᠨ ᠡᠷᠬᠡ ᠲᠤᠰᠢᠶᠠᠯ ᠤᠨ ᠵᠦᠶᠯᠡᠰ ᠢ ᠰᠢᠯᠢᠳᠡᠭᠵᠢᠭᠦᠯᠦᠨ ᠴᠣᠮᠬᠠᠳᠬᠠᠵᠤ᠂ ᠬᠢᠨᠠᠨ ᠵᠥᠪᠰᠢᠶᠡᠷᠡᠬᠦ ᠮᠠᠲ᠋ᠧᠷᠢᠶᠠᠯ ᠢ | ᠪᠠᠭᠠᠰᠬᠠᠭᠰᠠᠨ ᠬᠠᠷᠢᠴᠠᠯ ᠨᠢ 74.59% ᠪᠠᠶᠢᠪᠠ︔ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ 66 ᠵᠦᠶᠯ ᠤᠨ ᠡᠷᠬᠡ ᠲᠤᠰᠢᠶᠠᠯ ᠤᠨ ᠵᠦᠶᠯᠡᠰ ᠢ | ᠰᠢᠯᠢᠳᠡᠭᠵᠢᠭᠦᠯᠦᠨ ᠴᠣᠮᠬᠠᠳᠬᠠᠵᠤ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠪᠠᠭᠠᠰᠬᠠᠭᠰᠠᠨ ᠬᠠᠷᠢᠴᠠᠯ ᠨᠢ 61. | 43% ᠪᠠᠶᠢᠵᠤ᠂ ᠪᠠᠭᠠᠰᠬᠠᠭᠰᠠᠨ ᠬᠡᠮᠵᠢᠶ᠎ᠡ ᠨᠢ ᠲᠣᠰ ᠲᠣᠰ ᠪᠥᠬᠦ ᠤᠯᠤᠰ ᠤᠨ ᠮᠤᠵᠢ ᠶᠢᠨ ᠱᠠᠲᠤᠨ ᠤ ᠰᠠᠯᠠᠭ᠎ᠠ | ᠮᠥᠴᠢᠷ ᠤᠨ ᠡᠮᠦᠨ᠎ᠡ ᠡᠩᠨᠡᠭᠡᠨ ᠳᠤ ᠣᠷᠣᠪᠠ᠃ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ ᠨᠢ ᠬᠦᠨᠳᠦ ᠡᠪᠡᠳᠴᠢᠨ ᠢ ᠠᠪᠤᠷᠠᠨ ᠲᠤᠰᠠᠯᠠᠬᠤ᠂ ᠴᠢᠰᠤ ᠡᠭᠦᠰᠬᠡᠬᠦ ᠰᠲ᠋ᠧᠮ ᠡᠰ ᠢ ᠬᠠᠨᠳᠢᠪᠯᠠᠬᠤ ᠵᠡᠷᠭᠡ | ᠵᠦᠶᠯᠡᠰ ᠲᠤ ᠳᠤᠲᠠᠭᠳᠠᠯ ᠢ ᠨᠢ ᠪᠠᠭᠲᠠᠭᠠᠨ ᠭᠦᠶᠴᠡᠳᠬᠡᠬᠦ ᠶᠢ ᠬᠡᠷᠡᠭᠵᠢᠭᠦᠯᠵᠦ᠂ ᠭᠦᠶᠴᠡᠳᠬᠡᠬᠦ ᠴᠠᠭ ᠢ ᠨᠢ | ᠪᠣᠭᠤᠨᠢᠰᠬᠠᠨ᠂ ᠬᠥᠮᠦᠯᠢᠭ ᠦᠵᠡᠯ ᠤᠨ ᠦᠶᠯᠡᠴᠢᠯᠡᠭᠡᠨ ᠤ ᠨᠡᠶᠢᠭᠡᠮ ᠤᠨ ᠬᠡᠷᠡᠭᠴᠡᠭᠡ ᠱᠠᠭᠠᠷᠳᠠᠯᠭ᠎ᠠ ᠶᠢᠨ ᠶᠠᠰᠤ | ᠴᠢᠨᠠᠷ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠪᠡ᠃ | | ᠪᠦᠷᠢᠳᠬᠡᠯ ᠢ ᠦᠨᠳᠦᠰᠦᠯᠡᠪᠡᠯ᠂ ᠲᠣᠰ ᠤᠳᠠᠭᠠᠨ ᠤ ᠲᠤᠰᠬᠠᠶ ᠠᠵᠢᠯᠯᠠᠭ᠎ᠠ ᠠᠴᠠ ᠨᠠᠭᠠᠰᠢ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠡᠯ᠎ᠡ | ᠰᠠᠯᠠᠭ᠎ᠠ ᠮᠥᠴᠢᠷ ᠵᠢᠴᠢ ᠰᠢᠭᠤᠳ ᠬᠠᠷᠢᠶ᠎ᠠ ᠠᠵᠢᠯ ᠦᠶᠯᠡᠰ ᠤᠨ ᠨᠢᠭᠡᠴᠢ ᠭᠤᠶᠤᠴᠢᠯᠠᠬᠤ ᠡᠷᠬᠡ ᠲᠤᠰᠢᠶᠠᠯ ᠤᠨ | ᠠᠵᠢᠯ ᠶᠠᠪᠤᠳᠠᠯ ᠢ ᠨᠡᠶᠢᠲᠡ 2668 ᠡᠮᠬᠢᠯᠡᠨ ᠳᠢᠭᠯᠡᠪᠡ᠃ ᠡᠭᠦᠨ ᠳᠤ᠂ 63 ᠡᠷᠬᠡ ᠲᠤᠰᠢᠶᠠᠯ ᠤᠨ ᠵᠦᠶᠯᠡᠰ ᠢ | ᠬᠦᠴᠦᠨ ᠥᠬᠡᠶ ᠪᠣᠯᠭᠠᠵᠤ᠂ 434 ᠡᠷᠬᠡ ᠲᠤᠰᠢᠶᠠᠯ ᠤᠨ ᠵᠦᠶᠯᠡᠰ ᠢ ᠳᠣᠷᠣᠭᠰᠢ ᠪᠠᠭᠤᠯᠭᠠᠪᠠ︔ ᠡᠷᠬᠡ | ᠲᠤᠰᠢᠶᠠᠯ ᠢ ᠦᠯᠡᠳᠡᠭᠡᠬᠦ ᠵᠦᠶᠯᠡᠰ ᠲᠤ᠂ ᠨᠡᠶᠢᠲᠡ 1532 ᠭᠤᠭᠴᠤᠭ᠎ᠠ ᠶᠢ ᠬᠠᠰᠤᠵᠤ᠂ 3222 ᠬᠤᠪᠢ | ᠮᠠᠲ᠋ᠧᠷᠢᠶᠠᠯ ᠢ ᠬᠠᠰᠤᠵᠤ᠂ ᠴᠠᠭ ᠤᠨ ᠬᠢᠵᠠᠭᠠᠷ ᠢ 28077 ᠡᠳᠦᠷ ᠢᠶᠠᠷ ᠬᠠᠰᠤᠵᠤ᠂ ᠠᠵᠢᠯ ᠶᠠᠪᠤᠳᠠᠯ ᠨᠢᠭᠡᠪᠦᠷᠢ | ᠳᠤ ᠳᠤᠮᠳᠠᠴᠢ ᠪᠠᠷ 1 ᠭᠤᠭᠴᠤᠭ᠎ᠠ ᠶᠢ ᠬᠠᠰᠤᠵᠤ᠂ 1.5 ᠬᠤᠪᠢ ᠮᠠᠲ᠋ᠧᠷᠢᠶᠠᠯ ᠢ ᠬᠠᠰᠤᠵᠤ᠂ ᠴᠠᠭ ᠤᠨ ᠬᠢᠵᠠᠭᠠᠷ | ᠢ 13 ᠡᠳᠦᠷ ᠢᠶᠠᠷ ᠬᠠᠰᠤᠪᠠ᠃ ︽ᠬᠤᠶᠠᠷ ᠢ ᠰᠢᠯᠢᠳᠡᠭᠵᠢᠭᠦᠯᠬᠦ︾ ᠲᠤᠰᠬᠠᠶ ᠠᠵᠢᠯᠯᠠᠭ᠎ᠠ ᠪᠠᠷ ᠳᠠᠮᠵᠢᠭᠤᠯᠤᠨ᠂ | ᠡᠯ᠎ᠡ ᠵᠦᠶᠯ ᠤᠨ ᠠᠵᠢᠯ ᠢ ᠵᠢᠷᠤᠮᠵᠢᠭᠤᠯᠬᠤ᠂ ᠴᠣᠮᠬᠠᠳᠬᠠᠬᠤ᠂ ᠬᠤᠷᠳᠤᠴᠠ ᠶᠢ ᠳᠡᠭᠡᠭᠰᠢᠯᠡᠭᠦᠯᠬᠦ ᠶᠢ ᠪᠡᠶᠡᠯᠡᠭᠦᠯᠵᠦ᠂ | ︽ᠭᠤᠷᠪᠠᠨ ᠤᠳᠠᠭᠠᠨ︾ ᠤ ᠠᠰᠠᠭᠤᠳᠠᠯ ᠢ ᠰᠢᠶᠳᠪᠦᠷᠢᠯᠡᠬᠦ ᠶᠢ ᠬᠦᠴᠦᠲᠡᠶ ᠠᠬᠢᠭᠤᠯᠵᠤ᠂ ᠵᠠᠰᠠᠭ ᠢ | ᠴᠣᠮᠬᠠᠳᠬᠠᠬᠤ ᠪᠠᠷ᠂ ᠠᠷᠠᠳ ᠲᠤ ᠲᠥᠬᠦᠮ ᠦᠵᠡᠭᠦᠯᠬᠦ ᠡᠭᠦᠳᠡ ᠨᠡᠭᠡᠭᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ | ᠴᠢᠷᠮᠠᠶᠢᠯᠭ᠎ᠠ ᠭᠠᠷᠭᠠᠬᠤ ᠶᠠᠰᠤ ᠴᠢᠨᠠᠷ ᠪᠠ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠵᠦ᠂ ᠠᠷᠠᠳ ᠣᠯᠠᠨ ᠤ | ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠮᠠᠨ ᠤ ᠣᠷᠣᠨ ᠤ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ | ᠳᠤ ︽ᠬᠠᠲᠠᠭᠤ ᠰᠤᠷᠲᠠᠯ︾ ᠢ ᠳᠠᠪᠲᠠᠨ ᠦᠢᠯᠡᠳᠴᠦ᠂ ︽ᠤᠶᠠᠬᠠᠨ ᠬᠦᠴᠦᠨ︾ ᠢ ᠪᠣᠶ ᠪᠣᠯᠭᠠᠪᠠ᠃ |