331 ᠤᠯᠤᠰ ᠤᠨ ᠵᠠᠮ ᠤᠨ ᠪᠤᠭᠤᠲᠤ ᠪᠠᠶᠠᠨᠨᠠᠭᠤᠷ ᠤᠨ ᠵᠠᠭᠠᠭ ᠤᠨ ᠵᠠᠮ ᠢ ᠥᠭᠡᠷᠡᠴᠢᠯᠡᠨ ᠪᠠᠶᠢᠭᠤᠯᠵᠤ ᠳᠠᠭᠤᠰᠬᠠᠵᠤ ᠪᠠᠶᠠᠨᠨᠠᠭᠤᠷ ᠬᠤᠲᠠ ᠶᠢᠨ ᠬᠢᠯᠢ ᠳᠠᠭᠠᠤ ᠶᠢᠨ ᠴᠢᠬᠤᠯᠠ ᠲᠡᠭᠡᠭᠡᠪᠦᠷᠢ ᠶᠢᠨ ᠵᠠᠮ ᠢ ᠲᠤᠶᠢᠯᠪᠤᠷᠢᠲᠠᠢ ᠨᠡᠪᠲᠡᠷᠡᠭᠦᠯᠪᠡ
ᠨᠡᠶᠢᠲᠡᠯᠡᠭᠰᠡᠨ ᠴᠠᠭ᠄
2023/7/11
     ᠲᠦᠷᠦᠭᠦᠬᠡᠨ᠂ ᠵᠠᠮ ᠤᠨ ᠭᠠᠳᠠᠷᠭᠤ ᠶᠢᠨ ᠲᠡᠮᠳᠡᠭ ᠵᠢᠷᠤᠭᠠᠰᠤ ᠶᠢ ᠵᠢᠷᠤᠵᠤ ᠳᠠᠭᠤᠰᠬᠠᠬᠤ ᠶᠢ ᠳᠠᠭᠠᠯᠳᠤᠨ᠂ 331 ᠤᠯᠤᠰ ᠤᠨ ᠵᠠᠮ ᠤᠨ ᠪᠠᠶᠠᠨᠨᠠᠭᠤᠷ ᠬᠤᠲᠠ ᠬᠢᠭᠡᠳ ᠪᠤᠭᠤᠲᠤ ᠬᠤᠲᠠ ᠶᠢᠨ ᠠᠭᠤᠯᠵᠠᠷ ᠲᠠᠬᠢ ᠬᠤᠲᠣᠭᠤᠷ ᠭᠠᠵᠠᠷ ᠤᠨ ᠬᠠᠭᠤᠴᠢᠨ ᠵᠠᠮ ᠢ ᠨᠢᠭᠡᠨᠲᠡ ᠪᠥᠬᠦ ᠲᠠᠯ᠎ᠠ ᠪᠠᠷ ᠥᠭᠡᠷᠡᠴᠢᠯᠡᠨ ᠳᠠᠭᠤᠰᠬᠠᠪᠠ᠃      ᠪᠠᠶᠠᠨᠨᠠᠭᠤᠷ ᠬᠤᠲᠠ ᠶᠢᠨ ᠵᠡᠭᠦᠨ ᠬᠤᠶᠢᠲᠤ ᠣᠷᠣᠨ᠂ ᠤᠮᠠᠷᠠᠲᠤ ᠣᠷᠣᠨ᠂ ᠪᠠᠷᠠᠭᠤᠨ ᠬᠤᠶᠢᠲᠤ ᠣᠷᠣᠨ ᠲᠠᠢ ᠬᠤᠯᠪᠣᠭᠰᠠᠨ ᠬᠢᠯᠢ ᠳᠠᠭᠠᠤ ᠶᠢᠨ ᠴᠢᠬᠤᠯᠠ ᠲᠡᠭᠡᠭᠡᠪᠦᠷᠢ ᠶᠢᠨ ᠵᠠᠮ ᠪᠣᠯᠤᠭᠰᠠᠨ ᠤ ᠬᠤᠪᠢ ᠳᠤ᠂ ᠨᠡᠶᠢᠭᠡᠮ ᠤᠨ ᠵᠥᠷᠢᠴᠡᠯ ᠤᠨ  ᠰᠢᠯᠲᠠᠭᠠᠨ ᠠᠴᠠ ᠪᠣᠯᠵᠤ᠂ ᠪᠤᠭᠤᠲᠤ ᠪᠠᠶᠠᠨᠨᠠᠭᠤᠷ ᠬᠤᠶᠠᠷ ᠬᠤᠲᠠ ᠶᠢᠨ ᠠᠭᠤᠯᠵᠠᠷ ᠭᠠᠵᠠᠷ ᠤᠨ K6525 - 6526 ᠬᠡᠰᠡᠭ ᠪᠠᠷᠤᠭ 800 ᠮᠧᠲᠷ ᠢ ᠥᠭᠡᠷᠡᠴᠢᠯᠡᠨ ᠪᠠᠶᠢᠭᠤᠯᠵᠤ ᠳᠡᠶᠢᠯᠦᠭᠰᠡᠨ ᠦᠭᠡᠢ᠂ ᠡᠭᠦᠨ ᠠᠴᠠ ᠬᠤᠶᠠᠷ ᠦᠵᠦᠭᠦᠷ ᠤᠨ ᠰᠢᠨ᠎ᠡ ᠪᠠᠷ ᠪᠠᠶᠢᠭᠤᠯᠤᠭᠰᠠᠨ ᠵᠠᠮ ᠤᠨ ᠬᠡᠰᠡᠭ ᠨᠢ ᠥᠷᠭᠡᠨ᠂ ᠤᠤᠯ ᠤᠨ ᠪᠠᠶᠢᠭᠰᠠᠨ ᠵᠠᠮ ᠨᠢ ᠢᠪᠴᠤᠤ ᠮᠥᠷᠲᠡᠭᠡᠨ ᠡᠪᠳᠡᠷᠡᠵᠦ ᠰᠦᠢᠳᠦᠭᠰᠡᠨ ᠨᠢ ᠬᠦᠨᠳᠦ ᠨᠣᠴᠢᠲᠠᠢ ᠪᠠᠶᠢᠵᠤ᠂ ᠨᠠᠭᠠᠰᠢ ᠴᠠᠭᠠᠰᠢ ᠥᠩᠭᠡᠷᠡᠬᠦ ᠲᠡᠷᠭᠡ ᠬᠦᠰᠭᠡ ᠪᠣᠯᠤᠨ ᠵᠠᠮ ᠳᠠᠭᠠᠤ ᠶᠢᠨ ᠣᠯᠠᠨ ᠲᠦᠮᠡᠨ ᠤ ᠰᠠᠭᠠᠳ ᠦᠭᠡᠢ ᠶᠠᠪᠤᠬᠤ ᠰᠠᠭᠤᠬᠤ ᠶᠢ ᠨᠥᠯᠥᠭᠡᠯᠡᠭᠰᠡᠨ ᠪᠠᠶᠢᠨ᠎ᠠ᠃
   2023 ᠣᠨ ᠳᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠪᠠ ᠪᠠᠶᠠᠨᠨᠠᠭᠤᠷ ᠬᠤᠲᠠ ᠶᠢᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠠᠶᠢᠴᠠᠭᠠᠨ ᠰᠤᠳᠤᠯᠤᠯᠲᠠ ᠳᠤ ᠢᠯᠡᠷᠡᠭᠦᠯᠦᠭᠰᠡᠨ 331 ᠤᠯᠤᠰ ᠤᠨ ᠵᠠᠮ ᠤᠨ K6525 - 6526 ᠬᠡᠰᠡᠭ ᠤᠨ ᠬᠠᠭᠤᠴᠢᠨ ᠵᠠᠮ ᠤᠨ ᠪᠠᠶᠢᠳᠠᠯ ᠮᠠᠭᠤ᠂ K6579 - 6580 ᠵᠠᠮ ᠤᠨ ᠭᠠᠳᠠᠷᠭᠤ ᠳᠤ ᠵᠠᠯᠭᠠᠪᠡᠷ ᠭᠤᠯᠳᠤ ᠵᠠᠭᠠᠳᠠᠰᠤ ᠭᠠᠷᠤᠭᠰᠠᠨ᠂ ᠵᠠᠮ ᠳᠠᠭᠠᠤ ᠶᠢᠨ ᠵᠢᠭᠠᠬᠤ ᠲᠡᠮᠳᠡᠭ ᠨᠢ ᠡᠪᠳᠡᠭᠳᠡᠭᠰᠡᠨ᠂ ᠬᠠᠯᠬᠠᠪᠴᠢ ᠬᠡᠷᠡᠰᠬᠡ ᠡᠪᠳᠡᠭᠳᠡᠭᠰᠡᠨ᠂ ᠬᠠᠵᠠᠭᠤ ᠶᠢᠨ ᠭᠤᠤ ᠶᠢᠨ ᠡᠯᠡᠰᠦ ᠬᠤᠷᠠᠭᠰᠠᠨ ᠵᠡᠷᠭᠡ ᠠᠰᠠᠭᠤᠳᠠᠯ ᠢ ᠦᠨᠡᠨ ᠬᠦ ᠰᠢᠢᠳᠪᠦᠷᠢᠯᠡᠪᠡ᠃    ᠪᠠᠶᠠᠨᠨᠠᠭᠤᠷ ᠬᠤᠲᠠ᠂ ᠤᠷᠠᠳ ᠤᠨ ᠳᠤᠮᠳᠠᠳᠤ ᠬᠤᠰᠢᠭᠤᠨ ᠤ ᠬᠤᠶᠠᠷ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠰᠠᠭᠤᠳᠠᠯ ᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠡᠬᠡ ᠲᠠᠩᠰᠠ ᠳᠤ ᠣᠷᠣᠭᠤᠯᠤᠨ᠂ ᠰᠢᠯᠲᠠᠭᠠᠨ ᠢ ᠭᠦᠨᠵᠡᠭᠡᠶ ᠵᠠᠳᠠᠯᠵᠤ᠂ ᠠᠵᠢᠯ ᠢ ᠠᠬᠢᠭᠤᠯᠬᠤ ᠴᠢᠭᠯᠡᠯ ᠢ ᠲᠣᠭᠲᠠᠭᠠᠨ᠂ ᠬᠤᠯᠪᠣᠭᠳᠠᠬᠤ ᠭᠠᠵᠠᠷ ᠣᠷᠣᠨ ᠤ ᠵᠠᠰᠠᠭ ᠤᠨ ᠣᠷᠳᠣᠨ ᠪᠠ ᠵᠠᠮ ᠳᠠᠭᠠᠤ ᠶᠢᠨ ᠰᠠᠭᠤᠭᠠᠯᠢ ᠠᠷᠠᠳ ᠲᠠᠢ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠭᠦᠨᠵᠡᠭᠡᠶ ᠵᠥᠪᠳᠡᠯᠴᠡᠵᠦ᠂ ᠨᠡᠶᠢᠭᠡᠮ ᠤᠨ ᠵᠥᠷᠢᠴᠡᠯ ᠢ ᠠᠷᠢᠯᠭᠠᠬᠤ ᠶᠢ ᠠᠬᠢᠭᠤᠯᠪᠠ᠃ ᠡᠭᠦᠨ ᠤ ᠬᠠᠮᠲᠤ ᠪᠠᠷᠢᠯᠭ᠎ᠠ ᠪᠠᠷᠢᠬᠤ ᠨᠢᠭᠡᠴᠢ ᠶᠢ ᠵᠣᠬᠢᠶᠠᠨ ᠪᠠᠶᠢᠭᠤᠯᠤᠨ 331 ᠤᠯᠤᠰ ᠤᠨ ᠵᠠᠮ ᠤᠨ K6525 - 6526 ᠬᠡᠰᠡᠭ ᠤᠨ ᠵᠠᠰᠠᠮᠠᠯ ᠵᠠᠮ ᠢ ᠥᠭᠡᠷᠡᠴᠢᠯᠡᠨ ᠪᠠᠶᠢᠭᠤᠯᠵᠤ᠂ ᠵᠠᠮ ᠤᠨ ᠭᠠᠳᠠᠷᠭᠤ ᠶᠢᠨ ︽ᠥᠷᠭᠡᠨ ᠠᠴᠠ ᠢᠪᠴᠤᠤ ᠪᠣᠯᠬᠤ︾᠂ ᠲᠡᠷᠭᠡ ᠬᠥᠰᠬᠡ ᠶᠢᠨ ︽ᠣᠭᠵᠣᠮ ᠵᠣᠭᠰᠤᠭᠠᠬᠤ︾ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠤᠯᠤᠰ ᠤᠨ ᠵᠠᠮ ᠤᠨ ᠲᠠᠰᠤᠷᠬᠠᠢ ᠴᠡᠭ ᠢ ᠲᠦᠢᠯᠪᠤᠷᠢᠲᠠᠶ ᠨᠡᠪᠲᠡᠷᠡᠭᠦᠯᠪᠡ᠃
      ᠪᠠᠶᠠᠨᠨᠠᠭᠤᠷ ᠬᠤᠲᠠ ︽ᠪᠠᠶᠢᠭᠤᠯᠵᠤ ᠠᠷᠠᠴᠢᠯᠠᠬᠤ ᠶᠢ ᠵᠡᠷᠭᠡ ᠪᠠᠷ ᠴᠢᠬᠤᠯᠠᠴᠢᠯᠠᠬᠤ︾ ᠰᠢᠰᠲ᠋ᠧᠮᠲᠦ ᠰᠡᠳᠬᠢᠬᠦᠶ ᠶᠢᠨ ᠶᠣᠰᠣᠭᠠᠷ᠂ ᠠᠷᠠᠴᠢᠯᠠᠨ ᠬᠠᠮᠠᠭᠠᠯᠠᠬᠤ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠵᠠᠮ ᠤᠨ ᠭᠠᠳᠠᠷᠭᠤ ᠶᠢ ᠴᠢᠳᠬᠤᠬᠤ᠂ ᠬᠠᠵᠠᠭᠤ ᠶᠢᠨ ᠭᠤᠤ ᠶᠢ ᠴᠡᠪᠡᠷᠯᠡᠬᠦ᠂ ᠬᠠᠯᠬᠠᠪᠴᠢ ᠬᠡᠷᠡᠰᠬᠡ ᠶᠢ ᠰᠣᠯᠢᠬᠤ᠂ ᠵᠠᠮ ᠤᠨ ᠭᠤᠯᠳᠤᠩ ᠢ ᠰᠡᠯᠪᠢᠨ ᠵᠠᠰᠠᠬᠤ᠂ ᠡᠯᠡᠰᠦ  ᠬᠤᠷᠠᠭᠰᠠᠨ ᠢ ᠴᠡᠪᠡᠷᠯᠡᠬᠦ᠂ ᠲᠡᠮᠳᠡᠭ ᠫᠠᠶᠢᠰᠠ ᠶᠢ ᠵᠠᠰᠠᠵᠤ ᠲᠡᠭᠰᠢᠯᠡᠬᠦ᠂ ᠰᠠᠭᠤᠭᠳᠠᠬᠤ ᠵᠠᠮ ᠤᠨ ᠭᠠᠳᠠᠷᠭᠤ ᠭᠦᠳᠦᠶᠢᠬᠦ ᠶᠢ ᠰᠢᠢᠳᠪᠦᠷᠢᠯᠡᠬᠦ ᠵᠡᠷᠭᠡ ᠶᠢ ᠵᠡᠷᠭᠡ ᠪᠠᠷ ᠪᠡᠶᠡᠯᠡᠭᠦᠯᠵᠦ᠂ ᠵᠠᠰᠠᠮᠠᠯ ᠵᠠᠮ ᠤᠨ ᠳᠠᠯᠳᠠ ᠠᠮᠤᠷ ᠲᠦᠪᠰᠢᠨ ᠤ ᠳᠠᠯᠳᠠ ᠬᠡᠮ ᠢ ᠠᠷᠢᠯᠭᠠᠵᠤ᠂ ᠲᠡᠷᠭᠡ ᠬᠥᠰᠬᠡ ᠨᠡᠪᠲᠡᠷᠡᠬᠦ ᠪᠠ ᠠᠷᠠᠳ ᠲᠦᠮᠡᠨ ᠤ ᠶᠠᠪᠤᠵᠤ ᠰᠠᠭᠤᠬᠤ ᠳᠤ ᠲᠤᠶᠢᠯ ᠤᠨ ᠲᠦᠭᠦᠮ ᠦᠵᠡᠭᠦᠯᠪᠡ᠃ ︽ᠲᠠᠰᠤᠷᠬᠠᠢ ᠴᠡᠭ ᠤᠨ ᠵᠠᠮ︾ ᠢ ᠨᠡᠪᠲᠡᠷᠡᠭᠦᠯᠵᠦ᠂ ᠠᠷᠠᠳ ᠣᠯᠠᠨ ᠤ ︽ᠪᠠᠴᠢᠮ ᠬᠦᠴᠢᠷ ᠵᠣᠪᠠᠭᠤᠷᠢ︾ ᠶᠢ ︽ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ︾ ᠭᠦᠨ ᠵᠤᠵᠠᠭᠠᠨ ᠠᠭᠤᠷ ᠠᠮᠢᠰᠬᠤᠯ ᠤᠨ ᠳᠤᠮᠳᠠ ᠪᠦᠲᠦᠮᠵᠢᠲᠡᠶ ᠰᠢᠢᠳᠪᠦᠷᠢᠯᠡᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠦᠵᠡᠭᠦᠯᠪᠡᠰᠦ ᠵᠣᠬᠢᠬᠤ ᠵᠠᠮ ᠬᠠᠷᠢᠯᠴᠠᠭᠠᠨ ᠤ ᠬᠤᠪᠢ ᠨᠡᠮᠡᠷᠢ ᠪᠠᠨ ᠦᠵᠡᠭᠦᠯᠪᠡ᠃                    ︵ᠲᠢᠩᠭᠢᠮ ᠤᠨ ᠵᠠᠰᠠᠮᠠᠯ ᠵᠠᠮ ᠤᠨ ᠭᠠᠵᠠᠷ  ᠬᠦᠭᠵᠢᠯᠲᠡ ᠶᠢᠨ ᠲᠦᠪ    
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号