ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠵᠢᠷᠭᠤᠭᠠᠨ ᠨᠠᠮ ᠤᠨ ᠡᠭᠦᠷ ᠬᠠᠮᠲᠤᠷᠠᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ ︿ᠵᠢᠱᠢᠶᠡᠴᠢ ᠥᠪᠡᠷᠲᠡᠭᠡᠨ ᠵᠠᠰᠠᠬᠤ ᠣᠷᠣᠨ﹀ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2023/6/2
     ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠬᠤ ᠪᠠ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠣᠭᠤᠰᠢᠯᠠᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠭᠤᠣᠯ ᠰᠡᠳᠦᠪᠲᠦ ᠬᠥᠮᠦᠵᠢᠯ ᠤᠨ ᠠᠵᠢᠯ ᠤᠨ ᠲᠣᠬᠢᠷᠠᠭᠤᠯᠤᠯᠲᠠ ᠶᠣᠰᠣᠭᠠᠷ᠂ 5 ᠳ᠋ᠤᠭᠠᠷ ᠰᠠᠷ᠎ᠠ ᠶᠢᠨ 31 ᠤ ᠡᠳᠦᠷ᠂ ᠲᠢᠩᠬᠢᠮ ᠤᠨ ᠪᠠᠶᠢᠭᠤᠯᠭ᠎ᠠ ᠶᠢᠨ ᠨᠠᠮ ᠤᠨ ᠬᠤᠷᠢᠶ᠎ᠠ ︵ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ︶ ᠶᠢᠨ ᠨᠠᠮ ᠤᠨ ᠡᠭᠦᠷ ᠲᠢᠩᠬᠢᠮ ᠤᠨ ᠠᠯᠪᠠᠨ ᠭᠡᠷ᠂ ᠠᠵᠢᠯᠲᠠᠨ ᠤ ᠶᠠᠪᠤᠳᠠᠯ ᠤᠨ ᠬᠥᠮᠦᠵᠢᠯ ᠤᠨ ᠭᠠᠵᠠᠷ᠂ ᠬᠠᠤᠯᠢ ᠲᠣᠭᠲᠠᠭᠠᠯ ᠤᠨ ᠭᠠᠵᠠᠷ᠂ ᠡᠳ᠋ ᠤᠨ ᠶᠠᠪᠤᠳᠠᠯ ᠤᠨ ᠭᠠᠵᠠᠷ᠂ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠨᠠᠮ ᠤᠨ ᠡᠭᠦᠷ ᠲᠠᠢ ᠬᠠᠮᠲᠤᠷᠠᠨ ᠥᠪᠥᠷ ᠮᠣᠩᠭᠤᠯ ᠤᠨ ᠮᠦᠽᠧᠢ ᠳᠤ ᠬᠦᠷᠴᠦ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ ︿ᠵᠢᠱᠢᠶᠡᠴᠢ ᠥᠪᠡᠷᠲᠡᠭᠡᠨ ᠵᠠᠰᠠᠬᠤ ᠣᠷᠣᠨ﹀ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃
