ᠪᠠᠶᠢᠴᠠᠭᠠᠨ ᠬᠡᠮᠵᠢᠭᠰᠡᠨ ᠮᠡᠳᠡᠭᠦᠯᠦᠯᠲᠡ ᠶᠢᠨ ᠪᠠᠶᠢᠴᠠᠭᠠᠨ ᠬᠡᠮᠵᠢᠬᠦ ᠲᠦᠷᠦᠯ ᠵᠦᠢᠯ ᠳᠤ ᠮᠠᠳᠠᠭ ᠲᠠᠢ ᠵᠦᠢᠯ ᠪᠤᠢ
ᠨᠡᠶᠢᠲᠡᠯᠡᠭᠰᠡᠨ ᠴᠠᠭ᠄
2023/6/20
       ᠯᠠᠪᠯᠠᠬᠤ ᠠᠭᠤᠯᠭ᠎ᠠ᠄ ᠪᠠᠷᠢᠯᠭ᠎ᠠ ᠶᠢᠨ ᠠᠵᠢᠯ ᠤᠨ ᠬᠤᠭᠤᠴᠠᠭᠠᠨ ᠳᠤ᠂ ᠮᠠᠰᠢᠨ ᠬᠡᠮᠵᠢᠯᠲᠡ ᠶᠢᠨ ᠲᠤᠷᠰᠢᠯᠲᠠ ᠶᠢᠨ ᠪᠠᠶᠢᠭᠤᠯᠤᠮᠵᠢ ᠳᠤ ᠨᠠᠶᠢᠳᠠᠵᠤ ᠲᠦᠭᠦᠬᠡᠶ ᠮᠠᠲ᠋ᠧᠷᠢᠶᠠᠯ ᠤᠨ ᠬᠡᠮᠬᠡᠳᠡᠭ ᠴᠢᠯᠠᠭᠤ ᠶᠢᠨ ᠮᠥᠬᠦᠯᠢᠭ ᠤᠨ ᠳ᠋ᠢᠶᠠᠮᠧᠲᠷ ᠨᠢ 20 - 40 mm ᠪᠣᠯᠬᠤ ᠶᠢ ᠪᠠᠶᠢᠴᠠᠭᠠᠨ ᠬᠡᠮᠵᠢᠵᠦ᠂ ᠪᠠᠶᠢᠴᠠᠭᠠᠨ ᠬᠡᠮᠵᠢᠭᠰᠡᠨ ᠦᠷ᠎ᠡ ᠳ᠋ᠦᠩ ᠳᠤ ᠬᠡᠮᠬᠡᠯᠬᠦ ᠬᠡᠮᠵᠢᠭᠳᠡᠯ ᠲᠠᠢ᠂ ᠡᠨᠡ ᠬᠦ ᠬᠡᠪ ᠪᠠᠷᠢᠮᠵᠢᠶ᠎ᠠ ᠶᠢᠨ ᠬᠡᠮᠬᠡᠳᠡᠭ ᠴᠢᠯᠠᠭᠤ ᠬᠡᠮᠬᠡᠯᠬᠦ ᠬᠡᠮᠵᠢᠭᠳᠡᠯ ᠢ ᠪᠠᠶᠢᠴᠠᠭᠠᠨ ᠬᠡᠮᠵᠢᠵᠦ ᠲᠠᠶᠢᠯᠤᠨ᠎ᠠ ᠦᠦ︖        ᠬᠠᠷᠢᠭᠤᠯᠲᠠ᠄ ︽ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠥᠨᠳᠡᠭᠡᠨ ᠴᠢᠯᠠᠭᠤ᠂ ᠬᠡᠮᠬᠡᠳᠡᠭ ᠴᠢᠯᠠᠭᠤ︾᠂ ︽ᠵᠠᠰᠠᠮᠠᠯ ᠵᠠᠮ ᠤᠨ ᠢᠨᠵᠧᠨᠧᠷᠢᠩ ᠤᠨ ᠨᠡᠶᠢᠯᠡᠮᠡᠯ ᠴᠢᠯᠠᠭᠤᠯᠢᠭ ᠮᠠᠲ᠋ᠧᠷᠢᠶᠠᠯ ᠤᠨ ᠲᠤᠷᠰᠢᠯᠲᠠ ᠶᠢᠨ ᠳᠦᠷᠢᠮ︾ ᠤᠨ ᠲᠣᠭᠲᠠᠭᠠᠯ ᠶᠣᠰᠣᠭᠠᠷ᠂ ᠵᠠᠰᠠᠮᠠᠯ ᠵᠠᠮ ᠤᠨ ᠠᠵᠢᠯ ᠲᠥᠷᠥᠯ ᠨᠢ ᠵᠥᠪᠬᠡᠨ 9.5 mm ~ 19 mm᠂ 9.5 mm ~ 13.2 mm ᠤᠨ ᠬᠡᠮᠬᠡᠳᠡᠭ ᠴᠢᠯᠠᠭᠤ ᠳᠤ ᠴᠢᠭᠯᠡᠭᠦᠯᠦᠨ ᠬᠡᠮᠬᠡᠯᠬᠦ ᠬᠡᠮᠵᠢᠭᠳᠡᠯ ᠤᠨ ᠲᠤᠷᠰᠢᠯᠲᠠ ᠬᠢᠨ᠎ᠡ︔ ᠵᠣᠷᠢᠯᠭ᠎ᠠ ᠶᠢᠨ ᠠᠳᠠᠯᠢ ᠪᠤᠰᠤ ᠠᠴᠠ ᠪᠣᠯᠵᠤ᠂ ᠪᠠᠷᠢᠯᠭ᠎ᠠ ᠶᠢᠨ ᠠᠵᠢᠯ ᠤᠨ ᠬᠤᠭᠤᠴᠠᠭᠠᠨ ᠳᠤ ᠬᠠᠮᠢᠶ᠎ᠠ ᠪᠦᠬᠦᠢ ᠨᠢᠭᠡᠴᠢ ᠨᠢ ᠪᠠᠰᠠ 20 mm ~ 40 mm ᠤᠨ ᠬᠡᠮᠬᠡᠳᠡᠭ ᠴᠢᠯᠠᠭᠤ ᠶᠢ ᠭᠤᠷᠪᠠᠳᠠᠬᠢ ᠡᠲᠡᠭᠡᠳ ᠤᠨ ᠪᠠᠶᠢᠴᠠᠭᠠᠨ ᠬᠡᠮᠵᠢᠬᠦ ᠪᠠᠶᠢᠭᠤᠯᠤᠮᠵᠢ ᠳᠤ ᠭᠠᠳᠠᠨ᠎ᠠ ᠨᠠᠶᠢᠳᠠᠵᠤ ᠬᠡᠮᠬᠡᠯᠬᠦ ᠬᠡᠮᠵᠢᠭᠳᠡᠯ ᠤᠨ ᠲᠤᠷᠰᠢᠯᠲᠠ ᠬᠢᠵᠦ ᠪᠣᠯᠤᠨ᠎ᠠ ︵ᠵᠢᠱᠢᠶᠡᠯᠡᠪᠡᠯ ᠬᠠᠮᠢᠶ᠎ᠠ ᠪᠦᠬᠦᠢ ᠨᠢᠭᠡᠴᠢ ᠨᠢ ᠠᠳᠠᠯᠢ ᠪᠤᠰᠤ ᠲᠡᠰ ᠤᠨ ᠪᠦᠳᠦᠭᠦᠯᠢᠭ ᠤᠨ ᠨᠡᠶᠢᠯᠡᠮᠡᠯ ᠴᠢᠯᠠᠭᠤᠯᠢᠭ ᠮᠠᠲ᠋ᠧᠷᠢᠶᠠᠯ ᠤᠨ ᠬᠡᠮᠬᠡᠯᠬᠦ ᠶᠢ ᠡᠰᠡᠷᠭᠦᠴᠡᠬᠦ ᠴᠢᠳᠠᠪᠤᠷᠢ ᠶᠢ ᠲᠤᠷᠰᠢᠬᠤ ᠶᠢᠨ ᠲᠥᠯᠥᠭᠡ︶᠂ ᠬᠠᠮᠢᠶ᠎ᠠ ᠪᠦᠬᠦᠢ ᠨᠢᠭᠡᠴᠢ ᠭᠠᠳᠠᠨ᠎ᠠ ᠨᠠᠶᠢᠳᠠᠭᠰᠠᠨ 20 mm ~ 40 mm ᠬᠡᠮᠬᠡᠯᠬᠦ ᠬᠡᠮᠵᠢᠭᠳᠡᠯ ᠤᠨ ᠲᠤᠷᠰᠢᠯᠲᠠ ᠶᠢᠨ ᠵᠣᠷᠢᠯᠭ᠎ᠠ ᠶᠢ ᠨᠢ ᠬᠠᠷᠭᠤᠭᠤᠯᠤᠨ ᠦᠵᠡᠭᠰᠡᠨ ᠤ ᠳᠠᠷᠠᠭ᠎ᠠ᠂ ᠳᠠᠬᠢᠨ ᠤᠯᠠᠮ ᠨᠢᠭᠡ ᠠᠯᠬᠤᠮ ᠮᠠᠭᠠᠳᠯᠠᠭᠠᠷᠠᠶ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号