ᠯᠠᠪᠯᠠᠬᠤ ᠠᠭᠤᠯᠭ᠎ᠠ᠄ ᠪᠠᠷᠢᠯᠭ᠎ᠠ ᠶᠢᠨ ᠠᠵᠢᠯ ᠤᠨ ᠬᠤᠭᠤᠴᠠᠭᠠᠨ ᠳᠤ᠂ ᠮᠠᠰᠢᠨ ᠬᠡᠮᠵᠢᠯᠲᠡ ᠶᠢᠨ | ᠲᠤᠷᠰᠢᠯᠲᠠ ᠶᠢᠨ ᠪᠠᠶᠢᠭᠤᠯᠤᠮᠵᠢ ᠳᠤ ᠨᠠᠶᠢᠳᠠᠵᠤ ᠲᠦᠭᠦᠬᠡᠶ ᠮᠠᠲ᠋ᠧᠷᠢᠶᠠᠯ ᠤᠨ ᠬᠡᠮᠬᠡᠳᠡᠭ ᠴᠢᠯᠠᠭᠤ ᠶᠢᠨ ᠮᠥᠬᠦᠯᠢᠭ ᠤᠨ | ᠳ᠋ᠢᠶᠠᠮᠧᠲᠷ ᠨᠢ 20 - 40 mm ᠪᠣᠯᠬᠤ ᠶᠢ ᠪᠠᠶᠢᠴᠠᠭᠠᠨ ᠬᠡᠮᠵᠢᠵᠦ᠂ ᠪᠠᠶᠢᠴᠠᠭᠠᠨ ᠬᠡᠮᠵᠢᠭᠰᠡᠨ ᠦᠷ᠎ᠡ ᠳ᠋ᠦᠩ ᠳᠤ | ᠬᠡᠮᠬᠡᠯᠬᠦ ᠬᠡᠮᠵᠢᠭᠳᠡᠯ ᠲᠠᠢ᠂ ᠡᠨᠡ ᠬᠦ ᠬᠡᠪ ᠪᠠᠷᠢᠮᠵᠢᠶ᠎ᠠ ᠶᠢᠨ ᠬᠡᠮᠬᠡᠳᠡᠭ ᠴᠢᠯᠠᠭᠤ ᠬᠡᠮᠬᠡᠯᠬᠦ ᠬᠡᠮᠵᠢᠭᠳᠡᠯ ᠢ ᠪᠠᠶᠢᠴᠠᠭᠠᠨ | ᠬᠡᠮᠵᠢᠵᠦ ᠲᠠᠶᠢᠯᠤᠨ᠎ᠠ ᠦᠦ︖ | ᠬᠠᠷᠢᠭᠤᠯᠲᠠ᠄ ︽ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠥᠨᠳᠡᠭᠡᠨ ᠴᠢᠯᠠᠭᠤ᠂ ᠬᠡᠮᠬᠡᠳᠡᠭ ᠴᠢᠯᠠᠭᠤ︾᠂ | ︽ᠵᠠᠰᠠᠮᠠᠯ ᠵᠠᠮ ᠤᠨ ᠢᠨᠵᠧᠨᠧᠷᠢᠩ ᠤᠨ ᠨᠡᠶᠢᠯᠡᠮᠡᠯ ᠴᠢᠯᠠᠭᠤᠯᠢᠭ ᠮᠠᠲ᠋ᠧᠷᠢᠶᠠᠯ ᠤᠨ ᠲᠤᠷᠰᠢᠯᠲᠠ ᠶᠢᠨ ᠳᠦᠷᠢᠮ︾ ᠤᠨ | ᠲᠣᠭᠲᠠᠭᠠᠯ ᠶᠣᠰᠣᠭᠠᠷ᠂ ᠵᠠᠰᠠᠮᠠᠯ ᠵᠠᠮ ᠤᠨ ᠠᠵᠢᠯ ᠲᠥᠷᠥᠯ ᠨᠢ ᠵᠥᠪᠬᠡᠨ 9.5 mm ~ 19 mm᠂ 9.5 | mm ~ 13.2 mm ᠤᠨ ᠬᠡᠮᠬᠡᠳᠡᠭ ᠴᠢᠯᠠᠭᠤ ᠳᠤ ᠴᠢᠭᠯᠡᠭᠦᠯᠦᠨ ᠬᠡᠮᠬᠡᠯᠬᠦ ᠬᠡᠮᠵᠢᠭᠳᠡᠯ ᠤᠨ ᠲᠤᠷᠰᠢᠯᠲᠠ ᠬᠢᠨ᠎ᠡ︔ | ᠵᠣᠷᠢᠯᠭ᠎ᠠ ᠶᠢᠨ ᠠᠳᠠᠯᠢ ᠪᠤᠰᠤ ᠠᠴᠠ ᠪᠣᠯᠵᠤ᠂ ᠪᠠᠷᠢᠯᠭ᠎ᠠ ᠶᠢᠨ ᠠᠵᠢᠯ ᠤᠨ ᠬᠤᠭᠤᠴᠠᠭᠠᠨ ᠳᠤ ᠬᠠᠮᠢᠶ᠎ᠠ ᠪᠦᠬᠦᠢ | ᠨᠢᠭᠡᠴᠢ ᠨᠢ ᠪᠠᠰᠠ 20 mm ~ 40 mm ᠤᠨ ᠬᠡᠮᠬᠡᠳᠡᠭ ᠴᠢᠯᠠᠭᠤ ᠶᠢ ᠭᠤᠷᠪᠠᠳᠠᠬᠢ ᠡᠲᠡᠭᠡᠳ ᠤᠨ | ᠪᠠᠶᠢᠴᠠᠭᠠᠨ ᠬᠡᠮᠵᠢᠬᠦ ᠪᠠᠶᠢᠭᠤᠯᠤᠮᠵᠢ ᠳᠤ ᠭᠠᠳᠠᠨ᠎ᠠ ᠨᠠᠶᠢᠳᠠᠵᠤ ᠬᠡᠮᠬᠡᠯᠬᠦ ᠬᠡᠮᠵᠢᠭᠳᠡᠯ ᠤᠨ ᠲᠤᠷᠰᠢᠯᠲᠠ ᠬᠢᠵᠦ ᠪᠣᠯᠤᠨ᠎ᠠ | ︵ᠵᠢᠱᠢᠶᠡᠯᠡᠪᠡᠯ ᠬᠠᠮᠢᠶ᠎ᠠ ᠪᠦᠬᠦᠢ ᠨᠢᠭᠡᠴᠢ ᠨᠢ ᠠᠳᠠᠯᠢ ᠪᠤᠰᠤ ᠲᠡᠰ ᠤᠨ ᠪᠦᠳᠦᠭᠦᠯᠢᠭ ᠤᠨ ᠨᠡᠶᠢᠯᠡᠮᠡᠯ ᠴᠢᠯᠠᠭᠤᠯᠢᠭ | ᠮᠠᠲ᠋ᠧᠷᠢᠶᠠᠯ ᠤᠨ ᠬᠡᠮᠬᠡᠯᠬᠦ ᠶᠢ ᠡᠰᠡᠷᠭᠦᠴᠡᠬᠦ ᠴᠢᠳᠠᠪᠤᠷᠢ ᠶᠢ ᠲᠤᠷᠰᠢᠬᠤ ᠶᠢᠨ ᠲᠥᠯᠥᠭᠡ︶᠂ ᠬᠠᠮᠢᠶ᠎ᠠ ᠪᠦᠬᠦᠢ ᠨᠢᠭᠡᠴᠢ | ᠭᠠᠳᠠᠨ᠎ᠠ ᠨᠠᠶᠢᠳᠠᠭᠰᠠᠨ 20 mm ~ 40 mm ᠬᠡᠮᠬᠡᠯᠬᠦ ᠬᠡᠮᠵᠢᠭᠳᠡᠯ ᠤᠨ ᠲᠤᠷᠰᠢᠯᠲᠠ ᠶᠢᠨ ᠵᠣᠷᠢᠯᠭ᠎ᠠ ᠶᠢ ᠨᠢ | ᠬᠠᠷᠭᠤᠭᠤᠯᠤᠨ ᠦᠵᠡᠭᠰᠡᠨ ᠤ ᠳᠠᠷᠠᠭ᠎ᠠ᠂ ᠳᠠᠬᠢᠨ ᠤᠯᠠᠮ ᠨᠢᠭᠡ ᠠᠯᠬᠤᠮ ᠮᠠᠭᠠᠳᠯᠠᠭᠠᠷᠠᠶ᠃ |