5 ᠳ᠋ᠤᠭᠠᠷ ᠰᠠᠷ᠎ᠠ ᠶᠢᠨ 15 ᠤ ᠡᠳᠦᠷ᠂ ᠬᠢᠯᠢ ᠳᠤ ᠣᠷᠣᠬᠤ ᠪᠠᠷᠠᠭᠠᠨ ᠤ ᠲᠡᠷᠭᠡ ᠶᠢᠨ ᠡᠮᠬᠢ ᠵᠢᠷᠤᠮ | ᠲᠠᠢ ᠪᠠᠷ ᠣᠷᠤᠵᠤ ᠢᠷᠡᠬᠦ ᠶᠢ ᠳᠠᠭᠠᠯᠳᠤᠨ᠂ ᠮᠠᠨᠵᠤᠤᠷ ᠤᠨ ᠵᠠᠰᠠᠮᠠᠯ ᠵᠠᠮ ᠤᠨ ᠪᠣᠭᠤᠮᠲᠠ ᠨᠢ 24 ᠴᠠᠭ ᠢᠶᠠᠷ | ᠪᠠᠷᠠᠭᠠᠨ ᠤ ᠲᠡᠭᠡᠭᠡᠪᠦᠷᠢ ᠶᠢᠨ ᠪᠣᠭᠤᠮᠲᠠ ᠪᠠᠷ ᠥᠩᠭᠡᠷᠡᠬᠦ ᠵᠠᠭᠪᠤᠷ ᠢ ᠵᠢᠩᠬᠢᠨᠢ ᠪᠠᠷ ᠡᠬᠢᠯᠡᠭᠦᠯᠵᠦ᠂ ᠪᠥᠬᠦ ᠤᠯᠤᠰ ᠤᠨ | ᠠᠩᠬᠠᠳᠠᠭᠴᠢ 24 ᠴᠠᠭ ᠢᠶᠠᠷ ᠪᠠᠷᠠᠭᠠᠨ ᠤ ᠲᠡᠭᠡᠭᠡᠪᠦᠷᠢ ᠶᠢᠨ ᠪᠣᠭᠤᠮᠲᠠ ᠪᠠᠷ ᠥᠩᠭᠡᠷᠡᠬᠦ ᠬᠢᠯᠢ ᠶᠢᠨ ᠵᠠᠰᠠᠮᠠᠯ | ᠵᠠᠮ ᠤᠨ ᠪᠣᠭᠤᠮᠲᠠ ᠪᠣᠯᠵᠤ᠂ ᠲᠣᠰ ᠵᠠᠭᠪᠤᠷ ᠢ 6 ᠰᠠᠷ᠎ᠠ ᠲᠤᠷᠰᠢᠨ ᠠᠵᠢᠯᠯᠠᠭᠤᠯᠬᠤ ᠪᠠᠷ ᠪᠠᠶᠢᠨ᠎ᠠ᠃ | | | | | ᠪᠦᠷᠢᠳᠬᠡᠯ ᠢ ᠦᠨᠳᠦᠰᠦᠯᠡᠪᠡᠯ᠂ 5 ᠳ᠋ᠤᠭᠠᠷ ᠰᠠᠷ᠎ᠠ ᠶᠢᠨ 15 ᠤ ᠡᠳᠦᠷ ᠤᠨ 8 ᠴᠠᠭ ᠠᠴᠠ 16 ᠤ | ᠡᠳᠦᠷ ᠤᠨ 8 ᠴᠠᠭ ᠪᠣᠯᠲᠠᠯ᠎ᠠ᠂ ᠲᠣᠰ ᠪᠣᠭᠤᠮᠲᠠ ᠪᠠᠷ ᠳᠠᠮᠵᠢᠨ ᠬᠢᠯᠢ ᠪᠠᠷ ᠣᠷᠣᠵᠤ ᠭᠠᠷᠤᠭᠰᠠᠨ ᠲᠡᠷᠭᠡ ᠬᠦᠰᠬᠡ | 503 ᠪᠠᠶᠢᠵᠤ᠂ ᠡᠭᠦᠨ ᠳᠤ ᠬᠢᠯᠢ ᠪᠠᠷ ᠣᠷᠤᠭᠰᠠᠨ ᠲᠡᠷᠭᠡ ᠬᠦᠰᠬᠡ 174᠂ ᠬᠢᠯᠢ ᠠᠴᠠ ᠭᠠᠷᠤᠭᠰᠠᠨ ᠲᠡᠷᠭᠡ | ᠬᠦᠰᠬᠡ 329 ᠪᠠᠶᠢᠵᠤ᠂ 5 ᠳ᠋ᠤᠭᠠᠷ ᠰᠠᠷ᠎ᠠ ᠶᠢᠨ 1 ᠤ ᠡᠳᠦᠷ ᠠᠴᠠ 14 ᠤ ᠡᠳᠦᠷ ᠪᠣᠯᠲᠠᠯ᠎ᠠ ᠬᠢ ᠡᠳᠦᠷ | ᠳᠤᠮᠳᠠᠴᠢ ᠲᠠᠢ ᠠᠳᠠᠯᠢᠳᠬᠠᠪᠠᠯ᠂ ᠬᠢᠯᠢ ᠪᠠᠷ ᠣᠷᠤᠵᠤ ᠭᠠᠷᠤᠭᠰᠠᠨ ᠲᠡᠷᠭᠡ ᠬᠦᠰᠬᠡ ᠪᠦᠭᠦᠳᠡ 88% ᠨᠡᠮᠡᠭᠳᠡᠵᠦ᠂ | ᠪᠣᠭᠤᠮᠲᠠ ᠶᠢᠨ ᠠᠵᠢᠯᠯᠠᠭᠠᠨ ᠶᠡᠷᠦᠩᠬᠡᠶ ᠳᠤ ᠪᠠᠨ ᠲᠣᠭᠲᠠᠭᠤᠨ ᠪᠠᠶᠢᠪᠠ᠃ | ᠮᠠᠨᠵᠤᠤᠷ ᠤᠨ ᠵᠠᠰᠠᠮᠠᠯ ᠵᠠᠮ ᠤᠨ ᠪᠣᠭᠤᠮᠲᠠ ᠶᠢᠨ 24 ᠴᠠᠭ ᠢᠶᠠᠷ ᠪᠣᠭᠤᠮᠲᠠ ᠪᠠᠷ ᠥᠩᠭᠡᠷᠡᠬᠦ ᠪᠠᠲᠤᠯᠠᠭ᠎ᠠ ᠶᠢᠨ | ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠮᠠᠨᠵᠤᠤᠷ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ ᠵᠢᠵᠢᠭᠦᠷᠯᠡᠬᠦ ᠠᠵᠢᠯ ᠤᠨ ᠪᠠᠶᠢᠷᠢ ᠪᠠᠶᠢᠭᠤᠯᠵᠤ᠂ ᠬᠤᠯᠪᠤᠭ᠎ᠠ ᠶᠢᠨ ᠰᠠᠭᠠᠳ ᠥᠬᠡᠶ ᠨᠡᠪᠲᠡᠷᠡᠵᠦ᠂ | ᠪᠣᠭᠤᠮᠲᠠ ᠪᠠᠷ ᠥᠩᠭᠡᠷᠡᠬᠦ ᠬᠡᠷᠡᠭ ᠶᠠᠪᠤᠳᠠᠯ ᠢ ᠴᠠᠭ ᠲᠤᠬᠠᠶ ᠳᠤ ᠨᠢ ᠰᠢᠢᠳᠪᠦᠷᠢᠯᠡᠬᠦ ᠶᠢ ᠪᠠᠲᠤᠯᠠᠪᠠ︔ ᠠᠵᠢᠯᠲᠠᠨ ᠤ | ᠲᠣᠬᠢᠷᠠᠭᠤᠯᠤᠯᠲᠠ ᠶᠢ ᠨᠢᠭᠡᠳᠦᠯᠲᠡᠶ ᠲᠥᠯᠥᠪᠯᠡᠵᠦ᠂ ︽ᠬᠠᠭᠤᠴᠢᠨ ᠨᠢ ᠰᠢᠨ᠎ᠡ ᠪᠠᠨ ᠬᠠᠪᠰᠤᠷᠬᠤ︾ ᠠᠵᠢᠯ ᠤᠨ | ᠲᠣᠭᠲᠠᠴᠠ ᠶᠢ ᠬᠡᠷᠡᠭᠵᠢᠭᠦᠯᠦᠨ ᠪᠣᠭᠤᠮᠲᠠ ᠶᠢᠨ ᠨᠢᠭᠡᠳᠦᠭᠡᠷ ᠹᠷᠣᠨᠲ ᠢ ᠲᠤᠰᠠᠯᠠᠵᠤ᠂ ᠪᠣᠭᠤᠮᠲᠠ ᠪᠠᠷ ᠥᠩᠭᠡᠷᠡᠬᠦ ᠶᠢ | ᠪᠠᠶᠢᠴᠠᠭᠠᠨ ᠰᠢᠯᠭᠠᠬᠤ ᠭᠤᠭᠴᠤᠭ᠎ᠠ ᠳᠤ ᠠᠯᠳᠠᠭ᠎ᠠ ᠭᠠᠷᠭᠠᠬᠤ ᠥᠬᠡᠶ ᠪᠠᠶᠢᠬᠤ ᠶᠢ ᠪᠠᠲᠤᠯᠠᠪᠠ᠃ | ︵ᠮᠦᠩᠭᠦᠨᠴᠡᠴᠡᠭ ᠡᠦ ᠱᠢ ᠵᠧ ᠾᠧᠦ ᠸᠧᠨ ᠶᠠ︶ | | |