     ᠠᠵᠢᠯᠯᠠᠭ᠎ᠠ ᠳᠤ᠂ ᠤᠯᠠᠨ ᠢᠶᠠᠷ ᠢᠶᠠᠨ ᠥᠪᠥᠷ ᠮᠣᠩᠭᠤᠯ ᠤᠨ ᠮᠦᠽᠧᠢ ᠶᠢᠨ ︽ᠠᠭᠤᠰᠤᠯᠴᠠᠨ ᠴᠤᠭᠯᠠᠷᠠᠬᠤ︾ ᠭᠤᠣᠯ ᠰᠡᠳᠦᠪᠲᠦ ᠦᠵᠡᠰᠬᠦᠯᠡᠩ ᠢ ᠲᠣᠭᠤᠷᠢᠨ ᠦᠵᠡᠪᠡ᠃ ᠲᠤᠰ ᠦᠵᠡᠰᠬᠦᠯᠡᠩ ᠨᠢ ︽ᠥᠨᠢ ᠤᠳᠠᠭᠠᠨ ᠤᠯᠠᠮᠵᠢᠯᠠᠯ ᠲᠠᠢ︾ ︽ᠠᠭᠤᠰᠤᠯᠴᠠᠨ ᠴᠤᠭᠯᠠᠷᠠᠭᠰᠠᠨ︾ ︽ᠤᠮᠠᠷᠠᠲᠤ ᠬᠢᠯᠢ ᠶᠢ ᠲᠣᠭᠲᠠᠪᠤᠷᠢᠵᠢᠭᠤᠯᠤᠭᠰᠠᠨ︾     ︽ᠲᠠᠩᠰᠤᠭ ᠰᠠᠶᠢᠬᠠᠨ ᠰᠣᠶᠣᠯ︾ ᠭᠡᠬᠦ ᠳᠥᠷᠪᠡᠨ ᠬᠡᠰᠡᠭ ᠲᠤ ᠬᠤᠪᠢᠶᠠᠵᠠᠢ᠃ ᠡᠷᠲᠡ ᠦᠶ᠎ᠡ ᠶᠢᠨ ᠬᠤᠸᠠᠰᠢᠶᠠ᠂ ᠾᠦᠩᠨᠦ᠂ ᠰᠢᠶᠠᠨᠪᠸᠢ᠂ ᠲᠦᠷᠺ᠂ ᠬᠢᠳᠠᠨ᠂ ᠵᠦᠷᠴᠢᠨ᠂ ᠮᠣᠩᠭᠤᠯ ᠵᠡᠷᠭᠡ ᠦᠨᠳᠦᠰᠦᠲᠡᠨ ᠤ ᠡᠭᠦᠰᠦᠯ ᠭᠠᠷᠤᠯ᠂ ᠶᠠᠪᠤᠯᠴᠠᠭ᠎ᠠ ᠰᠣᠯᠢᠯᠴᠠᠭ᠎ᠠ ᠶᠢᠨ ᠪᠠᠶᠢᠳᠠᠯ ᠵᠢᠴᠢ ᠥᠪᠥᠷ ᠮᠣᠩᠭᠤᠯ ᠣᠷᠣᠨ ᠤ ᠦᠨᠳᠦᠰᠦᠲᠡᠨ ᠨᠦᠭᠦᠳ ᠤᠨ ᠣᠷᠣᠰᠢᠨ ᠰᠠᠭᠤᠭ᠎ᠠ ᠣᠷᠣᠨ ᠪᠦᠰᠡ᠂ ᠬᠤᠲᠠ ᠶᠢᠨ ᠪᠠᠷᠢᠯᠭ᠎ᠠ᠂ ᠭᠠᠷ ᠦᠢᠯᠡᠳᠪᠦᠷᠢ ᠶᠢᠨ ᠦᠢᠯᠡᠳᠪᠦᠷᠢᠯᠡᠯ ᠵᠡᠷᠭᠡ ᠲᠠᠯ᠎ᠠ ᠪᠠᠷ ᠴᠤᠭᠯᠠᠷᠠᠭᠰᠠᠨ᠂ ᠠᠭᠤᠰᠤᠯᠴᠠᠭᠰᠠᠨ ᠲᠡᠦᠬᠡ ᠶᠢᠨ ᠰᠤᠳᠠᠰᠤ ᠶᠢ ᠭᠦᠢᠴᠡᠳ ᠳᠡᠯᠭᠡᠨ ᠦᠵᠡᠭᠦᠯᠵᠦ᠂ ᠳᠤᠮᠳᠠᠳᠤ ᠶᠢᠨ ᠦᠨᠳᠦᠰᠦᠲᠡᠨ ᠤ ᠣᠯᠠᠨ ᠡᠰᠢᠲᠦ ᠨᠢᠭᠡ ᠴᠣᠭᠴᠠᠵᠢᠭᠰᠠᠨ ᠪᠠᠶᠢᠷᠢᠰᠢᠯ ᠤᠨ ᠪᠦᠷᠢᠯᠳᠦᠨ ᠬᠥᠭᠵᠢᠭᠰᠡᠨ ᠠᠬᠢᠴᠠ ᠶᠢ ᠭᠦᠨᠵᠡᠭᠡᠢ ᠲᠣᠳᠣᠷᠬᠠᠶᠢᠯᠠᠨ ᠥᠭᠦᠯᠡᠭᠰᠡᠨ ᠪᠠᠶᠢᠨ᠎ᠠ᠃ ᠤᠯᠠᠨ ᠢᠶᠠᠷ ᠢᠶᠠᠨ ᠠᠯᠢ ᠤᠯᠠᠨ ᠪᠣᠳᠠᠲᠤ ᠶᠠᠭᠤᠮ᠎ᠠ᠂ ᠠᠯᠢ ᠤᠯᠠᠨ ᠭᠡᠷᠡᠯ ᠵᠢᠷᠤᠭ ᠠᠴᠠ ᠳᠤᠮᠳᠠᠳᠤ ᠶᠢᠨ ᠰᠣᠶᠣᠯ ᠤᠨ ᠥᠨᠢᠳᠡ ᠶᠢᠨ ᠬᠥᠭᠵᠢᠯᠲᠡ ᠶᠢᠨ ᠥᠪᠡᠷᠮᠢᠴᠡ ᠷᠢᠳᠢ ᠰᠢᠳᠢ ᠶᠢ ᠭᠦᠨᠵᠡᠭᠡᠢ ᠮᠡᠳᠡᠷᠡᠵᠦ᠂ ᠠᠭᠤᠤ ᠶᠡᠭᠡ ᠡᠬᠡ ᠤᠯᠤᠰ ᠤᠨ ᠲᠤᠬᠠᠢ ᠮᠡᠳᠡᠷᠡᠮᠵᠢ᠂ ᠳᠤᠮᠳᠠᠳᠤ ᠶᠢᠨ ᠦᠨᠳᠦᠰᠦᠲᠡᠨ ᠤ ᠲᠤᠬᠠᠢ ᠮᠡᠳᠡᠷᠡᠮᠵᠢ᠂ ᠳᠤᠮᠳᠠᠳᠤ ᠶᠢᠨ ᠰᠣᠶᠣᠯ ᠤᠨ ᠲᠤᠬᠠᠢ ᠮᠡᠳᠡᠷᠡᠮᠵᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠤᠬᠠᠢ ᠮᠡᠳᠡᠷᠡᠮᠵᠢ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠮᠡᠳᠡᠷᠡᠮᠵᠢ ᠶᠢ ᠤᠯᠠᠮ ᠴᠢᠨᠠᠭᠰᠢᠳᠠ ᠴᠢᠩᠭᠠᠳᠬᠠᠵᠠᠢ᠃
     ᠲᠤᠰ ᠤᠳᠠᠭᠠᠨ ᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠬᠦ ᠪᠠᠷ ᠳᠡᠮᠵᠢᠨ᠂ ᠣᠯᠠᠨ ᠢᠶᠠᠷ ᠢᠶᠠᠨ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠬᠤ ᠪᠠ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠴᠣᠭᠴᠠᠯᠠᠬᠤ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ ᠪᠣᠯᠣᠨ ᠠᠵᠢᠯᠯᠠᠭᠠᠨ ᠤ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠨᠡᠩ ᠰᠢᠯᠢᠳᠡᠭ ᠠᠮᠵᠢᠯᠲᠠ ᠪᠠᠷ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠪᠡᠶᠡᠯᠡᠭᠦᠯᠬᠦ ᠪᠠᠷ ᠴᠢᠷᠮᠠᠶᠢᠨ᠎ᠠ ᠭᠡᠵᠦ ᠢᠯᠡᠳᠭᠡᠵᠡᠭᠡᠪᠡ᠃                 ︵ᠲᠢᠩᠬᠢᠮ ᠤᠨ ᠪᠠᠶᠢᠭᠤᠯᠭ᠎ᠠ ᠶᠢᠨ ᠨᠠᠮ ᠤᠨ ᠬᠤᠷᠢᠶ᠎ᠠ ᠠᠴᠠ ᠡᠬᠡ ᠪᠢᠴᠢᠭ ᠬᠠᠩᠭᠠᠪᠠ︶
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号