ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠠᠬᠢ ᠥᠪᠥᠷ ᠮᠣᠩᠭᠤᠯ ᠤᠨ ᠵᠠᠰᠠᠮᠠᠯ ᠵᠠᠮ ᠤᠨ ᠲᠣᠣᠷ ᠥᠨᠳᠥᠷ ᠪᠠᠶᠢᠷᠢᠨ ᠳᠤ ᠠᠵᠢᠯᠯᠠᠵᠤ  ᠪᠦᠬᠦᠯᠢ ᠴᠣᠭᠴᠠ ᠪᠠᠷ ᠢᠶᠠᠨ ᠲᠣᠭᠳᠠᠭᠤᠨ ᠪᠠᠶᠢᠵᠤ  ᠲᠡᠭᠦᠰ ᠠᠮᠵᠢᠯᠲᠠ ᠲᠠᠢ ᠪᠠᠷ ᠳᠠᠭᠤᠰᠪᠠ
ᠨᠡᠶᠢᠲᠡᠯᠡᠭᠰᠡᠨ ᠴᠠᠭ᠄
2023/6/26
     ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠠᠮᠠᠷᠠᠯᠲᠠ ᠶᠢᠨ ᠬᠤᠭᠤᠴᠠᠭᠠᠨ ᠤ 6 ᠳ᠋ᠤᠭᠠᠷ ᠰᠠᠷ᠎ᠠ ᠶᠢᠨ 22᠎ ᠤᠨ ᠡᠳᠦᠷ ᠠᠴᠠ 6 ᠳ᠋ᠤᠭᠠᠷ ᠰᠠᠷ᠎ᠠ ᠶᠢᠨ 24᠎ ᠤ ᠡᠳᠦᠷ ᠪᠣᠯᠲᠠᠯ᠎ᠠ᠂ ᠣᠯᠠᠨ ᠲᠦᠮᠡᠨ ᠤ ᠶᠠᠪᠤᠵᠤ ᠰᠠᠭᠤᠬᠤ ᠬᠡᠷᠡᠭᠴᠡᠭᠡ ᠲᠥᠪᠯᠡᠷᠡᠩᠭᠦᠢ ᠪᠠᠷ ᠢᠯᠡᠷᠡᠵᠦ᠂ ᠮᠠᠨ ᠤ ᠣᠷᠣᠨ ᠤ ᠵᠠᠰᠠᠮᠠᠯ ᠵᠠᠮ ᠤᠨ ᠲᠣᠣᠷ ᠤᠨ ᠲᠡᠷᠭᠡᠨ ᠴᠣᠪᠤᠷᠠᠯ ᠤᠨ ᠬᠡᠮᠵᠢᠶ᠎ᠡ ᠢᠯᠡᠳᠲᠡ ᠨᠡᠮᠡᠭᠳᠡᠨ᠂ ᠪᠠᠭ᠎ᠠ ᠬᠡᠮᠵᠢᠶ᠎ᠡ ᠪᠠᠷ ᠪᠠᠭᠤᠷᠠᠭᠰᠠᠨ ᠪᠥᠭᠡᠳ ᠦᠷᠭᠦᠯᠵᠢᠯᠡᠨ ᠥᠨᠳᠥᠷ ᠪᠠᠶᠢᠷᠢᠨ ᠳᠤ ᠠᠵᠢᠯᠯᠠᠬᠤ ᠢᠯᠡᠷᠡᠵᠦ᠂ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠡᠷᠭᠡᠨ ᠴᠣᠪᠤᠷᠠᠯ ᠤᠨ ᠶᠡᠷᠦᠩᠬᠡᠢ ᠬᠡᠮᠵᠢᠶ᠎ᠡ ᠨᠢ ᠭᠤᠷᠪᠠᠨ ᠡᠳᠦᠷ ᠲᠤ ᠨᠡᠶᠢᠲᠡ 124.12 ᠲᠦᠮᠡ ᠬᠦᠷᠴᠦ᠂ ᠭᠠᠷᠠᠬᠠᠨ ᠬᠠᠷᠢᠴᠠᠯ ᠢᠶᠠᠷ ᠠᠮᠠᠷᠠᠯᠲᠠ ᠶᠢᠨ ᠬᠤᠭᠤᠴᠠᠭᠠᠨ ᠤ ᠡᠮᠦᠨᠡᠬᠢ ᠭᠤᠷᠪᠠᠨ ᠡᠳᠦᠷ ᠠᠴᠠ 21.64%᠎ ᠪᠠᠷ ᠨᠡᠮᠡᠭᠳᠡᠨ᠂ 2022 ᠣᠨ ᠤ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠠᠮᠠᠷᠠᠯᠲᠠ ᠶᠢᠨ ᠬᠤᠭᠤᠴᠠᠭᠠᠨ ᠤ ᠬᠢ ᠠᠴᠠ 88%᠎ ᠪᠠᠷ ᠨᠡᠮᠡᠭᠳᠡᠵᠦ᠂ 2019 ᠣᠨ ᠤ ᠠᠳᠠᠯᠢ ᠬᠤᠭᠤᠴᠠᠭᠠᠨ ᠤ ᠬᠢ ᠠᠴᠠ 16.38%᠎ ᠪᠠᠷ ᠳᠡᠭᠡᠭᠰᠢᠯᠡᠵᠡᠢ᠃ ᠭᠠᠭᠴᠠ ᠡᠳᠦᠷ ᠤᠨ ᠣᠷᠭᠢᠯ ᠬᠡᠮᠵᠢᠭᠳᠡᠯ ᠨᠢ ᠠᠮᠠᠷᠠᠯᠲᠠ ᠶᠢᠨ ᠠᠩᠬᠠᠨ ᠤ ᠡᠳᠦᠷ ᠲᠤ ᠢᠯᠡᠷᠡᠵᠦ᠂ 42.97 ᠲᠦᠮᠡ ᠳᠤ ᠬᠦᠷᠴᠡᠢ᠃      ᠳᠠᠭᠡᠳᠦ ᠬᠤᠷᠳᠤ ᠶᠢᠨ ᠵᠠᠰᠠᠮᠠᠯ ᠵᠠᠮ ᠤᠨ ᠠᠶᠠᠯᠠᠯ ᠤᠨ ᠬᠡᠷᠡᠭᠴᠡᠭᠡ ᠶᠡᠭᠡ ᠪᠠᠷ ᠨᠡᠮᠡᠭᠳᠡᠵᠦ᠂ ᠥᠪᠡᠷ ᠢᠶᠠᠨ ᠮᠠᠰᠢᠨ ᠵᠢᠯᠤᠭᠤᠳᠴᠤ ᠵᠢᠭᠤᠯᠴᠢᠯᠠᠬᠤ᠂ ᠲᠥᠷᠥᠯ ᠰᠠᠳᠤᠨ ᠢᠶᠠᠨ ᠡᠷᠭᠢᠵᠦ ᠦᠵᠡᠬᠦ ᠵᠡᠷᠭᠡ ᠪᠠᠭ᠎ᠠ ᠰᠠᠭᠤᠳᠠᠯ ᠤᠨ ᠮᠠᠰᠢᠨ ᠲᠡᠷᠭᠡ ᠲᠥᠪᠯᠡᠷᠡᠵᠦ ᠪᠠᠶᠢᠨ᠎ᠠ᠃ ᠠᠶᠠᠨᠴᠢᠳ ᠤᠨ ᠲᠡᠷᠭᠡ ᠶᠢᠨ ᠴᠣᠪᠤᠷᠠᠯ ᠤᠨ ᠬᠡᠮᠵᠢᠶ᠎ᠡ ᠨᠡᠶᠢᠲᠡ 91.87 ᠲᠦᠮᠡ ᠪᠠᠶᠢᠵᠤ᠂ ᠪᠥᠬᠦ ᠲᠡᠷᠭᠡᠨ ᠴᠣᠪᠤᠷᠠᠯ ᠤᠨ ᠬᠡᠮᠵᠢᠶ᠎ᠡ ᠶᠢᠨ 74.02%᠎ ᠢ ᠡᠵᠡᠯᠡᠵᠦ᠂ 2022 ᠣᠨ ᠤ ᠠᠳᠠᠯᠢ ᠬᠤᠭᠤᠴᠠᠭᠠᠨ ᠤ ᠬᠢ ᠠᠴᠠ 120.98%᠎ ᠪᠠᠷ ᠳᠡᠭᠡᠭᠰᠢᠯᠡᠵᠦ᠂ 2019 ᠣᠨ ᠤ ᠠᠳᠠᠯᠢ ᠬᠤᠭᠤᠴᠠᠭᠠᠨ ᠤ ᠬᠢ ᠠᠴᠠ 21.84%᠎ ᠪᠠᠷ ᠳᠡᠭᠡᠭᠰᠢᠯᠡᠵᠡᠢ᠃ ᠡᠭᠦᠨ ᠳᠤ᠂ 7 ᠰᠠᠭᠤᠳᠠᠯ ᠵᠢᠴᠢ ᠲᠡᠭᠦᠨ ᠠᠴᠠ ᠳᠣᠷᠣᠭᠰᠢᠬᠢ ᠪᠠᠭ᠎ᠠ ᠰᠠᠭᠤᠳᠠᠯ ᠤᠨ ᠮᠠᠰᠢᠨ ᠲᠡᠷᠭᠡ 90.44 ᠲᠦᠮᠡ ᠪᠠᠶᠢᠵᠤ᠂ 2022 ᠣᠨ ᠤ ᠠᠳᠠᠯᠢ ᠬᠤᠭᠤᠴᠠᠭᠠᠨ ᠤ ᠬᠢ ᠠᠴᠠ 120.78%᠎ ᠪᠠᠷ ᠳᠡᠭᠡᠭᠰᠢᠯᠡᠵᠦ᠂ 2019 ᠣᠨ ᠤ ᠠᠳᠠᠯᠢ ᠬᠤᠭᠤᠴᠠᠭᠠᠨ ᠤ ᠎ ᠬᠢ ᠠᠴᠠ 23.02%᠎ ᠢᠶᠠᠷ ᠳᠡᠭᠡᠭᠰᠢᠯᠡᠵᠡᠢ᠃ 7 ᠰᠠᠭᠤᠳᠠᠯ ᠠᠴᠠ ᠳᠡᠭᠡᠭᠰᠢᠬᠢ ᠠᠶᠠᠨᠴᠢᠳ ᠤᠨ ᠲᠡᠷᠭᠡ ᠶᠢᠨ ᠴᠣᠪᠤᠷᠠᠯ ᠤᠨ ᠬᠡᠮᠵᠢᠶ᠎ᠡ 1.42 ᠲᠦᠮᠡ ᠳᠤ ᠬᠦᠷᠴᠦ᠂ 2022 ᠣᠨ ᠤ ᠠᠳᠠᠯᠢ ᠬᠤᠭᠤᠴᠠᠭᠠᠨ ᠤ ᠬᠢ ᠠᠴᠠ 132.79%᠎ ᠪᠠᠷ ᠳᠡᠭᠡᠭᠰᠢᠯᠡᠵᠦ᠂ 2019 ᠣᠨ ᠤ ᠠᠳᠠᠯᠢ ᠬᠤᠭᠤᠴᠠᠭᠠᠨ ᠤ 75.36% ᠪᠣᠯᠲᠠᠯ᠎ᠠ ᠰᠡᠷᠭᠦᠪᠡ︔ 73.47 ᠲᠦᠮᠡᠨ ᠦᠪᠦᠷ ᠮᠣᠩᠭᠤᠯ ᠫᠠᠶᠢᠰᠠᠲᠤ ᠠᠶᠠᠨᠴᠢᠳ ᠤᠨ ᠲᠡᠷᠭᠡ ᠪᠠᠶᠢᠵᠤ᠂ ᠠᠶᠠᠨᠴᠢᠳ ᠤᠨ ᠲᠡᠷᠭᠡᠨ ᠤ ᠪᠥᠬᠦ ᠴᠣᠪᠤᠷᠠᠯ ᠤᠨ ᠬᠡᠮᠵᠢᠶ᠎ᠡ ᠶᠢᠨ 79.98%᠎ ᠶᠢ ᠡᠵᠡᠯᠡᠵᠡᠢ᠃      ᠪᠠᠷᠠᠭᠠᠨ ᠤ ᠲᠡᠷᠭᠡ ᠶᠢᠨ ᠴᠣᠪᠤᠷᠠᠯ ᠤᠨ ᠬᠡᠮᠵᠢᠶ᠎ᠡ 32.24 ᠲᠦᠮᠡ ᠳᠤ ᠬᠦᠷᠴᠦ᠂ 2022 ᠣᠨ ᠤ ᠠᠳᠠᠯᠢ ᠬᠤᠭᠤᠴᠠᠭᠠᠨ ᠤ ᠬᠢ ᠠᠴᠠ 31.90%᠎ ᠪᠠᠷ ᠳᠡᠭᠡᠭᠰᠢᠯᠡᠵᠦ᠂ 2019 ᠣᠨ ᠤ ᠠᠳᠠᠯᠢ ᠬᠤᠭᠤᠴᠠᠭᠠᠨ ᠤ ᠎ ᠬᠢ ᠠᠴᠠ 3.20%᠎ ᠪᠠᠷ ᠳᠡᠭᠡᠭᠰᠢᠯᠡᠵᠡᠢ᠃ ᠡᠭᠦᠨ ᠳᠤ᠂ ᠦᠪᠦᠷ ᠮᠣᠩᠭᠤᠯ ᠫᠠᠶᠢᠰᠠᠲᠤ ᠪᠠᠷᠠᠭᠠᠨ ᠤ ᠲᠡᠷᠭᠡ        13.11 ᠲᠦᠮᠡ ᠪᠠᠶᠢᠵᠤ᠂ 40.66%᠎ ᠶᠢ ᠡᠵᠡᠯᠡᠪᠡ︔ ᠬᠤᠭᠤᠰᠤᠨ ᠲᠡᠭᠡᠭᠡᠪᠦᠷᠢ ᠶᠢᠨ ᠪᠠᠷᠠᠭᠠᠨ ᠤ ᠲᠡᠷᠭᠡ    12.37 ᠲᠦᠮᠡ ᠪᠠᠶᠢᠵᠤ᠂ 38.38%᠎ ᠶᠢ ᠡᠵᠡᠯᠡᠪᠡ᠃       ᠳᠡᠭᠡᠳᠦ ᠬᠤᠷᠳᠤ ᠶᠢᠨ ᠵᠠᠰᠠᠮᠠᠯ ᠵᠠᠮ ᠤᠨ ᠨᠡᠪᠲᠡᠷᠡᠭᠰᠡᠨ ᠪᠠᠶᠢᠳᠠᠯ ᠠᠴᠠ ᠦᠵᠡᠪᠡᠯ᠂ ᠣᠷᠣᠨ ᠤ ᠳᠣᠲᠣᠷᠠᠬᠢ ᠵᠢᠭᠤᠯᠴᠢᠯᠠᠯ ᠪᠠ ᠲᠥᠪ ᠬᠤᠲᠠ᠂ ᠣᠶᠢᠷ᠎ᠠ ᠵᠠᠮ ᠤᠨ ᠠᠶᠠᠯᠠᠯ ᠲᠥᠪᠯᠡᠷᠡᠵᠦ᠂ ᠣᠷᠳᠣᠰ᠂ ᠤᠯᠠᠭᠠᠨᠬᠠᠳᠠ᠂ ᠬᠥᠬᠡᠬᠤᠲᠠ 3 ᠬᠤᠲᠠ ᠶᠢᠨ ᠲᠡᠷᠭᠡᠨ ᠴᠣᠪᠤᠷᠠᠯ ᠤᠨ ᠬᠡᠮᠵᠢᠶ᠎ᠡ ᠨᠢ ᠪᠥᠬᠦ ᠣᠷᠣᠨ ᠤ ᠲᠡᠷᠭᠡᠨ ᠴᠣᠪᠤᠷᠠᠯ ᠤᠨ ᠶᠡᠷᠦᠩᠬᠡᠢ ᠬᠡᠮᠵᠢᠶᠡᠨ ᠤ 52.31%᠎ ᠶᠢ ᠡᠵᠡᠯᠡᠵᠦ᠂ ᠣᠷᠳᠣᠰ ᠬᠤᠲᠠ ᠶᠢᠨ ᠡᠵᠡᠯᠡᠬᠦ ᠬᠠᠷᠢᠴᠠᠯ ᠨᠢ ᠬᠠᠮᠤᠭ ᠤᠨ ᠥᠨᠳᠥᠷ ᠪᠠᠶᠢᠵᠤ᠂ 23.22%᠎ ᠲᠤ ᠬᠦᠷᠴᠡᠢ᠃ ᠪᠥᠬᠦ ᠣᠷᠣᠨ ᠤ 3 ᠰᠦᠢᠳᠬᠡᠯ ᠬᠤᠷᠢᠶᠠᠬᠤ ᠥᠷᠲᠡᠭᠡ ᠣᠷᠳᠣᠰ ᠬᠤᠲᠠ ᠶᠢᠨ ᠭᠤᠸᠠᠨ ᠨᠢᠶᠠᠨ ᠹᠠᠩ ᠭᠤᠣᠯ ᠱᠤᠭᠤᠮ ᠤᠨ ᠰᠦᠢᠳᠬᠡᠯ ᠬᠤᠷᠢᠶᠠᠬᠤ ᠥᠷᠲᠡᠭᠡ᠂ ᠬᠥᠬᠡᠬᠤᠲᠠ ᠶᠢᠨ ᠬᠥᠬᠡᠬᠤᠲᠠ ᠰᠦᠢᠳᠬᠡᠯ ᠬᠤᠷᠢᠶᠠᠬᠤ ᠥᠷᠲᠡᠭᠡ ᠬᠢᠭᠡᠳ ᠬᠥᠬᠡᠬᠤᠲᠠ ᠶᠢᠨ ᠵᠡᠭᠦᠨ ᠰᠦᠢᠳᠬᠡᠯ ᠬᠤᠷᠢᠶᠠᠬᠤ ᠥᠷᠲᠡᠭᠡ ᠶᠢᠨ ᠭᠠᠷᠴᠠ ᠶᠢᠨ ᠴᠣᠪᠤᠷᠠᠯ ᠤᠨ ᠬᠡᠮᠵᠢᠶ᠎ᠡ ᠨᠢ ᠲᠦᠮᠡ ᠶᠢ ᠳᠠᠪᠠᠪᠠ᠃      ᠪᠥᠬᠦ ᠣᠷᠣᠨ ᠤ ᠡᠩ ᠤᠨ ᠤᠯᠤᠰ ᠮᠤᠵᠢ ᠶᠢᠨ ᠵᠠᠮ ᠤᠨ ᠡᠳᠦᠷ ᠳᠤᠮᠳᠠᠴᠢ ᠶᠢᠨ ᠣᠭᠲᠣᠯᠣᠭᠠᠰᠤ ᠶᠢᠨ ᠵᠠᠮ ᠬᠠᠷᠢᠯᠴᠠᠭᠠᠨ ᠤ ᠬᠡᠮᠵᠢᠶ᠎ᠡ 4417 ᠪᠠᠶᠢᠵᠤ᠂ 2022 ᠣᠨ ᠤ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠠᠮᠠᠷᠠᠯᠲᠠ ᠶᠢᠨ ᠬᠤᠭᠤᠴᠠᠭᠠᠨ ᠤ ᠬᠢ ᠠᠴᠠ 19.7%᠎ ᠪᠠᠷ ᠨᠡᠮᠡᠭᠳᠡᠨ᠂ 2019 ᠣᠨ ᠤ ᠠᠳᠠᠯᠢ ᠬᠤᠭᠤᠴᠠᠭᠠᠨ ᠤ 92.5% ᠪᠣᠯᠲᠠᠯ᠎ᠠ ᠰᠡᠷᠭᠦᠪᠡ᠃ ᠭᠠᠭᠴᠠ ᠡᠳᠦᠷ ᠤᠨ ᠣᠷᠭᠢᠯ ᠬᠡᠮᠵᠢᠭᠳᠡᠯ ᠨᠢ ᠴᠦ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠠᠮᠠᠷᠠᠯᠲᠠ ᠶᠢᠨ ᠠᠩᠬᠠᠨ ᠤ ᠡᠳᠦᠷ ᠲᠤ ᠢᠯᠡᠷᠡᠪᠡ᠃      ᠪᠠᠶᠠᠷ ᠤᠨ ᠡᠳᠦᠷ ᠤᠨ ᠬᠤᠭᠤᠴᠠᠭᠠᠨ ᠳᠤ᠂ ᠵᠠᠮ ᠤᠨ ᠲᠣᠤᠷ ᠤᠨ ᠴᠣᠪᠤᠷᠠᠯ ᠤᠨ ᠬᠡᠮᠵᠢᠶ᠎ᠡ ᠥᠨᠳᠥᠷ ᠪᠠᠶᠢᠷᠢᠨ ᠳᠤ ᠬᠦᠷᠦᠭᠰᠡᠨ ᠪᠣᠯᠪᠠᠴᠤ ᠪᠥᠬᠦ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠠᠵᠢᠯᠯᠠᠭᠠᠨ ᠨᠢ ᠶᠡᠷᠦᠩᠬᠡᠢ ᠳᠤ ᠪᠠᠨ ᠲᠣᠭᠲᠠᠭᠤᠨ ᠪᠠᠶᠢᠵᠤ᠂ ᠲᠦᠭᠵᠢᠷᠡᠯ ᠲᠠᠢ ᠠᠯᠭᠤᠷ ᠶᠠᠪᠤᠵᠤ ᠪᠠᠶᠢᠭ᠎ᠠ ᠰᠦᠢᠳᠬᠡᠯ ᠬᠤᠷᠢᠶᠠᠬᠤ ᠥᠷᠲᠡᠭᠡ ᠪᠠᠶᠢᠬᠤ ᠦᠭᠡᠢ︔ ᠤᠯᠤᠰ ᠮᠣᠵᠢ ᠶᠢᠨ ᠵᠠᠮ ᠤᠨ ᠰᠢᠬᠠᠯᠴᠠᠯ ᠤᠨ ᠬᠡᠮᠵᠢᠶ᠎ᠡ ᠪᠠᠷ ᠨᠡᠯᠢᠶᠡᠳ ᠥᠨᠳᠥᠷ ᠵᠠᠮ ᠤᠨ ᠬᠡᠰᠡᠭ ᠨᠢ ᠭᠤᠣᠯᠳᠠᠭᠤ 210 ᠤᠯᠤᠰ ᠤᠨ ᠵᠠᠮ ᠤᠨ ᠪᠤᠭᠤᠲᠤ ᠬᠤᠲᠠ ᠶᠢᠨ ᠵᠢᠤ ᠶᠤᠸᠠᠨ ᠲᠣᠭᠤᠷᠢᠭ ᠤᠨ ᠬᠡᠰᠡᠭ᠂ 213 ᠮᠤᠵᠢ ᠶᠢᠨ ᠵᠠᠮ ᠤᠨ ᠪᠠᠶᠠᠨᠨᠠᠭᠤᠷ ᠬᠤᠲᠠ ᠶᠢᠨ ᠯᠢᠨᠾᠧ ᠲᠣᠭᠤᠷᠢᠭ ᠤᠨ ᠬᠡᠰᠡᠭ ᠵᠡᠷᠭᠡ ᠳᠤ ᠲᠥᠪᠯᠡᠷᠡᠵᠦ ᠪᠣᠶ᠃ ᠪᠥᠬᠦ ᠣᠷᠣᠨ ᠳᠤ ᠠᠶᠦᠯᠭᠦᠢ ᠦᠢᠯᠡᠳᠪᠦᠷᠢᠯᠡᠯ ᠤᠨ ᠠᠳᠡᠯ ᠢ ᠮᠡᠳᠡᠭᠦᠯᠦᠭᠰᠡᠨ ᠢ ᠭᠥᠯᠢᠶᠡᠨ ᠠᠪᠤᠭᠰᠠᠨ ᠦᠭᠡᠢ᠃      ᠪᠥᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠳ ᠤᠷᠢᠳᠴᠢᠯᠠᠨ ᠪᠡᠯᠡᠳᠬᠡᠯ    ᠬᠢᠵᠦ᠂ ᠨᠢᠭᠡᠳᠦᠯᠲᠡᠢ ᠲᠥᠯᠥᠪᠯᠡᠨ ᠪᠠᠶᠢᠷᠢᠯᠠᠭᠤᠯᠵᠤ᠂ ᠠᠷᠭ᠎ᠠ ᠬᠡᠮᠵᠢᠶ᠎ᠡ ᠪᠠᠨ ᠪᠣᠳᠠᠲᠠᠶᠢᠵᠢᠭᠤᠯᠤᠨ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠠᠬᠢ ᠲᠡᠭᠡᠭᠡᠪᠦᠷᠢ ᠶᠢᠨ ᠦᠢᠯᠡᠴᠢᠯᠡᠭᠡᠨ ᠤ ᠬᠢᠷᠢ ᠲᠦᠪᠰᠢᠨ ᠢᠶᠠᠨ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠪᠡ᠃ ᠨᠢᠭᠡ ᠳᠤ᠂ ᠲᠣᠮᠣ ᠳ᠋ᠠᠶᠢᠲ᠋ᠠ᠂ ᠠᠵᠢᠯ ᠲᠦᠷᠦᠯ ᠤᠨ ᠮᠡᠳᠡᠭᠡ ᠵᠠᠩᠭᠢ ᠶᠢᠨ ᠰᠢᠰᠲ᠋ᠧᠮ ᠵᠡᠷᠭᠡ ᠶᠢ ᠭᠦᠢᠴᠡᠳ ᠠᠰᠢᠭᠯᠠᠵᠤ᠂ ᠶᠠᠪᠤᠵᠤ ᠰᠠᠭᠤᠬᠤ ᠬᠡᠷᠡᠭᠴᠡᠭᠡ ᠪᠣᠯᠣᠨ ᠵᠠᠮ ᠤᠨ ᠲᠣᠣᠷ ᠤᠨ ᠴᠠᠪᠤᠷᠠᠯ ᠤᠨ ᠬᠡᠮᠵᠢᠶ᠎ᠡ ᠶᠢᠨ ᠬᠤᠪᠢᠷᠠᠯᠲᠠ ᠶᠢ ᠤᠷᠢᠳᠴᠢᠯᠠᠨ ᠰᠤᠳᠤᠯᠤᠨ ᠮᠠᠭᠠᠳᠯᠠᠵᠤ᠂ ᠲᠡᠭᠡᠭᠡᠪᠦᠷᠢ ᠶᠢᠨ ᠬᠦᠴᠦᠨ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠶᠢ ᠰᠢᠯᠢᠳᠡᠭᠵᠢᠭᠦᠯᠵᠦ᠂ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠶᠢ ᠢᠳᠡᠪᠬᠢᠲᠡᠢ ᠵᠣᠯᠭᠠᠭᠤᠯᠵᠤ᠂ ᠶᠠᠪᠤᠵᠤ ᠰᠠᠭᠤᠬᠤ ︽ᠡᠴᠦᠰ ᠤᠨ ᠨᠢᠭᠡ ᠺᠢᠯᠣᠮᠧᠲᠷ︾᠎ ᠢ ᠰᠢᠯᠤᠭᠤᠳᠬᠠᠵᠤ᠂ ᠠᠷᠠᠳ ᠤᠯᠠᠨ ᠤ ᠳᠥᠭᠦᠮ ᠳᠥᠲᠡ ᠪᠥᠭᠡᠳ ᠲᠠᠭᠠᠯᠠᠮᠵᠢᠲᠠᠢ ᠶᠠᠪᠤᠵᠤ ᠰᠠᠭᠤᠬᠤ ᠶᠢ ᠬᠦᠴᠦᠲᠡᠢ ᠪᠠᠲᠤᠯᠠᠪᠠ᠃ ᠬᠤᠶᠠᠷ ᠲᠤ᠂ ᠵᠠᠮ ᠤᠨ ᠲᠣᠣᠷ ᠤᠨ ᠬᠥᠳᠡᠯᠦᠩᠭᠦᠢ ᠪᠠᠶᠢᠳᠠᠯ ᠢ ᠬᠢᠨᠠᠨ ᠬᠡᠮᠵᠢᠬᠦ ᠪᠠ ᠲᠦᠭᠵᠢᠷᠡᠯ ᠢ ᠨᠡᠪᠲᠡᠷᠡᠭᠦᠯᠵᠦ ᠰᠠᠭᠠᠳ ᠦᠭᠡᠢ ᠪᠠᠶᠢᠯᠭᠠᠬᠤ ᠶᠢ ᠪᠠᠲᠤᠯᠠᠬᠤ ᠬᠦᠴᠦᠨ ᠤ ᠲᠣᠬᠢᠷᠠᠭᠤᠯᠤᠯᠲᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠣᠷᠭᠢᠯ ᠤᠨ ᠣᠷᠣᠨ ᠪᠦᠰᠡ᠂ ᠰᠦᠢᠳᠬᠡᠯ ᠬᠤᠷᠢᠶᠠᠬᠤ ᠥᠷᠲᠡᠭᠡ᠂ ᠵᠠᠮ ᠤᠨ ᠬᠡᠰᠡᠭ᠂ ᠴᠠᠭ ᠬᠤᠭᠤᠴᠠᠭ᠎ᠠ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠠᠵᠢᠯ ᠢ ᠴᠢᠩᠭᠠᠳᠬᠠᠵᠤ᠂ ᠪᠥᠬᠦ ᠣᠷᠣᠨ ᠤ ᠵᠠᠮ ᠤᠨ ᠲᠣᠣᠷ ᠤᠨ ᠶᠡᠷᠦᠩᠬᠡᠢ ᠳᠤ ᠪᠠᠨ ᠰᠠᠭᠠᠳ ᠦᠭᠡᠢ ᠨᠡᠪᠲᠡᠷᠡᠬᠦ ᠶᠢ ᠬᠦᠴᠦᠲᠡᠢ ᠪᠠᠲᠤᠯᠠᠪᠠ᠃ ᠭᠤᠷᠪᠠ ᠳᠤ᠂ ᠪᠠᠷᠠᠭᠠᠨ ᠤ ᠭᠦᠢᠯᠭᠡᠭᠡ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠠᠵᠢᠯ ᠤᠨ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠢᠨᠠᠨ ᠬᠡᠮᠵᠢᠵᠦ ᠲᠣᠬᠢᠷᠠᠭᠤᠯᠬᠤ ᠠᠵᠢᠯ ᠢ ᠴᠢᠩᠭᠠᠳᠬᠠᠨ᠂ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠶᠢ ᠴᠢᠩᠭᠠᠳᠬᠠᠵᠤ᠂ ᠠᠮᠤ ᠪᠤᠳᠠᠭ᠎ᠠ᠂ ᠡᠨᠧᠷᠭᠢ ᠂ ᠲᠠᠷᠢᠶᠠᠯᠠᠩ ᠤᠨ ᠦᠢᠯᠡᠳᠪᠦᠷᠢᠯᠡᠯ᠂ ᠭᠠᠳᠠᠭᠠᠳᠤ ᠠᠷᠠᠯᠵᠢᠶ᠎ᠠ ᠵᠡᠷᠭᠡ ᠭᠤᠣᠯᠳᠠᠯᠭ᠎ᠠ ᠲᠠᠢ ᠡᠳ᠋ ᠪᠣᠳᠠᠰ ᠤᠨ ᠲᠡᠭᠡᠭᠡᠪᠦᠷᠢ ᠶᠢᠨ ᠤᠷᠤᠭᠰᠢᠲᠠᠢ ᠪᠥᠭᠡᠳ ᠡᠮᠬᠢ ᠵᠢᠷᠤᠮ ᠲᠠᠢ ᠪᠠᠶᠢᠬᠤ ᠶᠢ ᠬᠦᠴᠦᠲᠡᠢ ᠪᠠᠲᠤᠯᠠᠪᠠ᠃ ᠳᠥᠷᠪᠡ ᠳᠤ᠂ ᠵᠠᠰᠠᠮᠠᠯ ᠵᠠᠮ ᠤᠨ ᠴᠠᠭᠳᠠᠨ ᠪᠠᠶᠢᠴᠠᠭᠠᠬᠤ᠂ ᠠᠷᠠᠴᠢᠯᠠᠨ ᠬᠠᠮᠠᠭᠠᠯᠠᠬᠤ᠂ ᠲᠡᠭᠡᠭᠡᠪᠦᠷᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠡᠷᠴᠢᠮ ᠢ ᠴᠢᠩᠭᠠᠷᠠᠭᠤᠯᠵᠤ᠂ ᠭᠤᠣᠯᠳᠠᠯᠭ᠎ᠠ ᠲᠠᠢ ᠬᠦᠷᠢᠶᠡᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠪᠠ ᠠᠵᠢᠯ ᠲᠦᠷᠦᠯ ᠤᠨ ᠠᠮᠤᠷ ᠲᠦᠪᠰᠢᠨ ᠲᠣᠭᠲᠠᠭᠤᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠮᠤᠷ ᠲᠦᠪᠰᠢᠨ ᠤ ᠪᠠᠶᠢᠳᠠᠯ ᠤᠨ ᠶᠡᠷᠦᠩᠬᠡᠢ ᠳᠤ ᠪᠠᠨ ᠲᠣᠭᠲᠠᠭᠤᠨ ᠪᠠᠶᠢᠬᠤ ᠶᠢ ᠬᠦᠴᠦᠲᠡᠢ ᠪᠠᠲᠤᠯᠠᠪᠠ᠃ ᠲᠠᠪᠤ ᠳᠤ᠂ ᠣᠯᠠᠨ ᠠᠷᠭ᠎ᠠ ᠵᠠᠮ ᠢᠶᠠᠷ ᠵᠠᠮ ᠤᠨ ᠲᠣᠤᠷ ᠤᠨ ᠮᠡᠳᠡᠭᠡ ᠵᠠᠩᠭᠢ ᠶᠢ ᠨᠡᠶᠢᠲᠡᠯᠡᠵᠦ᠂ ᠣᠯᠠᠨ ᠲᠦᠮᠡᠨ ᠢ ᠵᠦᠢ ᠵᠣᠬᠢᠰᠲᠠᠢ ᠪᠠᠷ᠂ ᠣᠷᠭᠢᠯ ᠦᠶ᠎ᠡ ᠶᠢ ᠵᠥᠷᠢᠭᠦᠯᠦᠨ ᠭᠠᠳᠠᠭᠰᠢ ᠭᠠᠷᠬᠤ ᠶᠢ ᠬᠥᠲᠥᠯᠥᠨ ᠵᠢᠯᠤᠭᠤᠳᠪᠠ︔ 12328᠂ 12345 ᠵᠡᠷᠭᠡ ᠦᠢᠯᠡᠴᠢᠯᠡᠭᠡᠨ ᠤ  ᠬᠠᠯᠠᠮᠰᠢᠯ ᠤᠲᠠᠰᠤᠨ ᠤ      ᠯᠠᠪᠯᠠᠭ᠎ᠠ᠂ ᠵᠠᠭᠠᠯᠳᠤᠯᠭ᠎ᠠ ᠵᠡᠷᠭᠡ ᠠᠵᠢᠯ ᠢ ᠢᠳᠡᠪᠬᠢᠲᠡᠢ ᠪᠠᠷ ᠰᠠᠶᠢᠲᠤᠷ ᠬᠢᠵᠦ᠂ ᠨᠡᠶᠢᠭᠡᠮ ᠤᠨ ᠠᠩᠬᠠᠷᠤᠯ ᠳᠤ ᠴᠠᠭ ᠲᠤᠬᠠᠢ ᠳᠤ ᠨᠢ ᠬᠠᠷᠢᠭᠤᠯᠲᠠ ᠥᠭᠴᠦ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠦᠴᠦᠲᠡᠢ ᠪᠠᠲᠤᠯᠠᠪᠠ᠃  ︵ᠲᠢᠩᠬᠢᠮ ᠤᠨ ᠠᠯᠪᠠᠨ ᠭᠡᠷ  ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠭᠠᠵᠠᠷ  ᠬᠦᠭᠵᠢᠯᠲᠡ ᠶᠢᠨ ᠲᠥᠪ  ᠬᠠᠤᠯᠢ ᠬᠡᠷᠡᠭᠵᠢᠭᠦᠯᠬᠦ ᠶᠡᠷᠦᠩᠬᠡᠢ ᠠᠩᠭᠢ  ᠪᠠᠴᠢᠮ ᠪᠠᠶᠢᠳᠠᠯ ᠢ ᠠᠷᠭᠠᠴᠠᠭᠠᠨ ᠵᠢᠯᠤᠭᠤᠳᠬᠤ ᠲᠦᠪ︶
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号