512 ᠤᠯᠤᠰ ᠤᠨ ᠵᠠᠮ ᠤᠨ ᠺᠧᠦ ᠽᠢ ᠲᠣᠰᠬᠤᠨ ︵ᠥᠪᠥᠷ ᠮᠣᠩᠭᠤᠯ ᠱᠠᠨ ᠰᠢ ᠶᠢᠨ ᠵᠠᠭᠠᠭ︶ ᠎ ᠠᠴᠠ ᠹᠧᠩᠵᠧᠨ ᠬᠦᠷᠬᠦ ᠬᠡᠰᠡᠭ ᠤᠨ ᠨᠢᠭᠡᠳᠦᠭᠡᠷ ᠳᠡᠰ ᠤᠨ ᠵᠠᠰᠠᠮᠠᠯ ᠵᠠᠮ ᠵᠢᠩᠬᠢᠨᠢ ᠪᠠᠷ ᠨᠡᠪᠲᠡᠷᠡᠨ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2023/4/19
     4 ᠳ᠋ᠦ᠋ᠭᠡᠷ ᠰᠠᠷ᠎ᠠ ᠶᠢᠨ 14᠎ ᠤ ᠡᠳᠦᠷ᠂ 512 ᠤᠯᠤᠰ ᠤᠨ ᠵᠠᠮ ᠤᠨ ᠺᠧᠦ ᠽᠢ ᠲᠣᠰᠬᠤᠨ ︵ᠥᠪᠥᠷ ᠮᠣᠩᠭᠤᠯ ᠱᠠᠨ ᠰᠢ ᠶᠢᠨ ᠵᠠᠭᠠᠭ︶᠎ ᠠᠴᠠ ᠹᠧᠩᠵᠧᠨ ᠬᠦᠷᠬᠦ ᠬᠡᠰᠡᠭ ᠤᠨ ᠨᠢᠭᠡᠳᠦᠭᠡᠷ ᠳᠡᠰ ᠤᠨ ᠵᠠᠰᠠᠮᠠᠯ ᠵᠠᠮ ᠵᠢᠩᠬᠢᠨᠢ ᠪᠠᠷ ᠨᠡᠪᠲᠡᠷᠡᠨ ᠠᠰᠢᠭᠯᠠᠯᠲᠠ ᠳᠤ ᠣᠷᠣᠪᠠ᠃ ᠲᠤᠰ ᠲᠦᠷᠦᠯ ᠵᠦᠢᠯ ᠪᠣᠯ 512 ᠤᠯᠤᠰ ᠤᠨ ᠵᠠᠮ ᠤᠨ ᠸᠠᠨ ᠴᠢᠤᠸᠠᠨ ᠠᠴᠠ ᠲᠠᠯᠠᠳ ᠬᠤᠰᠢᠭᠤ ᠬᠦᠷᠬᠦ ᠵᠠᠰᠠᠮᠠᠯ ᠵᠠᠮ ᠤᠨ ᠨᠢᠭᠡ ᠬᠡᠰᠡᠭ ᠪᠣᠯᠣᠨ᠎ᠠ᠂ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠭᠤᠣᠯ ᠱᠤᠭᠤᠮ ᠤᠨ ᠵᠠᠰᠠᠮᠠᠯ ᠵᠠᠮ ᠤᠨ ᠲᠣᠣᠷ ᠤᠨ ᠴᠢᠬᠤᠯᠠ ᠪᠦᠷᠢᠯᠳᠦᠭᠦᠨ ᠬᠡᠰᠡᠭ ᠪᠣᠯᠣᠨ᠎ᠠ᠂ ᠮᠦᠨ ᠴᠤ ᠮᠠᠨ ᠤ ᠣᠷᠣᠨ ᠤ ᠱᠠᠨ ᠰᠢ ᠮᠤᠵᠢ ᠳᠤ ᠨᠡᠪᠲᠡᠷᠡᠬᠦ ᠴᠢᠬᠤᠯᠠ ᠨᠡᠪᠲᠡᠷᠡᠯ ᠵᠠᠮ ᠤᠨ ᠨᠢᠭᠡ ᠪᠣᠯᠣᠨ᠎ᠠ᠃ ᠲᠥᠷᠥᠯ ᠵᠦᠢᠯ ᠤᠨ ᠪᠥᠬᠦ ᠱᠤᠭᠤᠮ ᠨᠢ 52.46 ᠺᠢᠯᠣᠮᠧᠲᠷ᠂ ᠹᠧᠩᠵᠧᠨ ᠤ ᠬᠤᠯᠪᠣᠬᠤ ᠱᠤᠭᠤᠮ ᠨᠢ 9.6 ᠺᠢᠯᠣᠮᠧᠲᠷ ᠪᠣᠯᠣᠨ᠎ᠠ᠃ ᠵᠠᠮ ᠱᠤᠭᠤᠮ ᠨᠢ ᠶᠡᠷᠦᠩᠬᠡᠢ ᠳᠤ ᠪᠠᠨ ᠵᠡᠭᠦᠨᠰᠢ ᠪᠠᠷᠠᠭᠤᠨᠰᠢ ᠴᠢᠭᠯᠡᠯ ᠲᠠᠢ ᠪᠠᠶᠢᠵᠤ᠂ ᠡᠬᠢᠯᠡᠯᠲᠡ ᠶᠢᠨ ᠴᠡᠭ ᠨᠢ ᠹᠧᠩᠵᠧᠨ ᠬᠤᠲᠠ ᠶᠢᠨ ᠭᠤᠸᠠᠨ ᠲᠦᠨ ᠪᠦᠦ ᠰᠢᠶᠠᠩ ᠤᠨ ᠺᠧᠦ ᠽᠢ ᠲᠣᠰᠬᠤᠨ ᠤ ᠵᠡᠭᠦᠨ ᠥᠪᠥᠷ ᠮᠣᠩᠭᠤᠯ ᠪᠣᠯᠣᠨ ᠱᠠᠨ ᠰᠢ ᠮᠤᠵᠢ ᠶᠢᠨ ᠠᠭᠤᠯᠵᠠᠷ ᠲᠤ ᠪᠠᠶᠢᠷᠢᠯᠠᠵᠤ᠂ ᠡᠴᠦᠰ ᠤᠨ ᠴᠡᠭ ᠨᠢ ᠹᠧᠩᠵᠧᠨ ᠬᠤᠲᠠ ᠶᠢᠨ ᠵᠢᠦᠢ ᠪᠦᠦ ᠵᠤᠸᠠᠩ ᠪᠠᠯᠭᠠᠰᠤ ᠶᠢᠨ ᠵᠡᠭᠦᠨ ᠱᠢ ᠪᠠ ᠲᠠᠢ ᠲᠣᠰᠬᠤᠨ ᠤ ᠪᠠᠷᠠᠭᠤᠨ ᠲᠠᠯ᠎ᠠ ᠳᠤ ᠪᠠᠶᠢᠷᠢᠯᠠᠵᠤ᠂ ᠨᠢᠭᠡᠨᠲᠡ ᠲᠡᠷᠭᠡ ᠨᠡᠪᠲᠡᠷᠡᠭᠰᠡᠨ 512 ᠤᠯᠤᠰ ᠤᠨ ᠵᠠᠮ ᠤᠨ ᠹᠧᠩᠵᠧᠨ ᠠᠴᠠ ᠯᠢᠶᠡᠩᠴᠧᠩ ᠬᠦᠷᠬᠦ ᠬᠡᠰᠡᠭ ᠤᠨ ᠵᠠᠰᠠᠮᠠᠯ ᠵᠠᠮ ᠢ ᠰᠢᠭᠤᠳ ᠵᠠᠯᠭᠠᠪᠠ᠃
     2022 ᠣᠨ ᠤ 7 ᠳ᠋ᠤᠭᠠᠷ ᠰᠠᠷ᠎ᠠ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ︽ᠲᠠᠪᠤᠨ ᠶᠢ ᠲᠤᠶᠢᠯᠪᠤᠷᠢᠲᠠᠢ ᠪᠠᠶᠢᠴᠠᠭᠠᠬᠤ︾ ᠠᠵᠢᠯ ᠲᠠᠢ ᠤᠶᠠᠯᠳᠤᠭᠤᠯᠵᠤ᠂ ᠤᠷᠢᠳᠴᠢᠯᠠᠵᠤ ᠪᠣᠯᠬᠤ᠂ ᠰᠢᠯᠢᠳᠡᠭᠵᠢᠭᠦᠯᠵᠦ ᠪᠣᠯᠬᠤ ᠰᠦᠢᠳᠬᠡᠯ ᠬᠤᠷᠢᠶᠠᠬᠤ ᠥᠷᠲᠡᠭᠡ ᠶᠢᠨ ᠮᠡᠳᠡᠭᠦᠯᠦᠨ ᠵᠥᠪᠰᠢᠶᠡᠷᠡᠭᠦᠯᠬᠦ ᠴᠤᠪᠤᠷᠠᠯ ᠢ ᠪᠦᠬᠦᠨ ᠢ ᠰᠢᠯᠢᠳᠡᠭᠵᠢᠭᠦᠯᠵᠦ᠂ ︽ᠵᠠᠰᠠᠮᠠᠯ ᠵᠠᠮ ᠤᠨ ᠰᠦᠢᠳᠬᠡᠯ ᠬᠤᠷᠢᠶᠠᠬᠤ ᠥᠷᠲᠡᠭᠡ ᠪᠠᠶᠢᠭᠤᠯᠬᠤ ᠶᠢᠨ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠲᠦᠷᠭᠡᠳᠬᠡᠨ ᠠᠬᠢᠭᠤᠯᠬᠤ ᠲᠤᠬᠠᠢ ᠮᠡᠳᠡᠭᠳᠡᠯ︾᠎ ᠢ ᠰᠤᠳᠤᠯᠤᠨ ᠲᠣᠭᠲᠠᠭᠠᠵᠤ᠂ ᠲᠤᠬᠠᠶᠢᠯᠠᠪᠠᠯ ᠪᠠᠷᠢᠯᠭ᠎ᠠ ᠶᠢ ᠠᠵᠢᠯ ᠲᠤᠰᠢᠶᠠᠬᠤ ᠠᠴᠠ ᠡᠮᠦᠨ᠎ᠡ᠂ ᠡᠵᠡᠩᠨᠡᠯᠲᠡ ᠶᠢᠨ ᠨᠢᠭᠡᠴᠢ ᠶᠢ ᠤᠷᠢᠳᠴᠢᠯᠠᠨ ᠵᠢᠯᠤᠭᠤᠳᠴᠤ ᠮᠡᠳᠡᠭᠦᠯᠦᠨ ᠵᠥᠪᠰᠢᠶᠡᠷᠡᠭᠦᠯᠬᠦ ᠲᠠᠰ ᠳᠠᠷᠠᠭᠠᠯᠠᠯ ᠢ ᠡᠬᠢᠯᠡᠭᠦᠯᠵᠦ᠂ ᠤᠷᠢᠳᠴᠢᠯᠠᠨ ᠬᠢᠨᠠᠵᠤ᠂ ᠤᠷᠢᠳᠴᠢᠯᠠᠨ ᠬᠠᠶᠢᠨ ᠰᠢᠯᠭᠠᠵᠤ᠂ ᠨᠥᠬᠦᠴᠡᠯ ᠢ ᠪᠦᠷᠢᠳᠦᠭᠦᠯᠦᠭᠰᠡᠨ ᠤ ᠳᠠᠷᠠᠭ᠎ᠠ ᠤᠷᠢᠳᠴᠢᠯᠠᠨ ᠮᠡᠳᠡᠭᠦᠯᠦᠨ ᠵᠥᠪᠰᠢᠶᠡᠷᠡᠭᠦᠯᠵᠦ᠂ ᠰᠦᠢᠳᠬᠡᠯ ᠬᠤᠷᠢᠶᠠᠬᠤ ᠵᠠᠰᠠᠮᠠᠯ ᠵᠠᠮ ᠢ ᠪᠠᠶᠢᠭᠤᠯᠵᠤ ᠳᠠᠭᠤᠰᠬᠠᠪᠠᠯ ᠳᠠᠷᠤᠢ ᠠᠰᠢᠭᠯᠠᠯᠲᠠ ᠳᠤ ᠣᠷᠣᠭᠤᠯᠬᠤ ᠶᠢ ᠦᠨᠡᠨ ᠬᠦ ᠪᠠᠲᠤᠯᠠᠪᠠ᠃      ︽ᠳᠥᠷᠪᠡ ᠶᠢ ᠤᠷᠢᠳᠴᠢᠯᠠᠬᠤ︾ ᠵᠠᠭᠪᠤᠷ ᠢ ᠬᠡᠷᠡᠭᠯᠡᠨ᠂ 512 ᠤᠯᠤᠰ ᠤᠨ ᠵᠠᠮ ᠤᠨ ᠺᠧᠦ ᠽᠢ ᠲᠣᠰᠬᠤᠨ ︵ᠥᠪᠥᠷ ᠮᠣᠩᠭᠤᠯ ᠱᠠᠨ ᠰᠢ ᠶᠢᠨ ᠵᠠᠭᠠᠭ︶᠎ ᠠᠴᠠ ᠹᠧᠩᠵᠧᠨ ᠬᠦᠷᠬᠦ ᠬᠡᠰᠡᠭ ᠤᠨ ᠨᠢᠭᠡᠳᠦᠭᠡᠷ ᠳᠡᠰ ᠤᠨ ᠵᠠᠰᠠᠮᠠᠯ ᠵᠠᠮ ᠨᠢ ᠥᠩᠭᠡᠷᠡᠭᠰᠡᠨ ᠤ ᠬᠢ ᠠᠴᠠ ᠪᠠᠨ ᠪᠠᠷᠤᠭ 2 ᠰᠠᠷ᠎ᠠ ᠶᠢᠨ ᠡᠮᠦᠨ᠎ᠡ ᠥᠷᠲᠡᠭᠡ ᠪᠠᠶᠢᠭᠤᠯᠵᠤ ᠮᠡᠳᠡᠭᠦᠯᠦᠨ ᠵᠥᠪᠰᠢᠶᠡᠷᠡᠭᠦᠯᠬᠦ ᠭᠠᠷᠳᠠᠮ ᠢ ᠪᠡᠶᠡᠯᠡᠭᠦᠯᠵᠦ᠂ ᠲᠥᠷᠥᠯ ᠵᠦᠢᠯ ᠤᠨ ᠪᠠᠶᠢᠪᠠᠰᠤ ᠵᠣᠬᠢᠬᠤ ᠦᠢᠯᠡᠳᠦᠯ ᠢ ᠤᠷᠢᠳᠴᠢᠯᠠᠨ ᠪᠠᠳᠠᠷᠠᠭᠤᠯᠬᠤ ᠳᠤ ᠬᠦᠴᠦᠨ ᠨᠡᠮᠡᠷᠢᠯᠡᠵᠦ᠂ ᠣᠯᠠᠨ ᠲᠦᠮᠡᠨ ᠤ ᠶᠠᠪᠤᠵᠤ ᠰᠠᠭᠤᠬᠤ ᠨᠥᠬᠦᠴᠡᠯ ᠢ ᠰᠠᠶᠢᠵᠢᠷᠠᠭᠤᠯᠬᠤ᠂ ᠭᠤᠣᠯ ᠱᠤᠭᠤᠮ ᠤᠨ ᠵᠠᠮ ᠤᠨ ᠲᠣᠣᠷ ᠢ ᠲᠡᠭᠦᠯᠳᠡᠷᠵᠢᠭᠦᠯᠬᠦ᠂ ᠣᠷᠣᠨ ᠪᠦᠰᠡ ᠳᠠᠭᠠᠤ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠪᠡ᠃      ︵ᠲᠢᠩᠬᠢᠮ ᠤᠨ ᠵᠠᠰᠠᠮᠠᠯ ᠵᠠᠮ ᠤᠨ ᠭᠠᠵᠠᠷ ᠡᠬᠡ ᠪᠢᠴᠢᠭ ᠬᠠᠩᠭᠠᠪᠠ︶
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号