G5511ᠡᠷᠢᠶᠡᠨ ᠠᠴᠠ ᠭᠤᠸᠠᠩᠵᠸᠤ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠵᠢᠨᠢᠩ ᠠᠴᠠ ᠠᠷᠤᠨ ᠬᠤᠰᠢᠭᠤ ᠬᠦᠷᠬᠦ ᠬᠠᠷᠢᠯᠴᠠᠭᠠᠨ ᠤ ᠱᠤᠭᠤᠮ ᠤᠨ ᠭᠦᠩᠵᠦ ᠶᠢᠨ ᠳᠠᠯᠠᠩ ᠠᠴᠠ ᠪᠢᠷᠠᠭᠤ ᠬᠦᠷᠬᠦ ᠬᠡᠰᠡᠭ ᠨᠢ ᠨᠡᠪᠲᠡᠷᠡᠪᠡ
ᠨᠡᠶᠢᠲᠡᠯᠡᠭᠰᠡᠨ ᠴᠠᠭ᠄
2023/4/12
     4 ᠳ᠋ᠦ᠋ᠭᠡᠷ ᠰᠠᠷ᠎ᠠ ᠶᠢᠨ 10᠎ ᠤ ᠦᠳᠡ ᠶᠢᠨ ᠡᠮᠦᠨᠡᠬᠢ 9 ᠴᠠᠭ ᠲᠤ᠂ ᠠᠩᠬᠠᠨ ᠤ ᠲᠡᠷᠭᠡ ᠣᠷᠣᠵᠤ ᠢᠷᠡᠬᠦ ᠶᠢ ᠳᠠᠭᠠᠯᠳᠤᠨ᠂ G5511 ᠡᠷᠢᠶᠡᠨ ᠠᠴᠠ ᠭᠤᠸᠠᠩᠵᠸᠤ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠵᠢᠨᠢᠩ ᠠᠴᠠ ᠠᠷᠤᠨ ᠬᠤᠰᠢᠭᠤ ᠬᠦᠷᠬᠦ ᠬᠠᠷᠢᠯᠴᠠᠭᠠᠨ ᠤ ᠱᠤᠭᠤᠮ ᠤᠨ ᠭᠦᠩᠵᠦ ᠶᠢᠨ ᠳᠠᠯᠠᠩ ᠠᠴᠠ ᠪᠢᠷᠠᠭᠤ ᠬᠦᠷᠬᠦ ᠬᠡᠰᠡᠭ ᠤᠨ ᠳᠡᠭᠡᠳᠦ ᠬᠤᠷᠳᠤ ᠶᠢᠨ ᠵᠠᠰᠠᠮᠠᠯ ᠵᠠᠮ ︵ᠭᠦᠩᠵᠦ ᠶᠢᠨ ᠳᠠᠯᠠᠩ ᠠᠴᠠ ᠪᠢᠷᠠᠭᠤ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠭᠡᠵᠦ ᠲᠣᠪᠴᠢᠯᠠᠨ᠎ᠠ︶ ᠨᠡᠪᠲᠡᠷᠡᠨ ᠡᠵᠡᠩᠨᠡᠯᠲᠡ ᠳᠤ ᠣᠷᠣᠪᠠ᠃
     ᠭᠦᠩᠵᠦ ᠶᠢᠨ ᠳᠠᠯᠠᠩ ᠠᠴᠠ ᠪᠢᠷᠠᠭᠤ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠢ 2019 ᠣᠨ ᠤ 10 ᠳ᠋ᠤᠭᠠᠷ ᠰᠠᠷ᠎ᠠ ᠠᠴᠠ ᠡᠬᠢᠯᠡᠨ ᠪᠠᠶᠢᠭᠤᠯᠵᠤ᠂ 2023 ᠣᠨ ᠤ 3 ᠳ᠋ᠤᠭᠠᠷ ᠰᠠᠷ᠎ᠠ ᠳᠤ ᠠᠵᠢᠯ ᠲᠤᠰᠢᠶᠠᠵᠤ ᠰᠢᠯᠭᠠᠨ ᠠᠪᠬᠤ ᠶᠢ ᠪᠠᠲᠤᠯᠠᠵᠤ᠂ ᠶᠡᠷᠦᠩᠬᠡᠢ ᠪᠡᠯᠡ ᠣᠷᠤᠭᠤᠯᠤᠯᠲᠠ ᠨᠢ 18.82 ᠳ᠋ᠦᠩᠰᠢᠭᠤᠷ ᠲᠥᠭᠦᠷᠢᠭ ᠲᠤ ᠬᠦᠷᠴᠦ᠂ ᠭᠤᠣᠯ ᠱᠤᠭᠤᠮ ᠤᠨ ᠡᠬᠢᠯᠡᠯᠲᠡ ᠶᠢᠨ ᠴᠡᠭ ᠨᠢ ᠰᠢᠯᠢ ᠶᠢᠨ ᠭᠤᠣᠯ ᠠᠶᠢᠮᠠᠭ ᠪᠣᠯᠣᠨ ᠤᠯᠠᠭᠠᠨᠬᠠᠳᠠ ᠬᠤᠲᠠ ᠶᠢᠨ ᠠᠭᠤᠯᠵᠠᠷ ᠲᠠᠬᠢ ᠭᠦᠩᠵᠦ ᠶᠢᠨ ᠳᠠᠯᠠᠩ ᠳᠤ ᠪᠠᠶᠢᠷᠢᠯᠠᠵᠤ᠂ ᠬᠡᠰᠢᠭᠲᠡᠨ ᠬᠤᠰᠢᠭᠤᠨ ᠤ ᠬᠠᠭᠤᠷᠠᠢ ᠬᠦᠷᠢᠶ᠎ᠡ ᠰᠤᠮᠤ ᠪᠠᠷ ᠦᠩᠭᠡᠷᠡᠨ᠂ ᠡᠴᠦᠰ ᠤᠨ ᠴᠡᠭ ᠨᠢ ᠪᠢᠷᠠᠭᠤ ᠪᠠᠯᠭᠠᠰᠤ ᠳᠤ ᠬᠦᠷᠴᠦ᠂ ᠪᠦᠬᠦ ᠤᠷᠳᠤ ᠨᠢ 61.25 ᠺᠢᠯᠦᠮᠧᠲᠷ ᠪᠠᠶᠢᠵᠤ᠂ ᠬᠤᠣᠰ ᠴᠢᠭᠯᠡᠯ ᠤᠨ ᠲᠦᠷᠪᠡᠨ ᠲᠡᠷᠭᠡᠨ ᠵᠠᠮ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠪᠠᠷᠢᠮᠵᠢᠶ᠎ᠠ ᠪᠠᠷ ᠪᠦᠲᠦᠭᠡᠨ ᠪᠠᠶᠢᠭᠤᠯᠵᠤ᠂ ᠵᠢᠷᠤᠵᠤ ᠲᠥᠯᠥᠪᠯᠡᠭᠰᠡᠨ ᠬᠤᠷᠳᠤᠴᠠ ᠨᠢ 100 ᠺᠢᠯᠦᠮᠧᠲᠷ/ᠴᠠᠭ ᠪᠠᠶᠢᠵᠤ᠂ ᠪᠦᠬᠦᠨ ᠢ ᠨᠢᠭᠡᠨᠲᠡ ᠪᠠᠶᠢᠭ᠎ᠠ ᠨᠢᠭᠡᠳᠦᠭᠡᠷ ᠳᠡᠰ ᠤᠨ ᠵᠠᠰᠠᠮᠠᠯ ᠵᠠᠮ ᠢ ᠠᠰᠢᠭᠯᠠᠨ ᠥᠭᠡᠷᠡᠴᠢᠯᠡᠨ ᠪᠠᠶᠢᠭᠤᠯᠵᠤ ᠂ ᠮᠤᠵᠢ ᠶᠢᠨ ᠵᠠᠮ ᠢ ᠰᠡᠷᠭᠦᠭᠡᠬᠦ ᠢᠨᠵᠧᠨᠧᠷᠢᠩ  ︵ᠲᠤᠰᠠᠯᠠᠬᠤ ᠵᠠᠮ︶᠎ ᠢ 65.655 ᠺᠢᠯᠦᠮᠧᠲᠷ ᠢ ᠵᠡᠷᠭᠡ ᠪᠠᠷ ᠬᠡᠷᠡᠭᠵᠢᠭᠦᠯᠵᠦ᠂ ᠪᠦᠬᠦ ᠱᠤᠭᠤᠮ ᠳᠤ ᠬᠠᠭᠤᠷᠠᠢ ᠬᠦᠷᠢᠶ᠎ᠡ᠂ ᠰᠢᠶᠠᠩ ᠱᠦᠢ᠂ ᠴᠢᠯᠠᠭᠤᠨ ᠬᠠᠭᠠᠯᠭ᠎ᠠ 3 ᠭᠠᠵᠠᠷ ᠤᠨ ᠬᠠᠷᠢᠯᠴᠠᠨ ᠨᠡᠪᠲᠡᠷᠡᠯᠴᠡᠬᠦ ᠬᠡᠯᠪᠡᠷᠢ ᠶᠢᠨ ᠵᠥᠷᠢᠯᠢᠭ ᠬᠦᠭᠦᠷᠭᠡ ᠶᠢ ᠲᠣᠬᠢᠷᠠᠭᠤᠯᠪᠠ᠃      ᠭᠦᠩᠵᠦ ᠶᠢᠨ ᠳᠠᠯᠠᠩ ᠠᠴᠠ ᠪᠢᠷᠠᠭᠤ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠪᠣᠯ ᠮᠠᠨ ᠤ ᠣᠷᠣᠨ ᠤ ᠪᠠᠷᠠᠭᠤᠨ ᠬᠡᠰᠡᠭ ᠤᠨ ᠠᠶᠢᠮᠠᠭ ᠬᠤᠲᠠ ᠠᠴᠠ ᠵᠡᠭᠦᠨ ᠬᠤᠶᠢᠲᠤ ᠶᠢᠨ ᠭᠤᠷᠪᠠᠨ ᠮᠤᠵᠢ ᠳᠤ ᠬᠦᠷᠬᠦ ᠴᠢᠬᠤᠯᠠ ᠨᠡᠪᠲᠡᠷᠡᠯ ᠵᠠᠮ ᠪᠣᠯᠣᠨ᠎ᠠ᠂ 2019 ᠣᠨ ᠤ 8 ᠳ᠋ᠤᠭᠠᠷ ᠰᠠᠷ᠎ᠠ ᠳᠤ ᠨᠢᠭᠡᠨᠲᠡ ᠡᠵᠡᠩᠨᠡᠯᠲᠡ ᠳᠤ ᠣᠷᠣᠭᠰᠠᠨ ᠳ᠋ᠠᠨᠳᠦ᠋ᠩ ᠠᠴᠠ ᠰᠢᠯᠢᠩᠬᠤᠲᠠ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠳ᠋ᠠᠪᠠᠨ ᠠᠴᠠ ᠪᠢᠷᠠᠭᠤ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠪᠣᠯᠣᠨ ᠤᠳᠠᠯ ᠦᠭᠡᠢ ᠨᠡᠪᠲᠡᠷᠡᠬᠦ ᠪᠠᠷ ᠪᠠᠶᠢᠭ᠎ᠠ ᠡᠷᠢᠶᠡᠨ ᠠᠴᠠ ᠭᠤᠸᠠᠩᠵᠸᠤ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠵᠢᠨᠢᠩ ᠠᠴᠠ ᠠᠷᠤᠨ ᠬᠤᠰᠢᠭᠤ ᠬᠦᠷᠬᠦ ᠬᠠᠷᠢᠯᠴᠠᠭᠠᠨ ᠤ ᠱᠤᠭᠤᠮ ᠤᠨ ᠳ᠋ᠠᠪᠠᠨ ᠠᠴᠠ ᠪᠠᠶᠠᠨᠲᠠᠯ᠎ᠠ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠲᠠᠢ ᠬᠤᠯᠪᠤᠯᠳᠤᠵᠤ᠂ ᠤᠯᠠᠭᠠᠨᠬᠠᠳᠠ ᠬᠤᠲᠠ ᠶᠢᠨ ᠪᠦᠬᠦᠯᠢ ᠴᠣᠭᠴᠠ ᠪᠠᠷ ᠢᠶᠠᠨ ᠲᠣᠣᠷᠵᠢᠭᠰᠠᠨ᠂ ᠣᠷᠣᠨ ᠪᠦᠰᠡ ᠪᠠᠷ ᠢᠶᠠᠨ ᠴᠠᠭᠠᠷᠢᠭᠯᠠᠭᠰᠠᠨ ︽ᠵᠢᠷᠭᠤᠭᠠᠨ ᠬᠥᠨᠳᠡᠯᠡᠨ ᠨᠠᠢᠮᠠᠨ ᠭᠤᠯᠳᠤ︾᠎ ᠶᠢᠨ ᠵᠠᠰᠠᠮᠠᠯ ᠵᠠᠮ ᠤᠨ ᠭᠤᠣᠯ ᠲᠤᠯᠭᠠᠭᠤᠷᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠪᠠᠷᠠᠭᠤᠨ᠂ ᠳᠤᠮᠳᠠ᠂ ᠵᠡᠭᠦᠨ ᠬᠡᠰᠡᠭ ᠤᠨ ᠭᠠᠵᠠᠷ ᠣᠷᠣᠨ ᠤ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠪᠣᠯᠣᠨ ᠤᠯᠠᠭᠠᠨᠬᠠᠳᠠ ᠬᠤᠲᠠ ᠶᠢᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠣᠣᠷ ᠤᠨ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠦᠨ᠂ ᠣᠷᠣᠨ ᠪᠦᠰᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠨᠥᠬᠦᠴᠡᠯ ᠢ ᠰᠠᠶᠢᠵᠢᠷᠠᠭᠤᠯᠵᠤ᠂ ᠭᠠᠳᠠᠭᠠᠳᠤ ᠲᠠᠢ ᠬᠤᠯᠪᠣᠭᠠᠯᠠᠵᠤ ᠳᠣᠲᠣᠭᠠᠳᠤ ᠳᠤ ᠪᠠᠨ ᠰᠠᠭᠠᠳ ᠦᠭᠡᠢ ᠨᠡᠪᠲᠡᠷᠡᠬᠦ᠂ ᠳᠥᠭᠦᠮ ᠳᠥᠲᠡ ᠪᠥᠭᠡᠳ ᠥᠨᠳᠥᠷ  ᠪᠦᠲᠦᠮᠵᠢᠲᠡᠢ ᠣᠳᠣᠬᠢᠴᠢᠯᠠᠭᠰᠠᠨ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠵᠠᠮ ᠳᠠᠭᠠᠤ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ ᠵᠢᠭᠤᠯᠴᠢᠯᠠᠯ ᠤᠨ ᠦᠢᠯᠡᠰ ᠢ ᠬᠥᠭᠵᠢᠭᠦᠯᠬᠦ ᠪᠠ ᠠᠵᠤ ᠠᠬᠤᠢ ᠨᠡᠶᠢᠭᠡᠮ ᠢ ᠵᠣᠬᠢᠴᠠᠩᠭᠤᠢ ᠪᠠᠷ ᠬᠥᠭᠵᠢᠭᠦᠯᠬᠦ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃                ︵ᠱᠢ ᠪᠥᠸᠧ ᠶᠠᠩ  ᠰᠠᠩ ᠬᠤᠩ ᠴᠤᠤ︶
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号