7 ᠳ᠋ᠤᠭᠠᠷ ᠰᠠᠷ᠎ᠠ ᠶᠢᠨ 19 ᠤ ᠡᠳᠦᠷ᠂ 335 ᠤᠯᠤᠰ ᠤᠨ ᠵᠠᠮ ᠤᠨ ᠬᠦᠭᠡᠪᠦᠷ ᠠᠴᠠ ᠤᠯᠠᠭᠠᠨᠬᠤᠸᠠ | ᠬᠦᠷᠬᠦ ᠬᠡᠰᠡᠭ ᠤᠨ ᠲᠦᠷᠦᠯ ᠵᠦᠢᠯ ᠤᠨ ᠬᠦᠭᠡᠪᠦᠷ ᠤᠨ ᠪᠠᠷᠠᠭᠤᠨᠳᠠᠬᠢ ᠬᠠᠷᠢᠯᠴᠠᠨ ᠨᠡᠪᠲᠡᠷᠡᠯᠴᠡᠬᠦ ᠶᠢᠨ ᠪᠠᠷᠢᠯᠭ᠎ᠠ ᠶᠢᠨ | ᠠᠵᠢᠯ ᠤᠨ ᠲᠣᠬᠠᠢ ᠶᠢᠨ ᠲᠠᠯᠠᠪᠠᠶ ᠳᠤ᠂ ᠪᠠᠷᠢᠯᠭ᠎ᠠ ᠶᠢᠨ ᠠᠵᠢᠯᠴᠢᠳ ᠤᠨ ᠵᠠᠷᠢᠮ ᠨᠢ ᠪᠣᠯᠣᠳ ᠰᠢᠷᠪᠦᠰᠦ ᠶᠢ | ᠤᠶᠠᠵᠤ᠂ ᠵᠠᠷᠢᠮ ᠨᠢ ᠭᠠᠩᠨᠠᠨ ᠵᠠᠯᠭᠠᠬᠤ ᠠᠵᠢᠯ ᠬᠢᠵᠦ᠂ ᠭᠠᠩᠨᠠᠯᠲᠠ ᠶᠢᠨ ᠬᠤᠸᠠᠷ ᠳᠥᠷᠪᠡᠨ ᠵᠦᠭ ᠲᠤ | ᠦᠰᠦᠷᠬᠢᠯᠡᠵᠦ ᠪᠠᠶᠢᠯ᠎ᠠ᠃ ᠵᠠᠮ ᠤᠨ ᠭᠠᠳᠠᠷᠭᠤ ᠶᠢᠨ ᠲᠡᠯᠭᠡᠨ ᠳᠡᠪᠢᠰᠬᠦ ᠲᠤᠬᠠᠢ ᠶᠢᠨ ᠲᠠᠯᠠᠪᠠᠶ ᠳᠤ᠂ ᠲᠡᠯᠭᠡᠨ | ᠳᠡᠪᠢᠰᠬᠦ ᠮᠠᠰᠢᠨ ᠶᠠᠭ ᠬᠠᠯᠠᠭᠤᠨ ᠠᠭᠤᠷ ᠪᠠᠭᠠᠭᠢᠭᠰᠠᠨ ᠪᠠᠷᠤᠭᠰᠢᠨ ᠬᠤᠯᠢᠮᠠᠭ ᠮᠠᠲ᠋ᠧᠷᠢᠶᠠᠯ ᠢ ᠵᠢᠭᠳᠡ ᠪᠠᠷ ᠲᠡᠯᠭᠡᠨ | ᠳᠡᠪᠢᠰᠴᠤ᠂ ᠳᠠᠷᠠᠭ᠎ᠠ ᠨᠢ 5 ᠵᠠᠮ ᠳᠠᠭᠰᠢᠷᠠᠭᠤᠯᠬᠤ ᠮᠠᠰᠢᠨ ᠨᠢ ︽ᠴᠡᠷᠢᠭ ᠤᠨ ᠵᠢᠭᠰᠠᠭᠠᠯ ᠰᠢᠯᠭᠠᠨ ᠦᠵᠡᠬᠦ | ᠶᠣᠰᠤᠯᠠᠯ︾ ᠢᠶᠠᠷ ᠪᠤᠯᠤᠳᠠᠵᠤ ᠪᠠᠶᠢᠨ᠎ᠠ︔ ᠰᠦᠢᠳᠬᠡᠯ ᠬᠤᠷᠢᠶᠠᠬᠤ ᠦᠷᠳᠡᠭᠡ᠂ ᠦᠢᠯᠡᠴᠢᠯᠡᠭᠡᠨ ᠤ ᠲᠣᠭᠤᠷᠢᠭ ᠵᠡᠷᠭᠡ | ᠭᠡᠷ ᠪᠠᠶᠢᠰᠢᠩ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠴᠢᠳ ᠴᠤ ᠶᠠᠭᠠᠷᠠᠯᠲᠠᠢ ᠠᠵᠢᠯᠯᠠᠵᠤ ᠪᠠᠶᠢᠨ᠎ᠠ ᠁ | ᠪᠦᠬᠦᠶᠢᠯᠡ ᠲᠦᠷᠦᠯ ᠵᠦᠢᠯ ᠤᠨ ᠡᠯ᠎ᠡ ᠳᠠᠭᠠᠭᠠᠴᠢᠯᠠᠯᠲᠠ ᠶᠢᠨ ᠬᠡᠰᠡᠭ ᠤᠨ ᠪᠠᠷᠢᠯᠭ᠎ᠠ ᠶᠢᠨ ᠠᠵᠢᠯ ᠬᠦᠷ | ᠬᠥᠭᠵᠢᠶᠡᠨᠲᠡᠢ ᠶᠠᠪᠤᠭᠳᠠᠵᠤ᠂ ᠤᠯᠠᠨ ᠴᠡᠭ ᠲᠤ ᠠᠵᠢᠯᠯᠠᠵᠤ᠂ ᠵᠡᠷᠭᠡ ᠪᠠᠷ ᠤᠷᠤᠭᠰᠢᠯᠠᠬᠤ ᠪᠠᠶᠢᠳᠠᠯ ᠢᠯᠡᠷᠡᠵᠡᠢ᠃ | ᠲᠣᠰ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ | ᠯᠢ ᠱᠧᠩ ᠯᠦᠩ ᠲᠠᠨᠢᠯᠴᠠᠭᠤᠯᠬᠤ ᠳᠤ ᠪᠠᠨ᠄ ︽ᠣᠳᠤᠬᠠᠨ ᠪᠣᠯᠲᠠᠯ᠎ᠠ᠂ ᠲᠣᠰ ᠲᠥᠷᠥᠯ ᠵᠦᠢᠯ ᠤᠨ ᠵᠠᠮ ᠤᠨ | ᠰᠠᠭᠤᠷᠢ᠂ ᠬᠥᠭᠦᠷᠭᠡ ᠶᠢᠨ ᠪᠠᠷᠢᠯᠭ᠎ᠠ ᠶᠢᠨ ᠬᠡᠮᠵᠢᠶ᠎ᠡ ᠶᠢᠨ 96% ᠶᠢ ᠨᠢᠭᠡᠨᠲᠡ ᠪᠡᠶᠡᠯᠡᠭᠦᠯᠵᠦ᠂ ᠵᠠᠮ ᠤᠨ | ᠭᠠᠳᠠᠷᠭᠤ ᠶᠢᠨ ᠪᠠᠷᠢᠯᠭ᠎ᠠ ᠶᠢᠨ 30% ᠶᠢ ᠨᠢᠭᠡᠨᠲᠡ ᠪᠡᠶᠡᠯᠡᠭᠦᠯᠵᠦ᠂ ᠨᠡᠶᠢᠲᠡ 12 ᠳ᠋ᠦᠩᠰᠢᠭᠤᠷ ᠲᠥᠭᠦᠷᠢᠭ ᠤᠨ | ᠪᠡᠯᠡ ᠣᠷᠣᠭᠤᠯᠤᠯᠲᠠ ᠶᠢ ᠪᠡᠶᠡᠯᠡᠭᠦᠯᠵᠡᠢ︾ ᠭᠡᠵᠡᠢ᠃ | ᠲᠠᠨᠢᠯᠴᠠᠭᠤᠯᠤᠭᠰᠠᠨ ᠢᠶᠠᠷ᠂ ᠲᠦᠷᠦᠯ ᠵᠦᠢᠯ ᠤᠨ ᠪᠠᠷᠢᠯᠭ᠎ᠠ ᠪᠠᠷᠢᠬᠤ ᠶᠠᠪᠤᠴᠠ ᠳᠤ᠂ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠪᠠ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠳᠠᠪᠬᠤᠷ | ᠡᠭᠦᠷᠭᠡ ᠲᠤᠯᠭᠠᠷᠠᠵᠤ᠂ ᠠᠮᠤᠷ ᠲᠦᠪᠰᠢᠨ ᠤ ᠳᠠᠯᠳᠠ ᠬᠡᠮ ᠶᠡᠭᠡ᠂ ᠪᠠᠷᠢᠯᠭ᠎ᠠ ᠪᠠᠷᠢᠬᠤ ᠳᠤ ᠬᠦᠴᠢᠷ ᠠᠰᠠᠭᠤᠳᠠᠯ | ᠣᠯᠠᠨ ᠪᠠᠶᠢᠬᠤ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠬᠦᠴᠢᠷ ᠠᠰᠠᠭᠤᠳᠠᠯ ᠤᠨ ᠡᠮᠦᠨ᠎ᠡ᠂ ᠪᠦᠲᠦᠭᠡᠨ | ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠭᠡᠷ᠂ ᠪᠠᠷᠢᠯᠭ᠎ᠠ ᠶᠢᠨ ᠨᠢᠭᠡᠴᠢ ᠶᠢᠨ ᠬᠢᠨ ᠬᠦᠴᠦ ᠣᠷᠣᠭᠤᠯᠵᠤ᠂ | ᠡᠷᠬᠢᠨ ᠲᠣᠭᠤᠷᠢᠨ ᠤ ᠵᠠᠮ ᠤᠨ ᠲᠣᠣᠷ ᠢ ᠰᠠᠯᠭᠠᠬᠤ ᠴᠢᠳᠠᠪᠤᠷᠢ ᠵᠢᠴᠢ ᠪᠠᠷᠢᠯᠭ᠎ᠠ ᠪᠠᠷᠢᠬᠤ ᠪᠠ ᠨᠡᠪᠲᠡᠷᠡᠬᠦ ᠶᠢ | ᠪᠠᠲᠤᠯᠠᠬᠤ ᠬᠡᠷᠡᠭᠴᠡᠭᠡ ᠱᠠᠭᠠᠷᠳᠠᠯᠭ᠎ᠠ ᠶᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ︽ᠪᠠᠷᠢᠯᠭ᠎ᠠ ᠪᠠᠷᠢᠬᠤ ᠶᠢᠨ | ᠳᠠᠭᠠᠤ ᠨᠡᠪᠲᠡᠷᠡᠬᠦ︾ ᠠᠷᠭ᠎ᠠ ᠮᠠᠶ᠋ᠢᠭ ᠢ ᠠᠪᠴᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ | ᠲᠦᠯᠬᠢᠨ ᠠᠬᠢᠭᠤᠯᠵᠤ᠂ ᠲᠣᠰ ᠲᠥᠷᠥᠯ ᠵᠦᠢᠯ ᠨᠢ 2022 ᠣᠨ ᠳᠤ ᠥᠪᠡᠷᠲᠡᠭᠡᠨ ᠵᠠᠰᠠᠬᠤ ᠣᠷᠣᠨ ᠤ ᠠᠮᠤᠷ | ᠠᠮᠤᠭᠤᠯᠠᠩ ᠪᠠᠷᠢᠯᠭ᠎ᠠ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ︽ᠵᠢᠱᠢᠶ᠎ᠡ ᠦᠵᠡᠭᠦᠯᠬᠦ ᠪᠠᠷᠢᠯᠭ᠎ᠠ ᠶᠢᠨ | ᠭᠠᠵᠠᠷ︾ ᠵᠢᠴᠢ ︽ᠵᠢᠱᠢᠶ᠎ᠡ ᠦᠵᠡᠭᠦᠯᠬᠦ ᠢᠨᠵᠧᠨᠧᠷᠢᠩ︾ ᠤᠨ ᠢᠷᠠᠭᠤ ᠠᠯᠳᠠᠷ ᠢ ᠭᠥᠷᠳᠡᠪᠡ᠃ | | | | | | | 335 ᠤᠯᠤᠰ ᠤᠨ ᠵᠠᠮ ᠤᠨ ᠬᠦᠭᠡᠪᠦᠷ ᠠᠴᠠ ᠤᠯᠠᠭᠠᠨᠬᠤᠸᠠ ᠬᠦᠷᠬᠦ ᠬᠡᠰᠡᠭ ᠤᠨ ᠵᠠᠰᠠᠮᠠᠯ ᠵᠠᠮ ᠪᠣᠯ 335 | ᠤᠯᠤᠰ ᠤᠨ ᠵᠠᠮ ᠤᠨ ᠴᠧᠩᠳᠧ ᠠᠴᠠ ᠲᠠᠷᠪᠠᠭᠠᠲᠠᠶ ᠳᠤ ᠬᠦᠷᠬᠦ ᠵᠠᠮ ᠤᠨ ᠨᠢᠭᠡ ᠬᠡᠰᠡᠭ ᠪᠣᠯᠣᠨ᠎ᠠ᠃ ᠲᠥᠷᠥᠯ | ᠵᠦᠢᠯ ᠤᠨ ᠵᠠᠮ ᠱᠤᠭᠤᠮ ᠶᠡᠷᠦᠩᠬᠡᠢ ᠳᠤ ᠪᠠᠨ ᠵᠡᠭᠦᠨᠰᠢ ᠪᠠᠷᠠᠭᠤᠨᠰᠢ ᠴᠢᠭᠯᠡᠯ ᠲᠠᠢ᠂ ᠡᠬᠢᠯᠡᠯᠲᠡ ᠶᠢᠨ ᠴᠡᠭ ᠨᠢ | ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠦᠭᠡᠪᠦᠷ ᠪᠠᠯᠭᠠᠰᠤᠨ ᠤ | ᠪᠠᠷᠠᠭᠤᠨ ᠳᠤ ᠪᠠᠶᠢᠷᠢᠯᠠᠵᠤ᠂ 335 ᠤᠯᠤᠰ ᠤᠨ ᠵᠠᠮ ᠤᠨ ᠵᠢᠨᠢᠩ ᠠᠴᠠ ᠬᠦᠭᠡᠪᠦᠷ ᠬᠦᠷᠬᠦ ᠬᠡᠰᠡᠭ ᠤᠨ ᠨᠢᠭᠡᠳᠦᠭᠡᠷ | ᠳᠡᠰ ᠤᠨ ᠵᠠᠰᠠᠮᠠᠯ ᠵᠠᠮ ᠳᠠᠭᠠᠤ ᠳᠤ ᠨᠢ ᠵᠠᠯᠭᠠᠵᠤ᠂ ᠠᠮᠤ ᠪᠤᠳᠠᠭᠠᠨ ᠤ ᠲᠣᠪᠴᠢᠶ᠎ᠠ ᠲᠣᠰᠬᠤᠨ᠂ ᠵᠡᠭᠡᠷᠡᠲᠦ ᠬᠤᠲᠠ | ᠲᠣᠰᠬᠤᠨ᠂ ᠭᠤᠸᠠᠩ ᠢ ᠯᠦᠩ ᠪᠠᠯᠭᠠᠰᠤ᠂ ᠬᠦᠷᠢᠶᠡᠲᠦ ᠪᠠᠯᠭᠠᠰᠤ ᠪᠠᠷ ᠦᠩᠭᠡᠷᠡᠵᠦ᠂ ᠡᠴᠦᠰ ᠤᠨ ᠴᠡᠭ ᠨᠢ | ᠤᠯᠠᠭᠠᠨᠴᠠᠪ ᠬᠤᠲᠠ ᠶᠢᠨ ᠳᠥᠷᠪᠡᠳ ᠬᠤᠰᠢᠭᠤᠨ ᠤ ᠤᠯᠠᠭᠠᠨᠬᠤᠸᠠ ᠪᠠᠯᠭᠠᠰᠤ ᠶᠢᠨ 335 ᠤᠯᠤᠰ ᠤᠨ ᠵᠠᠮ | ᠬᠢᠭᠡᠳ 209 ᠤᠯᠤᠰ ᠤᠨ ᠵᠠᠮ ᠤᠨ ᠨᠡᠶᠢᠲᠡ ᠱᠤᠭᠤᠮ ᠤᠨ ᠬᠡᠰᠡᠭ ᠲᠤ ᠬᠦᠷᠴᠦ᠂ ᠪᠥᠬᠦ ᠣᠷᠳᠣ ᠨᠢ 100.07 | ᠺᠢᠯᠣᠮᠧᠲᠷ ᠪᠠᠶᠢᠵᠤ᠂ ᠡᠭᠦᠨ ᠳᠤ ᠰᠢᠨ᠎ᠡ ᠪᠠᠷ ᠪᠠᠶᠢᠭᠤᠯᠤᠭᠰᠠᠨ 40.67 ᠺᠢᠯᠣᠮᠧᠲᠷ ᠪᠠᠶᠢᠵᠤ᠂ ᠨᠢᠭᠡᠨᠲᠡ ᠪᠠᠶᠢᠭ᠎ᠠ | ᠬᠠᠭᠤᠴᠢᠨ ᠵᠠᠮ ᠢ ᠲᠠᠰ ᠳᠡᠪᠰᠢᠭᠦᠯᠦᠨ ᠥᠭᠡᠷᠡᠴᠢᠯᠡᠨ ᠪᠠᠶᠢᠭᠤᠯᠤᠭᠰᠠᠨ 59.4 ᠺᠢᠯᠣᠮᠧᠲᠷ ᠪᠠᠶᠢᠵᠤ᠂ ᠲᠥᠷᠥᠯ | ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 26.8314 ᠳ᠋ᠦᠩᠰᠢᠭᠤᠷ ᠲᠥᠭᠦᠷᠢᠭ ᠲᠤ ᠬᠦᠷᠴᠡᠢ᠃ ᠪᠥᠬᠦ | ᠱᠤᠭᠤᠮ ᠳᠤ ᠬᠦᠭᠡᠪᠦᠷ ᠤᠨ ᠪᠠᠷᠠᠭᠤᠨ᠂ ᠤᠯᠠᠭᠠᠨᠬᠤᠸᠠ ᠶᠢᠨ ᠵᠡᠭᠦᠨ ᠬᠠᠷᠢᠯᠴᠠᠨ ᠨᠡᠪᠲᠡᠷᠡᠯᠴᠡᠬᠦ ᠮᠠᠶ᠋ᠢᠭ ᠤᠨ 2 | ᠵᠥᠷᠢᠯᠢᠭ᠂ 2 ᠰᠦᠢᠳᠬᠡᠯ ᠬᠤᠷᠢᠶᠠᠬᠤ ᠥᠷᠲᠡᠭᠡ᠂ ᠠᠷᠠᠴᠢᠯᠠᠨ ᠬᠠᠮᠠᠭᠠᠯᠠᠬᠤ ᠠᠵᠢᠯ ᠤᠨ ᠲᠣᠭᠤᠷᠢᠭ ᠪᠠ ᠲᠡᠷᠭᠡ | ᠵᠣᠭᠰᠣᠬᠤ ᠲᠣᠭᠤᠷᠢᠭ ᠲᠣᠰ ᠪᠦᠷᠢ ᠨᠢᠭᠡ ᠪᠣᠶ᠃ | | | | ᠲᠣᠰ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠨᠢ ᠤᠯᠠᠭᠠᠨᠴᠠᠪ ᠬᠤᠲᠠ ᠶᠢᠨ ᠳᠤᠮᠳᠠ ᠡᠮᠦᠨᠡᠲᠦ | ᠬᠡᠰᠡᠭ ᠤᠨ ᠭᠠᠵᠠᠷ ᠣᠷᠣᠨ ᠤ ᠵᠠᠮ ᠤᠨ ᠲᠣᠣᠷ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠵᠠᠮ | ᠳᠠᠭᠠᠤ ᠶᠢᠨ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠵᠤ᠂ ᠤᠯᠠᠭᠠᠨᠴᠠᠪ ᠬᠤᠲᠠ | ᠠᠴᠠ ᠪᠤᠭᠤᠲᠤ ᠬᠤᠲᠠ ᠬᠦᠷᠬᠦ ᠲᠡᠭᠡᠭᠡᠪᠦᠷᠢ ᠶᠢᠨ ᠵᠠᠮ ᠢ ᠨᠡᠪᠲᠡᠷᠡᠭᠦᠯᠬᠦ ᠳᠤ ᠠᠰᠢᠭᠲᠠᠢ ᠪᠠᠶᠢᠵᠤ᠂ ᠵᠠᠮ ᠳᠠᠭᠠᠤ ᠶᠢᠨ | ᠣᠯᠠᠨ ᠲᠦᠮᠡᠨ ᠤ ᠶᠠᠪᠤᠵᠤ ᠰᠠᠭᠤᠬᠤ ᠨᠥᠬᠦᠴᠡᠯ ᠢ ᠰᠠᠶᠢᠵᠢᠷᠠᠭᠤᠯᠬᠤ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠠᠬᠢᠭᠤᠯᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠪᠠᠬᠢᠵᠢᠭᠦᠯᠬᠦ ᠵᠡᠷᠭᠡ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ | ︵ᠵᠢᠢ ᠶᠦᠨ ᠵᠢᠶᠧ ᠰᠢᠦᠢ ᠳ᠋ᠦᠩ ᠳ᠋ᠦᠩ︶ | |