︽ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠠᠯᠠᠪᠤᠷ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠨᠥᠬᠦᠪᠥᠷᠢ ᠪᠡᠯᠡ ᠮᠥᠩᠭᠦ ᠶᠢᠨ ᠭᠤᠶᠤᠴᠢᠯᠠᠨ ᠮᠡᠳᠡᠭᠦᠯᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ ︵ᠰᠠᠨᠠᠯ ᠬᠤᠷᠢᠶᠠᠬᠤ ᠨᠣᠣᠷᠠᠭ︶︾᠎ ᠤᠨ ᠰᠠᠨᠠᠯ ᠢ ᠢᠯᠡ ᠪᠠᠷ ᠬᠤᠷᠢᠶᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ  ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2023/7/28
     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠰᠤᠨ ᠵᠠᠮ ᠤᠨ ᠵᠠᠮ ᠬᠠᠷᠢᠯᠴᠠᠭᠠᠨ ᠤ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾᠎ ᠶᠢ ᠲᠤᠭᠤᠰᠢᠯᠠᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ ᠶᠢᠨ ᠡᠭᠦᠷᠭᠡ ᠶᠢ ᠨᠠᠶᠢᠳᠠᠪᠤᠷᠢᠵᠢᠭᠤᠯᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠣᠬᠢᠷᠲᠤᠯ ᠥᠬᠡᠶ ᠳᠣᠤᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠮᠠᠨ ᠤ ᠲᠢᠩᠬᠢᠮ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠠᠯᠠᠪᠤᠷ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠪᠥᠲᠥᠭᠡᠨ ᠪᠠᠶᠢᠭᠤᠯᠤᠯᠲᠠ ᠶᠢᠨ ᠨᠥᠬᠦᠪᠥᠷᠢ ᠪᠠᠯᠠ ᠮᠥᠩᠭᠦ ᠶᠢ ᠭᠤᠶᠤᠴᠢᠯᠠᠨ ᠮᠡᠳᠡᠭᠦᠯᠬᠦ ᠴᠤᠪᠤᠷᠠᠯ ᠢ ᠲᠡᠭᠦᠯᠳᠡᠷᠵᠢᠭᠦᠯᠦᠨ᠂ ︽ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠠᠯᠠᠪᠤᠷ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢᠨ ᠨᠥᠬᠦᠪᠥᠷᠢ ᠪᠠᠯᠠ ᠮᠥᠩᠭᠦ ᠶᠢ ᠭᠤᠶᠤᠴᠢᠯᠠᠨ ᠮᠡᠳᠡᠭᠦᠯᠬᠦ ᠠᠵᠢᠯ ᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠡᠳᠡᠭᠳᠡᠯ ︵ᠰᠠᠨᠠᠯ ᠬᠤᠷᠢᠶᠠᠬᠤ ᠨᠣᠤᠷᠠᠭ︶︾᠎ ᠢ ᠠᠩᠬ᠎ᠠ ᠠᠯᠬᠤᠮ ᠪᠦᠷᠢᠯᠳᠦᠭᠦᠯᠬᠦ ᠪᠠᠷ ᠪᠠᠶᠢᠨ᠎ᠠ᠃ ᠡᠳᠦᠭᠡ ᠢᠯᠡ ᠪᠠᠷ ᠰᠠᠨᠠᠯ ᠬᠤᠷᠢᠶᠠᠵᠤ᠂ ᠡᠯ᠎ᠡ ᠬᠤᠯᠪᠣᠭᠳᠠᠯ ᠪᠥᠬᠦᠶ ᠨᠢᠭᠡᠴᠢ ᠪᠣᠯᠤᠨ ᠨᠡᠶᠢᠭᠡᠮ ᠨᠡᠶᠢᠲᠡ 8 ᠳ᠋ᠤᠭᠠᠷ ᠰᠠᠷ᠎ᠠ ᠶᠢᠨ 11᠎ ᠤ ᠡᠳᠦᠷ ᠠᠴᠠ ᠡᠮᠦᠨ᠎ᠡ ᠪᠢᠴᠢᠭ ᠤᠨ ᠬᠡᠯᠪᠡᠷᠢ ᠪᠠᠷ ᠰᠠᠨᠠᠯ ᠢᠶᠠᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠲᠡᠭᠡᠭᠡᠪᠦᠷᠢ ᠶᠢᠨ ᠦᠶᠯᠡᠴᠢᠯᠡᠭᠡᠨ ᠤ ᠭᠠᠵᠠᠷ ᠲᠤ ᠬᠠᠷᠢᠭᠤ ᠲᠤᠰᠬᠠᠵᠤ ᠪᠣᠯᠤᠨ᠎ᠠ᠃      ᠬᠠᠷᠢᠯᠴᠠᠬᠤ ᠬᠥᠮᠦᠨ᠄ ᠵᠧᠩ ᠢ ᠪᠥᠸᠧ᠂ ᠳ᠋ᠢᠶᠠᠩᠬᠤᠸᠠ᠄ 0471 - 6968559︔      ᠢᠮᠧᠯ᠄ nmgygjjhk @126.com᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号